​ᠦᠦᠰᠢᠨ ᠬᠤᠰᠢᠭᠤ᠄ ︽ᠭᠤᠷᠪᠠᠨ ᠡᠰᠢᠲᠦ ᠤᠭᠰᠠᠷᠠᠭ᠎ᠠ ᠰᠢᠭᠢᠳᠬᠡᠯ ᠤᠨ ᠠᠷᠭ᠎ᠠ︾ ᠪᠠᠷ ᠮᠤᠤᠠᠤᠰᠤ ᠶᠢᠨ ᠡᠯᠡᠰᠦᠷᠬᠡᠭ ᠭᠠᠵᠠᠷ ᠢ ᠤᠨᠢᠨ ᠳᠡᠭᠡᠷ᠎ᠡ ᠨᠢ ᠵᠠᠰᠠᠬᠤ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2025/6/5


  ᠮᠠᠰᠢᠨ ᠲᠡᠷᠭᠡ ᠪᠠᠷ ᠣᠷᠳᠣᠰ ᠬᠤᠳᠠ ᠶᠢᠨ ᠦᠦᠰᠢᠨ ᠬᠤᠰᠢᠭᠤᠨ ᠤ ᠦᠦᠰᠢᠨᠵᠤᠤ ᠪᠠᠯᠭᠠᠰᠤ ᠶᠢᠨ ᠵᠠᠰᠠᠮᠠᠯ ᠵᠠᠮ ᠢᠶᠠᠷ ᠳᠠᠪᠬᠢᠭᠤᠯᠬᠤ ᠳᠤ᠂ ᠬᠤᠶᠠᠷ ᠲᠠᠯ᠎ᠠ ᠶᠢᠨ ᠡᠯᠡᠰᠦᠨ ᠳᠣᠪᠣᠴᠠᠭ ᠮᠣᠷᠢᠨ ᠰᠢᠷᠠᠯᠵᠢ ᠪᠠᠷ ᠬᠤᠴᠢᠭᠳᠠᠵᠤ᠂ ᠤᠳᠠ ᠮᠣᠳᠣᠳ ᠨᠣᠭᠤᠭᠠᠨ ᠥᠩᠭᠡ ᠶᠢᠨ ᠰᠢᠬᠦᠷ ᠰᠢᠭ ᠰᠠᠯᠠᠭ᠎ᠠ ᠨᠠᠮᠠᠭ᠎ᠠ ᠪᠠᠨ ᠳᠡᠯᠭᠡᠨ᠂ ᠠᠯᠳᠠᠨ ᠰᠢᠷᠭᠠᠯ ᠴᠡᠴᠡᠭ ᠳᠡᠯᠭᠡᠷᠡᠭᠰᠡᠨ ᠨᠠᠶᠢᠯᠵᠠᠭᠤᠷ ᠬᠠᠷᠭᠠᠨ᠎ᠠ ᠰᠠᠯᠬᠢᠨ ᠤ ᠠᠶ᠎ᠠ ᠪᠠᠷ ᠨᠠᠶᠢᠭᠤᠨ᠎ᠠ ᠁ 70 ᠭᠠᠷᠤᠢ ᠵᠢᠯ ᠤᠨ ᠲᠤᠷᠰᠢ᠂ ᠦᠶ᠎ᠡ ᠦᠶ᠎ᠡ ᠶᠢᠨ ᠦᠦᠰᠢᠨᠴᠦᠳ ᠤᠨ ︽ᠨᠣᠮᠢᠨ ᠪᠤᠤᠬᠢᠶ᠎ᠠ︾ ᠨᠢ ᠮᠤᠤᠠᠤᠰᠤ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠭᠰᠠᠨ ︽ᠨᠣᠮᠢᠨ ᠨᠣᠭᠤᠭᠠᠨ ᠤ ᠭᠠᠶᠢᠬᠠᠮᠰᠢᠭ︾ ᠢ ᠡᠭᠦᠳᠴᠦ᠂ ᠲᠡᠳᠡᠨ ᠤ ᠤᠶᠤᠨ ᠤᠬᠠᠭᠠᠨ ᠪᠣᠯᠣᠨ ᠬᠦᠴᠦ ᠬᠥᠯᠥᠰᠦ ᠪᠠᠷ ᠢᠶᠠᠨ ᠳ᠋ᠦᠩᠨᠡᠵᠦ ᠭᠠᠷᠭᠠᠭᠰᠠᠨ ᠡᠯᠡᠰᠦ ᠶᠢ ᠵᠠᠰᠠᠭᠰᠠᠨ ᠲᠤᠷᠰᠢᠯᠭ᠎ᠠ ᠨᠢ ᠪᠦᠭᠦ ᠪᠥᠮᠪᠥᠷᠴᠡᠭ ᠤᠨ ᠴᠦᠯᠯᠡᠷᠭᠡᠭᠵᠢᠯ ᠢ ᠵᠠᠰᠠᠬᠤ ᠳᠤ ᠲᠣᠯᠢ ᠪᠣᠯᠤᠭᠰᠠᠨ ᠪᠠᠶᠢᠨ᠎ᠠ᠃

