ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠦᠭᠦ ᠪᠥᠮᠪᠥᠷᠴᠡᠭ᠎ᠤᠨ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠠᠵᠢᠯᠯᠠᠭ᠎ᠠ ᠵᠢᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠭᠤᠴᠠᠭ᠋ᠠᠨ᠎ᠤ ᠳᠡᠭᠡᠳᠦ ᠲᠡᠰ᠎ᠤᠨ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2023-07-11

       ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 10᠎ᠤ ᠴᠠᠭᠢᠯᠭ᠋ᠠᠨ ᠮᠡᠳᠡᠭᠡ   7 ᠰᠠᠷ᠎ᠠ ᠵᠢᠨ 10᠎ᠤ ᠡᠳᠦᠷ ᠂  ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠦᠭᠦ ᠪᠥᠮᠪᠥᠷᠴᠡᠭ᠎ᠤᠨ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠠᠵᠢᠯᠯᠠᠭ᠎ᠠ ᠵᠢᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠭᠤᠴᠠᠭ᠋ᠠᠨ᠎ᠤ ᠳᠡᠭᠡᠳᠦ ᠲᠡᠰ᠎ᠤᠨ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ ᠃

       ᠰᠢ ᠵᠢᠨ ᠫᠢᠩ ᠂  ᠣᠳᠣᠬᠠᠨ᠎ᠤ ᠳᠡᠯᠡᠬᠡᠢ ᠶᠢᠷᠲᠢᠨᠴᠦ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠠᠬᠢᠵᠤ ᠂  ᠳᠡᠯᠡᠬᠡᠢ ᠵᠢᠨ ᠠᠵᠤ ᠠᠬᠤᠢ ᠵᠢᠨ ᠰᠡᠷᠭᠦᠯᠲᠡ ᠬᠦᠴᠢᠷ ᠪᠡᠷᠬᠡᠰᠢᠶᠡᠯ᠎ᠲᠠᠢ ᠪᠠᠢ᠌ᠵᠤ ᠂  ᠪᠦᠭᠦ ᠪᠥᠮᠪᠥᠷᠴᠡᠭ᠎ᠤᠨ ᠬᠥᠭᠵᠢᠯᠲᠡ ᠵᠢᠨ ᠵᠥᠪᠯᠡᠬᠦ ᠵᠦᠢ᠍ᠯᠡᠰ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠨ᠎ᠠ ᠃  ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ ᠂  ᠬᠠᠮᠲᠤ ᠵᠢᠨ ᠬᠥᠭᠵᠢᠯᠲᠡ ᠵᠢ ᠠᠬᠢᠭᠤᠯᠬᠤ ᠵᠢᠨ ᠲᠥᠯᠥᠭᠡ ᠪᠢ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢ ᠳᠤᠷᠠᠳᠴᠤ ᠂  ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯᠡᠰ᠎ᠢ ᠲᠦᠷᠭᠡᠨ ᠨᠠᠢ᠌ᠳᠠᠪᠤᠷᠢᠵᠢᠭᠤᠯᠬᠤ᠎ᠳᠤ ᠬᠦᠴᠦᠨ ᠨᠡᠮᠡᠷᠢᠯᠡᠪᠡ ᠃  ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠣᠷᠤᠯᠴᠠᠯᠭ᠎ᠠ ᠳᠣᠣᠷ᠎ᠠ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢᠨ ᠬᠠᠮᠲᠤᠷᠠᠯᠴᠠᠭ᠎ᠠ ᠴᠢᠬᠤᠯᠠ ᠠᠩᠬ᠎ᠠ ᠠᠯᠬᠤᠮ᠎ᠤᠨ ᠠᠮᠵᠢᠯᠲᠠ ᠣᠯᠵᠤ ᠂  ᠮᠠᠰᠢ ᠤᠯᠠᠨ ᠬᠥᠭᠵᠢᠵᠦ ᠪᠠᠢ᠌ᠭ᠎ᠠ ᠤᠯᠤᠰ ᠡᠭᠦᠨ᠎ᠤ ᠳᠤᠮᠳᠠ᠎ᠠᠴᠠ ᠠᠰᠢᠭ ᠭᠥᠷᠳᠡᠭᠰᠡᠨ᠎ᠳᠤ ᠪᠢ ᠮᠠᠰᠢ ᠪᠠᠶᠠᠷᠲᠠᠢ ᠪᠠᠢ᠌ᠨ᠎ᠠ ᠭᠡᠵᠦ ᠵᠢᠭ᠋ᠠᠵᠤ ᠭᠠᠷᠭ᠋ᠠᠵᠠᠢ ᠃

