​ᠠᠮᠢ ᠠᠬᠤᠢ ᠶᠢᠨ ᠦᠵᠡᠰᠭᠦᠯᠡᠩ ᠪᠠ ᠠᠷᠠᠳ ᠤᠯᠠᠨ ᠤ ᠪᠠᠶᠠᠵᠢᠯ ᠤᠨ ᠬᠤᠣᠰ ᠦᠷ᠎ᠡ ᠠᠰᠢᠭ ᠢ ᠡᠭᠦᠳᠦᠯ᠎ᠡ — ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠰᠥᠨᠥᠭᠡᠯᠲᠡ ᠶᠢᠨ ᠳᠠᠶᠢᠯᠠᠯᠳᠤᠭᠠᠨ ᠤ ᠲᠤᠬᠠᠢ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2025/5/7


  ︽ᠡᠨᠡ ᠬᠤᠶᠠᠷ ᠵᠢᠯ ᠳᠤ᠂ ᠮᠠᠨ ᠤ ᠠᠳᠡᠬᠢ ᠤᠷᠭᠤᠮᠠᠯ ᠤᠨ ᠬᠤᠴᠢᠯᠭ᠎ᠠ ᠶᠠᠪᠤᠬᠤ ᠲᠤᠲᠤᠮ ᠨᠢᠭᠲᠠ ᠪᠣᠯᠵᠤ᠂ ᠨᠣᠭᠤᠭᠠᠨ ᠥᠩᠭᠡ ᠶᠠᠪᠤᠬᠤ ᠲᠤᠲᠤᠮ ᠥᠳᠬᠡᠷᠡᠵᠦ᠂ ᠬᠡᠭᠡᠷ᠎ᠡ ᠶᠢᠨ ᠠᠮᠢᠲᠠᠨ ᠤ ᠲᠥᠷᠥᠯ ᠵᠦᠢᠯ ᠢᠯᠡᠳᠲᠡ ᠣᠯᠠᠰᠢᠷᠠᠪᠠ᠂ ᠡᠨᠡ ᠵᠢᠯ ᠪᠠᠰᠠ ᠤᠷᠠᠨ ᠬᠠᠵᠢᠨ ᠢᠷᠡᠵᠦ ᠨᠤᠲᠤᠭᠰᠢᠭᠰᠠᠨ︾ ᠭᠡᠵᠦ 5 ᠰᠠᠷ᠎ᠠ ᠶᠢᠨ 4 ᠤ ᠡᠳᠦᠷ᠂ ᠰᠢᠯᠤᠭᠤᠨ ᠬᠥᠬᠡ ᠬᠤᠰᠢᠭᠤᠨ ᠤ ᠵᠢᠭᠠᠰᠤᠲᠠᠢ ᠰᠤᠮᠤ ᠶᠢᠨ ᠰᠠᠶᠢᠬᠠᠨᠨᠠᠭᠤᠷ ᠭᠠᠴᠠᠭᠠᠨ ᠤ ᠮᠠᠯᠴᠢᠨ ᠰᠡᠴᠡᠨ ᠮᠠᠰᠢᠨ ᠲᠡᠷᠭᠡ ᠪᠠᠨ ᠵᠢᠯᠣᠭᠤᠳᠤᠨ ᠭᠠᠴᠠᠭ᠎ᠠ ᠶᠢᠨ ᠢᠶᠠᠨ ᠬᠠᠮᠢᠶᠠᠷᠴᠤ ᠬᠠᠮᠠᠭᠠᠯᠠᠬᠤ ᠣᠷᠣᠨ ᠳᠤ ᠴᠠᠭᠳᠠᠨ ᠲᠣᠭᠤᠷᠢᠬᠤ ᠶᠢᠨ ᠳᠠᠭᠠᠤ᠂ ᠠᠷᠪᠠ ᠭᠠᠷᠤᠢ ᠵᠢᠯ ᠤᠨ ᠡᠮᠦᠨ᠎ᠡ ᠡᠯᠡᠰᠦ ᠤᠷᠤᠭᠰᠢᠯᠠᠵᠤ ᠬᠥᠮᠥᠨ ᠤᠬᠤᠷᠢᠵᠤ᠂ ᠰᠢᠷ᠎ᠠ ᠡᠯᠡᠰᠦ ᠰᠢᠭᠤᠷᠴᠤ ᠪᠠᠶᠢᠭᠰᠠᠨ ᠦᠶ᠎ᠡ ᠶᠢᠨ ᠭᠠᠴᠢᠭᠳᠠᠯ ᠪᠠ ᠭᠡᠯᠮᠡᠭᠳᠡᠯ ᠢᠶᠠᠨ ᠡᠭᠦᠷᠢᠳᠡ ᠮᠠᠷᠲᠠᠬᠤ ᠦᠭᠡᠢ ᠭᠡᠵᠦ ᠭᠦᠨ ᠲᠥᠷᠥᠭᠳᠡᠯ ᠲᠠᠢ ᠬᠡᠯᠡᠪᠡ᠃

