ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠵᠢᠶᠠᠩᠰᠤ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠳᠤᠮᠳᠠ ᠬᠣᠰᠢᠭᠤᠷᠠᠨ ᠵᠢᠱ᠌ᠢᠶ᠎ᠡ ᠦᠵᠡᠭᠦᠯᠵᠦ 《ᠬᠦᠴᠦᠷᠬᠡᠭ ᠪᠠᠶᠠᠨ ᠴᠢᠨᠡᠭᠡᠯᠢᠭ ᠦᠵᠡᠰᠬᠦᠯᠡᠩᠲᠦ ᠰᠠᠢ᠌ᠬᠠᠨ ᠪᠣᠯᠪᠠᠰᠤᠨ》 ᠰᠢᠨ᠎ᠡ ᠵᠢᠶᠠᠩᠰᠤ ᠵᠢᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
ᠨᠡᠶ᠋ᠢᠲᠡᠯᠡᠭᠰᠡᠨ ᠴᠠᠭ᠄ 2023-07-10

       ᠰᠢᠨᠬᠤᠸᠠ ᠬᠣᠷᠢᠶ᠎ᠠ ᠵᠢᠨ ᠨᠠᠨᠵᠢᠩ᠎ᠤᠨ 7 ᠰᠠᠷ᠎ᠠ ᠵᠢᠨ 7᠎ᠤ ᠴᠠᠭᠢᠯᠭ᠋ᠠᠨ ᠮᠡᠳᠡᠭᠡ    ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂  ᠤᠯᠤᠰ᠎ᠤᠨ ᠲᠡᠷᠢᠭᠦᠯᠡᠭᠴᠢ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠢ᠌ᠷ᠎ᠠ᠎ᠳᠤ ᠵᠢᠶᠠᠩᠰᠤ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠂  ᠵᠢᠶᠠᠩᠰᠤ ᠠᠵᠤ ᠦᠢ᠍ᠯᠡᠰ᠎ᠤᠨ ᠰᠠᠭᠤᠷᠢ ᠪᠠᠲᠤ ᠪᠡᠬᠢ ᠂  ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠡᠯᠪᠡᠭ ᠂  ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ ᠰᠢᠯᠢᠳᠡᠭ ᠰᠠᠢ᠌ᠨ ᠂  ᠵᠠᠬ᠎ᠠ ᠳᠡᠯᠭᠡᠭᠦᠷ᠎ᠤᠨ ᠬᠡᠪᠴᠢᠶ᠎ᠡ ᠯᠤᠲᠤ ᠶᠡᠬᠡ ᠵᠡᠷᠭᠡ ᠳᠠᠪᠠᠭᠤᠯᠢᠭ᠎ᠲᠠᠢ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠳᠤᠮᠳᠠ ᠡᠮᠦᠨ᠎ᠡ᠎ᠨᠢ ᠬᠣᠰᠢᠭᠤᠷᠠᠵᠤ ᠂  ᠵᠢᠱ᠌ᠢᠶ᠎ᠡ ᠦᠵᠡᠭᠦᠯᠭᠦ ᠴᠢᠳᠠᠪᠤᠷᠢ᠎ᠲᠠᠢ ᠪᠥᠭᠡᠳ ᠬᠠᠷᠢᠭᠤᠴᠠᠯᠭ᠎ᠠ᠎ᠲᠠᠢ ᠶᠤᠮ ᠃  ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ ᠂  ᠦᠷᠭᠦᠯᠵᠢᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠂  ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠥᠯᠢᠭᠡᠷ ᠳᠠᠭᠤᠷᠢᠶᠠᠯ ᠪᠤᠯᠬᠤ᠎ᠪᠠᠷ ᠴᠢᠷᠮᠠᠢ᠌ᠵᠤ ᠂  ᠪᠦᠭᠦ ᠤᠯᠤᠰ᠎ᠤᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠎ᠳᠤ ᠦᠢ᠍ᠯᠡᠴᠢᠯᠡᠬᠦ ᠲᠠᠯ᠎ᠠ᠎ᠪᠠᠷ ᠵᠢᠱ᠌ᠢᠶ᠎ᠡ ᠦᠵᠡᠭᠦᠯᠭᠦ᠎ᠪᠠᠷ ᠴᠢᠷᠮᠠᠢ᠌ᠵᠤ ᠂  ᠨᠡᠢ᠌ᠭᠡᠮ ᠵᠢᠷᠤᠮᠲᠤ ᠣᠳᠣᠬᠢᠴᠢᠯᠠᠯᠲᠠ ᠵᠢ ᠤᠷᠢᠳ ᠵᠶ᠋ᠠᠷ ᠪᠡᠶᠡᠯᠡᠭᠦᠯᠬᠦ ᠲᠠᠯ᠎ᠠ᠎ᠪᠠᠷ ᠡᠮᠦᠨ᠎ᠡ ᠡᠩᠨᠡᠭᠡᠨ᠎ᠳᠤ ᠬᠣᠰᠢᠭᠤᠷᠠᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠵᠢᠶᠠᠩᠰᠤ ᠵᠢᠨ ᠰᠢᠨ᠎ᠡ ᠦᠢ᠍ᠯᠡᠳᠦᠯᠭᠡ ᠵᠢ ᠬᠦᠴᠦᠯᠡᠨ ᠠᠬᠢᠭᠤᠯᠵᠤ ᠂ 《  ᠠᠵᠤ ᠠᠬᠤᠢ ᠬᠦᠴᠦᠷᠬᠡᠭ ᠂  ᠠᠷᠠᠳ ᠲᠦᠮᠡᠨ ᠪᠠᠶᠠᠨ ᠴᠢᠨᠡᠭᠡᠯᠢᠭ ᠂  ᠣᠷᠴᠢᠨ ᠲᠣᠭᠣᠷᠢᠨ ᠦᠵᠡᠰᠬᠦᠯᠡᠩᠲᠦ ᠰᠠᠢ᠌ᠬᠠᠨ ᠂  ᠨᠡᠢ᠌ᠭᠡᠮ᠎ᠤᠨ ᠪᠣᠯᠪᠠᠰᠤᠨ᠎ᠤ ᠬᠡᠮᠵᠢᠶ᠎ᠡ ᠥᠨᠳᠥᠷ 》 ᠰᠢᠨ᠎ᠡ ᠵᠢᠶᠠᠩᠰᠤ ᠵᠢᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

      7 ᠰᠠᠷ᠎ᠠ ᠵᠢᠨ 5᠎ᠠᠴᠠ 7᠎ᠤ ᠡᠳᠦᠷ ᠪᠤᠯᠲᠠᠯ᠎ᠠ ᠰᠢ ᠵᠢᠨ ᠫᠢᠩ ᠵᠢᠶᠠᠩᠰᠤ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ ᠰᠢᠨ ᠴᠠᠩ ᠰᠢᠩ ᠪᠣᠯᠣᠨ ᠮᠤᠵᠢ ᠵᠢᠨ ᠳᠠᠷᠤᠭ᠎ᠠ ᠰᠢᠦᠢ ᠺᠦᠨ ᠯᠢᠨ᠎ᠤ ᠪᠠᠷ᠎ᠠ ᠪᠤᠯᠣᠯᠭ᠎ᠠ᠎ᠲᠠᠢ᠎ᠪᠠᠷ ᠤᠷᠢᠳ ᠬᠣᠵᠢᠳ ᠰᠦᠵᠧᠦ ᠂  ᠨᠠᠨᠵᠢᠩ ᠵᠡᠷᠭᠡ ᠭᠠᠵᠠᠷ᠎ᠲᠤ ᠬᠦᠷᠴᠦ ᠂  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠂  ᠠᠵᠤ ᠠᠬᠤᠢ᠌ᠯᠠᠯ ᠂  ᠲᠡᠦᠬᠡ ᠰᠣᠶᠣᠯ᠎ᠤᠨ ᠵᠡᠭᠡᠯᠢ ᠲᠣᠭᠣᠷᠢᠭ ᠂  ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠲᠠᠰᠤᠭ ᠵᠡᠷᠭᠡ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠪᠡ ᠃

      5᠎ᠤ ᠦᠳᠡ ᠵᠢᠨ ᠬᠣᠢ᠌ᠨ᠎ᠠ ᠰᠢ ᠵᠢᠨ ᠫᠢᠩ ᠰᠦᠵᠧᠦ᠎ᠳᠤ ᠭᠦᠷᠦᠭᠰᠡᠨ᠎ᠤ ᠳᠠᠷᠠᠭ᠎ᠠ ᠡᠩ ᠲᠡᠷᠢᠭᠦᠨ᠎ᠳᠤ ᠲᠡᠷᠭᠡᠨ᠎ᠳᠤ ᠰᠠᠭᠤᠵᠤ ᠰᠦᠵᠧᠦ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠬᠦᠷᠴᠦ ᠰᠢᠨᠵᠢᠯᠡᠨ ᠪᠠᠢ᠌ᠴᠠᠭ᠋ᠠᠪᠠ ᠃  ᠬᠦᠷᠢᠶᠡᠯᠡᠩ ᠲᠣᠭᠣᠷᠢᠭ᠎ᠤᠨ ᠦᠵᠡᠭᠦᠯᠭᠡ ᠵᠢᠨ ᠲᠥᠪ᠎ᠲᠤ ᠰᠢ ᠵᠢᠨ ᠫᠢᠩ ᠰᠦᠵᠧᠦ ᠬᠤᠳᠠ ᠵᠢᠨ ᠠᠵᠤ ᠦᠢ᠍ᠯᠡᠰ᠎ᠤᠨ ᠬᠥᠭᠵᠢᠯᠲᠡ ᠪᠣᠯᠣᠨ ᠬᠦᠷᠢᠶᠡᠯᠡᠩ ᠲᠣᠭᠣᠷᠢᠭ᠎ᠤᠨ ᠪᠦᠬᠦᠯᠢ ᠴᠣᠭᠴᠠ ᠵᠢᠨ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠴᠤ ᠂  ᠰᠢᠨ᠎ᠡ ᠵᠢ ᠡᠭᠦᠳᠬᠦ ᠬᠥᠭᠵᠢᠯᠲᠡ ᠵᠢᠨ ᠦᠷ᠎ᠡ ᠪᠦᠲᠦᠭᠡᠯ᠎ᠤᠨ ᠦᠵᠡᠭᠦᠯᠭᠡ ᠵᠢ ᠪᠠᠢ᠌ᠴᠠᠭ᠋ᠠᠨ ᠦᠵᠡᠪᠡ ᠃  ᠰᠢ ᠵᠢᠨ ᠫᠢᠩ ᠂  ᠳᠡᠭᠡᠳᠦ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠬᠦᠷᠢᠶᠡᠯᠡᠩ ᠲᠣᠭᠣᠷᠢᠭ᠎ᠨᠢ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠳᠤᠮᠳᠠ ᠴᠢᠬᠤᠯᠠ ᠶᠡᠬᠡ ᠪᠥᠭᠡᠳ ᠢᠷᠠᠭᠤ ᠠᠯᠳᠠᠷᠲᠠᠢ ᠲᠡᠦᠬᠡᠲᠦ ᠡᠭᠦᠷᠭᠡ ᠵᠢ ᠡᠭᠦᠷᠭᠡᠯᠡᠵᠦ ᠪᠠᠢ᠌ᠨ᠎ᠠ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠵᠣᠯᠭ᠋ᠠᠭᠤᠯᠬᠤ ᠵᠢ ᠴᠢᠩᠭ᠋ᠠᠳᠬᠠᠵᠤ ᠂  ᠠᠵᠤ ᠠᠬᠤᠢ᠌ᠯᠠᠯ ᠵᠶ᠋ᠠᠷ ᠭᠣᠣᠯᠯᠠᠭᠤᠯᠤᠭᠰᠠᠨ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠠᠵᠤ ᠦᠢ᠍ᠯᠡᠰᠵᠢᠭᠦᠯᠬᠦ ᠲᠦᠪᠰᠢᠨ᠎ᠢ ᠳᠡᠭᠡᠭᠰᠢᠯᠡᠭᠦᠯᠵᠦ ᠂  ᠰᠢᠨ᠎ᠡ ᠮᠡᠷᠭᠡᠵᠢᠯ ᠵᠶ᠋ᠡᠷ ᠰᠢᠨ᠎ᠡ ᠠᠵᠤ ᠦᠢ᠍ᠯᠡᠰ᠎ᠢ ᠲᠠᠰᠤᠷᠠᠯᠲᠠ ᠦᠭᠡᠢ ᠪᠣᠢ᠌ᠵᠢᠭᠤᠯᠵᠤ ᠂  ᠠᠵᠤ ᠦᠢ᠍ᠯᠡᠰ᠎ᠤᠨ ᠲᠠᠰ ᠳᠡᠪᠰᠢᠬᠦ ᠵᠢ ᠳᠠᠭ᠋ᠠᠭᠤᠯᠬᠤ ᠬᠡᠷᠡᠭᠲᠡᠢ ᠃  ᠤᠯᠠᠨ ᠤᠯᠤᠰ᠎ᠤᠨ ᠬᠠᠮᠲᠤᠷᠠᠯᠴᠠᠭ᠎ᠠ ᠵᠢ ᠦᠷᠭᠦᠯᠵᠢᠯᠡᠨ ᠥᠷᠭᠡᠳᠬᠡᠵᠦ ᠂  ᠨᠡᠭᠡᠭᠡᠯᠲᠡᠲᠡᠢ ᠰᠢᠨ᠎ᠡ ᠵᠢ ᠡᠭᠦᠳᠬᠦ ᠳᠡᠯᠡᠬᠡᠢ ᠵᠢᠨ ᠲᠡᠷᠢᠭᠦᠨ ᠵᠡᠷᠭᠡ ᠵᠢᠨ ᠳᠡᠭᠡᠳᠦ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠯᠡᠩ ᠲᠣᠭᠣᠷᠢᠭ᠎ᠢ ᠴᠢᠷᠮᠠᠢ᠌ᠨ ᠪᠦᠲᠦᠭᠡᠨ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃

       ᠲᠠᠷᠠᠭ᠎ᠠ᠎ᠨᠢ ᠰᠢ ᠵᠢᠨ ᠫᠢᠩ ᠰᠦᠵᠧᠦ ᠵᠢᠨ ᠬᠤᠸᠠ ᠰᠢᠩ ᠶᠤᠸᠠᠨ ᠴᠤᠸᠠᠩ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠤᠪᠢᠴᠠᠭ᠋ᠠᠳᠤ ᠬᠢᠵᠠᠭ᠋ᠠᠷᠲᠤ ᠺᠤᠮᠫᠠᠨᠢ᠎ᠳᠤ ᠰᠢᠨᠵᠢᠯᠡᠨ ᠪᠠᠢ᠌ᠴᠠᠭ᠋ᠠᠪᠠ ᠃  ᠰᠢ ᠵᠢᠨ ᠫᠢᠩ ᠦᠵᠡᠭᠦᠯᠭᠡ ᠵᠢᠨ ᠲᠢᠩᠬᠢᠮ ᠂  ᠰᠤᠳᠤᠯᠤᠨ ᠨᠡᠭᠡᠭᠡᠬᠦ ᠦᠢ᠍ᠯᠡᠳᠪᠦᠷᠢ ᠵᠢᠨ ᠲᠠᠰᠤᠭ ᠂  ᠭᠡᠷᠡᠯ ᠴᠠᠭᠢᠯᠭ᠋ᠠᠨ᠎ᠤ ᠲᠤᠷᠰᠢᠯᠲᠠ ᠵᠢᠨ ᠲᠠᠰᠤᠭ᠎ᠲᠤ ᠬᠦᠷᠴᠦ ᠂  ᠦᠢ᠍ᠯᠡᠳᠬᠦᠨ᠎ᠢ ᠰᠤᠳᠤᠯᠤᠨ ᠦᠢ᠍ᠯᠡᠳᠬᠦ ᠂  ᠦᠢ᠍ᠯᠡᠳᠪᠦᠷᠢᠯᠡᠬᠦ ᠂  ᠲᠤᠷᠰᠢᠬᠤ ᠶᠠᠪᠤᠴᠠ ᠵᠢ ᠪᠠᠢ᠌ᠴᠠᠭ᠋ᠠᠨ ᠦᠵᠡᠵᠦ ᠂  ᠠᠵᠤ ᠠᠬᠤᠢ᠌ᠯᠠᠯ᠎ᠤᠨ ᠲᠤᠨᠤᠭ ᠲᠥᠬᠦᠭᠡᠷᠦᠮᠵᠢ ᠵᠢᠨ ᠦᠢ᠍ᠯᠡᠳᠬᠦᠨ᠎ᠤ ᠴᠢᠳᠠᠪᠬᠢ ᠂  ᠬᠡᠷᠡᠭᠴᠡᠭᠡ ᠂  ᠵᠠᠬ᠎ᠠ ᠳᠡᠯᠭᠡᠭᠦᠷ ᠵᠡᠷᠭᠡ ᠪᠠᠢ᠌ᠳᠠᠯ᠎ᠢ ᠯᠠᠪᠯᠠᠨ ᠠᠰᠠᠭᠤᠪᠠ ᠃  ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠠᠵᠢᠯᠲᠠᠳ᠎ᠨᠢ ᠴᠥᠮ ᠵᠠᠯᠠᠭᠤᠴᠤᠳ ᠪᠤᠯᠬᠤ ᠵᠢ ᠦᠵᠡᠭᠡᠳ ᠰᠢ ᠵᠢᠨ ᠫᠢᠩ ᠮᠠᠰᠢ ᠪᠠᠶᠠᠷᠯᠠᠪᠠ ᠃  ᠲᠡᠷᠡ ᠂  ᠤᠯᠤᠰ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠨᠢ ᠵᠠᠯᠠᠭᠤᠴᠤᠳ᠎ᠲᠤ ᠥᠷᠭᠡᠨ ᠠᠭᠤᠳᠠᠮ ᠲᠠᠪᠴᠠᠩ ᠬᠠᠩᠭ᠋ᠠᠵᠠᠢ ᠂  ᠤᠯᠠᠨ ᠵᠶ᠋ᠠᠷ ᠵᠶ᠋ᠠᠨ ᠶᠠᠭ ᠲᠣᠬᠢᠲᠠᠢ ᠴᠠᠭ᠎ᠲᠤᠨᠢ ᠲᠠᠭ᠋ᠠᠷᠠᠪᠠ ᠂  ᠲᠡᠦᠬᠡ ᠵᠢᠨ ᠠᠵᠠ ᠲᠣᠭᠢᠶᠠᠯ᠎ᠢ ᠡᠵᠡᠮᠳᠡᠵᠦ ᠂  ᠡᠷᠳᠡᠮ ᠴᠢᠳᠠᠪᠤᠷᠢ᠎ᠪᠠᠨ ᠶᠡᠬᠡ᠎ᠪᠠᠷ ᠢᠯᠡᠷᠡᠭᠦᠯᠵᠦ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠨᠣᠶᠠᠨ ᠤᠷᠭᠢᠯ᠎ᠳᠤ ᠵᠣᠷᠢᠭᠲᠠᠢ ᠠᠪᠠᠷᠢᠬᠤ ᠬᠡᠷᠡᠭᠲᠡᠢ ᠂  ᠢᠷᠡᠭᠡᠳᠦᠢ᠎ᠳᠤ ᠲᠠ ᠨᠠᠷ ᠯᠠᠪᠲᠠᠢ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠦᠵᠡᠭᠦᠯᠦᠭᠰᠡᠨ ᠬᠤᠪᠢ ᠨᠡᠮᠡᠷᠢ᠎ᠳᠡᠭᠡᠨ ᠣᠮᠣᠭᠰᠢᠬᠤ ᠶᠤᠮ ᠭᠡᠪᠡ ᠃

       ᠰᠦᠵᠧᠦ ᠵᠢᠨ ᠡᠷᠲᠡᠨ᠎ᠤ ᠬᠣᠲᠠ ᠵᠢᠨ ᠵᠡᠭᠦᠨ ᠬᠣᠢ᠌ᠲᠤ ᠬᠡᠰᠡᠭ᠎ᠲᠤ ᠪᠠᠢ᠌ᠷᠢᠯᠠᠵᠤ ᠪᠠᠢ᠌ᠭ᠎ᠠ ᠫᠢᠩᠵᠢᠶᠠᠩ᠎ᠤᠨ ᠲᠡᠦᠬᠡ ᠰᠣᠶᠣᠯ᠎ᠤᠨ ᠵᠡᠭᠡᠯᠢ ᠲᠣᠭᠣᠷᠢᠭ᠎ᠨᠢ 2500 ᠭᠠᠷᠤᠢ ᠵᠢᠯ᠎ᠤᠨ ᠲᠡᠦᠬᠡ᠎ᠲᠠᠢ ᠪᠣᠯᠵᠠᠢ ᠃ 6᠎ᠤ ᠦᠳᠡ ᠵᠢᠨ ᠡᠮᠦᠨ᠎ᠡ ᠰᠢ ᠵᠢᠨ ᠫᠢᠩ ᠡᠨᠳᠡ ᠰᠢᠨᠵᠢᠯᠡᠨ ᠪᠠᠢ᠌ᠴᠠᠭ᠋ᠠᠵᠤ ᠂  ᠰᠦᠵᠧᠦ ᠵᠢᠨ ᠡᠷᠲᠡᠨ᠎ᠤ ᠬᠤᠳᠠ ᠵᠢᠨ ᠬᠠᠮᠠᠭ᠋ᠠᠯᠠᠯᠲᠠ ᠵᠢᠴᠢ ᠫᠢᠨᠭ᠌ᠵᠢᠶᠠᠩ᠎ᠤᠨ ᠲᠡᠦᠬᠡ ᠰᠣᠶᠣᠯ᠎ᠤᠨ ᠵᠡᠭᠡᠯᠢ ᠲᠣᠭᠣᠷᠢᠭ᠎ᠤᠨ ᠬᠠᠮᠠᠭ᠋ᠠᠯᠠᠯᠲᠠ ᠂  ᠰᠡᠯᠪᠢᠨ ᠵᠠᠰᠠᠯᠲᠠ ᠂  ᠠᠰᠢᠭᠯᠠᠯᠲᠠ ᠵᠢᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠨᠠᠷᠢᠨ ᠬᠢᠨᠠᠮᠠᠭ᠋ᠠᠢ ᠰᠣᠨᠣᠰᠴᠤ ᠂  ᠡᠷᠲᠡᠨ᠎ᠤ ᠵᠡᠭᠡᠯᠢ ᠵᠢᠨ ᠳᠦᠷᠰᠦ ᠪᠠᠢ᠌ᠳᠠᠯ᠎ᠢ ᠶᠠᠪᠠᠭ᠋ᠠᠨ ᠵᠶ᠋ᠠᠷ ᠪᠠᠢ᠌ᠴᠠᠭ᠋ᠠᠨ ᠦᠵᠡᠵᠦ ᠂  