ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 10᠎ᠤ ᠴᠠᠭᠢᠯᠭ᠋ᠠᠨ ᠮᠡᠳᠡᠭᠡ ᠤᠯᠤᠰ᠎ᠤᠨ ᠲᠡᠷᠢᠭᠦᠯᠡᠭᠴᠢ ᠰᠢ ᠵᠢᠨ ᠫᠢᠩ 10᠎ᠤ ᠦᠳᠡ ᠵᠢᠨ ᠬᠣᠢ᠌ᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢ᠌ᠯᠴᠢᠯᠠᠯᠲᠠ ᠬᠢᠬᠦ᠎ᠪᠠᠷ ᠢᠷᠡᠭᠰᠡᠨ ᠰᠤᠯᠤᠮᠤᠨ ᠣᠯᠲᠣᠷᠢᠭ᠎ᠤᠨ ᠶᠡᠷᠦᠩᠬᠡᠢ ᠰᠠᠢ᠌ᠳ ᠰᠦᠸᠸᠵᠢᠶᠠᠸᠠᠯᠸᠢ᠎ᠲᠠᠢ ᠠᠭᠤᠯᠵᠠᠪᠠ ᠃ ᠬᠣᠶᠠᠷ ᠲᠠᠯ᠎ᠠ᠎ᠪᠠᠷ ᠵᠶ᠋ᠠᠨ ᠂ ᠳᠤᠮᠳᠠᠳᠤ ᠤᠯᠤᠰ ᠪᠣᠯᠣᠨ ᠰᠤᠯᠤᠮᠤᠨ ᠣᠯᠲᠣᠷᠢᠭ ᠰᠢᠨ᠎ᠡ ᠴᠠᠭ ᠦᠶ᠎ᠡ ᠵᠢᠨ ᠬᠠᠷᠢᠯᠴᠠᠨ ᠬᠦᠨᠳᠦᠳᠬᠡᠬᠦ ᠂ ᠬᠠᠮᠲᠤ᠎ᠪᠠᠷ ᠬᠥᠭᠵᠢᠬᠦ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠵᠢᠩᠬᠢᠨᠢ᠎ᠪᠠᠷ ᠪᠠᠢ᠌ᠭᠤᠯᠵᠠᠢ ᠭᠡᠵᠦ ᠨᠡᠢ᠌ᠲᠡᠯᠡᠪᠡ ᠃

7 ᠰᠠᠷ᠎ᠠ ᠵᠢᠨ10᠎ᠤ ᠦᠳᠡ ᠵᠢᠨ ᠬᠣᠢ᠌ᠨ᠎ᠠ ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢ᠌ᠯᠴᠢᠯᠠᠯᠳᠠ ᠬᠢᠬᠦ᠎ᠪᠠᠷ ᠢᠷᠡᠭᠰᠡᠨ ᠰᠤᠯᠤᠮᠤᠨ ᠣᠯᠲᠣᠷᠢᠭ᠎ᠤᠨ ᠶᠡᠷᠦᠩᠬᠡᠢ ᠰᠠᠢ᠌ᠳ ᠰᠦᠸᠸᠵᠢᠶᠠᠸᠠᠯᠸᠢ᠎ᠲᠠᠢ ᠠᠭᠤᠯᠵᠠᠪᠠ ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠵᠠᠩ ᠯᠢᠩ ᠰᠡᠭᠦᠳᠡᠷᠯᠡᠪᠡ
ᠰᠢ ᠵᠢᠨ ᠫᠢᠩ ᠂ ᠳᠤᠮᠳᠠᠳᠤ ᠤᠯᠤᠰ ᠪᠣᠯᠣᠨ ᠰᠤᠯᠤᠮᠤᠨ ᠣᠯᠲᠣᠷᠢᠭ ᠪᠣᠯ ᠬᠠᠷᠢᠯᠴᠠᠨ ᠢᠲᠡᠭᠡᠯᠴᠡᠵᠦ ᠪᠤᠯᠬᠤ ᠰᠠᠢ᠌ᠨ ᠨᠠᠢ᠌ᠵᠠ ᠂ ᠬᠠᠷᠢᠯᠴᠠᠨ ᠲᠦᠰᠢᠭᠯᠡᠯᠴᠡᠵᠦ ᠪᠤᠯᠬᠤ ᠰᠠᠢ᠌ᠨ ᠠᠬ᠎ᠠ ᠳᠡᠭᠦᠦ ᠮᠥᠨ ᠃ ᠭᠠᠳᠠᠭ᠋ᠠᠳᠤ ᠬᠠᠷᠢᠯᠴᠠᠭ᠎ᠠ ᠪᠠᠢ᠌ᠭᠤᠯᠤᠭᠰᠠᠨ᠎ᠠᠴᠠ ᠨᠠᠭ᠋ᠠᠰᠢ ᠬᠣᠶᠠᠷ ᠤᠯᠤᠰ᠎ᠤᠨ ᠨᠥᠭᠦᠷᠰᠡᠭ ᠬᠠᠮᠲᠤᠷᠠᠯᠴᠠᠭ᠎ᠠ ᠲᠦᠷᠭᠡᠨ ᠬᠥᠭᠵᠢᠵᠦ ᠂ ᠳᠤᠮᠳᠠᠳᠤ ᠤᠯᠤᠰ ᠪᠣᠯᠣᠨ ᠨᠣᠮᠣᠬᠠᠨ ᠲᠡᠯᠡᠶ ᠵᠢᠨ ᠠᠷᠠᠯᠲᠤ ᠤᠯᠤᠰ᠎ᠤᠳ᠎ᠤᠨ ᠬᠠᠷᠢᠯᠴᠠᠭ᠎ᠠ ᠵᠢᠨ ᠡᠮᠦᠨ᠎ᠡ ᠡᠩᠨᠡᠭᠡᠨ᠎ᠳᠤ ᠶᠠᠪᠤᠵᠤ ᠂ ᠠᠳᠠᠯᠢ ᠪᠤᠰᠤ ᠶᠡᠬᠡ ᠪᠠᠭ᠎ᠠ ᠤᠯᠤᠰ ᠪᠣᠯᠣᠨ ᠬᠥᠭᠵᠢᠵᠦ ᠪᠠᠢ᠌ᠭ᠎ᠠ ᠤᠯᠤᠰ᠎ᠤᠳ᠎ᠤᠨ ᠪᠦᠯᠬᠦᠮᠳᠡᠨ ᠬᠠᠮᠲᠤᠷᠠᠯᠴᠠᠬᠤ ᠂ ᠭᠠᠷ ᠬᠣᠯᠪᠣᠨ ᠬᠥᠭᠵᠢᠬᠦ ᠬᠡᠪ ᠳᠠᠭᠤᠷᠢᠶᠠᠯ ᠪᠣᠯᠵᠠᠢ ᠃ ᠳᠤᠮᠳᠠᠳᠤ ᠰᠤᠯᠤᠮᠤᠨ ᠬᠠᠷᠢᠯᠴᠠᠭ᠎ᠠ ᠪᠠᠢ᠌ᠭᠤᠯᠤᠭᠰᠠᠨ᠎ᠨᠢ ᠴᠠᠭ ᠦᠶ᠎ᠡ ᠵᠢᠨ ᠤᠷᠤᠰᠬᠠᠯ᠎ᠲᠠᠢ ᠨᠡᠢ᠌ᠴᠡᠵᠦ ᠂ ᠳᠡᠯᠡᠬᠡᠢ ᠵᠢᠨ ᠶᠡᠬᠡ ᠬᠠᠨᠳᠤᠰᠢ᠎ᠲᠠᠢ ᠨᠡᠢ᠌ᠴᠡᠵᠦ ᠂ ᠬᠣᠶᠠᠷ ᠤᠯᠤᠰ᠎ᠤᠨ ᠠᠷᠠᠳ ᠲᠦᠮᠡᠨ᠎ᠤ ᠦᠨᠳᠦᠰᠦᠨ ᠠᠰᠢᠭ ᠲᠤᠰᠠᠲᠠᠢ ᠨᠡᠢ᠌ᠴᠡᠵᠦ ᠂ ᠵᠥᠪ ᠰᠣᠩᠭᠣᠯᠲᠠ ᠪᠤᠯᠬᠤ ᠵᠢ ᠪᠣᠳᠠᠲᠤ ᠶᠠᠪᠤᠳᠠᠯ ᠭᠡᠷᠡᠴᠢᠯᠡᠪᠡ ᠃ ᠳᠤᠮᠳᠠᠳᠤ ᠤᠯᠤᠰ ᠳᠤᠷᠠᠲᠠᠶ᠎ᠠ ᠰᠤᠯᠤᠮᠤᠨᠤᠬᠢᠨᠲᠠᠢ ᠪᠠᠢ᠌ᠯᠳᠤᠬᠤ ᠪᠣᠳᠣᠯᠭ᠎ᠠ ᠵᠢᠨ ᠣᠯᠣᠯᠴᠠᠭ᠎ᠠ᠎ᠪᠠᠨ ᠴᠢᠩᠭ᠋ᠠᠳᠬᠠᠵᠤ ᠂ ᠡᠯ᠎ᠡ ᠬᠦᠷᠢᠶᠡᠨ᠎ᠤ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ ᠂ ᠬᠣᠶᠠᠷ ᠤᠯᠤᠰ᠎ᠤᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠂ ᠰᠠᠢ᠌ᠨ᠎ᠠᠴᠠ ᠰᠠᠢ᠌ᠨ ᠪᠤᠯᠬᠤ ᠵᠢ ᠠᠬᠢᠭᠤᠯᠵᠤ ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢ᠌ᠨ ᠪᠤᠶᠠᠨ ᠦᠢ᠍ᠯᠡᠳᠦᠨ᠎ᠡ ᠭᠡᠵᠦ ᠵᠢᠭ᠋ᠠᠵᠤ ᠭᠠᠷᠭ᠋ᠠᠪᠠ ᠃