  ᠰᠢᠯᠤᠭᠤᠨ ᠬᠥᠬᠡ ᠬᠤᠰᠢᠭᠤ ᠨᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠭᠦᠨ ᠳᠤ ᠪᠠᠶᠢᠷᠢᠯᠠᠵᠤ᠂ ᠡᠯᠡᠰᠦᠷᠬᠡᠭ ᠭᠠᠵᠠᠷ ᠤᠨ ᠲᠠᠯᠠᠪᠠᠶ ᠨᠢ 1278.31 ᠲᠦᠮᠡᠨ ᠮᠦ ᠳᠤ ᠬᠦᠷᠴᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠢ ᠲᠠᠯᠠᠪᠠᠶ ᠶᠢᠨ 22.2% ᠢ ᠡᠵᠡᠯᠡᠵᠦ᠂ ᠪᠦᠭᠦᠶᠢᠯᠡ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠡᠪᠴᠢᠶᠡᠨ ᠳᠣᠲᠣᠷ᠎ᠠ ᠡᠭᠦᠷᠭᠡᠯᠡᠵᠦ ᠪᠠᠶᠢᠭ᠎ᠠ ᠵᠠᠰᠠᠯᠲᠠ ᠶᠢᠨ ᠲᠠᠯᠠᠪᠠᠶ ᠪᠠᠷ ᠬᠠᠮᠤᠭ ᠤᠨ ᠶᠡᠭᠡ᠂ ᠭᠠᠵᠠᠷ ᠤᠨ ᠪᠠᠶᠢᠴᠠ ᠪᠠᠷ ᠬᠠᠮᠤᠭ ᠤᠨ ᠪᠤᠳᠤᠯᠢᠶᠠᠨᠲᠠᠢ ᠬᠤᠰᠢᠭᠤ ᠪᠣᠯᠣᠨ᠎ᠠ᠃ ᠰᠢᠯᠤᠭᠤᠨ ᠬᠥᠬᠡ ᠬᠤᠰᠢᠭᠤ ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠰᠥᠨᠥᠭᠡᠯᠲᠡ ᠶᠢᠨ ᠳᠠᠶᠢᠯᠠᠯᠳᠤᠭᠠᠨ ᠤ ᠭᠤᠣᠯ ᠬᠦᠴᠦᠨ ᠪᠣᠯᠵᠤ᠂ ᠭᠤᠣᠯ ᠳᠠᠭᠠᠷᠢᠯᠲᠠ ᠬᠢᠵᠦ᠂ ᠪᠦᠭᠦ ᠬᠤᠰᠢᠭᠤᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠬᠡᠮᠵᠢᠶ᠎ᠡ ᠪᠠᠨ ᠥᠷᠭᠡᠳᠬᠡᠵᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠦᠷ᠎ᠡ ᠠᠰᠢᠭ ᠢᠶᠠᠨ ᠨᠡᠮᠡᠭᠳᠡᠭᠦᠯᠵᠦ᠂ 2024 ᠣᠨ ᠳᠤ ᠨᠡᠶᠢᠲᠡ 82.97 ᠲᠦᠮᠡᠨ ᠮᠦ ᠡᠯᠡᠰᠦ ᠶᠢ ᠵᠠᠰᠠᠵᠤ᠂ ᠡᠯᠡᠰᠦ ᠶᠢ ᠰᠡᠷᠭᠡᠶᠢᠯᠡᠨ ᠵᠠᠰᠠᠬᠤ ᠬᠤᠷᠳᠤᠴᠠ ᠪᠠᠨ ᠲᠦᠷᠭᠡᠳᠬᠡᠪᠡ᠃

  ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠰᠥᠨᠥᠭᠡᠯᠲᠡ ᠶᠢᠨ ᠳᠠᠶᠢᠯᠠᠯᠳᠤᠭᠠᠨ ᠤ ᠬᠦᠴᠦᠲᠡᠢ ᠳᠠᠭᠠᠷᠢᠯᠲᠠ ᠳᠣᠣᠷ᠎ᠠ᠂ ᠰᠢᠯᠤᠭᠤᠨ ᠬᠥᠬᠡ ᠬᠤᠰᠢᠭᠤᠨ ᠤ ᠤᠷᠭᠤᠮᠠᠯ ᠤᠨ ᠬᠤᠴᠢᠯᠭ᠎ᠠ 65% ᠠᠴᠠ ᠳᠡᠭᠡᠭᠰᠢ ᠪᠤᠯᠲᠠᠯ᠎ᠠ ᠨᠡᠮᠡᠭᠳᠡᠵᠦ᠂ ᠣᠶ ᠰᠢᠭᠤᠢ ᠶᠢᠨ ᠪᠦᠷᠬᠦᠴᠡ 20.5% ᠪᠤᠯᠲᠠᠯ᠎ᠠ ᠳᠡᠭᠡᠭᠰᠢᠯᠡᠨ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠦᠷᠭᠦᠯᠵᠢᠯᠡᠨ ︽ᠬᠤᠣᠰ ᠨᠡᠮᠡᠭᠳᠡᠯ︾ ᠢ ᠪᠡᠶᠡᠯᠡᠭᠦᠯᠦᠭᠰᠡᠨ ᠪᠥᠭᠡᠳ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ᠂ ᠡᠯᠡᠰᠦᠷᠬᠡᠭᠵᠢᠭᠰᠡᠨ ᠬᠡᠮᠵᠢᠶ᠎ᠡ ᠦᠷᠭᠦᠯᠵᠢᠯᠡᠨ ︽ᠬᠤᠣᠰ ᠪᠠᠭᠤᠷᠠᠯᠲᠠ︾ ᠶᠢ ᠪᠡᠶᠡᠯᠡᠭᠦᠯᠪᠡ᠃

  ᠢᠯᠠᠩᠭᠤᠶ᠎ᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠰᠥᠨᠥᠭᠡᠯᠲᠡ ᠶᠢᠨ ᠳᠠᠶᠢᠯᠠᠯᠳᠤᠭᠠᠨ ᠡᠬᠢᠯᠡᠭᠰᠡᠨ ᠠᠴᠠ ᠨᠠᠭᠠᠰᠢ᠂ ᠰᠢᠯᠤᠭᠤᠨ ᠬᠥᠬᠡ ᠬᠤᠰᠢᠭᠤ ︽ᠴᠡᠭ᠂ ᠱᠤᠭᠤᠮ᠂ ᠲᠠᠯᠠᠪᠠᠢ︾ ᠶᠢ ᠬᠠᠷᠢᠯᠴᠠᠨ ᠤᠶᠠᠯᠳᠤᠭᠤᠯᠬᠤ᠂ ︽ᠪᠤᠲᠠ ᠮᠣᠳᠣ ᠪᠠᠷ ᠡᠯᠡᠰᠦ ᠶᠢ ᠲᠣᠭᠲᠠᠪᠤᠷᠢᠵᠢᠭᠤᠯᠬᠤ ᠪᠠᠷ ᠭᠤᠣᠯ ᠪᠤᠯᠭᠠᠵᠤ᠂ ᠮᠧᠬᠠᠨᠢᠭ ᠡᠯᠡᠰᠦ ᠶᠢᠨ ᠬᠠᠯᠬᠠᠪᠴᠢ ᠪᠠᠷ ᠬᠠᠪᠰᠤᠷᠤᠮᠵᠢ ᠪᠤᠯᠭᠠᠵᠤ᠂ ᠡᠮᠦᠨ᠎ᠡ ᠨᠢ ᠬᠠᠰᠢᠵᠤ ᠬᠤᠶᠢᠨ᠎ᠠ ᠨᠢ ᠲᠠᠲᠠᠵᠤ᠂ ᠪᠦᠯᠦᠭ ᠬᠤᠪᠢᠶᠠᠨ ᠵᠠᠰᠠᠬᠤ︾ ᠶᠡᠷᠦᠩᠬᠡᠶᠢᠯᠡᠭᠰᠡᠨ ᠠᠷᠭ᠎ᠠ ᠶᠢ ᠠᠪᠴᠤ᠂ ᠪᠤᠲᠠ ᠮᠣᠳᠣ ᠶᠢ ᠲᠡᠭᠰᠢᠯᠡᠨ ᠤᠷᠭᠤᠭᠤᠯᠬᠤ᠂ ᠨᠤᠲᠤᠭ ᠪᠡᠯᠴᠢᠭᠡᠷ ᠢ ᠰᠠᠶᠢᠵᠢᠷᠠᠭᠤᠯᠬᠤ ᠵᠡᠷᠭᠡ ᠪᠠᠷ ᠳᠠᠮᠵᠢᠨ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠶᠢ ᠳᠡᠭᠡᠭᠰᠢᠯᠡᠭᠦᠯᠵᠦ᠂ ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠬᠤ ᠶᠢ ᠪᠦᠭᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠪᠠ᠃

  ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ᠂ ᠭᠠᠭᠴᠠᠭᠠᠷ ᠲᠡᠮᠡᠴᠡᠬᠦ ᠳᠤ ᠯᠡ ᠲᠦᠰᠢᠭᠯᠡᠭᠡᠳ ᠪᠠᠶᠢᠵᠤ ᠶᠠᠭᠠᠬᠢᠭᠰᠠᠨ ᠴᠤ ᠪᠤᠯᠬᠤ ᠦᠭᠡᠢ᠂ ᠬᠠᠷᠢᠨ ᠬᠠᠮᠲᠤᠷᠠᠯ ᠬᠦᠴᠦᠨ ᠢ ᠪᠤᠢ ᠪᠤᠯᠭᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠲᠡᠮᠡᠴᠡᠪᠡᠯ ᠰᠠᠶ᠋ᠢ ᠠᠮᠵᠢᠯᠲᠠ ᠣᠯᠵᠤ ᠴᠢᠳᠠᠨ᠎ᠠ︾᠃ ᠰᠢᠯᠤᠭᠤᠨ ᠬᠥᠬᠡ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠰᠢᠶᠣᠣ ᠺᠦᠢ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠰᠥᠨᠥᠭᠡᠯᠲᠡ ᠶᠢᠨ ᠳᠠᠶᠢᠯᠠᠯᠳᠤᠭᠠᠨ ᠡᠬᠢᠯᠡᠭᠰᠡᠨ ᠠᠴᠠ ᠨᠠᠭᠠᠰᠢ᠂ ᠮᠠᠨ ᠤ ᠬᠤᠰᠢᠭᠤ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠮᠠᠯᠴᠢᠨ ᠲᠠᠷᠢᠶᠠᠴᠢᠨ ᠤ ᠥᠪᠡᠷ ᠤᠨ ᠳᠠᠭᠠᠭᠠᠴᠢᠯᠠᠭᠰᠠᠨ ᠮᠠᠭᠤᠳᠠᠭᠰᠠᠨ ᠨᠤᠲᠤᠭ ᠪᠡᠯᠴᠢᠭᠡᠷ ᠳᠡᠭᠡᠷ᠎ᠡ ᠪᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠳᠤ ᠰᠢᠭᠤᠳ ᠣᠷᠤᠯᠴᠠᠬᠤ ᠶᠢ ᠵᠣᠷᠢᠭᠵᠢᠭᠤᠯᠵᠤ᠂ ︽ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠭᠡ︾᠂ ︽ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠭᠡ + ᠠᠵᠤ ᠠᠬᠤᠶᠢᠯᠠᠯ︾ ᠵᠢᠴᠢ ︽ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠬᠡᠷᠡᠭᠵᠢᠭᠦᠯᠬᠦ︾ ᠵᠡᠷᠭᠡ ᠣᠯᠠᠨ ᠲᠠᠯ᠎ᠠ ᠶᠢᠨ᠂ ᠣᠯᠠᠨ ᠠᠷᠭ᠎ᠠ ᠵᠠᠮ ᠢᠶᠠᠷ ᠵᠠᠰᠠᠬᠤ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ᠂ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠣᠯᠭᠤᠬᠤ ᠬᠠᠷᠢᠴᠠᠯ ᠢ ᠪᠡᠯᠡ ᠣᠷᠣᠭᠤᠯᠤᠯᠲᠠ ᠶᠢᠨ 10% ᠠᠴᠠ ᠳᠡᠭᠡᠭᠰᠢ ᠳᠤ ᠬᠦᠷᠭᠡᠬᠦ ᠪᠠᠷ ᠪᠠᠶᠢᠨ᠎ᠠ ᠭᠡᠪᠡ᠃     