  ᠣᠶᠢᠷ᠎ᠠ ᠳᠤ᠂ ᠰᠤᠷᠪᠤᠯᠵᠢᠯᠠᠬᠴᠢ ᠦᠦᠰᠢᠨᠵᠤᠤ ᠪᠠᠯᠭᠠᠰᠤᠨ ᠤ ᠪᠦᠷᠢᠳᠦ ᠭᠠᠴᠠᠭ᠎ᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠳᠤ ᠬᠦᠷᠬᠦ ᠳᠤ᠂ ᠠᠷᠪᠠᠨ ᠬᠡᠳᠦᠨ ᠠᠦ᠋ᠲ᠋ᠣᠴᠢᠯᠠᠭᠰᠠᠨ ᠡᠯᠡᠰᠦ ᠶᠢ ᠵᠠᠰᠠᠬᠤ ᠮᠠᠰᠢᠨ ᠮᠧᠬᠠᠨᠢᠭ ᠪᠣᠯᠣᠨ ᠠᠵᠢᠯᠴᠢᠳ ᠨᠢᠭᠲᠠ ᠬᠠᠮᠵᠢᠯᠴᠠᠵᠤ᠂ ᠡᠯᠡᠰᠦᠨ ᠪᠤᠷᠭᠠᠰᠤ ᠶᠢ ᠣᠭᠲᠣᠯᠵᠤ᠂ ᠠᠴᠢᠶᠠᠯᠠᠨ ᠲᠡᠭᠡᠭᠡᠪᠦᠷᠢᠯᠡᠵᠦ᠂ ᠡᠯᠡᠰᠦᠨ ᠬᠠᠯᠬᠠᠪᠴᠢ ᠳᠡᠪᠢᠰᠴᠦ ᠪᠠᠶᠢᠪᠠ᠃ ᠤᠷᠲᠦ ᠡᠯᠡᠰᠦᠨ ᠪᠤᠷᠭᠠᠰᠤ ᠶᠢᠨ ᠡᠯᠡᠰᠦ ᠶᠢ ᠵᠠᠰᠠᠬᠤ ᠲᠦᠷᠪᠡᠭᠡᠯᠵᠢᠰᠦ ᠠᠯᠤᠰ ᠬᠤᠯᠠ ᠭᠦᠷᠲᠡᠯ᠎ᠡ ᠦᠷᠭᠦᠯᠵᠢᠯᠡᠵᠦ᠂ ᠡᠷᠭᠢᠨ ᠲᠣᠭᠤᠷᠢᠨ ᠤ ᠡᠯᠡᠰᠦ ᠮᠠᠩᠬ᠎ᠠ ᠶᠢ ᠪᠠᠲᠤ ᠪᠠᠬᠢ ᠲᠣᠭᠲᠠᠭᠠᠵᠤ᠂ ᠲᠦᠷᠪᠡᠭᠡᠯᠵᠢᠰᠤ ᠳᠣᠲᠣᠷᠠᠬᠢ 1 ᠰᠠᠷ᠎ᠠ ᠶᠢᠨ ᠡᠮᠦᠨ᠎ᠡ ᠳᠠᠷᠢᠭᠰᠠᠨ ᠤᠳᠠ ᠮᠣᠳᠣᠨ ᠠᠴᠠ ᠨᠣᠭᠤᠭᠠᠨ ᠨᠠᠬᠢᠶ᠎ᠠ ᠴᠤᠬᠤᠶᠢᠬᠰᠠᠨ ᠪᠠᠶᠢᠯ᠎ᠠ᠃

  ᠦᠦᠰᠢᠨ ᠬᠤᠰᠢᠭᠤᠨ ᠤ ᠪᠦᠭᠦ ᠬᠢᠯᠢ ᠨᠢ ᠮᠤᠤᠠᠤᠰᠤ ᠶᠢᠨ ᠡᠯᠡᠰᠦᠷᠬᠡᠭ ᠭᠠᠵᠠᠷ ᠤᠨ ᠬᠡᠪᠡᠯᠢ ᠳᠤ ᠪᠠᠶᠢᠷᠢᠯᠠᠵᠤ᠂ ᠲᠡᠦᠬᠡᠨ ᠳᠡᠭᠡᠷ᠎ᠡ ᠥᠪᠥᠷ ᠮᠣᠩᠭᠤᠯ ᠤᠨ ᠡᠯᠡᠰᠦᠷᠬᠡᠭᠵᠢᠯ ᠢᠶᠠᠷ ᠬᠠᠮᠤᠭ ᠤᠨ ᠬᠦᠨᠳᠦ ᠨᠣᠴᠢᠲᠠᠢ᠂ ᠠᠮᠢ ᠠᠬᠤᠢ ᠬᠠᠮᠤᠭ ᠤᠨ ᠬᠡᠪᠡᠷᠡᠭ ᠭᠠᠵᠠᠷ ᠣᠷᠣᠨ ᠤ ᠨᠢᠭᠡ ᠪᠠᠶᠢᠵᠠᠢ᠃ 20 ᠳ᠋ᠤᠭᠠᠷ ᠵᠠᠭᠤᠨ ᠤ ᠲᠠᠪᠢᠭᠠᠳ ᠣᠨ ᠳᠤ᠂ ᠪᠦᠭᠦ ᠬᠤᠰᠢᠭᠤᠨ ᠤ ᠬᠦᠨᠳᠦ ᠨᠣᠴᠢᠲᠠᠢ ᠡᠯᠡᠰᠦᠷᠬᠡᠭᠵᠢᠭᠰᠡᠨ ᠲᠠᠯᠠᠪᠠᠶ 40% ᠳᠤ ᠬᠦᠷᠴᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠵᠥᠪᠭᠡᠨ 2.6% ᠪᠠᠶᠢᠵᠤ᠂ ᠡᠯᠡᠰᠦ ᠮᠠᠩᠬ᠎ᠠ ᠶᠢᠨ ᠨᠡᠭᠦᠳᠡᠯ ᠠᠴᠠ ᠪᠣᠯᠵᠤ ᠲᠠᠷᠢᠶᠠᠨ ᠭᠠᠵᠠᠷ᠂ ᠮᠠᠯᠵᠢᠯ ᠤᠨ ᠲᠠᠯᠠᠪᠠᠶ ᠳᠠᠷᠤᠭᠳᠠᠵᠤ᠂ ᠨᠡᠭᠦᠳᠡᠯ ᠡᠯᠡᠰᠦᠨ ᠳᠣᠪᠣᠴᠠᠭ ᠨᠢ ᠬᠠᠲᠤᠨ ᠭᠤᠣᠯ ᠤᠨ ︽ᠶᠡᠭᠡ ᠲᠣᠬᠤᠢ ᠣᠷᠣᠨ︾ ᠤ ᠠᠮᠢ ᠠᠬᠤᠢ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠪᠡ᠃

