ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 30 ᠤ ᠴᠠᠭᠢᠯᠭᠠᠨ ᠮᠡᠳᠡᠭᠡ 5 ᠰᠠᠷ᠎ᠠ ᠶᠢᠨ 1 ᠤ ᠡᠳᠦᠷ ᠬᠡᠪᠯᠡᠭᠳᠡᠬᠦ 9 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃
ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠵᠠᠯᠠᠭᠤᠴᠤᠳ ᠤᠨ ᠠᠵᠢᠯ ᠴᠢᠬᠤᠯᠠ ᠶᠡᠭᠡ ᠠᠮᠵᠢᠯᠲᠠ ᠣᠯᠵᠤ᠂ ᠭᠦᠨᠵᠡᠭᠡᠢ ᠬᠤᠪᠢᠰᠤᠯᠲᠠ ᠭᠠᠷᠴᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠵᠠᠯᠠᠭᠤᠴᠤᠳ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠪᠦᠭᠦ ᠲᠠᠯ᠎ᠠ ᠪᠠᠷ ᠴᠢᠩᠭᠠᠷᠠᠵᠤ᠂ ᠡᠪᠯᠡᠯ ᠤᠨ ᠣᠷᠣᠰᠢᠨ ᠲᠣᠭᠲᠠᠨᠢᠬᠤ ᠦᠨᠳᠦᠰᠦ ᠪᠣᠯᠣᠨ ᠤᠯᠤᠰ ᠲᠦᠷᠦ ᠶᠢᠨ ᠰᠦᠭ ᠰᠦᠨᠡᠰᠦ ᠨᠡᠩ ᠪᠠᠬᠢᠵᠢᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠴᠢᠭᠯᠡᠯ ᠡᠭᠦᠷᠭᠡ ᠨᠡᠩ ᠲᠣᠳᠣᠷᠬᠠᠢ ᠪᠣᠯᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠨᠡᠩ ᠢᠯᠡ ᠲᠣᠳᠣ ᠪᠣᠯᠵᠤ᠂ ᠡᠪᠯᠡᠯ ᠤᠨ ᠺᠠᠳ᠋ᠷ ᠤᠨ ᠦᠵᠡᠯ ᠰᠤᠷᠲᠠᠯ᠂ ᠠᠵᠢᠯ ᠤᠨ ᠰᠤᠷᠲᠠᠯ᠂ ᠠᠮᠢᠳᠤᠷᠠᠯ ᠤᠨ ᠰᠤᠷᠲᠠᠯ ᠨᠡᠩ ᠢᠳᠡᠪᠬᠢᠲᠡᠢ ᠡᠷᠡᠭᠦᠯ ᠥᠭᠡᠳᠡᠷᠬᠡᠭ ᠪᠣᠯᠵᠤ᠂ ᠥᠷᠭᠡᠨ ᠤᠯᠠᠨ ᠵᠠᠯᠠᠭᠤᠴᠤᠳ ᠤᠨ ᠳᠤᠮᠳᠠ ᠴᠣ ᠰᠢᠨ᠎ᠡ ᠳᠦᠷᠢ ᠲᠥᠷᠬᠦ ᠢᠯᠡᠷᠡᠪᠡ᠃ ᠡᠪ ᠬᠠᠮᠲᠤ ᠵᠠᠯᠠᠭᠤᠴᠤᠳ ᠤᠨ ᠡᠪᠯᠡᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠡᠭᠦᠷᠭᠡ ᠶᠢᠨ ᠲᠣᠭᠤᠷᠢᠨ ᠳᠤ᠂ ᠥᠷᠭᠡᠨ ᠣᠯᠠᠨ ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠤᠨ ᠢᠳᠡᠪᠬᠢᠲᠡᠢ ᠣᠷᠤᠯᠴᠠᠬᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠬᠦ᠂ ᠡᠮᠦᠨ᠎ᠡ ᠨᠢ ᠭᠠᠪᠰᠢᠭᠠᠶᠢᠯᠠᠬᠤ ᠶᠢ ᠵᠣᠬᠢᠶᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠰᠥᠰᠥ ᠵᠣᠷᠢᠭ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠨᠠᠮ ᠤᠨ ᠲᠥᠪ ᠬᠤᠷᠢᠶ᠎ᠠ ᠠᠴᠠ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠥᠷᠭᠡᠨ ᠤᠯᠠᠨ ᠵᠠᠯᠠᠭᠤᠴᠤᠳ ᠢ ᠭᠦᠢᠴᠡᠳ ᠢᠲᠡᠭᠡᠵᠦ᠂ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ︕ ᠭᠡᠵᠦ ᠴᠢᠬᠤᠯᠠᠴᠢᠯᠠᠪᠠ᠃