  2024 ᠣᠨ ᠳᠤ᠂ ᠰᠢᠯᠤᠭᠤᠨ ᠬᠥᠬᠡ ᠬᠤᠰᠢᠭᠤᠨ ᠳᠤ ᠨᠡᠶᠢᠲᠡ 24 ᠬᠤᠷᠰᠢᠶ᠎ᠠ᠂ 10 ᠠᠵᠤ ᠠᠬᠤᠶᠢᠯᠠᠯ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠰᠥᠨᠥᠭᠡᠯᠲᠡ ᠶᠢᠨ ᠳᠠᠶᠢᠯᠠᠯᠳᠤᠭᠠᠨ ᠳᠤ ᠣᠷᠣᠯᠴᠠᠵᠤ᠂ 79.47 ᠲᠦᠮᠡᠨ ᠮᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠶᠡᠷᠦᠩᠬᠡᠢ ᠢᠨᠵᠧᠨᠧᠷᠢᠩ ᠤᠨ ᠡᠭᠦᠷᠭᠡ ᠶᠢᠨ 95.78% ᠶᠢ ᠡᠵᠡᠯᠡᠪᠡ᠃ 1634 ᠮᠠᠯᠴᠢᠨ ᠲᠠᠷᠢᠶᠠᠴᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠨᠡᠶᠢᠲᠡ 2391.3 ᠲᠦᠮᠡᠨ ᠲᠥᠭᠦᠷᠢᠭ ᠤᠨ ᠭᠦᠳᠡᠯᠮᠦᠷᠢ ᠦᠢᠯᠡᠴᠢᠯᠡᠭᠡᠨ ᠤ ᠮᠥᠩᠭᠦ ᠬᠠᠷᠠᠮᠵᠢ ᠣᠯᠵᠤ᠂ ᠬᠥᠮᠥᠨ ᠳᠤᠮᠳᠠᠴᠢ ᠶᠢᠨ ᠣᠷᠣᠯᠭ᠎ᠠ 1.4 ᠲᠦᠮᠡᠨ ᠲᠥᠭᠦᠷᠢᠭ ᠨᠡᠮᠡᠭᠳᠡᠵᠦ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠪᠡᠯᠡ ᠮᠥᠩᠭᠦ ᠨᠢ ᠢᠨᠵᠧᠨᠧᠷᠢᠩ ᠤᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶᠡᠨ ᠤ 10.08% ᠶᠢ ᠡᠵᠡᠯᠡᠪᠡ᠃

  ︽2025 ᠣᠨ ᠤ ᠪᠦᠭᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠳᠤ ᠴᠥᠮ ︿ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ﹀ ᠵᠠᠭᠪᠤᠷ ᠢ ᠬᠡᠷᠡᠭᠵᠢᠭᠦᠯᠬᠦ ᠪᠠᠷ ᠲᠥᠯᠥᠪᠯᠡᠵᠦ ᠪᠤᠢ᠃ ᠡᠨᠡ ᠵᠢᠯ ᠮᠠᠨ ᠤ ᠬᠤᠰᠢᠭᠤ 2851 ᠮᠠᠯᠴᠢᠨ ᠲᠠᠷᠢᠶᠠᠴᠢᠨ ᠢ ᠲᠠᠶᠢᠴᠢᠯᠠᠨ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠮᠥᠨ ᠳᠤᠮᠳᠠᠴᠢ ᠳᠤ 1.65 ᠲᠦᠮᠡᠨ ᠲᠥᠭᠦᠷᠢᠭ ᠤᠨ ᠭᠦᠳᠡᠯᠮᠦᠷᠢ ᠶᠢᠨ ᠬᠥᠯᠥᠰᠦ ᠣᠯᠭᠤᠮᠵᠢ ᠣᠯᠭᠤᠵᠤ᠂ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠳᠤ ᠣᠷᠣᠯᠴᠠᠬᠰᠠᠨ ᠶᠡᠷᠦᠩᠬᠡᠢ ᠣᠷᠣᠯᠭ᠎ᠠ ᠶᠢ 1.87 ᠲᠦᠮᠡᠨ ᠲᠥᠭᠦᠷᠢᠭ ᠲᠤ ᠬᠦᠷᠭᠡᠵᠦ᠂ ᠲᠦᠷᠦᠭᠦᠦ ᠵᠢᠯ ᠤᠨ ᠬᠥᠮᠥᠨ ᠳᠤᠮᠳᠠᠴᠢ ᠶᠢᠨ ᠣᠷᠣᠯᠭ᠎ᠠ ᠠᠴᠠ 4700 ᠲᠥᠭᠦᠷᠢᠭ ᠨᠡᠮᠡᠭᠳᠡᠭᠦᠯᠦᠨ᠂ 34% ᠪᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠨ ᠢ ᠦᠨᠡᠨ ᠬᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠠᠮᠤᠭ ᠤᠨ ᠶᠡᠭᠡ ᠣᠷᠣᠯᠴᠠᠭᠴᠢ ᠪᠠ ᠠᠰᠢᠭ ᠭᠦᠷᠲᠡᠭᠴᠢ ᠪᠣᠯᠭᠠᠨ᠎ᠠ︾ ᠭᠡᠵᠦ ᠰᠢᠶᠣᠣ ᠺᠦᠢ ᠢᠯᠡᠳᠬᠡᠪᠡ᠃

  ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠰᠥᠨᠥᠭᠡᠯᠲᠡ ᠶᠢᠨ ᠳᠠᠶᠢᠯᠠᠯᠳᠤᠭᠠᠨ ᠢ ᠠᠬᠢᠭᠤᠯᠬᠤ ᠶᠠᠪᠤᠴᠠ ᠳᠤ ︽ᠬᠠᠮᠢᠭ᠎ᠠ ᠬᠢᠬᠦ︾᠂ ︽ᠶᠠᠭᠤ ᠬᠢᠬᠦ︾᠂ ︽ᠶᠠᠭᠠᠬᠢᠵᠤ ᠬᠢᠬᠦ︾ ᠠᠰᠠᠭᠤᠳᠠᠯ ᠢ ᠰᠢᠢᠳᠪᠦᠷᠢᠯᠡᠭᠰᠡᠨ ᠤ ᠳᠠᠷᠠᠭ᠎ᠠ᠂ ︽ᠶᠠᠭᠠᠬᠢᠵᠤ ᠬᠠᠮᠢᠶᠠᠷᠬᠤ︾ ᠨᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠦᠷᠭᠦᠯᠵᠢᠯᠡᠨ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠬᠤ ᠵᠠᠩᠭᠢᠯᠠᠭ᠎ᠠ ᠶᠢᠨ ᠭᠤᠭᠴᠤᠭ᠎ᠠ ᠪᠣᠯᠤᠭᠰᠠᠨ ᠪᠠᠶᠢᠨ᠎ᠠ᠃