ᠰᠦᠵᠧᠦ ᠬᠠᠳᠬᠤᠮᠠᠯ ᠬᠠᠳᠬᠤᠵᠤ ᠪᠠᠢ᠌ᠭ᠎ᠠ ᠪᠠᠢ᠌ᠳᠠᠯ᠎ᠢ ᠰᠣᠨᠢᠷᠬᠠᠵᠤ ᠂  ᠴᠠᠭ᠋ᠠᠨ ᠰᠠᠷ᠎ᠠ ᠵᠢᠨ ᠵᠢᠷᠤᠭ ᠬᠡᠪᠯᠡᠨ ᠦᠢ᠍ᠯᠡᠳᠪᠦᠷᠢᠯᠡᠵᠦ ᠪᠠᠢ᠌ᠭ᠎ᠠ ᠵᠢ ᠪᠡᠶᠡᠴᠢᠯᠡᠨ ᠣᠢ᠌ᠯᠠᠭ᠋ᠠᠪᠠ ᠃  ᠲᠡᠷᠡ ᠂  ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠦᠶ᠎ᠡ ᠵᠢᠨ ᠦᠶ᠎ᠡ᠎ᠳᠡᠭᠡᠨ ᠤᠯᠠᠮᠵᠢᠯᠠᠭᠳᠠᠵᠤ ᠂  ᠲᠡᠭᠦᠨ᠎ᠤ ᠤᠶᠠᠨ ᠬᠠᠳᠠᠨ ᠴᠢᠨᠠᠷ ᠂  ᠬᠦᠯᠢᠴᠡᠩᠭᠦᠢ ᠴᠢᠨᠠᠷ ᠂  ᠲᠣᠭᠲᠠᠯ ᠬᠦᠴᠦᠨ ᠪᠣᠯ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠋ᠠᠨ᠎ᠤ ᠨᠢᠭᠡ ᠬᠡᠰᠡᠭ ᠪᠣᠯᠣᠨ᠎ᠠ ᠭᠡᠵᠡᠢ ᠃

       ᠵᠡᠭᠡᠯᠢ ᠵᠢᠨ ᠬᠠᠵᠠᠭᠤ᠎ᠳᠠᠬᠢ ᠵᠢᠵᠢᠭ ᠲᠠᠯᠠᠪᠠᠢ᠎ᠳᠤ ᠠᠶ᠎ᠠ ᠬᠥᠭᠵᠢᠮ ᠬᠠᠩᠭᠢᠨᠠᠵᠤ ᠂  ᠲᠤᠬᠠᠢ ᠵᠢᠨ ᠭᠠᠵᠠᠷ᠎ᠤᠨ ᠰᠠᠭᠤᠭ᠋ᠠᠯᠢ ᠠᠷᠠᠳ ᠪᠣᠯᠣᠨ ᠵᠢᠭᠤᠯᠴᠢᠯᠠᠬᠰᠠᠳ ᠰᠦᠵᠧᠦ ᠵᠢᠨ ᠱᠤᠳᠤᠷᠭᠤ ᠵᠢᠨ ᠦᠯᠢᠭᠡᠷ᠎ᠢ ᠰᠣᠨᠢᠷᠬᠠᠪᠠ ᠃  ᠶᠡᠷᠦᠩᠬᠡᠢ ᠱᠦᠵᠢ ᠢᠷᠡᠭᠰᠡᠨ᠎ᠢ ᠦᠵᠡᠭᠡᠳ ᠤᠯᠠᠨ ᠵᠶ᠋ᠠᠷ ᠵᠶ᠋ᠠᠨ ᠶᠡᠷᠦᠩᠬᠡᠢ ᠱᠦᠵᠢ ᠵᠢᠨ ᠠᠮᠤᠷ᠎ᠢ ᠠᠰᠠᠭᠤᠵᠤ ᠪᠠᠢ᠌ᠯ᠎ᠠ ᠃  ᠰᠢ ᠵᠢᠨ ᠫᠢᠩ ᠤᠯᠠᠨ᠎ᠲᠠᠢ ᠬᠠᠮᠲᠤ ᠲᠣᠬᠯᠠᠯᠲᠠ ᠰᠣᠨᠢᠷᠬᠠᠬᠤ ᠵᠢᠨ ᠬᠠᠮᠲᠤ ᠥᠴᠥᠭᠡᠳᠦᠷ ᠪᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠦᠵᠡᠵᠦ ᠂  ᠡᠨᠡ ᠡᠳᠦᠷ ᠤᠯᠠᠮᠵᠢᠯᠠᠯᠲᠤ ᠰᠣᠶᠣᠯ᠎ᠤᠨ ᠵᠡᠭᠡᠯᠢ ᠲᠣᠭᠣᠷᠢᠭ᠎ᠢ ᠦᠵᠡᠯ᠎ᠡ ᠂  ᠭᠠᠵᠠᠷ ᠪᠣᠯᠭ᠋ᠠᠨ᠎ᠳᠤ ᠡᠷᠲᠡᠨ᠎ᠤ ᠪᠠᠭᠤᠷᠢ ᠂  ᠠᠯᠳᠠᠷᠲᠤ ᠦᠵᠡᠮᠵᠢ ᠂  ᠰᠣᠶᠣᠯ ᠪᠠᠢ᠌ᠵᠤ ᠂  ᠡᠨᠳᠡ ᠠᠮᠢᠳᠤᠷᠠᠬᠤ᠎ᠨᠢ ᠲᠤᠢ᠌ᠯ᠎ᠤᠨ ᠵᠣᠯ ᠵᠢᠷᠭ᠋ᠠᠯ᠎ᠲᠠᠢ  ᠃  ᠰᠦᠵᠧᠦ ᠡᠷᠲᠡᠨ᠎ᠤ ᠤᠯᠠᠮᠵᠢᠯᠠᠯ ᠪᠠ ᠤᠳᠤ ᠦᠶ᠎ᠡ ᠵᠢ ᠤᠶᠠᠯᠳᠤᠭᠤᠯᠬᠤ ᠲᠠᠯ᠎ᠠ᠎ᠪᠠᠷ ᠮᠠᠰᠢ ᠰᠠᠢ᠌ᠨ ᠠᠵᠢᠯᠯᠠᠵᠤ ᠂  ᠲᠡᠦᠬᠡ ᠰᠣᠶᠣᠯ᠎ᠤᠨ ᠤᠯᠠᠮᠵᠢᠯᠠᠯ ᠪᠠᠢ᠌ᠬᠤ᠎ᠪᠠᠷ ᠪᠠᠷᠠᠬᠤ ᠦᠭᠡᠢ ᠪᠠᠰᠠ ᠳᠡᠭᠡᠳᠦ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠡᠭᠦᠳᠦᠯᠲᠡ ᠪᠠ ᠴᠢᠨᠠᠷ ᠰᠠᠢ᠌ᠲᠠᠢ ᠬᠥᠭᠵᠢᠯᠲᠡ ᠴᠤ᠌ ᠪᠠᠢ᠌ᠵᠤ ᠂  ᠢᠷᠡᠭᠡᠳᠦᠢ ᠵᠢᠨ ᠬᠥᠭᠵᠢᠯᠲᠡ ᠵᠢᠨ ᠴᠢᠭᠯᠡᠯ᠎ᠢ ᠲᠥᠯᠥᠭᠡᠯᠡᠵᠦ ᠪᠠᠢ᠌ᠨ᠎ᠠ ᠭᠡᠵᠦ ᠤᠯᠠᠨ᠎ᠳᠤ ᠬᠡᠯᠡᠪᠡ ᠃  ᠲᠡᠷᠡ ᠲᠤᠬᠠᠢ ᠵᠢᠨ ᠭᠠᠵᠠᠷ᠎ᠤᠨ ᠬᠠᠷᠢᠭᠤᠴᠠᠯᠭ᠋ᠠᠲᠠᠨ ᠨᠥᠬᠥᠳ᠎ᠲᠤ ᠫᠢᠩᠵᠢᠶᠠᠩ᠎ᠤᠨ ᠲᠡᠦᠬᠡ ᠰᠣᠶᠣᠯ᠎ᠤᠨ ᠵᠡᠭᠡᠯᠢ ᠲᠣᠭᠣᠷᠢᠭ ᠪᠣᠯ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠂  ᠨᠡᠢ᠌ᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠡᠷᠬᠢᠮ ᠨᠠᠨᠳᠢᠨ ᠥᠪ ᠬᠥᠷᠥᠩᠭᠡ ᠮᠥᠨ ᠂  ᠰᠠᠢ᠌ᠲᠤᠷ ᠬᠠᠮᠠᠭ᠋ᠠᠯᠠᠵᠤ ᠂  ᠰᠠᠢ᠌ᠲᠤᠷ ᠠᠭᠤᠳᠠᠯᠵᠤ ᠂  ᠰᠠᠢ᠌ᠲᠤᠷ ᠬᠡᠷᠡᠭᠯᠡᠬᠦ ᠬᠡᠷᠡᠭᠲᠡᠢ ᠂  ᠪᠣᠳᠠᠰ᠎ᠤᠨ ᠭᠡᠯᠪᠡᠷᠢ ᠵᠢᠨ ᠲᠠᠯ᠎ᠠ᠎ᠪᠠᠷ ᠰᠠᠢ᠌ᠲᠤᠷ ᠤᠯᠠᠮᠵᠢᠯᠠᠨ ᠵᠠᠯᠭ᠋ᠠᠮᠵᠢᠯᠠᠬᠤ᠎ᠪᠠᠷ ᠪᠠᠷᠠᠬᠤ ᠦᠭᠡᠢ ᠨᠡᠩ ᠴᠤ᠌ ᠰᠡᠳᠬᠢᠯ ᠵᠢᠷᠦᠬᠡᠨ᠎ᠳᠡᠭᠡᠨ ᠰᠠᠢ᠌ᠲᠤᠷ ᠤᠯᠠᠮᠵᠢᠯᠠᠨ ᠵᠠᠯᠭ᠋ᠠᠮᠵᠢᠯᠠᠬᠤ ᠬᠡᠷᠡᠭᠲᠡᠢ ᠭᠡᠵᠡᠢ ᠃

       ᠲᠤᠰ ᠡᠳᠦᠷ᠎ᠤᠨ ᠦᠳᠡ ᠵᠢᠨ ᠬᠣᠢ᠌ᠨ᠎ᠠ ᠰᠢ ᠵᠢᠨ ᠫᠢᠩ ᠨᠠᠨᠵᠢᠩ ᠬᠤᠳᠠ᠎ᠳᠤ ᠰᠢᠨᠵᠢᠯᠡᠨ ᠪᠠᠢ᠌ᠴᠠᠭ᠋ᠠᠪᠠ ᠃  ᠲᠡᠷᠡ ᠽᠢ ᠵᠢᠨ ᠱᠠᠨ ᠲᠤᠷᠰᠢᠯᠲᠠ ᠵᠢᠨ ᠲᠠᠰᠤᠭ᠎ᠲᠤ ᠬᠦᠷᠴᠦ ᠦᠵᠡᠭᠦᠯᠭᠡ ᠵᠢᠨ ᠲᠢᠩᠬᠢᠮ ᠂ 6G ᠶᠡᠷᠦᠩᠬᠡᠢ᠌ᠯᠡᠭᠰᠡᠨ ᠲᠤᠷᠰᠢᠯᠲᠠ ᠵᠢᠨ ᠲᠠᠰᠤᠭ᠎ᠲᠤ ᠣᠷᠣᠵᠤ ᠂  ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠡᠭᠦᠷᠭᠡ ᠵᠢᠨ ᠪᠣᠭᠣᠮᠲᠠ ᠰᠢᠪᠲᠤᠯᠤᠯᠲᠠ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠪᠠ ᠃  ᠰᠢ ᠵᠢᠨ ᠫᠢᠩ ᠤᠳᠤ ᠮᠡᠳᠡᠭᠡ ᠵᠠᠩᠭᠢ ᠵᠢᠨ ᠮᠡᠷᠭᠡᠵᠢᠯ ᠨᠢᠰᠬᠦ ᠮᠡᠲᠦ ᠲᠦᠷᠭᠡᠨ ᠬᠥᠭᠵᠢᠵᠦ ᠂  ᠨᠤᠷᠠᠭ᠋ᠠᠯᠲᠠ ᠵᠢᠨ ᠴᠢᠨᠠᠷᠲᠠᠢ ᠮᠡᠷᠭᠡᠵᠢᠯ ᠴᠠᠭ ᠢᠮᠠᠭᠲᠠ ᠢᠯᠡᠷᠡᠵᠦ ᠮᠡᠳᠡᠨ᠎ᠡ ᠂  ᠦᠨᠡᠨ ᠪᠣᠳᠠᠲᠠᠢ ᠰᠢᠨ᠎ᠡ ᠵᠢ ᠡᠭᠦᠳᠬᠦ ᠵᠠᠮ ᠵᠶ᠋ᠠᠷ ᠵᠠᠮᠨᠠᠵᠤ ᠂  ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ᠎ᠳᠤ ᠭᠠᠪᠢᠶ᠎ᠠ ᠵᠢᠳᠬᠦᠯ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃

       ᠨᠠᠨ ᠷᠦᠢ ᠪᠦᠯᠦᠭᠯᠡᠯ ᠬᠢᠵᠠᠭ᠋ᠠᠷᠲᠤ ᠺᠤᠮᠫᠠᠨᠢ ᠪᠣᠯ ᠤᠯᠤᠰ᠎ᠤᠨ ᠴᠠᠭᠢᠯᠭ᠋ᠠᠨ ᠲᠣᠣᠷ᠎ᠤᠨ ᠺᠤᠮᠫᠠᠨᠢ ᠵᠢᠨ ᠬᠠᠷᠢᠶᠠᠨ᠎ᠳᠠᠬᠢ ᠡᠨᠧᠷᠭᠢ ᠵᠢᠨ ᠢᠨᠲ᠋ᠧᠷ ᠰᠦᠯᠵᠢᠶᠡᠨ᠎ᠤ ᠬᠦᠷᠢᠶᠡᠨ᠎ᠤ ᠳᠡᠭᠡᠳᠦ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠤ ᠠᠬᠤᠢ᠌ᠯᠠᠯ ᠪᠣᠯᠣᠨ᠎ᠠ ᠃  ᠰᠢ ᠵᠢᠨ ᠫᠢᠩ ᠪᠦᠯᠦᠭᠯᠡᠯ᠎ᠳᠤ ᠬᠦᠷᠴᠦ ᠰᠢᠨᠵᠢᠯᠡᠨ ᠪᠠᠢ᠌ᠴᠠᠭ᠋ᠠᠵᠤ ᠂  ᠨᠠᠨᠵᠢᠩ ᠬᠤᠳᠠ ᠵᠢᠨ ᠣᠶᠤᠨᠲᠤ ᠴᠠᠭᠢᠯᠭ᠋ᠠᠨ ᠲᠣᠣᠷ᠎ᠤᠨ ᠤᠯᠤᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠤᠨ ᠶᠡᠷᠦᠩᠬᠡᠢ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠴᠤ ᠂  ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠭᠰᠠᠨ ᠡᠵᠡᠮᠰᠢᠯᠲᠦ ᠮᠡᠷᠭᠡᠵᠢᠯ᠎ᠤᠨ ᠦᠢ᠍ᠯᠡᠳᠬᠦᠨ᠎ᠤ ᠦᠵᠡᠭᠦᠯᠭᠡ ᠵᠢ ᠪᠠᠢ᠌ᠴᠠᠭ᠋ᠠᠨ ᠦᠵᠡᠪᠡ ᠃  ᠠᠵᠤ ᠠᠬᠤᠢ᠌ᠯᠠᠯ᠎ᠤᠨ ᠣᠶᠤᠨᠴᠢ ᠦᠢ᠍ᠯᠡᠳᠬᠦ ᠦᠢ᠍ᠯᠡᠰ᠎ᠤᠨ ᠲᠣᠭᠣᠷᠢᠭ᠎ᠲᠤ ᠰᠢ ᠵᠢᠨ ᠫᠢᠩ ᠠᠵᠤ ᠠᠬᠤᠢ᠌ᠯᠠᠯ᠎ᠤᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠬᠢᠬᠦ ᠂  ᠴᠠᠭᠢᠯᠭ᠋ᠠᠨ ᠲᠣᠣᠷ᠎ᠤᠨ ᠠᠮᠤᠷ ᠲᠦᠪᠰᠢᠨ ᠂  ᠴᠠᠭᠢᠯᠭ᠋ᠠᠨ ᠬᠦᠴᠦᠨ᠎ᠤ ᠬᠠᠩᠭ᠋ᠠᠯᠭ᠎ᠠ ᠵᠢ ᠪᠠᠲᠤᠯᠠᠬᠤ ᠪᠠ ᠡᠨᠧᠷᠭᠢ ᠵᠢᠨ ᠭᠡᠯᠪᠡᠷᠢ ᠵᠢ ᠬᠤᠪᠢᠷᠠᠭᠤᠯᠬᠤ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠪᠠ ᠃  ᠲᠡᠷᠡ ᠡᠨᠧᠷᠭᠢ ᠵᠢᠨ ᠪᠠᠲᠤᠯᠠᠭ᠎ᠠ ᠪᠣᠯᠣᠨ ᠠᠮᠤᠷ ᠲᠦᠪᠰᠢᠨ ᠤᠯᠤᠰ᠎ᠤᠨ ᠡᠳ᠋᠎ᠤᠨ ᠵᠠᠰᠠᠭ ᠠᠷᠠᠳ᠎ᠤᠨ ᠠᠮᠢᠳᠤᠷᠠᠯ᠎ᠳᠤ ᠬᠣᠯᠪᠣᠭᠳᠠᠵᠤ ᠂  ᠥᠴᠥᠬᠡᠨ ᠴᠤ᠌ ᠣᠮᠲᠣᠭ᠋ᠠᠢ᠌ᠯᠠᠵᠤ ᠪᠣᠯᠣᠰᠢ ᠦᠭᠡᠢ 《  ᠤᠯᠤᠰ᠎ᠤᠨ ᠶᠡᠬᠡ ᠶᠠᠪᠤᠳᠠᠯ 》 ᠮᠥᠨ ᠃  ᠵᠠᠩᠭᠢᠯᠠᠭ᠎ᠠ ᠵᠢᠨ ᠮᠡᠷᠭᠡᠵᠢᠯ ᠂  ᠭᠣᠣᠯᠯᠠᠬᠤ ᠦᠢ᠍ᠯᠡᠳᠬᠦᠨ᠎ᠤ ᠲᠡᠰ ᠲᠡᠪᠰᠢᠯᠳᠡ ᠪᠣᠯᠣᠨ ᠰᠢᠨ᠎ᠡ ᠮᠡᠷᠭᠡᠵᠢᠯ᠎ᠤᠨ ᠣᠶᠤᠨᠴᠢ ᠬᠦᠴᠦᠨ ᠴᠢᠳᠠᠯ ᠣᠯᠭᠣᠬᠤ ᠵᠢ ᠲᠦᠷᠭᠡᠨ ᠠᠬᠢᠭᠤᠯᠵᠤ ᠂  ᠤᠯᠤᠰ᠎ᠤᠨ ᠡᠨᠧᠷᠭᠢ ᠵᠢᠨ ᠠᠮᠤᠷ ᠲᠦᠪᠰᠢᠨ ᠪᠣᠯᠣᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠠᠵᠤ ᠠᠬᠤᠢ᠌ᠯᠠᠯ᠎ᠠᠴᠠ ᠮᠣᠷᠳᠠᠬᠤ ᠦᠶ᠎ᠡ᠎ᠳᠤ ᠰᠢ ᠵᠢᠨ ᠫᠢᠩ ᠵᠠᠯᠠᠭᠤ ᠰᠤᠳᠤᠯᠤᠨ ᠨᠡᠭᠡᠭᠡᠬᠦ ᠠᠵᠢᠯᠲᠠᠳ᠎ᠢ ᠵᠣᠷᠢᠭᠵᠢᠭᠤᠯᠵᠤ ᠂  ᠣᠯᠠᠨ ᠵᠶ᠋ᠠᠷ ᠵᠶ᠋ᠠᠨ ᠴᠣᠭ ᠵᠢᠪᠬᠤᠭ᠎ᠠ ᠪᠠᠳᠠᠷᠠᠩᠭᠤᠢ ᠪᠠᠢ᠌ᠵᠤ ᠂  ᠠᠯᠤᠰ ᠭᠡᠲᠦ ᠵᠢᠨ ᠵᠣᠷᠢᠯᠲᠠ᠎ᠲᠠᠢ ᠂  ᠯᠠᠪᠳᠠᠭᠤᠨ ᠪᠠᠲᠤᠲᠠᠢ᠎ᠪᠠᠷ ᠂  ᠠᠯᠬᠤᠮ ᠠᠯᠬᠤᠮ ᠵᠶ᠋ᠠᠷ ᠤᠷᠤᠭᠰᠢᠯᠠᠵᠤ ᠂   ᠰᠢᠷᠭ᠋ᠠᠭᠤ ᠬᠠᠲᠠᠭᠤᠵᠢᠯᠲᠠᠢ ᠲᠡᠮᠡᠴᠡᠬᠦ ᠬᠠᠳᠠᠨ ᠵᠣᠷᠢᠭ ᠵᠢᠡᠷ ᠂ 《  ᠨᠢᠭᠡ ᠨᠠᠰᠤ᠎ᠪᠠᠷ ᠵᠶ᠋ᠠᠨ ᠨᠢᠭᠡ ᠶᠠᠪᠤᠳᠠᠯ᠎ᠢ ᠪᠦᠲᠦᠭᠡᠬᠦ 》 ᠪᠠᠷᠢᠮᠲᠠᠯᠠᠯ ᠵᠶ᠋ᠠᠷ ᠂  ᠳᠡᠭᠡᠳᠦ ᠨᠠᠷᠢᠯᠢᠭ ᠣᠷᠣᠢ᠌ᠯᠠᠭᠰᠠᠨ ᠮᠡᠷᠭᠡᠵᠢᠯ᠎ᠤᠨ ᠰᠢᠪᠲᠤᠯᠤᠯᠲᠠ ᠬᠢᠵᠦ ᠂  ᠦᠨ᠎ᠡ ᠥᠷᠲᠡᠭ᠎ᠲᠠᠢ ᠠᠮᠢᠳᠤᠷᠠᠬᠤᠢ ᠵᠢ ᠴᠣᠭᠴᠠᠯᠠᠬᠤ ᠬᠡᠷᠡᠭᠲᠡᠢ ᠭᠡᠪᠡ ᠃

      7᠎ᠤ ᠦᠳᠡ ᠵᠢᠨ ᠡᠮᠦᠨ᠎ᠡ ᠰᠢ ᠵᠢᠨ ᠫᠢᠩ ᠵᠢᠶᠠᠩᠰᠤ ᠮᠤᠵᠢ ᠵᠢᠨ ᠨᠠᠮ᠎ᠤᠨ ᠬᠣᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠂  ᠵᠢᠶᠠᠩᠰᠤ ᠵᠢᠨ ᠡᠯ᠎ᠡ ᠵᠦᠢ᠍ᠯ᠎ᠤᠨ ᠠᠵᠢᠯ᠎ᠤᠨ ᠣᠯᠣᠭᠰᠠᠨ ᠠᠮᠵᠢᠯᠲᠠ ᠵᠢ ᠨᠤᠲᠠᠯᠠᠵᠤ ᠂  ᠵᠢᠶᠠᠩᠰᠤ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭ᠋ᠠᠵᠤ ᠂  ᠬᠡᠯᠬᠢᠶ᠎ᠡ ᠵᠢ ᠴᠢᠩᠭ᠋ᠠᠳᠬᠠᠨ ᠬᠡᠯᠬᠢᠶ᠎ᠡ ᠵᠢ ᠨᠥᠬᠥᠪᠦᠷᠢᠯᠡᠵᠦ ᠬᠡᠯᠬᠢᠶ᠎ᠡ ᠵᠢ ᠤᠷᠲᠤᠳᠬᠠᠬᠤ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ ᠂  ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠢ᠌ᠭᠤᠯᠬᠤ ᠲᠠᠯ᠎ᠠ᠎ᠪᠠᠷ ᠰᠢᠨ᠎ᠡ ᠲᠤᠷᠰᠢᠯᠭ᠎ᠠ ᠵᠢ ᠰᠦᠪᠡᠭᠴᠢᠯᠡᠵᠦ ᠂  ᠨᠡᠢ᠌ᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠬᠤ ᠲᠠᠯ᠎ᠠ᠎ᠪᠠᠷ ᠰᠢᠨ᠎ᠡ ᠳᠡᠭᠡᠭᠰᠢᠯᠡᠯᠲᠡ᠎ᠲᠠᠢ ᠪᠤᠯᠬᠤ ᠵᠢ ᠬᠦᠰᠡᠪᠡ ᠃       ᠰᠢ ᠵᠢᠨ ᠫᠢᠩ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠩᠭᠢᠯᠠᠭ᠎ᠠ᠎ᠨᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠳᠣᠬᠢᠴᠢᠯᠠᠯᠲᠠ᠎ᠳᠤ ᠪᠤᠢ ᠃  ᠵᠢᠶᠠᠩᠰᠤ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠲᠦᠷᠦᠭᠦᠯᠡᠨ ᠰᠢᠨ᠎ᠡ ᠰᠢᠪᠲᠤᠯᠤᠯᠲᠠ ᠭᠠᠷᠭ᠋ᠠᠵᠤ ᠂  ᠪᠦᠭᠦ ᠤᠯᠤᠰ᠎ᠤᠨ ᠴᠢᠬᠤᠯᠠ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠥᠷᠯᠢᠭ᠎ᠢ ᠴᠣᠭᠴᠠᠯᠠᠵᠤ ᠂  ᠴᠢᠨᠠᠷ ᠰᠠᠢ᠌ᠲᠠᠢ ᠬᠥᠭᠵᠢᠯᠲᠡ ᠵᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠰᠠᠨ ᠠᠭᠤᠯᠤᠭᠳᠠᠬᠤᠨ᠎ᠤ ᠭᠡᠯᠪᠡᠷᠢ ᠵᠢᠨ ᠨᠡᠮᠡᠭᠳᠡᠯ᠎ᠳᠤ ᠨᠡᠩ ᠢᠯᠡᠭᠦᠦ ᠲᠦᠰᠢᠭᠯᠡᠬᠦ ᠪᠤᠯᠭ᠋ᠠᠬᠤ ᠬᠡᠷᠡᠭᠲᠡᠢ ᠃  ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠵᠤ ᠂  ᠰᠢᠨ᠎ᠡ ᠵᠢ ᠡᠭᠦᠳᠬᠦ ᠴᠢᠬᠤᠯᠠ ᠡᠯᠧᠮᠧᠨ᠋ᠲ᠎ᠢ ᠠᠵᠤ ᠠᠬᠤᠢ᠌ᠯᠠᠯ ᠲᠡᠢ᠌ᠰᠢ ᠲᠥᠪᠯᠡᠷᠡᠭᠦᠯᠬᠦ ᠵᠢ ᠠᠬᠢᠭᠤᠯᠵᠤ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠠᠵᠤ ᠦᠢ᠍ᠯᠡᠰᠵᠢᠭᠦᠯᠬᠦ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠃  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠪᠣᠯᠣᠨ ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂  ᠪᠦᠭᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠰᠠᠭᠤᠷᠢ ᠳᠦᠷᠢᠮ᠎ᠢ ᠪᠦᠷᠢᠯᠳᠦᠭᠦᠯᠵᠦ ᠂  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠣᠷᠣᠭᠤᠯᠤᠯᠲᠠ ᠵᠢ ᠤᠯᠠᠨ ᠡᠰᠢᠵᠢᠭᠦᠯᠦᠨ ᠨᠡᠮᠡᠭᠳᠡᠭᠦᠯᠵᠦ ᠂  ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠤᠯᠢᠵᠢᠯ᠎ᠤᠨ ᠪᠠᠲᠤᠯᠠᠭ᠎ᠠ ᠵᠢ ᠴᠢᠩᠭ᠋ᠠᠳᠬᠠᠵᠤ ᠂  ᠡᠯ᠎ᠡ ᠲᠦᠷᠦᠯ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ ᠂  ᠪᠣᠳᠠᠲᠤ ᠴᠣᠭᠴᠠ ᠵᠢᠨ ᠠᠵᠤ ᠠᠬᠤᠢ ᠵᠢ ᠪᠠᠲᠤ ᠰᠠᠬᠢᠬᠤ ᠂  ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠢ ᠪᠠᠢ᠌ᠭᠤᠯᠬᠤ ᠵᠢ ᠮᠤᠵᠢ᠎ᠪᠠᠨ ᠬᠦᠴᠦᠷᠬᠡᠭᠵᠢᠭᠦᠯᠬᠦ ᠵᠢᠨ ᠴᠢᠬᠤᠯᠠ ᠵᠦᠢ᠍ᠯ ᠪᠤᠯᠭ᠋ᠠᠵᠤ ᠂  ᠤᠯᠠᠮᠵᠢᠯᠠᠯᠲᠤ ᠠᠵᠤ ᠦᠢ᠍ᠯᠡᠰ᠎ᠤᠨ ᠲᠡᠷᠢᠭᠦᠯᠡᠬᠦ ᠪᠠᠢ᠌ᠷᠢ ᠰᠠᠭᠤᠷᠢ ᠵᠢ ᠪᠡᠬᠢᠵᠢᠭᠦᠯᠵᠦ ᠂  ᠤᠯᠠᠨ ᠤᠯᠤᠰ᠎ᠤᠨ ᠥᠷᠢᠰᠦᠯᠳᠦᠬᠦ ᠬᠦᠴᠦᠨ ᠪᠦᠬᠦᠢ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠪᠦᠯᠦᠭᠵᠢᠯ᠎ᠢ ᠲᠦᠷᠭᠡᠳᠬᠡᠨ ᠪᠠᠢ᠌ᠭᠤᠯᠵᠤ ᠂  ᠲᠣᠭ᠋ᠠᠴᠢᠯᠠᠭᠰᠠᠨ ᠠᠵᠤ ᠠᠬᠤᠢ ᠪᠣᠯᠣᠨ ᠲᠡᠷᠢᠭᠦᠨ᠎ᠤ ᠦᠢ᠍ᠯᠡᠳᠬᠦ ᠦᠢ᠍ᠯᠡᠰ ᠂  ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ ᠂  ᠠᠵᠤ ᠦᠢ᠍ᠯᠡᠰ᠎ᠤᠨ ᠰᠠᠭᠤᠷᠢ ᠵᠢᠨ ᠳᠡᠭᠡᠳᠦ ᠲᠡᠰᠵᠢᠯᠳᠠ ᠪᠣᠯᠣᠨ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠯᠲᠠ ᠵᠢᠨ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠵᠦ ᠂  ᠲᠡᠷᠢᠭᠦᠨ᠎ᠤ ᠦᠢ᠍ᠯᠡᠳᠬᠦ ᠦᠢ᠍ᠯᠡᠰ ᠵᠶ᠋ᠡᠷ ᠭᠣᠣᠯᠯᠠᠭᠴᠢ ᠪᠤᠯᠭ᠋ᠠᠬᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠢ ᠲᠦᠷᠭᠡᠳᠬᠡᠨ ᠪᠠᠢ᠌ᠭᠤᠯᠬᠤ ᠬᠡᠷᠡᠭᠲᠡᠢ ᠃  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠰᠢᠯᠤᠭᠤᠳᠬᠠᠵᠤ ᠂  ᠲᠦᠭᠵᠢᠷᠡᠯ᠎ᠢ ᠢᠳᠡᠪᠬᠢᠲᠡᠢ ᠨᠠᠪᠲᠠᠷᠡᠭᠦᠯᠵᠦ ᠂  ᠬᠦᠴᠢᠷᠳᠡᠯ᠎ᠢ ᠵᠣᠯᠭ᠋ᠠᠭᠤᠯᠵᠤ ᠂  ᠭᠠᠳᠠᠭ᠋ᠠᠳᠤ ᠪᠡᠯᠡ ᠵᠢ ᠲᠠᠲᠠᠬᠤ ᠂  ᠨᠡᠭᠡᠭᠡᠯᠲᠡ ᠵᠢ ᠥᠷᠭᠡᠳᠬᠡᠬᠦ ᠰᠢᠨ᠎ᠡ ᠠᠷᠭ᠎ᠠ ᠭᠡᠯᠪᠡᠷᠢ ᠰᠢᠨ᠎ᠡ ᠠᠷᠭ᠎ᠠ ᠬᠡᠮᠵᠢᠶ᠎ᠡ ᠵᠢ ᠲᠠᠰᠤᠷᠠᠯᠲᠠ ᠦᠭᠡᠢ ᠰᠢᠨᠡᠴᠢᠯᠡᠵᠦ ᠂  ᠳᠡᠯᠡᠬᠡᠢ ᠳ᠋ᠠᠬᠢᠨ ᠬᠦᠴᠦ᠎ᠪᠠᠨ ᠬᠠᠮᠲᠤᠳᠬᠠᠭᠰᠠᠨ ᠬᠣᠣᠰ ᠴᠢᠭᠯᠡᠯᠲᠦ ᠨᠡᠭᠡᠭᠡᠯᠲᠡ ᠵᠢᠨ ᠬᠦᠢ᠍ᠰᠦ ᠵᠢ ᠪᠠᠢ᠌ᠭᠤᠯᠵᠤ ᠂  ᠭᠠᠳᠠᠭ᠋ᠠᠳᠤ ᠠᠷᠠᠯᠵᠢᠶᠠᠨ᠎ᠤ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ ᠂  ᠣᠯᠠᠨ ᠤᠯᠤᠰ᠎ᠤᠨ ᠵᠠᠬ᠎ᠠ ᠳᠡᠯᠭᠡᠭᠦᠷ᠎ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ ᠃

       ᠰᠢ ᠵᠢᠨ ᠫᠢᠩ ᠂  ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠢ᠌ᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ ᠂  ᠨᠡᠢ᠌ᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠴᠢᠬᠤᠯᠠ ᠠᠭᠤᠯᠭ᠎ᠠ ᠮᠥᠨ ᠃  ᠵᠢᠶᠠᠩᠰᠤ ᠰᠢᠯᠢᠳᠡᠭ ᠤᠯᠠᠮᠵᠢᠯᠠᠯᠲᠤ ᠰᠣᠶᠣᠯ᠎ᠢ ᠬᠠᠮᠠᠭ᠋ᠠᠯᠠᠨ ᠤᠯᠠᠮᠵᠢᠯᠠᠬᠤ ᠪᠠ ᠰᠢᠨ᠎ᠡ ᠵᠢ ᠡᠭᠦᠳᠦᠨ ᠬᠥᠭᠵᠢᠭᠦᠯᠬᠦ ᠵᠢ ᠴᠢᠩᠭ᠋ᠠᠳᠬᠠᠵᠤ ᠂  ᠬᠥᠬᠡᠮᠥ᠋ᠷᠡᠨ ᠪᠠ ᠶᠡᠬᠡ ᠲᠠᠲᠠᠮᠠᠯ ᠭᠣᠣᠯ ᠬᠣᠶᠠᠷ ᠶᠡᠬᠡ ᠤᠯᠤᠰ᠎ᠤᠨ ᠰᠣᠶᠣᠯ᠎ᠤᠨ ᠴᠡᠴᠡᠷᠯᠢᠭ᠎ᠢ ᠪᠦᠲᠦᠭᠡᠨ ᠪᠠᠢ᠌ᠭᠤᠯᠬᠤ᠎ᠳᠤ ᠢᠳᠡᠪᠬᠢᠲᠡᠢ ᠣᠷᠤᠯᠴᠠᠬᠤ ᠬᠡᠷᠡᠭᠲᠡᠢ ᠃  ᠤᠳᠤ ᠦᠶ᠎ᠡ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠂  ᠰᠤᠷᠭ᠋ᠠᠨ ᠬᠥᠮᠦᠵᠢᠯ᠎ᠤᠨ ᠦᠢ᠍ᠯᠡᠰ᠎ᠢ ᠶᠡᠬᠡ᠎ᠪᠠᠷ ᠬᠥᠭᠵᠢᠭᠦᠯᠵᠦ ᠂  ᠠᠷᠠᠳ ᠤᠯᠠᠨ᠎ᠤ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠴᠢᠨᠠᠷ᠎ᠢ ᠪᠦᠭᠦ ᠲᠠᠯ᠎ᠠ᠎ᠪᠠᠷ ᠳᠡᠭᠡᠭᠰᠢᠯᠡᠭᠦᠯᠭᠦ ᠬᠡᠷᠡᠭᠲᠡᠢ ᠃  ᠰᠣᠶᠣᠯ᠎ᠤᠨ ᠦᠢ᠍ᠯᠡᠰ ᠪᠠ ᠰᠣᠶᠣᠯ᠎ᠤᠨ ᠠᠵᠤ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠵᠦ ᠂  ᠬᠤᠳᠠ ᠬᠥᠳᠡᠭᠡ ᠵᠢᠨ ᠤᠯᠠᠨ ᠨᠡᠢ᠌ᠲᠡ ᠵᠢᠨ ᠰᠣᠶᠣᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠂  ᠲᠡᠩᠴᠡᠭᠦᠷᠢᠰᠢᠭᠦᠯᠬᠦ ᠵᠢ ᠦᠷᠭᠦᠯᠵᠢᠯᠡᠨ ᠲᠦᠯᠬᠢᠨ ᠠᠬᠢᠭᠤᠯᠵᠤ ᠂  ᠬᠤᠳᠠ ᠬᠥᠳᠡᠭᠡ ᠵᠢᠨ ᠤᠶᠤᠨ᠎ᠤ ᠪᠣᠯᠪᠠᠰᠤᠨ᠎ᠢ ᠡᠭᠦᠳᠦᠨ ᠪᠠᠢ᠌ᠭᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ ᠂  ᠠᠷᠠᠳ ᠢᠷᠭᠡᠳ᠎ᠤᠨ ᠶᠣᠰᠣ ᠮᠣᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠂  ᠨᠣᠮ ᠪᠢᠴᠢᠭᠲᠦ ᠨᠡᠢ᠌ᠭᠡᠮ᠎ᠤᠨ ᠪᠠᠢ᠌ᠭᠤᠯᠤᠯᠲᠠ ᠵᠢ ᠲᠦᠯᠬᠢᠨ ᠠᠬᠢᠭᠤᠯᠵᠤ ᠂  ᠨᠡᠢ᠌ᠭᠡᠮ᠎ᠤᠨ ᠤᠳᠤ ᠦᠶ᠎ᠡ ᠵᠢᠨ ᠪᠣᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ ᠂  ᠵᠢᠶᠠᠩᠰᠤ ᠡᠷᠬᠡᠪᠰᠢ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠂  ᠨᠡᠢ᠌ᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠬᠤ ᠲᠠᠯ᠎ᠠ᠎ᠪᠠᠷ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ ᠃  ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠦᠷᠭᠡᠳᠬᠡᠨ ᠲᠡᠭᠦᠯᠳᠡᠷᠵᠢᠭᠦᠯᠵᠦ ᠂  ᠠᠵᠢᠯ ᠣᠯᠭᠣᠯᠲᠠ ᠵᠢ ᠠᠬᠢᠭᠤᠯᠬᠤ ᠲᠣᠭᠲᠠᠴᠠ ᠪᠠ ᠠᠵᠢᠯ ᠣᠯᠭᠣᠯᠲᠠ ᠵᠢᠨ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠦᠨ ᠂  ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ ᠠᠵᠢᠯ᠎ᠢ ᠰᠠᠢ᠌ᠲᠤᠷ ᠬᠢᠬᠦ ᠬᠡᠷᠡᠭᠲᠡᠢ ᠃  ᠰᠢᠨ᠎ᠡ ᠴᠠᠭ ᠦᠶ᠎ᠡ ᠵᠢᠨ 《  ᠹᠧᠩ ᠴᠢᠶᠣᠤ ᠵᠢᠨ ᠲᠤᠷᠰᠢᠯᠭ᠎ᠠ 》 ᠂ 《  ᠫᠦᠵᠢᠶᠠᠩ᠎ᠤᠨ ᠲᠤᠷᠰᠢᠯᠭ᠎ᠠ 》 ᠵᠢ ᠪᠠᠷᠢᠮᠲᠠᠯᠠᠨ ᠬᠥᠭᠵᠢᠭᠦᠯᠵᠦ ᠂  ᠨᠡᠢ᠌ᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ ᠂  ᠬᠤᠳᠠ ᠬᠥᠳᠡᠭᠡ ᠵᠢᠨ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠣᠯᠣᠨ ᠬᠥᠳᠡᠭᠡ ᠲᠣᠰᠬᠣᠨ᠎ᠤ ᠵᠠᠰᠠᠯᠲᠠ ᠵᠢ ᠬᠠᠮᠵᠢᠯᠴᠠᠭᠤᠯᠤᠨ ᠠᠬᠢᠭᠤᠯᠬᠤ ᠲᠣᠭᠲᠠᠴᠠ ᠵᠢ ᠪᠦᠷᠢᠨᠰᠢᠭᠦᠯᠵᠦ ᠂  ᠨᠡᠢ᠌ᠭᠡᠮ᠎ᠤᠨ ᠵᠠᠰᠠᠯᠲᠠ ᠵᠢᠨ ᠲᠣᠭ᠋ᠠᠴᠢᠯᠠᠯᠲᠠ ᠵᠢ ᠠᠬᠢᠭᠤᠯᠬᠤ ᠬᠡᠷᠡᠭᠲᠡᠢ ᠃  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠢᠰᠲ᠋ᠧᠮ ᠪᠣᠯᠣᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ ᠂  ᠠᠶᠤᠯᠭᠦᠢ ᠦᠢ᠍ᠯᠡᠳᠪᠦᠷᠢᠯᠡᠯ᠎ᠤᠨ ᠲᠤᠰᠬᠠᠢ ᠴᠡᠭᠴᠡᠯᠡᠨ ᠵᠠᠰᠠᠯᠲᠠ ᠵᠢ ᠭᠦᠨᠵᠡᠭᠡᠢ ᠥᠷᠨᠢᠭᠦᠯᠵᠦ ᠂  ᠬᠦᠨᠳᠦ ᠣᠨᠴᠠ ᠶᠡᠬᠡ ᠠᠮᠤᠷ ᠲᠦᠪᠰᠢᠨ᠎ᠤ ᠡᠨᠳᠡᠯ ᠭᠠᠷᠬᠤ ᠵᠢ ᠡᠷᠡᠰ ᠰᠡᠷᠭᠡᠢ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

       ᠰᠢ ᠵᠢᠨ ᠫᠢᠩ ᠂  ᠪᠦᠭᠦ ᠤᠯᠤᠰ ᠤᠳᠠᠯ ᠦᠭᠡᠢ 《  ᠲᠤᠯᠤᠭ᠋ᠠᠨ ᠰᠠᠷ᠎ᠠ ᠵᠢᠨ ᠰᠡᠭᠦᠯᠴᠢ ᠨᠠᠢ᠍ᠮᠠᠨ ᠰᠠᠷ᠎ᠠ ᠵᠢᠨ ᠡᠬᠢᠨ 》᠎ᠤ ᠦᠶᠡᠷ᠎ᠢ ᠰᠡᠷᠭᠡᠢ᠌ᠯᠡᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠵᠤ ᠂  ᠭᠣᠣᠯ ᠮᠥᠷᠡᠨ ᠨᠠᠭᠤᠷ ᠴᠥᠭᠦᠷᠥᠮ ᠭᠣᠣᠯ ᠦᠶᠡᠷ᠎ᠤᠨ ᠬᠤᠭᠤᠴᠠᠭ᠋ᠠᠨ᠎ᠤ ᠦᠶᠡᠷ ᠤᠰᠤᠲᠤᠯ᠎ᠤᠨ ᠭᠠᠮᠰᠢᠭ᠎ᠤᠨ ᠬᠦᠨᠳᠦ ᠨᠣᠴᠢᠲᠠᠢ ᠰᠦᠷᠳᠡᠭᠦᠯᠦᠯ᠎ᠳᠤ ᠲᠤᠯᠭ᠋ᠠᠷᠠᠬᠤ ᠪᠣᠯᠣᠨ᠎ᠠ ᠃  ᠡᠭᠦᠨ᠎ᠤ ᠬᠠᠮᠲᠤ ᠂  ᠵᠠᠷᠢᠮ ᠭᠠᠵᠠᠷ ᠣᠷᠣᠨ ᠬᠦᠨᠳᠦ ᠨᠣᠴᠢᠲᠠᠢ ᠭᠠᠩᠳᠠᠵᠤ ᠂  ᠣᠶ ᠰᠢᠭᠤᠢ ᠵᠢᠨ ᠭᠠᠯ᠎ᠤᠨ ᠠᠶᠤᠯ᠎ᠤᠨ ᠲᠦᠭᠰᠢᠭᠦᠷᠢ ᠨᠡᠮᠡᠭᠳᠡᠵᠦ ᠪᠠᠢ᠌ᠨ᠎ᠠ ᠃  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠶᠡᠬᠡ ᠦᠶᠡᠷ᠎ᠢ ᠰᠡᠷᠭᠡᠢ᠌ᠯᠡᠬᠦ ᠂  ᠶᠡᠬᠡ ᠭᠠᠩ ᠬᠠᠭᠰᠠᠷᠠᠭ᠋ᠠᠨ᠎ᠲᠠᠢ ᠲᠡᠮᠡᠴᠡᠬᠦ ᠂  ᠶᠡᠬᠡ ᠭᠠᠮᠰᠢᠭ᠎ᠠᠴᠠ ᠠᠪᠤᠷᠠᠬᠤ᠎ᠳᠤ ᠰᠠᠭᠤᠷᠢᠯᠠᠵᠤ ᠂  ᠠᠷᠠᠳ ᠲᠦᠮᠡᠨ᠎ᠢ ᠳᠡᠭᠡᠳᠦᠯᠡᠬᠦ ᠂  ᠠᠮᠢ ᠨᠠᠰᠤ ᠵᠢ ᠳᠡᠭᠡᠳᠦᠯᠡᠬᠦ ᠂  ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ ᠂  ᠠᠵᠢᠯ᠎ᠤᠨ ᠬᠠᠷᠢᠭᠤᠴᠠᠯᠭ᠎ᠠ᠎ᠪᠠᠨ ᠰᠠᠬᠢᠬᠤ ᠂  ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠷᠢᠮᠲᠠᠯᠠᠵᠤ ᠂  ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠦᠨᠡᠨ ᠬᠦ᠌ ᠲᠡᠷᠢᠭᠦᠨ ᠪᠠᠢ᠌ᠷᠢᠨ᠎ᠳᠤ ᠲᠠᠯᠪᠢᠵᠤ ᠂  ᠭᠠᠮᠰᠢᠭ᠎ᠤᠨ ᠭᠡᠮ ᠰᠣᠭᠣᠭ᠎ᠢ ᠲᠣᠭᠣᠷᠢᠨ ᠪᠠᠢ᠌ᠴᠠᠭ᠋ᠠᠵᠤ ᠠᠶᠤᠯ᠎ᠢ ᠠᠷᠢᠯᠭ᠋ᠠᠬᠤ ᠵᠢ ᠴᠢᠩᠭ᠋ᠠᠳᠬᠠᠵᠤ ᠂  ᠡᠯ᠎ᠡ ᠵᠦᠢ᠍ᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ᠎ᠢ ᠤᠷᠢᠳᠴᠢᠯᠠᠨ ᠰᠠᠢ᠌ᠲᠤᠷ ᠬᠢᠵᠦ ᠂  ᠡᠯ᠎ᠡ ᠵᠦᠢ᠍ᠯ᠎ᠤᠨ ᠬᠣᠬᠢᠷᠠᠯ᠎ᠢ ᠬᠠᠮᠤᠭ᠎ᠤᠨ ᠳᠣᠣᠷ᠎ᠠ ᠬᠡᠮᠵᠢᠶᠡᠨ᠎ᠳᠤ ᠭᠦᠷᠲᠡᠯ᠎ᠡ ᠪᠠᠭᠤᠷᠠᠭᠤᠯᠬᠤ᠎ᠪᠠᠷ ᠴᠢᠷᠮᠠᠢ᠌ᠬᠤ ᠬᠡᠷᠡᠭᠲᠡᠢ ᠃  ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ ᠴᠢᠬᠤᠯᠠ ᠰᠠᠭᠤᠷᠢ ᠲᠥᠬᠦᠭᠡᠷᠦᠮᠵᠢ ᠵᠢᠨ ᠠᠮᠤᠷ ᠲᠦᠪᠰᠢᠨ᠎ᠤ ᠰᠡᠷᠭᠡᠢ᠌ᠯᠡᠯᠲᠡ ᠬᠠᠮᠠᠭ᠋ᠠᠯᠠᠯᠲᠠ᠎ᠪᠠᠨ ᠴᠢᠩᠭ᠋ᠠᠳᠬᠠᠵᠤ ᠂  ᠡᠨᠧᠷᠭᠢ ᠪᠠ ᠴᠠᠭᠢᠯᠭ᠋ᠠᠨ ᠬᠦᠴᠦᠨ᠎ᠤ ᠰᠠᠯᠠᠭ᠎ᠠ ᠮᠥᠴᠢᠷ ᠢᠯᠠᠩᠭᠤᠶ᠎ᠠ ᠲᠥᠪ᠎ᠤᠨ ᠠᠵᠤ ᠠᠬᠤᠢ᠌ᠯᠠᠯ ᠡᠨᠧᠷᠭᠢ ᠴᠠᠭᠢᠯᠭ᠋ᠠᠨ ᠬᠦᠴᠦᠨ᠎ᠤ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ ᠂  ᠠᠵᠤ ᠠᠬᠤᠢ ᠨᠡᠢ᠌ᠭᠡᠮ᠎ᠤᠨ ᠠᠵᠢᠯᠯᠠᠭ᠋ᠠᠨ ᠶᠡᠬᠡ᠎ᠪᠠᠷ ᠨᠥᠯᠥᠭᠡᠯᠡᠭᠳᠡᠬᠦ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ ᠂  ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ ᠂  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ᠎ᠬᠢᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠵᠢ ᠪᠦᠭᠦ ᠲᠠᠯ᠎ᠠ᠎ᠪᠠᠷ ᠭᠦᠨᠵᠡᠭᠡᠢ ᠠᠳᠬᠤᠨ ᠪᠣᠳᠠᠲᠠᠢ ᠠᠳᠬᠤᠵᠤ ᠂  ᠨᠡᠯᠢᠶᠡᠳ ᠰᠠᠢ᠌ᠨ ᠦᠷ᠎ᠡ ᠪᠦᠲᠦᠮᠵᠢ ᠣᠯᠪᠠ ᠃  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠭᠡᠰᠢᠭᠦᠨ ᠂  ᠺᠠᠳ᠋ᠷ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ 《  ᠦᠢ᠍ᠯᠡᠳᠦᠯᠭᠡ ᠵᠢ ᠴᠢᠬᠤᠯᠠᠴᠢᠯᠠᠬᠤ 》 ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ ᠂  ᠰᠤᠷᠤᠯᠴᠠᠬᠤ ᠰᠡᠳᠬᠢᠬᠦ ᠬᠡᠷᠡᠭᠯᠡᠬᠦ ᠵᠢ ᠤᠶᠠᠯᠳᠤᠭᠤᠯᠬᠤ ᠂  ᠮᠡᠳᠡᠬᠦ ᠢᠲᠡᠭᠡᠬᠦ ᠬᠢᠬᠦ ᠵᠢ ᠨᠢᠭᠡᠳᠬᠡᠬᠦ ᠵᠢ ᠪᠠᠷᠢᠮᠲᠠᠯᠠᠵᠤ ᠂  ᠠᠵᠢᠯᠯᠠᠬᠤ ᠤᠳᠤᠷᠢᠳᠤᠮᠵᠢ ᠵᠢ ᠵᠠᠰᠠᠨ ᠵᠠᠯᠠᠷᠠᠭᠤᠯᠵᠤ ᠂  ᠠᠵᠢᠯᠯᠠᠬᠤ ᠬᠥᠳᠡᠯᠭᠡᠬᠦ ᠬᠦᠴᠦᠨ᠎ᠢ ᠴᠢᠩᠭ᠋ᠠᠳᠬᠠᠵᠤ ᠂  ᠠᠵᠢᠯᠯᠠᠬᠤ ᠬᠠᠮᠲᠤᠷᠠᠯ ᠬᠦᠴᠦᠨ᠎ᠢ ᠪᠦᠷᠢᠯᠳᠦᠭᠦᠯᠵᠦ ᠂  ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠲᠠᠯ᠎ᠠ᠎ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠃  ᠨᠢᠭᠡ᠎ᠳᠤ ᠂  ᠠᠷᠠᠳ ᠲᠦᠮᠡᠨ᠎ᠳᠤ ᠪᠤᠶᠠᠨ ᠦᠢ᠍ᠯᠡᠳᠬᠦ ᠠᠵᠢᠯ᠎ᠤᠨ ᠠᠮᠵᠢᠯᠲᠠ ᠵᠢᠨ ᠦᠵᠡᠯᠲᠡ ᠵᠢ ᠪᠠᠲᠤ ᠪᠤᠢ ᠪᠤᠯᠭ᠋ᠠᠵᠤ ᠂  ᠠᠷᠠᠳ ᠲᠦᠮᠡᠨ ᠵᠶ᠋ᠡᠷ ᠭᠣᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ ᠂  ᠴᠢᠨᠠᠷ ᠰᠠᠢ᠌ᠲᠠᠢ ᠬᠥᠭᠵᠢᠯᠲᠡ ᠵᠢ ᠪᠠᠷᠢᠮᠲᠠᠯᠠᠵᠤ ᠂  ᠶᠡᠬᠡ᠎ᠳᠤ ᠳᠤᠷᠠᠯᠠᠵᠤ ᠬᠠᠷᠢ ᠵᠢᠨ᠎ᠬᠢ ᠵᠢ ᠬᠥᠭᠡᠭᠡᠴᠡᠯᠳᠦᠬᠦ ᠦᠭᠡᠢ ᠂  ᠰᠣᠬᠣᠷ ᠪᠠᠯᠠᠢ᠎ᠪᠠᠷ ᠪᠠᠯᠠᠮᠠᠳᠯᠠᠬᠤ ᠦᠭᠡᠢ ᠂  ᠰᠠᠢ᠌ᠬᠠᠨ ᠦᠭᠡ ᠬᠡᠯᠡᠵᠦ ᠰᠠᠢ᠌ᠰᠢᠶᠠᠯ ᠣᠯᠬᠤ ᠦᠭᠡᠢ ;  ᠪᠣᠳᠠᠲᠠᠢ ᠠᠷᠭ᠎ᠠ ᠬᠡᠮᠵᠢᠶ᠎ᠡ ᠠᠪᠴᠤ ᠪᠣᠳᠠᠲᠤ ᠦᠷ᠎ᠡ ᠪᠦᠲᠦᠮᠵᠢ ᠵᠢ ᠡᠷᠭᠢᠮᠯᠡᠭᠦ ᠵᠢ ᠪᠠᠷᠢᠮᠲᠠᠯᠠᠵᠤ ᠂  ᠥᠩᠭᠡᠨ ᠲᠠᠯ᠎ᠠ ᠵᠢᠨ ᠲᠡᠳᠦᠢ ᠂  ᠵᠠᠪᠰᠢᠨ ᠳᠠᠯᠢᠮᠳᠠᠭᠤᠯᠬᠤ ᠂  ᠲᠣᠭ᠎ᠠ ᠪᠠᠷᠢᠮᠲᠠ ᠵᠢ ᠬᠠᠭᠤᠷᠮᠠᠭᠯᠠᠨ ᠵᠣᠬᠢᠶᠠᠬᠤ ᠥᠭᠡᠶ ;  ᠰᠠᠭᠤᠷᠢ ᠲᠠᠯᠪᠢᠵᠤ ᠠᠯᠤᠰ ᠢᠷᠡᠭᠡᠳᠦᠢ᠎ᠳᠤ ᠠᠰᠢᠭᠲᠠᠢ ᠪᠠᠢ᠌ᠬᠤ ᠵᠢ ᠪᠠᠷᠢᠮᠲᠠᠯᠠᠵᠤ ᠂  ᠠᠪᠤᠨ ᠳᠣᠣᠷ᠎ᠠ᠎ᠪᠠᠨ ᠠᠰᠢᠭ ᠣᠯᠬᠤ ᠵᠢ ᠬᠥᠭᠡᠭᠡᠴᠡᠯᠳᠦᠬᠦ ᠂  ᠤᠰᠤ ᠵᠢ᠎ᠨᠢ ᠰᠢᠷᠭᠢᠭᠡᠵᠦ ᠵᠢᠭ᠋ᠠᠰᠤ ᠪᠠᠷᠢᠬᠤ  ᠂  ᠠᠷᠠᠳ᠎ᠢ ᠵᠦᠳᠡᠭᠡᠵᠦ ᠡᠳ᠋᠎ᠢ ᠰᠦᠢ᠍ᠳᠬᠡᠬᠦ ᠶᠠᠪᠤᠳᠠᠯ᠎ᠢ ᠬᠢᠬᠦ ᠦᠭᠡᠢ ᠪᠠᠢ᠌ᠬᠤ ᠬᠡᠷᠡᠭᠲᠡᠢ ᠃  ᠬᠣᠶᠠᠷ᠎ᠲᠤ ᠂  ᠠᠵᠢᠯ ᠬᠢᠵᠦ ᠦᠢ᠍ᠯᠡᠰ ᠪᠣᠰᠬᠠᠬᠤ ᠴᠤᠭ ᠰᠦᠯᠳᠡ᠎ᠪᠠᠨ ᠪᠠᠳᠠᠷᠠᠭᠤᠯᠵᠤ ᠂  ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠭᠦᠢ᠌ᠯᠡᠨ ᠭᠦᠢ᠍ᠴᠡᠳᠬᠡᠵᠦ ᠂  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ ᠂  ᠬᠦᠴᠢᠷ᠎ᠢ ᠰᠥᠷᠦᠨ ᠤᠷᠤᠭᠰᠢᠯᠠᠵᠤ ᠂  ᠵᠣᠷᠢᠭᠲᠠᠢ ᠲᠡᠮᠡᠴᠡᠵᠦ ᠂  ᠬᠥᠩᠭᠡᠨ᠎ᠢ᠎ᠨᠢ ᠡᠷᠢᠵᠦ ᠬᠦᠨᠳᠦ᠎ᠠᠴᠠ᠎ᠨᠢ ᠠᠶᠤᠬᠤ ᠂  ᠠᠵᠢᠯ ᠬᠢᠬᠦ ᠦᠭᠡᠢ ᠬᠠᠷᠢᠭᠤᠴᠠᠯᠭ᠎ᠠ᠎ᠪᠠᠨ ᠵᠠᠢ᠌ᠯᠠᠭᠤᠯᠬᠤ ᠂  ᠠᠯᠪᠠ ᠬᠠᠰᠢᠵᠤ ᠠᠮᠠ ᠪᠥᠭᠯᠡᠬᠦ ᠂  ᠠᠯᠪᠠ ᠬᠠᠰᠢᠵᠤ ᠥᠩᠭᠡᠷᠡᠭᠡᠬᠦ ᠵᠡᠷᠭᠡ ᠨᠠᠵᠠᠭ᠋ᠠᠢ ᠦᠵᠡᠭᠳᠡᠯ᠎ᠢ ᠴᠢᠩᠭ᠎ᠠ ᠴᠡᠭᠴᠡᠯᠡᠨ ᠵᠠᠰᠠᠵᠤ ᠂  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠬᠤ ᠪᠠ ᠬᠠᠮᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ ᠃  ᠭᠤᠷᠪᠠ᠎ᠳᠤ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠰᠠᠢ᠌ᠨ ᠪᠠᠢ᠌ᠳᠠᠯ᠎ᠢ ᠪᠤᠢ ᠪᠤᠯᠭ᠋ᠠᠵᠤ ᠂  ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠡᠷᠡ ᠬᠡᠪ ᠵᠶ᠋ᠡᠷ᠎ᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠨᠠᠢ᠌ᠳᠠᠪᠤᠷᠢᠵᠢᠭᠤᠯᠤᠯᠲᠠ ᠵᠢ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠳᠬᠤᠵᠤ ᠂  ᠤᠯᠠᠨ᠎ᠤ ᠬᠦᠴᠦᠨ᠎ᠢ ᠲᠥᠪᠯᠡᠷᠡᠭᠦᠯᠦᠨ ᠨᠠᠢ᠌ᠳᠠᠪᠤᠷᠢᠵᠢᠭᠤᠯᠤᠯᠲᠠ ᠵᠢ ᠠᠳᠬᠤᠵᠤ ᠂  ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠨᠠᠢ᠌ᠳᠠᠪᠤᠷᠢᠵᠢᠭᠤᠯᠤᠯᠲᠠ ᠵᠢ ᠠᠳᠬᠤᠵᠤ  ᠂  ᠪᠣᠳᠠᠲᠠᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠢ᠌ᠳᠠᠪᠤᠷᠢᠵᠢᠭᠤᠯᠤᠯᠲᠠ ᠵᠢ ᠠᠳᠬᠤᠵᠤ  ᠂  ᠨᠠᠢ᠌ᠳᠠᠪᠤᠷᠢᠵᠢᠭᠤᠯᠤᠯᠲᠠ ᠵᠢ ᠠᠳᠬᠤᠬᠤ ᠲᠠᠯ᠎ᠠ᠎ᠪᠠᠷ ᠰᠢᠨ᠎ᠡ ᠪᠣᠳᠠᠲᠤ ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ ᠃

       ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ ᠂  ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ ᠃

       ᠯᠢ ᠭᠠᠨ ᠵᠢᠶᠧ ᠂  ᠾᠧ ᠯᠢ ᠹᠧᠩ ᠵᠢᠴᠢ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠵᠤ ᠂  ᠭᠣᠣᠯ ᠰᠡᠳᠦᠪᠲᠦ ᠬᠥᠮᠦᠵᠢᠯ᠎ᠤᠨ ᠲᠥᠪ᠎ᠤᠨ ᠵᠢᠷᠭᠤᠳᠤᠭ᠋ᠠᠷ ᠵᠢᠯᠤᠭᠣᠳᠬᠤ ᠳᠤᠭᠤᠢ᠌ᠯᠠᠩ᠎ᠤᠨ ᠬᠠᠷᠢᠭᠤᠴᠠᠯᠭ᠋ᠠᠲᠠᠨ ᠨᠥᠬᠥᠳ ᠬᠠᠷᠢᠭᠤ ᠮᠡᠳᠡᠭᠦᠯᠦᠯᠲᠡ ᠵᠢᠨ ᠬᠤᠷᠠᠯ᠎ᠳᠤ ᠣᠷᠣᠯᠴᠠᠪᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠦᠭᠦ ᠪᠥᠮᠪᠥᠷᠴᠡᠭ᠎ᠤᠨ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠠᠵᠢᠯᠯᠠᠭ᠎ᠠ ᠵᠢᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠭᠤᠴᠠᠭ᠋ᠠᠨ᠎ᠤ ᠳᠡᠭᠡᠳᠦ ᠲᠡᠰ᠎ᠤᠨ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠰᠢ ᠵᠢᠨ ᠫᠢᠩ ᠰᠤᠯᠤᠮᠤᠨ ᠣᠯᠲᠣᠷᠢᠭ᠎ᠤᠨ ᠶᠡᠷᠦᠩᠬᠡᠢ ᠰᠠᠢ᠌ᠳ ᠰᠦᠸᠸᠵᠢᠶᠠᠸᠠᠯᠸᠢ᠎ᠲᠠᠢ ᠠᠭᠤᠯᠵᠠᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠬᠣᠶᠠᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠰᠢᠨ᠎ᠡ ᠪᠠᠢ᠌ᠭᠤᠯᠤᠮᠵᠢ ᠵᠢ ᠪᠠᠢ᠌ᠭᠤᠯᠵᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠢ ᠠᠯᠬᠤᠮ ᠠᠯᠬᠤᠮ ᠵᠶ᠋ᠠᠷ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠪᠠ
《ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠬᠤᠷᠢᠶᠠᠩᠭᠤᠢ》 ᠭᠡᠬᠦ ᠨᠣᠮ᠎ᠢ ᠬᠡᠪᠯᠡᠨ ᠲᠠᠷᠬᠠᠭ᠋ᠠᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠢ᠌ᠲᠡᠯᠡᠪᠡ ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ
 
            