       ᠰᠢ ᠵᠢᠨ ᠫᠢᠩ ᠂  ᠬᠥᠭᠵᠢᠯᠲᠡ ᠪᠣᠯ ᠬᠥᠮᠥᠨ ᠲᠥᠷᠥᠯᠬᠢᠲᠡᠨ᠎ᠤ ᠨᠡᠢ᠌ᠭᠡᠮ᠎ᠤᠨ ᠥᠨᠢᠳᠡ ᠵᠢᠨ ᠭᠣᠣᠯ ᠰᠡᠳᠦᠪ ᠮᠥᠨ ᠃  ᠬᠠᠮᠲᠤ᠎ᠪᠠᠷ ᠡᠳ᠋ᠯᠡᠬᠦ ᠬᠥᠭᠵᠢᠯᠲᠡ ᠪᠣᠯ ᠰᠠᠢ᠌ᠨ ᠰᠠᠢ᠌ᠬᠠᠨ ᠳᠡᠯᠡᠬᠡᠢ ᠶᠢᠷᠲᠢᠨᠴᠦ ᠵᠢ ᠪᠦᠲᠦᠭᠡᠨ ᠪᠠᠢ᠌ᠭᠤᠯᠬᠤ ᠵᠢᠨ ᠴᠢᠬᠤᠯᠠ ᠠᠷᠭ᠎ᠠ ᠵᠠᠮ ᠮᠥᠨ ᠃  ᠬᠠᠮᠤᠭ᠎ᠤᠨ ᠶᠡᠬᠡ ᠬᠥᠭᠵᠢᠵᠦ ᠪᠠᠢ᠌ᠭ᠎ᠠ ᠤᠯᠤᠰ ᠪᠣᠯᠤᠭᠰᠠᠨ᠎ᠤ ᠬᠤᠪᠢ᠎ᠳᠤ ᠳᠤᠮᠳᠠᠳᠤ ᠤᠯᠤᠰ ᠢᠮᠠᠭᠲᠠ ᠲᠤᠰ ᠪᠡᠶ᠎ᠡ ᠵᠢᠨ ᠬᠥᠭᠵᠢᠯᠲᠡ᠎ᠪᠠᠨ ᠬᠥᠮᠥᠨ ᠲᠥᠷᠥᠯᠬᠢᠲᠡᠨ᠎ᠤ ᠬᠥᠭᠵᠢᠯᠲᠡ ᠵᠢᠨ ᠪᠠᠢ᠌ᠷᠢᠰᠢᠯ᠎ᠤᠨ ᠰᠢᠰᠲ᠋ᠧᠮ᠎ᠳᠤ ᠲᠠᠯᠪᠢᠵᠤ ᠂  ᠲᠤᠰ ᠪᠡᠶ᠎ᠡ ᠵᠢᠨ ᠬᠥᠭᠵᠢᠯᠲᠡ᠎ᠪᠠᠷ ᠵᠶ᠋ᠡᠨ ᠳᠡᠯᠡᠬᠡᠢ ᠵᠢᠨ ᠬᠥᠭᠵᠢᠯᠲᠡ᠎ᠳᠤ ᠰᠢᠨ᠎ᠡ ᠠᠵᠠ ᠲᠣᠭᠢᠶᠠᠯ᠎ᠢ ᠡᠭᠦᠳᠴᠦ ᠥᠭᠴᠡᠢ ᠃  ᠳᠤᠮᠳᠠᠳᠤ ᠤᠯᠤᠰ ᠪᠦᠭᠦ ᠪᠥᠮᠪᠥᠷᠴᠡᠭ᠎ᠤᠨ ᠬᠥᠭᠵᠢᠯᠲᠡ ᠵᠢᠨ ᠬᠠᠮᠲᠤᠷᠠᠯᠴᠠᠭ᠎ᠠ᠎ᠳᠠᠬᠢ ᠡᠬᠢ ᠪᠠᠶᠠᠯᠢᠭ᠎ᠤᠨ ᠣᠷᠣᠭᠤᠯᠤᠯᠲᠠ᠎ᠪᠠᠨ ᠤᠯᠠᠮ ᠴᠢᠨᠠᠭᠰᠢᠳᠠ ᠨᠡᠮᠡᠭᠳᠡᠭᠦᠯᠵᠦ ᠂  ᠳᠡᠯᠡᠬᠡᠢ ᠨᠡᠢ᠌ᠭᠡᠮ᠎ᠲᠠᠢ ᠬᠠᠮᠲᠤ᠎ᠪᠠᠷ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢᠨ ᠭᠦᠨᠵᠡᠭᠡᠢ᠌ᠷᠡᠨ ᠪᠣᠳᠠᠲᠠᠢ᠌ᠵᠢᠬᠤ ᠵᠢ ᠦᠷᠭᠦᠯᠵᠢᠯᠡᠨ ᠠᠬᠢᠭᠤᠯᠵᠤ ᠂  ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠂  ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ ᠃

       ᠪᠦᠭᠦ ᠪᠥᠮᠪᠥᠷᠴᠡᠭ᠎ᠤᠨ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠠᠵᠢᠯᠯᠠᠭ᠎ᠠ ᠵᠢᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠭᠤᠴᠠᠭ᠋ᠠᠨ᠎ᠤ ᠳᠡᠭᠡᠳᠦ ᠲᠡᠰ᠎ᠤᠨ ᠬᠤᠷᠠᠯ᠎ᠢ ᠤᠯᠤᠰ᠎ᠤᠨ ᠤᠯᠠᠨ ᠤᠯᠤᠰ᠎ᠤᠨ ᠬᠥᠭᠵᠢᠯᠲᠡ ᠵᠢᠨ ᠬᠠᠮᠲᠤᠷᠠᠯᠴᠠᠭ᠋ᠠᠨ᠎ᠤ ᠵᠠᠬᠢᠷᠭ᠎ᠠ᠎ᠠᠴᠠ ᠭᠣᠣᠯᠯᠠᠨ ᠡᠷᠭᠢᠯᠡᠵᠦ ᠂ 《  ᠳᠤᠮᠳᠠᠳᠤ ᠤᠯᠤᠰ᠎ᠤᠨ ᠰᠠᠨᠠᠭ᠋ᠠᠴᠢᠯᠠᠭ᠎ᠠ ᠂  ᠪᠦᠭᠦ ᠪᠥᠮᠪᠥᠷᠴᠡᠭ᠎ᠤᠨ ᠠᠵᠢᠯᠯᠠᠭ᠎ᠠ 》 ᠭᠡᠬᠦ ᠭᠣᠣᠯ ᠰᠡᠳᠦᠪ᠎ᠲᠠᠢ ᠂ 10᠎ᠤ ᠡᠳᠦᠷ ᠪᠡᠭᠡᠵᠢᠩ᠎ᠳᠤ ᠡᠬᠢᠯᠡᠪᠡ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠰᠤᠯᠤᠮᠤᠨ ᠣᠯᠲᠣᠷᠢᠭ᠎ᠤᠨ ᠶᠡᠷᠦᠩᠬᠡᠢ ᠰᠠᠢ᠌ᠳ ᠰᠦᠸᠸᠵᠢᠶᠠᠸᠠᠯᠸᠢ᠎ᠲᠠᠢ ᠠᠭᠤᠯᠵᠠᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠬᠣᠶᠠᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠰᠢᠨ᠎ᠡ ᠪᠠᠢ᠌ᠭᠤᠯᠤᠮᠵᠢ ᠵᠢ ᠪᠠᠢ᠌ᠭᠤᠯᠵᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠢ ᠠᠯᠬᠤᠮ ᠠᠯᠬᠤᠮ ᠵᠶ᠋ᠠᠷ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠪᠠ
《ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠬᠤᠷᠢᠶᠠᠩᠭᠤᠢ》 ᠭᠡᠬᠦ ᠨᠣᠮ᠎ᠢ ᠬᠡᠪᠯᠡᠨ ᠲᠠᠷᠬᠠᠭ᠋ᠠᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠢ᠌ᠲᠡᠯᠡᠪᠡ ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ
ᠰᠢ ᠵᠢᠨ ᠫᠢᠩ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠳᠤ ᠴᠢᠬᠤᠯᠠ ᠵᠢᠭ᠋ᠠᠪᠤᠷᠢ ᠥᠭᠴᠦ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠶᠡᠬᠡ᠎ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠼᠠᠢ ᠴᠢ ᠪᠦᠭᠦ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠪᠠ
 
            