  ᠡᠭᠦᠨ ᠤ ᠲᠤᠯᠠᠳᠠ᠂ ᠲᠣᠰ ᠬᠤᠰᠢᠭᠤ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠰᠢᠯᠤᠭᠤᠳᠬᠠᠬᠤ ᠪᠠ ᠬᠤᠷᠢᠭᠯᠠᠬᠤ ᠶᠢ ᠤᠶᠠᠯᠳᠤᠭᠤᠯᠬᠤ︾ ᠵᠢᠴᠢ ︽ᠮᠠᠯ ᠢ ᠴᠥᠭᠡᠳᠬᠡᠨ ᠨᠤᠲᠤᠭ ᠪᠡᠯᠴᠢᠭᠡᠷ ᠢ ᠨᠡᠮᠡᠭᠳᠡᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ︾ ᠠᠷᠭ᠎ᠠ ᠪᠣᠳᠣᠯᠭ᠎ᠠ ᠠᠪᠴᠤ᠂ ᠮᠠᠯᠴᠢᠳ ᠢ ᠬᠥᠲᠥᠯᠥᠨ ᠵᠢᠯᠤᠭᠤᠳᠴᠤ ᠪᠡᠯᠴᠢᠭᠡᠷ ᠤᠨ ᠳᠠᠭᠠᠭᠠᠴᠠ ᠪᠠᠷ ᠮᠠᠯ ᠤᠨ ᠲᠤᠭ᠎ᠠ ᠶᠢ ᠲᠣᠭᠲᠠᠭᠠᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠵᠦ᠂ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠣᠯᠭᠤᠬᠤ ᠬᠢᠭᠡᠳ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠤᠯᠪᠣᠭᠳᠠᠭᠤᠯᠬᠤ ᠲᠣᠭᠲᠠᠴᠠ ᠶᠢ ᠪᠦᠷᠢᠨᠰᠢᠭᠦᠯᠵᠦ᠂ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠠᠬᠢ 45 ᠡᠳᠦᠷ ᠤᠨ ᠪᠡᠯᠴᠢᠭᠡᠷ ᠢ ᠠᠮᠠᠷᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ 2300 ᠭᠠᠷᠤᠢ ᠤᠳᠠᠭ᠎ᠠ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠯᠲᠠ ᠬᠢᠵᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠨᠡᠨ ᠬᠦ ᠴᠢᠩᠭᠠᠷᠠᠭᠤᠯᠪᠠ᠃

  2024 ᠣᠨ ᠳᠤ᠂ ᠰᠢᠯᠤᠭᠤᠨ ᠬᠥᠬᠡ ᠬᠤᠰᠢᠭᠤ 1270 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠣᠷᠣᠭᠤᠯᠵᠤ᠂ ᠪᠦᠭᠦ ᠬᠤᠰᠢᠭᠤᠨ ᠤ ᠨᠤᠲᠤᠭ ᠪᠡᠯᠴᠢᠭᠡᠷ ᠢ 139 ᠲᠣᠣᠷᠵᠢᠯ ᠪᠣᠯᠭᠠᠨ ᠬᠤᠪᠢᠶᠠᠵᠤ᠂ 165 ᠲᠤᠤᠷᠵᠢᠭᠤᠯᠤᠯᠳᠠ ᠶᠢᠨ ᠠᠵᠢᠯᠲᠠᠨ ᠢ ᠰᠣᠩᠭᠤᠨ ᠤᠷᠢᠨ ᠬᠡᠷᠡᠭᠯᠡᠵᠦ᠂ ᠬᠤᠰᠢᠭᠤ ᠰᠢᠶᠠᠨ᠂ ᠰᠤᠮᠤ ᠪᠠᠯᠭᠠᠰᠤ ᠲᠠᠯᠠᠪᠠᠶ᠂ ᠭᠠᠴᠠᠭ᠎ᠠ ᠲᠣᠰᠬᠤᠨ ᠭᠤᠷᠪᠠᠨ ᠱᠠᠲᠤᠨ ᠤ ᠬᠠᠮᠢᠶᠠᠷᠴᠤ ᠬᠠᠮᠠᠭᠠᠯᠠᠬᠤ ᠲᠣᠣᠷᠵᠢᠯ ᠢ ᠪᠠᠶᠢᠭᠤᠯᠵᠤ᠂ ᠬᠥᠨᠳᠡᠯᠡᠨ ᠢᠶᠠᠷ ᠭᠦᠪᠡᠭᠡ ᠵᠠᠬ᠎ᠠ ᠭᠦᠷᠲᠡᠯ᠎ᠡ᠂ ᠭᠤᠯᠳᠤ ᠪᠠᠷ ᠪᠦᠭᠦᠨ ᠢ ᠬᠠᠮᠤᠷᠤᠭᠰᠠᠨ ᠬᠠᠮᠠᠭᠠᠯᠠᠯᠲᠠ ᠶᠢ ᠪᠦᠷᠢᠯᠳᠦᠭᠦᠯᠪᠡ᠃

  ᠡᠭᠦᠨ ᠳᠤ 139 ᠲᠤᠰᠢᠶᠠᠯ ᠬᠠᠪᠰᠤᠷᠭᠠᠭᠰᠠᠨ ᠲᠠᠯ᠎ᠠ ᠨᠤᠲᠤᠭ ᠤᠨ ᠮᠠᠯᠴᠢᠨ ᠲᠣᠣᠷᠵᠢᠭᠤᠯᠤᠯᠳᠠ ᠶᠢᠨ ᠠᠵᠢᠯᠲᠠᠨ ᠤ ᠣᠷᠣᠯᠭ᠎ᠠ ᠬᠥᠮᠥᠨ ᠪᠦᠷᠢ ᠳᠤᠮᠳᠠᠴᠢ ᠪᠠᠷ 4.3 ᠲᠦᠮᠡᠨ ᠲᠥᠭᠦᠷᠢᠭ ᠨᠡᠮᠡᠭᠳᠡᠪᠡ᠃ ᠲᠠᠳᠠ ᠪᠣᠯ ᠠᠮᠢ ᠠᠬᠤᠢ ᠶᠢᠨ ᠬᠠᠮᠠᠭᠠᠯᠠᠭᠴᠢ ᠪᠤᠯᠬᠤ ᠪᠠᠷ ᠪᠠᠷᠠᠬᠤ ᠦᠭᠡᠢ ᠪᠠᠰᠠ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠲᠠᠷᠢᠶᠠᠴᠢᠨ ᠮᠥᠨ᠂ ᠤᠤᠯ ᠤᠨ ︽ᠡᠪᠡᠰᠦ ᠬᠡᠷᠡᠭᠯᠡᠭᠴᠢ︾ ᠪᠠᠶᠢᠭᠰᠠᠨ ᠠᠴᠠ ᠪᠠᠨ ︽ᠡᠪᠡᠰᠦ ᠬᠠᠮᠠᠭᠠᠯᠠᠭᠴᠢ︾ ᠪᠣᠯᠵᠤ ᠬᠤᠪᠢᠷᠠᠪᠠ᠃ 139 ᠮᠠᠯᠴᠢᠨ 4546 ᠤᠳᠠᠭ᠎ᠠ ᠶᠢᠨ ᠲᠣᠭᠤᠷᠢᠨ ᠬᠠᠮᠠᠭᠠᠯᠠᠬᠤ ᠡᠭᠦᠷᠭᠡ ᠶᠢᠨ ᠳᠤᠮᠳᠠ ᠨᠡᠶᠢᠲᠡ 62935.54 ᠺᠢᠯᠣᠮᠧᠲᠷ ᠠᠶᠠᠯᠠᠵᠤ᠂ ᠲᠣᠭᠲᠠᠭᠠᠯ ᠢ ᠵᠥᠷᠢᠴᠡᠨ ᠮᠠᠯ ᠮᠠᠯᠵᠢᠬᠤ 24 ᠤᠳᠠᠭ᠎ᠠ ᠶᠢᠨ ᠠᠶᠤᠯ ᠲᠦᠭᠰᠢᠭᠦᠷᠢ ᠶᠢ ᠤᠷᠢᠳᠴᠢᠯᠠᠨ ᠠᠷᠢᠯᠭᠠᠵᠤ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ 3 ᠠᠮᠢᠲᠠᠨ ᠢ ᠠᠮᠵᠢᠯᠲᠠ ᠲᠠᠢ ᠪᠠᠷ ᠠᠪᠤᠷᠠᠨ ᠲᠤᠰᠠᠯᠠᠪᠠ᠃