ᠵᠣᠬᠢᠶᠠᠯ ᠳᠤ᠂ ᠡᠪᠯᠡᠯ ᠤᠨ ᠲᠥᠪ ᠬᠤᠷᠢᠶ᠎ᠠ ᠪᠣᠯᠣᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠤ ᠭᠤᠣᠯ ᠰᠡᠳᠦᠪ ᠢ ᠪᠠᠲᠤ ᠡᠵᠡᠮᠳᠡᠬᠦ ᠬᠡᠷᠡᠭᠲᠡᠢ᠃ ᠨᠠᠮ ᠤᠨ ᠭᠤᠣᠯ ᠡᠭᠦᠷᠭᠡ ᠶᠢ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠤᠯᠭᠠᠬᠤ ᠪᠣᠯ 100 ᠭᠠᠷᠤᠢ ᠵᠢᠯ ᠤᠨ ᠲᠤᠷᠰᠢᠬᠢ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠨᠢᠭᠡᠨ ᠦᠨᠳᠦᠰᠦᠨ ᠲᠤᠷᠰᠢᠯᠭ᠎ᠠ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠡᠷᠬᠡᠪᠰᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯ ᠢᠶᠠᠨ ᠥᠷᠨᠢᠭᠦᠯᠬᠦ ᠬᠡᠷᠡᠭᠲᠡᠢ᠃ ᠵᠠᠯᠠᠭᠤᠴᠤᠳ ᠢ ᠬᠠᠮᠤᠭ ᠤᠨ ᠥᠷᠭᠡᠨ ᠳᠡᠯᠭᠡᠷ ᠢᠶᠠᠷ ᠪᠦᠯᠬᠦᠮᠳᠡᠭᠦᠯᠵᠦ᠂ ᠵᠣᠬᠢᠶᠠᠨ ᠪᠠᠶᠢᠭᠤᠯᠵᠤ᠂ ᠲᠠᠶᠢᠴᠢᠯᠠᠵᠥ᠂ ᠥᠷᠭᠡᠨ ᠤᠯᠠᠨ ᠵᠠᠯᠠᠭᠤᠴᠤᠳ ᠤᠨ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠨ ᠴᠢᠩᠭᠠᠳᠬᠠᠬᠤ ᠶᠢ ᠵᠣᠷᠢᠭᠵᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ ᠭᠡᠬᠦ ᠵᠠᠯᠠᠭᠤ ᠨᠠᠰᠤᠨ ᠤ ᠣᠷᠭᠢᠯᠤᠮ᠎ᠠ ᠰᠡᠳᠬᠢᠯᠭᠡ ᠶᠢ ᠨᠢ ᠬᠥᠭᠵᠢᠭᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠳᠤᠮᠳᠠ ᠵᠣᠷᠢᠭᠲᠠᠢ ᠪᠠᠷ ᠬᠤᠰᠢᠭᠤᠴᠢ ᠠᠩᠭᠢ᠂ ᠭᠠᠪᠰᠢᠭᠠᠢ ᠠᠩᠭᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠥᠷᠭᠡᠨ ᠤᠯᠠᠨ ᠵᠠᠯᠠᠭᠤᠴᠤᠳ ᠤᠨ ᠤᠯᠤᠰ ᠲᠦᠷᠦ ᠶᠢᠨ ᠵᠢᠯᠣᠭᠤᠳᠤᠯᠭ᠎ᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠵᠠᠯᠠᠭᠤᠴᠤᠳ ᠬᠦᠰᠡᠯᠡᠩ ᠲᠠᠢ ᠪᠠᠶᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠯᠠ ᠶᠢ ᠳᠠᠭᠠᠭᠠᠵᠤ᠂ ᠵᠣᠷᠢᠭᠲᠠᠢ ᠲᠡᠮᠡᠴᠡᠪᠡᠯ ᠳᠤᠮᠳᠠᠳᠤ ᠤᠯᠤᠰ ᠤᠨ ᠵᠠᠯᠠᠭᠤᠴᠤᠳ ᠰᠠᠶ᠋ᠢ ᠬᠦᠴᠦᠨ ᠴᠢᠳᠠᠯ ᠲᠠᠢ ᠪᠣᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠰᠠᠶ᠋ᠢ ᠬᠦᠰᠡᠯ ᠡᠷᠡᠮᠡᠯᠵᠡᠯ ᠢᠶᠠᠷ ᠪᠢᠯᠬᠠᠨ᠎ᠠ᠃ ᠥᠷᠭᠡᠨ ᠤᠯᠠᠨ ᠵᠠᠯᠠᠭᠤᠴᠤᠳ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠤᠷᠤᠰᠬᠠᠯ ᠳᠤᠮᠳᠠ ᠵᠥᠪ ᠠᠮᠢᠳᠤᠷᠠᠬᠤᠢ ᠶᠢᠨ ᠬᠠᠷᠠᠯᠲᠠ ᠪᠠᠨ ᠲᠣᠭᠲᠠᠭᠠᠬᠤ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠪᠣᠯ ᠵᠠᠯᠠᠭᠤᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠤᠯᠤᠰ ᠲᠦᠷᠦ ᠶᠢᠨ ᠰᠤᠷᠭᠠᠭᠤᠯᠢ ᠮᠥᠨ᠂ ᠤᠯᠤᠰ ᠲᠦᠷᠦ ᠶᠢᠨ ᠴᠢᠨᠠᠷ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠨᠢᠭᠡᠳᠦᠭᠡᠷ ᠰᠢᠨᠵᠢ ᠴᠢᠨᠠᠷ ᠮᠥᠨ᠃ ᠥᠷᠭᠡᠨ ᠣᠯᠠᠨ ᠡᠪᠯᠡᠯ ᠤᠨ ᠭᠡᠰᠢᠭᠦᠨ ᠪᠠ ᠵᠠᠯᠠᠭᠤᠴᠤᠳ ᠤᠨ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠥᠵᠢᠭᠦᠯᠵᠦ᠂ ᠨᠠᠮ ᠳᠤ ᠡᠷᠡᠭᠦᠯ ᠮᠡᠨᠳᠦ ᠠᠮᠢᠵᠢᠷᠠᠯ ᠤᠨ ᠬᠦᠴᠦᠨ ᠲᠠᠢ ᠰᠢᠨ᠎ᠡ ᠰᠣᠷᠭᠤᠭ ᠴᠢᠰᠤ ᠶᠢ ᠲᠠᠰᠤᠷᠠᠯᠲᠠ ᠦᠭᠡᠢ ᠬᠦᠷᠭᠡᠬᠦ ᠬᠡᠷᠡᠭᠲᠡᠢ᠃ ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠨᠡ ᠬᠦ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠢ ᠴᠢᠷᠮᠠᠶᠢᠨ ᠡᠵᠡᠮᠰᠢᠵᠦ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠪᠠᠷ ᠠᠰᠠᠭᠤᠳᠠᠯ ᠢ ᠵᠠᠳᠠᠯᠬᠤ ᠳᠠᠭᠠᠨ ᠴᠢᠳᠠᠮᠠᠭᠠᠢ ᠪᠠᠶᠢᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠣᠶᠢᠯᠠᠭᠠᠬᠤ ᠴᠢᠳᠠᠪᠤᠷᠢ ᠪᠠᠨ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠭᠦᠢᠴᠡᠳ ᠬᠥᠭᠵᠢᠭᠡᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠣᠷᠢ ᠶᠢᠨ ᠭᠠᠭᠴᠠ ᠵᠥᠪ ᠵᠠᠮ ᠮᠥᠨ᠂ ᠤᠷᠢᠳᠤ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ ᠦᠢᠯᠡᠰ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠨᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠡᠭᠦᠷᠭᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠥᠷᠭᠡᠨ ᠣᠯᠠᠨ ᠵᠠᠯᠠᠭᠤᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠲᠤᠬᠠᠶᠢᠯᠠᠭᠰᠠᠨ ᠠᠵᠢᠯ ᠤᠨ ᠪᠠᠶᠢᠷᠢ ᠳᠤᠨᠢ ᠰᠠᠭᠤᠷᠢᠯᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠳᠤᠯ ᠦᠭᠡᠢ ᠬᠥᠭᠵᠢᠯᠲᠡ᠂ ᠨᠡᠶᠢᠭᠡᠮ ᠤᠨ ᠦᠢᠯᠡᠴᠢᠯᠡᠭᠡ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠡᠷᠭᠡ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠳᠤᠮᠳᠠ ᠬᠤᠰᠢᠭᠤᠴᠢ ᠴᠡᠷᠢᠭ ᠪᠠ ᠰᠢᠨ᠎ᠡ ᠬᠦᠴᠦᠨ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠡᠪᠯᠡᠯ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠡᠪᠯᠡᠯ ᠪᠦᠯᠭᠦᠮ ᠢ ᠪᠦᠭᠦ ᠲᠠᠯ᠎ᠠ ᠪᠠᠷ ᠴᠢᠩᠭ᠎ᠠ ᠬᠠᠮᠢᠶᠠᠷᠤᠨ ᠵᠠᠰᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠭᠦᠮ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢᠶᠠᠨ ᠲᠠᠰᠤᠷᠠᠯᠲᠠ ᠦᠭᠡᠢ ᠪᠠᠲᠤᠯᠠᠨ ᠴᠢᠩᠭᠠᠳᠬᠠᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠱᠠᠲᠤᠨ ᠤ ᠢᠯᠡ ᠲᠣᠳᠣ ᠤᠳᠤᠷᠢᠳᠤᠮᠵᠢ ᠶᠢ ᠪᠠᠲᠤᠳᠬᠠᠬᠤ ᠶᠢ ᠪᠠᠷᠢᠮᠲᠠᠯᠠᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠵᠠᠯᠠᠭᠤ ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠪᠦᠭᠦ ᠡᠪᠯᠡᠯ ᠢᠶᠠᠷ ᠢᠶᠠᠨ ᠦᠨᠳᠦᠰᠦᠨ ᠱᠠᠲᠤ ᠶᠢ ᠠᠳᠬᠤᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠪᠯᠡᠯ ᠤᠨ ᠺᠠᠳ᠋ᠷ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ ᠳᠠᠷᠤᠢ ᠵᠠᠯᠠᠭᠤᠴᠤᠳ ᠤᠨ ᠠᠵᠢᠯ ᠢ ᠬᠢᠬᠦ ᠶᠠᠪᠤᠳᠠᠯ ᠪᠣᠯᠣᠨ᠎ᠠ᠂ ᠤᠯᠤᠰ ᠲᠦᠷᠦ ᠶᠢᠨ ᠴᠢᠳᠠᠪᠤᠷᠢ᠂ ᠤᠨᠤᠯ ᠤᠨ ᠪᠣᠯᠪᠠᠰᠤᠷᠠᠯ᠂ ᠤᠯᠠᠨ ᠲᠦᠮᠡᠨ ᠤ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠪᠣᠳᠠᠲᠠᠢ ᠠᠵᠢᠯ ᠤᠨ ᠠᠮᠵᠢᠯᠲᠠ ᠪᠦᠲᠦᠮᠵᠢ ᠪᠠᠷ ᠢᠶᠠᠨ ᠨᠠᠮ ᠤᠨ ᠢᠲᠡᠭᠡᠯ ᠢ ᠣᠯᠵᠤ᠂ ᠨᠡᠶᠢᠭᠡᠮ ᠤᠨ ᠬᠦᠨᠳᠦᠳᠬᠡᠯ ᠢ ᠣᠯᠵᠤ᠂ ᠵᠠᠯᠠᠭᠤᠴᠤᠳ ᠤᠨ ᠮᠠᠭᠲᠠᠭᠠᠯ ᠰᠠᠶᠢᠰᠢᠶᠠᠯ ᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠠᠴᠠ ᠵᠠᠯᠠᠭᠤᠴᠤᠳ ᠤᠨ ᠠᠵᠢᠯ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠳᠣᠣᠷ᠎ᠠ ᠡᠯ᠎ᠡ ᠰᠠᠯᠠᠭ᠎ᠠ ᠮᠥᠴᠢᠷ ᠤᠨ ᠬᠢᠨ ᠵᠡᠷᠭᠡ ᠪᠠᠷ ᠠᠳᠬᠤᠵᠤ ᠬᠠᠮᠲᠤ ᠪᠠᠷ ᠵᠠᠯᠠᠭᠤᠴᠤᠳ ᠤᠨ ᠬᠥᠭᠵᠢᠯᠲᠡ ᠶᠢᠨ ᠦᠢᠯᠡᠰ ᠢ ᠬᠠᠮᠢᠶᠠᠷᠬᠤ ᠠᠵᠢᠯ ᠤᠨ ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠠᠯᠠᠭᠤ ᠨᠠᠶᠢᠵᠠ ᠶᠢᠨ ᠰᠡᠳᠬᠢᠯ ᠢ ᠮᠡᠳᠡᠭᠴᠢ᠂ ᠵᠠᠯᠠᠭᠤ ᠤᠯᠠᠨ ᠲᠦᠮᠡᠨ ᠤ ᠵᠠᠮᠴᠢᠯᠠᠭᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠦᠰᠡᠯ ᠡᠷᠡᠮᠡᠯᠵᠡᠯ ᠵᠠᠯᠠᠭᠤᠴᠤᠳ ᠤᠨ ᠪᠡᠶ᠎ᠡ ᠳᠡᠭᠡᠷ᠎ᠡ ᠪᠠᠶᠢᠨ᠎ᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠳᠤ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠠᠯᠠᠭᠤ ᠨᠢᠭᠡ ᠦᠶ᠎ᠡ ᠶᠢᠨ ᠬᠢᠨ ᠢ ᠨᠠᠮ ᠤᠨ ᠲᠣᠭᠤᠷᠢᠨ ᠳᠤ ᠨᠡᠩ ᠰᠠᠶᠢᠲᠤᠷ ᠪᠦᠯᠬᠦᠮᠳᠡᠭᠦᠯᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