ᠰᠢ ᠵᠢᠨ ᠫᠢᠩ ᠂ ᠳᠤᠮᠳᠠᠳᠤ ᠤᠯᠤᠰ ᠰᠤᠯᠤᠮᠤᠨᠤᠬᠢᠨᠤ ᠨᠢᠭᠡ ᠳᠤᠮᠳᠠᠳᠤ ᠤᠯᠤᠰ ᠪᠠᠢ᠌ᠬᠤ ᠵᠠᠷᠴᠢᠮ᠎ᠢ ᠡᠷᠡᠰ ᠬᠡᠷᠡᠭᠵᠢᠭᠦᠯᠵᠦ ᠪᠠᠢ᠌ᠬᠤ ᠵᠢ ᠳᠡᠭᠡᠳᠦ ᠬᠡᠮᠵᠢᠶ᠎ᠡ᠎ᠪᠠᠷ ᠮᠠᠭᠲᠠᠨ ᠰᠠᠢ᠌ᠰᠢᠶᠠᠵᠤ ᠂ ᠰᠤᠯᠤᠮᠤᠨᠤᠬᠢᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠵᠢᠨ ᠠᠰᠢᠭ ᠲᠤᠰᠠ᠎ᠪᠠᠨ ᠬᠠᠮᠠᠭ᠋ᠠᠯᠠᠬᠤ ᠵᠢ ᠲᠡᠮᠵᠢᠵᠤ ᠂ ᠰᠤᠯᠤᠮᠤᠨᠤ ᠪᠡᠶ᠎ᠡ᠎ᠪᠠᠨ ᠳᠠᠭ᠋ᠠᠭ᠋ᠠᠵᠤ ᠰᠣᠩᠭᠣᠭᠰᠠᠨ ᠬᠥᠭᠵᠢᠯᠲᠡ ᠵᠢᠨ ᠵᠠᠮ᠎ᠢ ᠲᠡᠮᠵᠢᠨ᠎ᠠ ᠃ ᠳᠤᠮᠳᠠᠳᠤ ᠤᠯᠤᠰ ᠥᠪᠡᠷ᠎ᠤᠨ ᠶᠠᠪᠤᠳᠠᠯ ᠵᠶ᠋ᠠᠨ ᠰᠠᠢ᠌ᠲᠤᠷ ᠬᠢᠬᠦ ᠵᠢ ᠪᠠᠷᠢᠮᠲᠠᠯᠠᠵᠤ ᠂ ᠢᠮᠠᠭᠲᠠ ᠳᠡᠯᠡᠬᠡᠢ ᠵᠢᠨ ᠡᠩᠬᠡ ᠲᠠᠢ᠌ᠪᠤᠩ᠎ᠤᠨ ᠪᠦᠲᠦᠭᠡᠨ ᠪᠠᠢ᠌ᠭᠤᠯᠤᠭᠴᠢ ᠂ ᠪᠦᠭᠦ ᠪᠥᠮᠪᠥᠷᠴᠡᠭ᠎ᠤᠨ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠭᠴᠢ ᠂ ᠣᠯᠠᠨ ᠤᠯᠤᠰ᠎ᠤᠨ ᠡᠮᠬᠢ ᠳᠢᠭᠯᠢᠮ᠎ᠤᠨ ᠬᠠᠮᠠᠭ᠋ᠠᠯᠠᠭᠴᠢ ᠪᠣᠯᠵᠤ ᠂ ᠳᠤᠷᠠᠲᠠᠶ᠎ᠠ ᠰᠤᠯᠤᠮᠤᠨ᠎ᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠪᠴᠢᠷᠠᠭᠰᠠᠨ ᠬᠥᠭᠵᠢᠯᠲᠡ ᠵᠢᠨ ᠠᠵᠠ ᠲᠣᠭᠢᠶᠠᠯ᠎ᠢ ᠬᠤᠪᠢᠶᠠᠯᠴᠠᠵᠤ ᠂ 《 ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠵᠢ ᠰᠤᠯᠤᠮᠤᠨ ᠣᠯᠲᠣᠷᠢᠭ᠎ᠤᠨ 《 2035 ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ 》᠎ᠯᠤᠭ᠎ᠠ ᠵᠣᠯᠭ᠋ᠠᠭᠤᠯᠬᠤ ᠵᠢ ᠴᠢᠩᠭ᠋ᠠᠳᠬᠠᠵᠤ ᠂ ᠡᠯ᠎ᠡ ᠬᠦᠷᠢᠶᠡᠨ᠎ᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠥᠷᠭᠡᠳᠬᠡᠵᠦ ᠂ ᠰᠤᠯᠤᠮᠤᠨᠤ ᠳᠠᠪᠠᠭᠤᠯᠢᠭ ᠪᠦᠲᠦᠭᠡᠭᠳᠡᠬᠦᠨ᠎ᠢ ᠣᠷᠣᠭᠤᠯᠬᠤ ᠵᠢ ᠥᠷᠭᠡᠳᠬᠡᠵᠦ ᠂ ᠰᠤᠯᠤᠮᠤᠨᠤᠬᠢᠨᠢ ᠬᠠᠪᠰᠤᠷᠤᠨ ᠬᠥᠭᠵᠢᠯᠲᠡ ᠮᠠᠨᠳᠤᠯᠲᠠ ᠪᠠ ᠥᠨᠢ ᠤᠳᠠᠭ᠋ᠠᠨ ᠠᠮᠤᠷ ᠲᠣᠭᠲᠠᠭᠤᠨ ᠪᠠᠢ᠌ᠬᠤ ᠵᠢ ᠪᠡᠶᠡᠯᠡᠭᠦᠯᠦᠨ᠎ᠡ ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠰᠤᠯᠤᠮᠤᠨ᠎ᠳᠤ ᠬᠦᠷᠴᠦ ᠪᠡᠯᠡ ᠣᠷᠣᠭᠤᠯᠵᠤ ᠦᠢ᠍ᠯᠡᠰ ᠪᠣᠰᠬᠠᠬᠤ ᠵᠢ ᠳᠡᠮᠵᠢᠵᠦ ᠂ ᠰᠤᠯᠤᠮᠤᠨ᠎ᠳᠤ ᠦᠷᠭᠦᠯᠵᠢᠯᠡᠨ ᠤᠯᠤᠰ ᠲᠦᠷᠦ ᠵᠢᠨ ᠨᠥᠬᠥᠴᠡᠯ ᠳᠠᠭ᠋ᠠᠯᠳᠤᠭᠤᠯᠬᠤ ᠦᠭᠡᠢ ᠠᠵᠤ ᠠᠬᠤᠢ ᠮᠡᠷᠭᠡᠵᠢᠯ᠎ᠤᠨ ᠲᠤᠰᠠᠯᠠᠮᠵᠢ ᠬᠠᠩᠭ᠋ᠠᠨ᠎ᠠ ᠃ ᠬᠣᠶᠠᠷ ᠲᠠᠯ᠎ᠠ᠎ᠪᠠᠷ ᠵᠶ᠋ᠠᠨ ᠡᠮ ᠡᠮᠨᠡᠯᠭᠡ ᠂ ᠰᠤᠷᠭ᠋ᠠᠨ ᠬᠥᠮᠦᠵᠢᠯ ᠵᠡᠷᠭᠡ ᠬᠦᠷᠢᠶᠡᠨ᠎ᠤ ᠨᠥᠭᠦᠷᠰᠡᠭ ᠰᠣᠯᠢᠯᠴᠠᠭ᠎ᠠ᠎ᠪᠠᠨ ᠥᠷᠭᠡᠳᠬᠡᠶ᠎ᠡ ᠃ ᠰᠤᠯᠤᠮᠤᠨᠤᠬᠢᠨ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠨᠣᠮᠣᠬᠠᠨ ᠲᠡᠯᠡᠶ ᠵᠢᠨ ᠲᠠᠮᠢᠷ᠎ᠤᠨ ᠴᠤᠭᠯᠠᠭ᠋ᠠᠨ ᠡᠷᠭᠢᠯᠡᠭᠦ ᠵᠢ ᠳᠤᠮᠳᠠᠳᠤ ᠤᠯᠤᠰ ᠳᠡᠮᠵᠢᠨ᠎ᠡ ᠭᠡᠵᠦ ᠴᠢᠬᠤᠯᠠᠴᠢᠯᠠᠵᠠᠢ ᠃
ᠰᠢ ᠵᠢᠨ ᠫᠢᠩ ᠂ ᠳᠤᠮᠳᠠᠳᠤ ᠤᠯᠤᠰ᠎ᠤᠨ ᠨᠣᠮᠣᠬᠠᠨ ᠳᠠᠯᠠᠢ ᠵᠢᠨ ᠠᠷᠠᠯᠲᠤ ᠤᠯᠤᠰ᠎ᠤᠳ᠎ᠤᠨ ᠲᠦᠷᠦ ᠵᠢᠨ ᠪᠣᠳᠣᠯᠭ᠎ᠠ᠎ᠨᠢ 《 ᠳᠥᠷᠪᠡ ᠵᠢ ᠭᠦᠢ᠍ᠴᠡᠳ ᠬᠦᠨᠳᠦᠳᠬᠡᠬᠦ 》 ᠵᠢ ᠪᠠᠷᠢᠮᠲᠠᠯᠠᠨ᠎ᠠ ᠄ ᠨᠢᠭᠡ᠎ᠳᠤ ᠂ ᠠᠷᠠᠯᠲᠤ ᠤᠯᠤᠰ᠎ᠤᠳ᠎ᠤᠨ ᠡᠷᠬᠡ ᠮᠡᠳᠡᠯ ᠪᠠ ᠲᠤᠰᠠᠭ᠋ᠠᠷ ᠲᠣᠭᠲᠠᠨᠢᠯ᠎ᠢ ᠭᠦᠢ᠍ᠴᠡᠳ ᠭᠦᠨᠳᠦᠳᠭᠡᠵᠦ ᠂ ᠶᠡᠬᠡ ᠪᠠᠭ᠎ᠠ ᠤᠯᠤᠰ᠎ᠤᠳ ᠴᠥᠮ ᠡᠷᠬᠡ ᠲᠡᠭᠰᠢ ᠪᠠᠢ᠌ᠬᠤ ᠵᠢ ᠪᠠᠷᠢᠮᠲᠠᠯᠠᠨ᠎ᠠ ; ᠬᠣᠶᠠᠷ᠎ᠲᠤ ᠂ ᠠᠷᠠᠯᠲᠤ ᠤᠯᠤᠰ᠎ᠤᠳ᠎ᠤᠨ ᠬᠦᠰᠡᠯ ᠰᠠᠨᠠᠭ᠎ᠠ ᠵᠢ ᠭᠦᠢ᠍ᠴᠡᠳ ᠭᠦᠨᠳᠦᠳᠭᠡᠵᠦ ᠂ ᠬᠠᠮᠲᠤ᠎ᠪᠠᠷ ᠵᠥᠪᠳᠡᠬᠦ ᠂ ᠬᠠᠮᠲᠤ᠎ᠪᠠᠷ ᠪᠠᠢ᠌ᠭᠤᠯᠬᠤ ᠂ ᠬᠠᠮᠲᠤ᠎ᠪᠠᠷ ᠡᠳ᠋ᠯᠡᠬᠦ ᠂ ᠬᠠᠮᠲᠤ᠎ᠪᠠᠷ ᠠᠰᠢᠭ ᠭᠦᠷᠳᠡᠭᠦ ᠵᠢ ᠪᠠᠷᠢᠮᠲᠠᠯᠠᠨ᠎ᠠ ; ᠭᠤᠷᠪᠠ᠎ᠳᠤ ᠂ ᠠᠷᠠᠯᠲᠤ ᠤᠯᠤᠰ᠎ᠤᠳ᠎ᠤᠨ ᠦᠨᠳᠦᠰᠦᠲᠡᠨ᠎ᠤ ᠰᠣᠶᠣᠯ᠎ᠤᠨ ᠤᠯᠠᠮᠵᠢᠯᠠᠯ᠎ᠢ ᠭᠦᠢ᠍ᠴᠡᠳ ᠭᠦᠨᠳᠦᠳᠭᠡᠵᠦ ᠂ ᠡᠶ᠎ᠡ ᠨᠠᠢ᠌ᠷᠲᠠᠢ ᠪᠤᠯᠪᠠᠴᠤ ᠠᠳᠠᠯᠢ ᠪᠤᠰᠤ ᠂ ᠭᠤᠸ᠎ᠠ ᠰᠠᠢ᠌ᠬᠠᠨ ᠪᠦᠭᠦᠨ᠎ᠢ ᠬᠠᠮᠲᠤ᠎ᠪᠠᠷ ᠡᠳ᠋ᠯᠡᠬᠦ ᠵᠢ ᠪᠠᠷᠢᠮᠲᠠᠯᠠᠨ᠎ᠠ ; ᠳᠥᠷᠪᠡ᠎ᠳᠤ ᠂ ᠠᠷᠠᠯᠲᠤ ᠤᠯᠤᠰ᠎ᠤᠳ᠎ᠤᠨ ᠬᠣᠯᠪᠤᠭ᠋ᠠᠯᠠᠨ ᠥᠪᠡᠷ᠎ᠢ᠎ᠪᠠᠨ ᠬᠦᠴᠦᠷᠬᠡᠭᠵᠢᠭᠦᠯᠬᠦ ᠵᠢ ᠭᠦᠢ᠍ᠴᠡᠳ ᠭᠦᠨᠳᠦᠳᠭᠡᠵᠦ ᠂ ᠠᠷᠠᠯᠲᠤ ᠤᠯᠤᠰ᠎ᠤᠳ᠎ᠤᠨ 《 ᠬᠥᠬᠡᠮᠳᠦᠭ ᠨᠣᠮᠣᠬᠠᠨ ᠲᠡᠯᠡᠶ ᠵᠢᠨ 2050 ᠣᠨ᠎ᠤ ᠪᠠᠢ᠌ᠯᠳᠤᠬᠤ ᠪᠣᠳᠣᠯᠭ᠎ᠠ 》 ᠵᠢ ᠨᠠᠢ᠌ᠳᠠᠪᠤᠷᠢᠵᠢᠭᠤᠯᠬᠤ ᠵᠢ ᠳᠡᠮᠵᠢᠵᠦ ᠂ ᠡᠩᠬᠡ ᠲᠠᠢ᠌ᠪᠤᠩ ᠂ ᠡᠶ᠎ᠡ ᠵᠣᠬᠢᠴᠠᠩᠭᠤᠢ ᠂ ᠠᠮᠤᠷ ᠲᠦᠪᠰᠢᠨ ᠂ ᠪᠠᠭᠲᠠᠭ᠋ᠠᠮᠵᠢᠲᠠᠢ ᠂ ᠴᠡᠴᠡᠭᠯᠡᠨ ᠬᠥᠭᠵᠢᠭᠰᠡᠨ ᠬᠥᠬᠡᠮᠳᠦᠭ ᠨᠣᠮᠣᠬᠠᠨ ᠲᠡᠯᠡᠶ ᠵᠢ ᠪᠦᠲᠦᠭᠡᠨ ᠪᠠᠢ᠌ᠭᠤᠯᠬᠤ᠎ᠳᠤ ᠬᠤᠪᠢ ᠨᠡᠮᠡᠷᠢ ᠦᠵᠡᠭᠦᠯᠦᠨ᠎ᠡ ᠃ ᠨᠣᠮᠣᠬᠠᠨ ᠳᠠᠯᠠᠢ ᠵᠢᠨ ᠠᠷᠠᠯᠲᠤ ᠤᠯᠤᠰ᠎ᠤᠳ ᠠᠭᠤᠷ ᠠᠮᠢᠰᠬᠤᠯ᠎ᠤᠨ ᠬᠤᠪᠢᠷᠠᠯᠲᠠ ᠵᠢᠨ ᠬᠦᠨᠳᠦ ᠬᠡᠴᠡᠭᠦᠦ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠬᠤ ᠵᠢ ᠳᠤᠮᠳᠠᠳᠤ ᠤᠯᠤᠰ ᠣᠢ᠌ᠯᠠᠭ᠋ᠠᠵᠤ ᠪᠠᠢ᠌ᠨ᠎ᠠ ᠂ ᠳᠤᠷᠠᠲᠠᠶ᠎ᠠ ᠠᠷᠠᠯᠲᠤ ᠤᠯᠤᠰ᠎ᠤᠳ᠎ᠯᠤᠭ᠎ᠠ ᠴᠠᠭ ᠠᠭᠤᠷ᠎ᠤᠨ ᠦᠢ᠍ᠯᠡᠴᠢᠯᠡᠭᠡ ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠂ ᠴᠡᠪᠡᠷ ᠡᠨᠧᠷᠭᠢ ᠵᠡᠷᠭᠡ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠂ ᠠᠷᠠᠯᠲᠤ ᠤᠯᠤᠰ᠎ᠤᠳ᠎ᠤᠨ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠢ ᠨᠠᠢ᠌ᠳᠠᠪᠤᠷᠢᠵᠢᠭᠤᠯᠬᠤ᠎ᠳᠤ ᠬᠦᠴᠦᠨ ᠨᠡᠮᠡᠷᠢᠯᠡᠨ᠎ᠡ ᠃ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠰᠤᠯᠤᠮᠤᠨᠤ ᠲᠠᠯ᠎ᠠ᠎ᠲᠠᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ ᠂ ᠵᠢᠩᠬᠢᠨᠢ ᠤᠯᠠᠨ ᠲᠠᠯᠠᠲᠤ ᠦᠵᠡᠯ᠎ᠢ ᠪᠠᠷᠢᠮᠲᠠᠯᠠᠵᠤ ᠂ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠵᠤ ᠂ ᠬᠦᠢ᠍ᠲᠡᠨ ᠳᠠᠢ᠌ᠨ᠎ᠤ ᠰᠡᠳᠬᠢᠬᠦᠢ ᠪᠣᠯᠣᠨ ᠡᠵᠡᠷᠬᠡᠬᠦ ᠦᠵᠡᠯ᠎ᠢ ᠬᠠᠮᠲᠤ᠎ᠪᠠᠷ ᠡᠰᠡᠷᠭᠦᠴᠡᠵᠦ ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠡᠩᠬᠡ ᠲᠠᠢ᠌ᠪᠤᠩ ᠲᠣᠭᠲᠠᠭᠤᠨ᠎ᠢ ᠬᠠᠮᠠᠭ᠋ᠠᠯᠠᠨ᠎ᠠ ᠭᠡᠵᠦ ᠵᠢᠭ᠋ᠠᠵᠤ ᠭᠠᠷᠭ᠋ᠠᠪᠠ ᠃