  ᠮᠠᠯᠴᠢᠨ ᠰᠡᠴᠡᠨ ᠪᠣᠯ ᠲᠡᠭᠦᠨ ᠤ ᠪᠠᠶᠢᠭ᠎ᠠ ᠰᠠᠶᠢᠬᠠᠨᠨᠠᠭᠤᠷ ᠭᠠᠴᠠᠭᠠᠨ ᠤ ᠨᠤᠲᠤᠭ ᠪᠡᠯᠴᠢᠭᠡᠷ ᠤᠨ ᠲᠤᠤᠷᠵᠢᠭᠤᠯᠤᠯᠲᠠ ᠶᠢᠨ ᠠᠵᠢᠯᠴᠢᠨ ᠪᠠᠶᠢᠵᠤ᠂ 10 ᠭᠠᠷᠤᠢ ᠲᠦᠮᠡᠨ ᠮᠦ ᠪᠡᠯᠴᠢᠭᠡᠷ ᠳᠡᠭᠡᠷ᠎ᠡ ᠮᠠᠯ ᠪᠡᠯᠴᠢᠭᠡᠷ ᠤᠨ ᠲᠡᠩᠴᠡᠭᠦᠷᠢ ᠶᠢ ᠡᠪᠳᠡᠬᠦ᠂ ᠲᠣᠭᠲᠠᠭᠠᠯ ᠠᠴᠠ ᠵᠥᠷᠢᠴᠡᠨ ᠮᠠᠯ ᠮᠠᠯᠵᠢᠬᠤ᠂ ᠣᠶ ᠰᠢᠭᠤᠢ ᠶᠢ ᠡᠪᠳᠡᠨ ᠰᠦᠢᠳᠬᠡᠬᠦ᠂ ᠨᠤᠲᠤᠭ ᠪᠡᠯᠴᠢᠭᠡᠷ ᠢ ᠡᠪᠳᠡᠨ ᠰᠦᠢᠳᠬᠡᠬᠦ᠂ ᠠᠮᠢᠳᠤ ᠪᠣᠳᠠᠰ ᠤᠨ ᠭᠠᠮᠰᠢᠭ ᠡᠭᠦᠰᠬᠦ ᠵᠡᠷᠭᠡ ᠦᠶᠯᠡ ᠠᠵᠢᠯᠯᠠᠭ᠎ᠠ ᠶᠢ ᠬᠠᠮᠢᠶᠠᠷᠤᠨ ᠬᠠᠮᠠᠭᠠᠯᠠᠵᠤ ᠬᠢᠨᠠᠯᠲᠠ ᠲᠠᠯᠪᠢᠬᠤ ᠶᠢ ᠬᠠᠷᠢᠭᠤᠴᠠᠬᠤ ᠶᠢᠨ ᠬᠠᠮᠲᠤ ᠢᠯᠡᠷᠡᠭᠦᠯᠦᠭᠰᠡᠨ ᠬᠡᠪ ᠤᠨ ᠪᠤᠰᠤ ᠪᠠᠶᠢᠳᠠᠯ ᠢ ᠰᠤᠮᠤᠨ ᠳᠤ ᠮᠡᠳᠡᠭᠦᠯᠦᠨ ᠬᠦᠷᠭᠡᠨ᠎ᠡ᠃ ᠰᠡᠴᠡᠨ ᠲᠠᠨᠢᠯᠴᠠᠭᠤᠯᠬᠤ ᠳᠠᠭᠠᠨ᠂ ᠣᠶᠢᠷ᠎ᠠ ᠶᠢᠨ ᠬᠤᠶᠠᠷ ᠵᠢᠯ ᠳᠤ ᠮᠠᠯᠴᠢᠳ ᠤᠨ ᠠᠮᠢ ᠠᠬᠤᠢ ᠶᠢ ᠬᠠᠮᠠᠭᠠᠯᠠᠬᠤ ᠤᠬᠠᠮᠰᠠᠷ ᠢᠯᠡᠳᠲᠡ ᠳᠡᠭᠡᠭᠰᠢᠯᠡᠵᠦ᠂ ᠪᠡᠯᠴᠢᠭᠡᠷ ᠢ ᠠᠮᠠᠷᠠᠭᠤᠯᠬᠤ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠠᠵᠢᠯᠯᠠᠭ᠎ᠠ ᠴᠥᠭᠡᠨ ᠪᠣᠯᠵᠠᠢ᠃ ᠲᠡᠷᠡ᠂ ᠣᠯᠠᠨ ᠢᠶᠠᠷ ᠢᠶᠠᠨ ᠥᠪᠡᠷ ᠢᠶᠠᠨ ᠤᠷᠤᠯᠴᠠᠵᠤ ᠭᠢᠯᠪᠡᠷ ᠪᠤᠰᠤ ᠪᠠᠷ ᠡᠯᠡᠰᠦ ᠶᠢ ᠵᠠᠰᠠᠵᠤ ᠡᠪᠡᠰᠦ ᠮᠣᠳᠣ ᠳᠠᠷᠢᠵᠤ ᠣᠶᠢᠵᠢᠭᠤᠯᠤᠨ ᠨᠣᠭᠤᠭᠠᠷᠠᠭᠤᠯᠤᠭᠰᠠᠨ ᠪᠣᠯᠬᠤᠷ ᠨᠤᠲᠤᠭ ᠪᠡᠯᠴᠢᠭᠡᠷ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠨ ᠬᠠᠶᠢᠷᠠᠯᠠᠵᠤ ᠪᠠᠶᠢᠨ᠎ᠠ ᠭᠡᠵᠡᠢ᠃

  ᠣᠳᠣᠬᠠᠨ ᠳᠤ᠂ ᠰᠢᠯᠤᠭᠤᠨ ᠬᠥᠬᠡ ᠬᠤᠰᠢᠭᠤᠨ ᠤ ᠭᠠᠴᠠᠭᠠᠨ ᠤ ᠲᠡᠰ ᠤᠨ ᠨᠤᠲᠤᠭ ᠪᠡᠯᠴᠢᠭᠡᠷ ᠤᠨ ᠲᠣᠣᠷᠵᠢᠯ ᠨᠢ ᠴᠥᠮ ᠭᠠᠷ ᠤᠲᠠᠰᠤᠨ ᠳᠡᠭᠡᠷᠡᠬᠢ APP ᠶᠢ ᠬᠡᠷᠡᠭᠯᠡᠨ ᠣᠶᠤᠨᠴᠢ ᠪᠠᠷ ᠲᠣᠭᠤᠷᠢᠨ ᠬᠠᠮᠠᠭᠠᠯᠠᠵᠤ᠂ ᠨᠤᠲᠤᠭ ᠪᠡᠯᠴᠢᠭᠡᠷ ᠢ ᠡᠪᠳᠡᠭᠰᠡᠨ᠂ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠵᠡᠷᠭᠡ ᠪᠠᠶᠢᠳᠠᠯ ᠢ ᠢᠯᠡᠷᠡᠭᠦᠯᠪᠡᠯ᠂ ᠲᠡᠷᠡ ᠳᠠᠷᠤᠢ ᠳᠤᠨᠢ ᠲᠤᠬᠠᠢ ᠶᠢᠨ ᠭᠠᠵᠠᠷ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠷᠢᠯᠴᠠᠵᠤ ᠪᠣᠯᠣᠨ᠎ᠠ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠢᠯᠣᠭᠤᠴᠢ ᠦᠭᠡᠢ ᠨᠢᠰᠬᠡᠯ ᠢ ᠠᠰᠢᠭᠯᠠᠨ ᠮᠠᠰᠢ ᠲᠦᠷᠭᠡᠨ ᠢᠶᠠᠷ 5 ᠺᠢᠯᠣᠮᠧᠲᠷ ᠤᠨ ᠭᠠᠳᠠᠨᠠᠬᠢ ᠮᠠᠯ ᠰᠦᠷᠦᠭ ᠤᠨ ᠪᠠᠶᠢᠳᠠᠯ ᠢ ᠲᠣᠳᠣᠷᠬᠠᠢ ᠣᠶᠢᠯᠠᠭᠠᠵᠤ ᠲᠡᠶᠢᠯᠦᠨ᠎ᠡ᠃ ᠰᠡᠴᠡᠨ᠄ ︽ᠥᠩᠭᠡᠷᠡᠭᠰᠡᠨ ᠳᠤ ᠦᠬᠡᠷ ᠬᠤᠨᠢ ᠶᠢ ᠲᠠᠭᠠᠵᠤ ᠪᠡᠯᠴᠢᠭᠡᠷᠯᠡᠭᠦᠯᠵᠦ ᠪᠠᠶᠢᠭᠰᠠᠨ ᠢᠶᠠᠨ ᠤᠳᠤ ᠭᠠᠷ ᠤᠲᠠᠰᠤᠨ ᠤ ᠪᠠᠨ ᠳᠡᠯᠭᠡᠴᠡ ᠪᠠᠨ ᠰᠠᠬᠢᠵᠤ ᠨᠤᠲᠤᠭ ᠪᠡᠯᠴᠢᠭᠡᠷ ᠢ ᠬᠠᠮᠠᠭᠠᠯᠠᠵᠤ ᠴᠢᠳᠠᠬᠤ ᠪᠣᠯᠵᠠᠢ︾ ᠭᠡᠪᠡ᠃