  ᠡᠷᠲᠡ ᠳᠤ᠂ ᠦᠦᠰᠢᠨ ᠬᠤᠰᠢᠭᠤ ︽ᠡᠮᠦᠨᠡᠰᠢ ᠪᠠᠨ ᠬᠠᠯᠬᠠᠯᠠᠵᠤ ᠬᠤᠶᠢᠰᠢ ᠪᠠᠨ ᠲᠣᠭᠲᠠᠪᠤᠷᠢᠵᠢᠭᠤᠯᠬᠤ︾᠂ ︽ᠭᠤᠲᠤᠯ ᠮᠠᠯᠠᠭᠠᠢ ᠡᠮᠦᠰᠬᠡᠵᠦ ᠵᠡᠭᠦᠯᠭᠡᠬᠦ︾᠂ ︽ᠭᠦᠪᠡᠭᠡ ᠶᠢ ᠨᠢ ᠲᠣᠭᠲᠠᠭᠠᠵᠤ ᠮᠡᠷᠡᠵᠦ ᠢᠳᠡᠬᠦ︾ ᠵᠡᠷᠭᠡ ᠤᠯᠠᠮᠵᠢᠯᠠᠯᠲᠤ ᠠᠷᠭ᠎ᠠ ᠶᠢ ᠠᠪᠴᠤ᠂ ᠬᠡᠳᠦᠶᠢᠪᠡᠷ ᠬᠡᠰᠡᠭ ᠬᠡᠰᠡᠭ ᠢᠶᠠᠷ ᠡᠯᠡᠰᠦᠷᠬᠡᠭ ᠭᠠᠵᠠᠷ ᠢ ᠵᠠᠰᠠᠬᠤ ᠳᠤᠮᠳᠠ ᠦᠷ᠎ᠡ ᠪᠦᠲᠦᠮᠵᠢ ᠣᠯᠣᠭᠰᠠᠨ ᠪᠤᠯᠪᠠᠴᠤ ᠡᠯᠡᠰᠦ ᠨᠢ ᠲᠠᠷᠠᠬᠠᠢ ᠪᠤᠲᠠᠷᠬᠠᠢ ᠪᠤᠯᠬᠤ ᠶᠢ ᠳᠠᠭᠠᠯᠳᠤᠨ᠂ ᠦᠯᠡᠳᠡᠭᠰᠡᠨ ᠡᠯᠡᠰᠦᠨ ᠳᠣᠪᠣᠴᠠᠭ ᠨᠢ ᠲᠠᠷᠠᠬᠠᠢ ᠪᠤᠲᠠᠷᠬᠠᠢ᠂ ᠬᠠᠭᠠᠰ ᠰᠢᠯᠵᠢᠯᠲᠡ ᠶᠢᠨ ᠣᠨᠴᠠᠯᠢᠭ ᠢᠯᠡᠷᠡᠵᠦ᠂ ᠤᠯᠠᠮᠵᠢᠯᠠᠯᠲᠤ ᠵᠠᠭᠪᠤᠷ ᠨᠢ ᠨᠢᠭᠡᠨᠲᠡ ᠡᠯᠡᠰᠦ ᠶᠢ ᠣᠨᠣᠪᠴᠢᠲᠠᠶ ᠠᠷᠭᠠᠴᠠᠭᠠᠬᠤ ᠳᠤ ᠪᠡᠷᠬᠡ ᠪᠣᠯᠵᠠᠢ᠃ ᠰᠡᠭᠦᠯᠴᠢ ᠶᠢᠨ ᠬᠤᠭᠤᠴᠠᠭᠠᠨ ᠤ ᠡᠯᠡᠰᠦᠷᠬᠡᠭᠵᠢᠯ ᠢ ᠵᠠᠰᠠᠬᠤ ᠦᠢᠯᠡᠳᠦᠯᠭᠡ ᠳᠤᠮᠳᠠ᠂ ᠦᠦᠰᠢᠨ ᠬᠤᠰᠢᠭᠤᠨ ᠤ ᠠᠷᠠᠳ ᠲᠦᠮᠡᠨ ᠣᠳᠣᠬᠢ ᠱᠠᠲᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠲᠣᠬᠢᠷᠠᠬᠤ ᠰᠢᠨ᠎ᠡ ᠠᠷᠭ᠎ᠠ ᠶᠢ ᠳ᠋ᠦᠩᠨᠡᠨ ᠭᠠᠷᠭᠠᠪᠠ᠃ ᠣᠶ ᠮᠣᠳᠣ ᠳᠠᠷᠢᠬᠤ ᠳᠤ ᠲᠣᠬᠢᠷᠠᠪᠠᠯ ᠣᠶ ᠮᠣᠳᠣ ᠳᠠᠷᠢᠬᠤ᠂ ᠤᠰᠤᠯᠠᠬᠤ ᠳᠤ ᠲᠣᠬᠢᠷᠠᠪᠠᠯ ᠤᠰᠤᠯᠠᠬᠤ᠂ ᠲᠤᠬᠠᠢ ᠶᠢᠨ ᠭᠠᠵᠠᠷ ᠲᠤᠨᠢ ᠲᠣᠬᠢᠷᠠᠭᠰᠠᠨ ᠮᠣᠳᠣ ᠳᠠᠷᠢᠬᠤ ᠦᠨᠳᠦᠰᠦᠨ ᠵᠠᠷᠴᠢᠮ ᠶᠣᠰᠣᠭᠠᠷ᠂ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ ᠠᠷᠭ᠎ᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠤᠭᠰᠠᠨ ᠵᠠᠰᠠᠯᠲᠠ ᠶᠢᠨ ᠰᠡᠳᠬᠢᠴᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠳᠤᠷᠤᠭ ᠮᠣᠳᠣ ᠡᠪᠡᠰᠦ ᠶᠢ ᠬᠤᠯᠢᠯᠳᠤᠭᠤᠯᠤᠨ ᠤᠷᠭᠤᠭᠤᠯᠬᠤ ᠪᠠ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠵᠠᠰᠠᠬᠤ ᠠᠷᠭ᠎ᠠ ᠶᠢ ᠬᠡᠷᠡᠭᠯᠡᠨ᠂ ︽ᠭᠤᠷᠪᠠᠨ ᠡᠰᠢᠲᠦ ᠤᠭᠰᠠᠷᠠᠭ᠎ᠠ ᠰᠢᠭᠢᠳᠬᠡᠯ ᠤᠨ ᠠᠷᠭ᠎ᠠ︾ ᠶᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠲᠠᠰ ᠳᠠᠪᠬᠤᠷᠭ᠎ᠠ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠨ ᠤᠨᠢᠨ ᠳᠡᠭᠡᠷ᠎ᠡ ᠨᠢ ᠵᠠᠰᠠᠬᠤ ᠶᠢ ᠪᠡᠶᠡᠯᠡᠭᠦᠯᠵᠦ᠂ ᠬᠠᠲᠤᠨ ᠭᠤᠣᠯ ᠤᠨ ︽ᠶᠡᠭᠡ ᠲᠣᠬᠤᠢ ᠣᠷᠣᠨ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠰᠢᠨ᠎ᠡ ᠥᠯᠢᠭᠡᠷ ᠵᠢᠱᠢᠶ᠎ᠡ ᠶᠢ ᠬᠠᠩᠭᠠᠪᠠ᠃

  ︽︿ᠭᠤᠷᠪᠠᠨ ᠡᠰᠢᠲᠦ ᠤᠭᠰᠠᠷᠠᠭ᠎ᠠ ᠰᠢᠭᠢᠳᠬᠡᠯ ᠤᠨ ᠠᠷᠭ᠎ᠠ﹀ ᠭᠡᠳᠡᠭ ᠨᠢ ᠮᠤᠤᠠᠤᠰᠤ ᠶᠢᠨ ᠡᠯᠡᠰᠦᠷᠬᠡᠭ ᠭᠠᠵᠠᠷ ᠤᠨ ᠠᠳᠠᠯᠢ ᠪᠤᠰᠤ ᠭᠠᠵᠠᠷ ᠤᠨ ᠪᠠᠶᠢᠴᠠ ᠶᠢᠨ ᠣᠨᠴᠠᠯᠢᠭ ᠪᠠ ᠡᠯᠡᠰᠦᠷᠬᠡᠭᠵᠢᠭᠰᠡᠨ ᠬᠡᠮᠵᠢᠶ᠎ᠡ ᠳᠤ ᠴᠢᠭᠯᠡᠭᠦᠯᠦᠨ ᠭᠤᠷᠪᠠᠨ ᠵᠦᠢᠯ ᠤᠨ ᠠᠳᠠᠯᠢ ᠪᠤᠰᠤ ᠵᠠᠰᠠᠯᠲᠠ ᠶᠢᠨ ᠠᠷᠭ᠎ᠠ ᠬᠡᠷᠡᠭᠵᠢᠭᠦᠯᠵᠦ᠂ ᠬᠡᠪᠴᠢᠶᠡᠵᠢᠭᠦᠯᠦᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠴᠠ ᠤᠨᠢᠨ ᠳᠡᠭᠡᠷ᠎ᠡ ᠨᠢ ᠵᠠᠰᠠᠬᠤ ᠬᠦᠷᠲᠡᠯᠡᠬᠢ ᠰᠢᠨ᠎ᠡ ᠶᠢ ᠡᠭᠦᠳᠦᠭᠰᠡᠨ ᠴᠢᠨᠠᠷᠲᠠᠢ ᠬᠤᠪᠢᠷᠠᠯᠲᠠ ᠶᠢ ᠪᠡᠶᠡᠯᠡᠭᠦᠯᠬᠦ ᠶᠢ ᠵᠢᠭᠠᠵᠤ ᠪᠤᠢ︾ ᠭᠡᠵᠦ ᠦᠦᠰᠢᠨ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠢ ᠰᠢᠭᠤᠢ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠠᠯᠪᠠᠨ ᠭᠡᠷ ᠤᠨ ᠠᠵᠢᠯᠲᠠᠨ ᠴᠧᠨ ᠽᠢ ᠯᠢᠶᠠᠩ ᠲᠠᠨᠢᠯᠴᠠᠭᠤᠯᠪᠠ᠃

  ᠡᠨᠡ ᠬᠦ ᠠᠷᠭ᠎ᠠ ᠨᠢ ᠨᠡᠭᠦᠳᠡᠯ ᠡᠯᠡᠰᠦᠨ ᠳᠣᠪᠣᠴᠠᠭ᠂ ᠲᠣᠭᠲᠠᠮᠠᠯ ᠪᠠ ᠬᠠᠭᠠᠰ ᠲᠣᠭᠲᠠᠮᠠᠯ ᠡᠯᠡᠰᠦᠨ ᠳᠣᠪᠣᠴᠠᠭ ᠵᠢᠴᠢ ᠭᠤᠣᠯ ᠤᠨ ᠰᠠᠶᠢᠷᠭᠠᠯ ᠳᠣᠣᠷ᠎ᠠ ᠭᠠᠵᠠᠷ ᠵᠡᠷᠭᠡ ᠠᠳᠠᠯᠢ ᠪᠤᠰᠤ ᠭᠠᠵᠠᠷ ᠤᠨ ᠪᠠᠶᠢᠴᠠ ᠶᠢᠨ ᠣᠨᠴᠠᠯᠢᠭ ᠪᠠ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠵᠡᠷᠭᠡ ᠵᠥᠷᠢᠶ᠎ᠡ ᠶᠢ ᠦᠨᠳᠦᠰᠦᠯᠡᠨ ᠠᠷᠭ᠎ᠠ ᠬᠡᠮᠵᠢᠶ᠎ᠡ ᠲᠣᠭᠲᠠᠭᠠᠵᠤ᠂ ᠭᠤᠷᠪᠠᠨ ᠵᠦᠢᠯ ᠤᠨ ᠠᠳᠠᠯᠢ ᠪᠤᠰᠤ ᠠᠷᠭ᠎ᠠ ᠪᠠᠷ ᠤᠨᠢᠨ ᠳᠡᠭᠡᠷ᠎ᠡ ᠨᠢ ᠵᠠᠰᠠᠬᠤ ᠶᠢ ᠪᠡᠶᠡᠯᠡᠭᠦᠯᠦᠨ᠎ᠡ᠃ ᠨᠢᠭᠡ ᠳᠤ᠂ ᠨᠡᠭᠦᠳᠡᠯ ᠡᠯᠡᠰᠦᠨ ᠳᠣᠪᠣᠴᠠᠭ ᠤᠨ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠨᠢ 10% ᠠᠴᠠ ᠪᠠᠭ᠎ᠠ᠂ ᠰᠠᠯᠬᠢᠨ ᠤ ᠠᠶ᠎ᠠ ᠪᠠᠷ ᠭᠢᠯᠪᠠᠷᠬᠠᠨ ᠰᠢᠯᠵᠢᠭᠦ ᠣᠨᠴᠠᠯᠢᠭ ᠲᠤ ᠴᠢᠭᠯᠡᠭᠦᠯᠦᠨ᠂ ᠥᠨᠳᠥᠷ ᠨᠢ 20 - 25 ᠰᠠᠨᠲ᠋ᠢᠮᠧᠲᠷ ᠪᠤᠯᠬᠤ ᠡᠯᠡᠰᠦᠨ ᠪᠤᠷᠭᠠᠰᠤ ᠶᠢᠨ ᠪᠣᠰᠤᠭ᠎ᠠ ᠲᠣᠣᠷᠲᠤ ᠡᠯᠡᠰᠦᠨ ᠬᠠᠯᠬᠠᠪᠴᠢ ᠲᠣᠬᠢᠷᠠᠭᠤᠯᠵᠤ᠂ ︽80% ᠶᠢᠨ ᠪᠤᠳᠠ ᠮᠣᠳᠣ + 20% ᠶᠢᠨ ᠲᠤᠷᠤᠭ ᠮᠣᠳᠣ︾ ᠶᠢᠨ ᠬᠠᠷᠢᠴᠠᠯ ᠢᠶᠠᠷ ︽ᠲᠣᠣᠷ ᠰᠦᠯᠵᠢᠵᠦ︾᠂ ᠨᠡᠭᠦᠳᠡᠯ ᠡᠯᠡᠰᠦᠨ ᠳᠣᠪᠣᠴᠠᠭ ᠢ ᠴᠢᠩᠭ᠎ᠠ ᠲᠣᠭᠲᠠᠭᠠᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠲᠣᠭᠲᠠᠮᠠᠯ ᠪᠠ ᠬᠠᠭᠠᠰ ᠲᠣᠭᠲᠠᠮᠠᠯ ᠡᠯᠡᠰᠦᠨ ᠳᠣᠪᠣᠴᠠᠭ ᠲᠤ ᠴᠢᠭᠯᠡᠭᠦᠯᠦᠨ᠂ 4 ᠮᠧᠲᠷ ᠥᠷᠭᠡᠨ᠂ 4 ᠮᠧᠲᠷ ᠠᠯᠤᠰᠯᠠᠬᠤ᠂ 10 ᠰᠠᠨᠲ᠋ᠢᠮᠧᠲᠷ ᠠᠴᠠ ᠥᠨᠳᠥᠷ ᠲᠡᠭᠰᠢ ᠳᠡᠪᠢᠰᠦᠭᠰᠡᠨ ᠡᠯᠡᠰᠦᠨ ᠬᠠᠯᠬᠠᠪᠴᠢ ᠳᠡᠪᠢᠰᠬᠦ ᠶᠢᠨ ᠬᠠᠮᠲᠤ ᠭᠠᠩ ᠳᠤ ᠲᠡᠰᠪᠦᠷᠢᠲᠡᠢ ᠪᠤᠳᠠ ᠮᠣᠳᠣ ᠬᠢᠭᠡᠳ ᠡᠪᠡᠰᠦᠯᠢᠭ ᠤᠷᠭᠤᠮᠠᠯ ᠳᠠᠷᠢᠵᠤ᠂ ᠪᠤᠳᠠ ᠡᠪᠡᠰᠦ ᠶᠢ ᠤᠶᠠᠯᠳᠤᠭᠤᠯᠤᠭᠰᠠᠨ ᠨᠡᠶᠢᠯᠡᠮᠡᠯ ᠠᠮᠢ ᠠᠬᠤᠢ ᠶᠢᠨ ᠰᠢᠰᠲ᠋ᠧᠮ ᠢ ᠪᠤᠶ ᠪᠤᠯᠭᠠᠵᠤ᠂ ᠬᠤᠶᠠᠳᠠᠭᠢ ᠤᠳᠠᠭ᠎ᠠ ᠡᠯᠡᠰᠦᠷᠬᠡᠭᠵᠢᠬᠦ ᠶᠢ ᠰᠡᠷᠭᠡᠶᠢᠯᠡᠨ᠎ᠡ᠃ ᠭᠤᠷᠪᠠ ᠳᠤ᠂ ᠨᠤᠭᠤ ᠭᠠᠵᠠᠷ ᠤᠨ ᠰᠠᠶᠢᠷᠭᠠᠯ ᠵᠡᠷᠭᠡ ᠠᠩᠬᠠᠨ ᠤ ᠤᠷᠭᠤᠮᠠᠯ ᠤᠨ ᠬᠤᠴᠢᠯᠭ᠎ᠠ ᠡᠪᠳᠡᠭᠳᠡᠭᠰᠡᠨ ᠣᠷᠣᠨ ᠪᠦᠰᠡ ᠳᠤ ᠴᠢᠭᠯᠡᠭᠦᠯᠦᠨ᠂ ᠬᠠᠭᠠᠯᠪᠤᠷᠢᠯᠠᠬᠤ ᠦᠭᠡᠢ ᠪᠠᠷ ᠨᠥᠬᠦᠵᠦ ᠡᠪᠡᠰᠦ ᠳᠠᠷᠢᠬᠤ᠂ ᠬᠦᠷᠢᠶᠡᠯᠡᠵᠦ ᠪᠢᠲᠡᠭᠦᠮᠵᠢᠯᠡᠨ ᠪᠣᠶᠢᠵᠢᠭᠤᠯᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠷᠭ᠎ᠠ ᠬᠡᠮᠵᠢᠶ᠎ᠡ ᠠᠪᠴᠤ᠂ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠬᠠᠮᠢᠶᠠᠷᠬᠤ ᠶᠢ ᠤᠶᠠᠯᠳᠤᠭᠤᠯᠬᠤ ᠪᠠᠷ ᠳᠠᠮᠵᠢᠨ᠂ ᠨᠤᠭᠤ ᠭᠠᠵᠠᠷ ᠤᠨ ᠰᠠᠶᠢᠷᠭᠠᠯ ᠣᠷᠣᠨ ᠪᠦᠰᠡ ᠶᠢᠨ ᠤᠷᠭᠤᠮᠠᠯ ᠤᠨ ᠬᠤᠴᠢᠯᠭ᠎ᠠ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠠᠯᠬᠤᠮ ᠠᠯᠬᠤᠮ ᠢᠶᠠᠷ ᠰᠡᠷᠭᠦᠭᠡᠨ᠎ᠡ᠃

  ︽ᠡᠨᠡ ᠵᠢᠯ ᠪᠢᠳᠡᠨ ᠤ ᠳᠠᠭᠠᠭᠠᠴᠢᠯᠠᠭᠰᠠᠨ 2600 ᠭᠠᠷᠤᠢ ᠮᠦ ᠡᠯᠡᠰᠦ ᠶᠢ ᠵᠠᠰᠠᠬᠤ ᠢᠨᠵᠧᠨᠧᠷᠢᠩ ᠳᠤ ᠴᠥᠮ ︿ᠭᠤᠷᠪᠠᠨ ᠡᠰᠢᠲᠦ ᠤᠭᠰᠠᠷᠠᠭ᠎ᠠ ᠰᠢᠭᠢᠳᠬᠡᠯ ᠤᠨ ᠠᠷᠭ᠎ᠠ﹀ ᠶᠢ ᠬᠡᠷᠡᠭᠵᠢᠭᠦᠯᠵᠦ᠂ ᠨᠢᠭᠡ ᠬᠡᠰᠡᠭ ᠣᠷᠣᠨ ᠪᠦᠰᠡ ᠳᠤ ᠠᠳᠠᠯᠢ ᠪᠤᠰᠤ ᠲᠠᠰ ᠳᠠᠪᠬᠤᠷᠭ᠎ᠠ ᠶᠢᠨ ᠵᠠᠰᠠᠬᠤ ᠠᠷᠭ᠎ᠠ ᠶᠢ ᠬᠡᠷᠡᠭᠯᠡᠵᠦ᠂ ᠮᠠᠨ ᠤ ᠡᠯᠡᠰᠦ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠳᠤ ᠨᠠᠩ ᠨᠠᠷᠢᠯᠢᠭ ᠣᠨᠣᠴᠠᠲᠠᠢ᠂ ᠦᠷ᠎ᠡ ᠪᠦᠲᠦᠮᠵᠢ ᠪᠠᠷ ᠨᠠᠩ ᠰᠠᠶᠢᠨ ᠪᠣᠯᠭᠠᠵᠠᠢ︾ ᠭᠡᠵᠦ ᠦᠦᠰᠢᠨ ᠬᠤᠰᠢᠭᠤᠨ ᠤ ᠤᠨᠠᠭᠠᠨᠪᠦᠷᠢᠳᠦ ᠭᠠᠴᠠᠭ᠎ᠠ ᠶᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠶᠤᠸᠠᠨ ᠭᠤᠸᠠᠩ ᠶᠢᠩ ᠬᠡᠯᠡᠪᠡ᠃

  ᠳᠤᠮᠳᠠᠳᠤ ᠤᠯᠤᠰ ᠤᠨ ᠳᠥᠷᠪᠡᠨ ᠶᠡᠭᠡ ᠡᠯᠡᠰᠦᠷᠬᠡᠭ ᠭᠠᠵᠠᠷ ᠤᠨ ᠨᠢᠭᠡ ᠪᠣᠯᠤᠭᠰᠠᠨ ᠤ ᠬᠤᠪᠢ ᠳᠤ᠂ ᠮᠤᠤᠠᠤᠰᠤ ᠶᠢᠨ ᠡᠯᠡᠰᠦᠷᠬᠡᠭ ᠭᠠᠵᠠᠷ ᠨᠢ ᠥᠪᠥᠷ ᠮᠣᠩᠭᠤᠯ ᠱᠠᠨᠰᠢ ᠭᠠᠨᠰᠤ ᠨᠢᠩᠰᠢᠶᠠ ᠳᠥᠷᠪᠡᠨ ᠮᠤᠵᠢ ᠣᠷᠣᠨ ᠢ ᠰᠤᠨᠳᠠᠯᠠᠵᠤ᠂ ᠦᠦᠰᠢᠨ ᠬᠤᠰᠢᠭᠤ ᠪᠣᠯ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠭᠤᠣᠯ ᠲᠡᠶᠢᠨ ᠤ ᠲᠠᠯᠠᠪᠤᠷ ᠪᠣᠯᠣᠨ᠎ᠠ᠃

  ᠣᠶᠢᠷ᠎ᠠ ᠶᠢᠨ ᠵᠢᠯ ᠠᠴᠠ ᠨᠠᠭᠠᠰᠢ᠂ ᠦᠦᠰᠢᠨ ᠬᠤᠰᠢᠭᠤ ︽ᠲᠠᠪᠤᠨ ᠵᠠᠭᠤᠨ ᠲᠦᠮᠡᠨ ᠮᠦ︾ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠢᠶᠠᠷ ᠭᠠᠷᠳᠠᠴᠠ ᠪᠤᠯᠭᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠤᠤᠠᠤᠰᠤ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠭᠰᠠᠨ ︽ᠭᠢᠯᠠᠯᠵᠠᠮ᠎ᠠ ᠠᠮᠵᠢᠯᠲᠠ ᠶᠢᠨ ᠬᠠᠭᠤᠳᠠᠰᠤ︾ ᠶᠢ ᠲᠤᠰᠢᠶᠠᠪᠠ᠃