ᠰᠦᠸᠸᠵᠢᠶᠠᠸᠠᠯᠸᠢ ᠂ ᠳᠤᠮᠳᠠᠳᠤ ᠤᠯᠤᠰ᠎ᠲᠠᠢ ᠬᠠᠷᠢᠯᠴᠠᠭ᠎ᠠ ᠪᠠᠢ᠌ᠭᠤᠯᠬᠤ ᠪᠣᠯ ᠰᠤᠯᠤᠮᠤᠨᠤ ᠲᠠᠯ᠎ᠠ ᠵᠢᠨ ᠬᠢᠭᠰᠡᠨ ᠵᠥᠪ ᠰᠣᠩᠭᠣᠯᠲᠠ ᠮᠥᠨ ᠃ ᠬᠠᠷᠢᠯᠴᠠᠭ᠎ᠠ ᠪᠠᠢ᠌ᠭᠤᠯᠤᠭᠰᠠᠨ᠎ᠠᠴᠠ ᠨᠠᠭ᠋ᠠᠰᠢ ᠬᠣᠶᠠᠷ ᠤᠯᠤᠰ᠎ᠤᠨ ᠬᠠᠷᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ ᠃ ᠳᠤᠮᠳᠠᠳᠤ ᠤᠯᠤᠰ ᠨᠢᠭᠡᠨᠲᠡ ᠰᠤᠯᠤᠮᠤᠨ ᠣᠯᠲᠣᠷᠢᠭ᠎ᠤᠨ ᠬᠠᠮᠤᠭ᠎ᠤᠨ ᠲᠣᠮᠣ ᠰᠠᠭᠤᠷᠢ ᠲᠥᠬᠦᠭᠡᠷᠦᠮᠵᠢ ᠵᠢᠨ ᠬᠠᠮᠲᠤᠷᠠᠯᠴᠠᠭ᠋ᠠᠨ᠎ᠤ ᠬᠠᠨᠢᠲᠠᠨ ᠪᠠ ᠨᠠᠢ᠌ᠳᠠᠪᠤᠷᠢᠲᠠᠢ ᠬᠥᠭᠵᠢᠯᠲᠡ ᠵᠢᠨ ᠬᠠᠨᠢᠲᠠᠨ ᠪᠣᠯᠪᠠ ᠃ ᠲᠡᠷᠢᠭᠦᠯᠡᠭᠴᠢ ᠰᠢ ᠵᠢᠨ ᠫᠢᠩ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠪᠣᠯᠣᠨ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠳᠤᠷᠠᠳᠴᠤ ᠂ ᠭᠠᠷᠮᠠᠭ᠋ᠠᠢ ᠬᠤᠯᠠ ᠵᠢᠨ ᠬᠠᠷᠠᠴᠠ ᠪᠣᠯᠣᠨ ᠶᠡᠷᠦ ᠪᠤᠰᠤ ᠵᠢᠨ ᠤᠳᠤᠷᠢᠳᠬᠤ ᠬᠦᠴᠦᠨ᠎ᠢ ᠢᠯᠡᠷᠡᠭᠦᠯᠵᠡᠢ ᠂ ᠰᠤᠯᠤᠮᠤᠨᠤ ᠲᠠᠯ᠎ᠠ ᠵᠢᠨ᠎ᠬᠢᠨ ᠡᠭᠦᠨ᠎ᠢ ᠳᠡᠭᠡᠳᠦ ᠬᠡᠮᠵᠢᠶ᠎ᠡ᠎ᠪᠠᠷ ᠮᠠᠭᠲᠠᠨ ᠰᠠᠢ᠌ᠰᠢᠶᠠᠵᠤ ᠪᠠᠢ᠌ᠬᠤ ᠪᠠ ᠲᠡᠮᠵᠢᠵᠥ ᠪᠠᠢ᠌ᠬᠤ᠎ᠪᠠᠨ ᠢᠯᠡᠳᠬᠡᠵᠦ ᠪᠠᠢ᠌ᠨ᠎ᠠ ᠃ ᠳᠤᠮᠳᠠᠳᠤ ᠵᠢᠨ ᠲᠠᠯ᠎ᠠ ᠵᠢᠨ ᠶᠠᠳᠠᠭᠤ ᠬᠦᠴᠢᠷᠳᠡᠯᠲᠡᠢ ᠬᠥᠮᠥᠨ ᠠᠮᠠ ᠵᠢ ᠴᠥᠭᠡᠳᠬᠡᠭᠰᠡᠨ ᠠᠮᠵᠢᠯᠲᠠ ᠪᠦᠲᠦᠮᠵᠢ ᠵᠢ ᠳᠡᠯᠡᠬᠡᠢ ᠨᠡᠢ᠌ᠲᠡ᠎ᠪᠠᠷ ᠵᠶ᠋ᠡᠨ ᠪᠢᠰᠢᠷᠡᠵᠦ ᠲᠣᠯᠢ ᠪᠣᠯᠭ᠋ᠠᠭᠤᠰᠢᠲᠠᠢ ᠶᠤᠮ ᠃ ᠰᠤᠯᠤᠮᠤᠨᠤ ᠲᠠᠯ᠎ᠠ ᠨᠢᠭᠡ ᠳᠤᠮᠳᠠᠳᠤ ᠤᠯᠤᠰ ᠪᠠᠢ᠌ᠬᠤ ᠵᠠᠷᠴᠢᠮ᠎ᠢ ᠡᠷᠡᠰ ᠬᠡᠷᠡᠭᠵᠢᠭᠦᠯᠵᠦ ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ᠎ᠪᠠᠨ ᠨᠢᠭᠲᠠᠷᠠᠭᠤᠯᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠰᠣᠶᠣᠯ ᠢᠷᠭᠡᠨᠰᠢᠯ ᠂ ᠣᠷᠣᠨ ᠨᠤᠲᠤᠭ ᠵᠡᠷᠭᠡ ᠬᠦᠷᠢᠶᠡᠨ᠎ᠤ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠂ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠬᠠᠮᠲᠤ᠎ᠪᠠᠷ ᠠᠷᠭ᠋ᠠᠴᠠᠭ᠋ᠠᠵᠤ ᠂ ᠰᠤᠯᠤᠮᠤᠨ ᠳᠤᠮᠳᠠᠳᠤ ᠵᠢᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠲᠠᠰᠤᠷᠠᠯᠲᠠ ᠦᠭᠡᠢ ᠤᠷᠤᠭᠰᠢ ᠬᠥᠭᠵᠢᠬᠦ ᠵᠢ ᠠᠬᠢᠭᠤᠯᠤᠨ᠎ᠠ ᠃ ᠰᠤᠯᠤᠮᠤᠨᠤ ᠲᠠᠯ᠎ᠠ ᠳᠤᠮᠳᠠᠳᠤ ᠤᠯᠤᠰ᠎ᠤᠨ ᠬᠥᠭᠵᠢᠯᠲᠡ᠎ᠳᠤ ᠴᠢᠭᠯᠡᠭᠦᠯᠦᠭᠰᠡᠨ ᠶᠠᠮᠠᠷᠪᠠ ᠠᠵᠢᠯᠯᠠᠭ᠎ᠠ ᠵᠢ ᠡᠰᠡᠷᠭᠦᠴᠡᠨ᠎ᠡ ᠭᠡᠵᠦ ᠢᠯᠡᠳᠬᠡᠪᠡ ᠃
ᠠᠭᠤᠯᠵᠠᠯᠲᠠ ᠵᠢᠨ ᠳᠠᠷᠠᠭ᠎ᠠ ᠬᠣᠶᠠᠷ ᠲᠠᠯ᠎ᠠ᠎ᠪᠠᠷ ᠵᠶ᠋ᠠᠨ 《 ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠣᠯᠣᠨ ᠰᠤᠯᠤᠮᠤᠨ ᠣᠯᠲᠣᠷᠢᠭ᠎ᠤᠨ ᠰᠢᠨ᠎ᠡ ᠴᠠᠭ ᠦᠶ᠎ᠡ ᠵᠢᠨ ᠬᠠᠷᠢᠯᠴᠠᠨ ᠭᠦᠨᠳᠦᠳᠭᠡᠵᠦ ᠂ ᠬᠠᠮᠲᠤ᠎ᠪᠠᠷ ᠬᠥᠭᠵᠢᠬᠦ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠠᠢ᠌ᠭᠤᠯᠬᠤ ᠲᠤᠬᠠᠢ ᠬᠠᠮᠲᠤᠷᠠᠭᠰᠠᠨ ᠢᠯᠡᠷᠬᠡᠢ᠌ᠯᠡᠯᠲᠡ 》 ᠵᠢ ᠨᠡᠢ᠌ᠲᠡᠯᠡᠪᠡ ᠃
ᠸᠠᠩ ᠢ ᠂ ᠸᠠᠩ ᠰᠢᠶᠣᠣ ᠬᠣᠩ ᠠᠭᠤᠯᠵᠠᠯᠲᠠ᠎ᠳᠤ ᠣᠷᠣᠯᠴᠠᠵᠠᠢ ᠃