  2025 ᠣᠨ ᠳᠤ᠂ ᠰᠢᠯᠤᠭᠤᠨ ᠬᠥᠬᠡ ᠬᠤᠰᠢᠭᠤ ᠪᠠᠰᠠ ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠬᠤᠣᠰ ᠬᠥᠳᠡᠯᠭᠡᠭᠦᠷ ᠤᠨ ᠰᠢᠰᠲ᠋ᠧᠮ︾ ᠢ ᠰᠢᠨ᠎ᠡ ᠪᠠᠷ ᠡᠭᠦᠳᠦᠨ ᠪᠠᠶᠢᠭᠤᠯᠵᠤ᠂ ᠲᠣᠭᠠᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠪᠣᠯᠣᠨ ᠪᠣᠳᠠᠲᠤ ᠴᠣᠭᠴᠠ ᠶᠢᠨ ᠣᠶᠤᠨᠲᠤ ᠡᠯᠡᠰᠦᠨ ᠴᠠᠷ᠎ᠠ ᠶᠢᠨ ᠭᠦᠨᠵᠡᠭᠡᠢ ᠬᠤᠯᠪᠤᠭᠠᠯᠠᠨ ᠬᠥᠳᠡᠯᠦᠯᠴᠡᠬᠦ ᠪᠠᠷ ᠳᠠᠮᠵᠢᠨ᠂ ︽ᠬᠡᠶᠢᠰᠪᠦᠷᠢ ᠪᠣᠳᠠᠲᠠᠢ ᠬᠠᠮᠲᠤ ᠪᠠᠷ ᠣᠷᠣᠰᠢᠬᠤ︾ ᠵᠠᠰᠠᠯᠲᠠ ᠶᠢᠨ ᠲᠥᠪ ᠢ ᠪᠦᠷᠢᠯᠳᠦᠭᠦᠯᠪᠡ᠃ ᠲᠣᠰ ᠰᠢᠰᠲ᠋ᠧᠮ ᠨᠢ 4 ᠶᠡᠭᠡ ᠬᠡᠰᠡᠭ 18 ᠵᠦᠢᠯ ᠤᠨ ᠴᠢᠳᠠᠮᠵᠢ ᠲᠠᠢ ᠪᠠᠶᠢᠵᠤ᠂ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢᠨ ᠪᠦᠭᠦ ᠡᠯᠧᠮᠧᠨ᠋ᠲ ᠤᠨ ᠠᠮᠢ ᠠᠬᠤᠢ ᠶᠢᠨ ᠳ᠋ᠠᠶᠢᠲ᠋ᠠ ᠶᠢᠨ ᠬᠡᠯᠬᠢᠶ᠎ᠡ ᠶᠢ ᠨᠡᠶᠢᠯᠡᠭᠦᠯᠦᠨ᠂ ᠭᠤᠷᠪᠠᠨ ᠬᠡᠮᠵᠢᠯᠲᠦ ᠦᠵᠡᠭᠳᠡᠮᠡᠯ ᠬᠥᠳᠡᠯᠦᠩᠭᠦᠢ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠤᠷᠭᠤᠮᠠᠯ ᠤᠨ ᠬᠤᠴᠢᠯᠭ᠎ᠠ᠂ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠵᠡᠷᠭᠡ 7 ᠲᠥᠷᠥᠯ ᠤᠨ ᠠᠮᠢ ᠠᠬᠤᠢ ᠶᠢᠨ ᠪᠣᠯᠵᠣᠯᠲᠤ ᠲᠤᠭ᠎ᠠ ᠶᠢ ᠴᠠᠭ ᠲᠤᠬᠠᠢ ᠳᠤᠨᠢ ᠮᠥᠷᠳᠡᠨ ᠣᠶᠢᠯᠠᠭᠠᠵᠤ ᠴᠢᠳᠠᠨ᠎ᠠ᠃

  ︽ᠡᠯᠡᠰᠦᠨ ᠴᠠᠷ᠎ᠠ ᠶᠢᠨ ᠳᠤᠷ᠎ᠠ ᠶᠢᠨ ᠨᠢᠭᠡ ᠲᠥᠷᠥᠯ ᠵᠦᠢᠯ ᠤᠨ ᠣᠷᠣᠨ ᠲᠠᠢ ᠬᠦᠷᠦᠯᠴᠡᠳᠡᠭ ᠯᠡ ᠶᠤᠮ ᠪᠣᠯ ᠲᠣᠰ ᠣᠷᠣᠨ ᠪᠦᠰᠡ ᠶᠢᠨ ᠣᠶᠢᠷ᠎ᠠ ᠶᠢᠨ 10 ᠵᠢᠯ ᠤᠨ ᠠᠮᠢ ᠠᠬᠤᠢ ᠶᠢᠨ ᠬᠤᠪᠢᠰᠤᠯᠲᠠ ᠶᠢᠨ ᠥᠩᠭᠡᠷᠡᠯᠲᠡ᠂ ᠣᠳᠣᠬᠠᠨ ᠤ ᠵᠠᠰᠠᠯᠲᠠ ᠶᠢᠨ ᠠᠬᠢᠴᠠ ᠵᠡᠷᠭᠡ ᠪᠠᠶᠢᠳᠠᠯ ᠢ ᠲᠡᠷᠡ ᠳᠠᠷᠤᠢ ᠳᠤᠨᠢ ᠲᠠᠪᠴᠠᠩ ᠳᠤ ᠵᠡᠷᠭᠡ ᠪᠠᠷ ᠢᠯᠡᠷᠡᠭᠦᠯᠬᠦ ᠪᠣᠯᠣᠨ᠎ᠠ᠃ ᠲᠠ ᠦᠵᠡ᠂ ᠡᠶᠢᠮᠦ ᠰᠢᠰᠲ᠋ᠧᠮ ᠲᠠᠢ ᠪᠣᠯᠪᠠᠯ᠂ ᠪᠢᠳᠡ ᠨᠠᠩ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠠᠷᠭ᠎ᠠ ᠪᠣᠳᠣᠯᠭ᠎ᠠ ᠶᠢ ᠲᠣᠭᠲᠠᠭᠠᠵᠤ ᠴᠢᠳᠠᠨ᠎ᠠ︾ ᠭᠡᠵᠦ ᠰᠢᠯᠤᠭᠤᠨ ᠬᠥᠬᠡ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠰᠣᠯᠣᠩᠭᠤᠸ᠎ᠠ ᠲᠠᠨᠢᠯᠴᠠᠭᠤᠯᠪᠠ᠃

  ᠰᠢᠶᠣᠣ ᠺᠦᠢ᠄ ︽ᠬᠤᠶᠢᠰᠢᠳᠠ᠂ ᠪᠢᠳᠡ ᠨᠡᠩ ᠲᠥᠪ ᠴᠢᠩᠭ᠎ᠠ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ᠂ ᠨᠡᠩ ᠪᠣᠳᠠᠲᠠᠢ ᠶᠢ ᠡᠷᠭᠢᠮᠯᠡᠭᠦ ᠠᠷᠭ᠎ᠠ ᠬᠡᠮᠵᠢᠶ᠎ᠡ ᠪᠠᠷ ᠰᠠᠶᠢᠨ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠰᠥᠨᠥᠭᠡᠯᠲᠡ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠳᠤ ᠡᠪᠳᠡᠷᠡᠰᠢ ᠦᠭᠡᠢ ᠪᠠᠲᠤ ᠪᠠᠬᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ︾ ᠭᠡᠵᠦ ᠢᠯᠡᠳᠬᠡᠪᠡ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