  2024 ᠣᠨ ᠳᠤ᠂ ᠦᠦᠰᠢᠨ ᠬᠤᠰᠢᠭᠤ 103 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠡᠭᠦᠷᠭᠡ ᠶᠢ ᠪᠡᠶᠡᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠭᠦ ᠡᠭᠦᠷᠭᠡ ᠶᠢ 400 ᠲᠦᠮᠡᠨ ᠮᠦ ᠪᠡᠶᠡᠯᠡᠭᠦᠯᠪᠡ᠃ 2025 ᠣᠨ ᠳᠤ᠂ ᠦᠦᠰᠢᠨ ᠬᠤᠰᠢᠭᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 363 ᠲᠦᠮᠡᠨ ᠮᠦ ᠪᠡᠶᠡᠯᠡᠭᠦᠯᠬᠦ ᠪᠠᠷ ᠲᠥᠯᠥᠪᠯᠡᠵᠦ ᠪᠤᠶ᠃

  70 ᠵᠢᠯ ᠤᠨ ︽ᠨᠣᠮᠢᠨ ᠪᠤᠤᠬᠢᠶ᠎ᠠ︾ ᠪᠠᠷ ᠳᠡᠮᠵᠢᠨ᠂ ᠣᠲᠣ ᠶᠢᠨ ᠦᠦᠰᠢᠨ ᠬᠤᠰᠢᠭᠤᠨ ᠤ ᠣᠶ ᠰᠢᠭᠤᠢ ᠶᠢᠨ ᠪᠦᠷᠬᠦᠴᠡ ᠶᠢᠨ ᠨᠣᠷᠮ᠎ᠠ 5% ᠬᠦᠷᠬᠦ ᠦᠭᠡᠢ ᠪᠠᠶᠢᠭᠰᠠᠨ ᠠᠴᠠ ᠪᠠᠨ ᠳᠡᠭᠡᠭᠰᠢᠯᠡᠭᠡᠳ 32.92% ᠪᠣᠯᠵᠤ᠂ ᠤᠷᠭᠤᠮᠠᠯ ᠤᠨ ᠬᠤᠴᠢᠯᠭ᠎ᠠ 80% ᠳᠤ ᠬᠦᠷᠴᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ 80% ᠪᠠᠷ ᠪᠠᠭᠠᠰᠪᠠ᠃ ᠦᠦᠰᠢᠨ ᠤ ᠡᠯᠡᠰᠦ ᠶᠢ ᠵᠠᠰᠠᠭᠰᠠᠨ ᠲᠤᠷᠰᠢᠯᠭ᠎ᠠ ᠨᠢ ᠪᠦᠭᠦ ᠪᠥᠮᠪᠥᠷᠴᠡᠭ ᠤᠨ ᠠᠳᠠᠯᠢ ᠲᠥᠷᠥᠯ ᠤᠨ ᠭᠠᠵᠠᠷ ᠣᠷᠣᠨ ᠳᠤ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤᠶᠢᠴᠠ ︽ᠡᠯᠡᠰᠦ ᠤᠷᠤᠭᠰᠢᠯᠠᠬᠤ ᠶᠢ ᠵᠣᠭᠰᠣᠭᠠᠵᠤ — ᠡᠯᠡᠰᠦ ᠶᠢ ᠲᠣᠭᠲᠠᠪᠤᠷᠢᠵᠢᠭᠤᠯᠵᠤ — ᠡᠯᠡᠰᠦ ᠶᠢ ᠵᠥᠭᠡᠯᠡᠷᠡᠭᠦᠯᠬᠦ︾ ᠰᠢᠰᠲ᠋ᠧᠮᠲᠦ ᠲᠥᠰᠥᠯ ᠢ ᠬᠠᠩᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