ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 11᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠡᠷᠭᠢᠯᠡᠭᠴᠢ ᠰᠢ ᠵᠢᠨ ᠫᠢᠩ 7 ᠰᠠᠷ᠎ᠠ ᠵᠢᠨ 11᠎ᠤ ᠦᠳᠡ ᠵᠢᠨ ᠬᠣᠢ᠌ᠨ᠎ᠠ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠬᠣᠶᠠᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠂ 《ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠰᠢᠨ᠎ᠡ ᠪᠠᠢ᠌ᠭᠤᠯᠤᠮᠵᠢ ᠵᠢ ᠪᠠᠢ᠌ᠭᠤᠯᠵᠤ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠬᠤ ᠲᠤᠬᠠᠢ ᠰᠠᠨᠠᠯ 》᠂ 《ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠬᠡᠷᠡᠭᠵᠢᠭᠦᠯᠬᠦ ᠲᠥᠰᠥᠯ 》᠂ 《ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠢ ᠠᠯᠬᠤᠮ ᠠᠯᠬᠤᠮ ᠵᠶ᠋ᠠᠷ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠲᠤᠬᠠᠢ ᠰᠠᠨᠠᠯ 》᠂ 《ᠶᠡᠬᠡ ᠳᠡᠭᠡᠳᠦ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠴᠠᠯᠢᠩ ᠬᠥᠯᠥᠰᠦ ᠵᠢᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠲᠤᠬᠠᠢ ᠰᠠᠨᠠᠯ 》᠂ 《ᠴᠢᠯᠠᠭᠤᠨ ᠲᠣᠰᠣ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠵᠠᠬ᠎ᠠ ᠳᠡᠯᠭᠡᠭᠦᠷ᠎ᠤᠨ ᠰᠢᠰᠲ᠋ᠧᠮ᠎ᠤᠨ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ ᠤᠯᠤᠰ᠎ᠤᠨ ᠴᠢᠯᠠᠭᠤᠨ ᠲᠣᠰᠣ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ 》᠂ 《ᠴᠠᠭᠢᠯᠭ᠋ᠠᠨ ᠬᠦᠴᠦᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠢ ᠲᠦᠷᠭᠡᠳᠬᠡᠨ ᠪᠠᠢ᠌ᠭᠤᠯᠬᠤ ᠲᠤᠬᠠᠢ ᠵᠢᠯᠤᠭᠣᠳᠬᠤ ᠰᠠᠨᠠᠯ 》 ᠢ ᠬᠢᠨᠠᠨ ᠵᠥᠪᠯᠡᠵᠦ ᠪᠠᠲᠤᠯᠠᠪᠠ ᠃
ᠰᠢ ᠵᠢᠨ ᠫᠢᠩ ᠬᠤᠷᠠᠯ᠎ᠢ ᠡᠷᠭᠢᠯᠡᠭᠦ᠎ᠳᠡᠭᠡᠨ ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠰᠢᠨ᠎ᠡ ᠪᠠᠢ᠌ᠭᠤᠯᠤᠮᠵᠢ ᠵᠢ ᠪᠠᠢ᠌ᠭᠤᠯᠬᠤ ᠪᠣᠯ ᠪᠢᠳᠡᠨ᠎ᠤ ᠰᠠᠨᠠᠭ᠋ᠠᠴᠢᠯᠠᠭ᠎ᠠ᠎ᠠᠴᠠ᠎ᠪᠠᠨ ᠠᠪᠤᠭᠰᠠᠨ ᠨᠡᠭᠡᠭᠡᠯᠲᠡ᠎ᠪᠠᠷ ᠥᠭᠡᠷᠡᠴᠢᠯᠡᠯᠲᠡ ᠵᠢ ᠠᠬᠢᠭᠤᠯᠬᠤ ᠂ ᠬᠥᠭᠵᠢᠯᠲᠡ ᠵᠢ ᠠᠬᠢᠭᠤᠯᠬᠤ ᠪᠠᠢ᠌ᠯᠳᠤᠬᠤ ᠪᠣᠳᠣᠯᠭ᠎ᠠ ᠵᠢᠨ ᠠᠷᠭ᠎ᠠ ᠬᠡᠮᠵᠢᠶ᠎ᠡ ᠮᠥᠨ ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠎ᠳᠤ ᠦᠢ᠍ᠯᠡᠴᠢᠯᠡᠬᠦ ᠵᠢᠨ ᠲᠣᠭᠣᠷᠢᠨ᠎ᠳᠤ ᠳᠦᠷᠢᠮ᠎ᠤᠨ ᠮᠠᠶᠢᠭ᠎ᠤᠨ ᠨᠡᠭᠡᠭᠡᠯᠲᠡ᠎ᠪᠠᠷ ᠭᠣᠣᠯᠳᠠᠯᠭ᠎ᠠ ᠪᠤᠯᠭ᠋ᠠᠵᠤ ᠂ ᠪᠡᠯᠡ ᠣᠷᠣᠭᠤᠯᠤᠯᠲᠠ ᠂ ᠠᠷᠠᠯᠵᠢᠶ᠎ᠠ ᠂ ᠮᠥᠩᠭᠥᠨ ᠭᠦᠢ᠍ᠯᠭᠡᠭᠡ ᠂ ᠰᠢᠨ᠎ᠡ ᠵᠢ ᠡᠭᠦᠳᠬᠦ ᠵᠡᠷᠭᠡ ᠭᠠᠳᠠᠭ᠋ᠠᠳᠤ ᠰᠣᠯᠢᠯᠴᠠᠭ᠎ᠠ ᠬᠠᠮᠲᠤᠷᠠᠯᠴᠠᠭ᠎ᠠ ᠵᠢᠨ ᠭᠣᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠡᠨ ᠲᠥᠪᠯᠡᠷᠡᠭᠦᠯᠵᠦ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ ᠢᠵᠢ ᠪᠦᠷᠢᠳᠦᠭᠦᠯᠬᠦ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ ᠂ ᠮᠠᠨ᠎ᠤ ᠤᠯᠤᠰ᠎ᠤᠨ ᠭᠠᠳᠠᠭ᠋ᠠᠳᠤ ᠨᠡᠭᠡᠭᠡᠯᠲᠡ ᠵᠢ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠰᠢᠨ᠎ᠡ ᠲᠦᠪᠰᠢᠨ᠎ᠳᠤ ᠬᠦᠷᠭᠡᠬᠦ ᠬᠡᠷᠡᠭᠲᠡᠢ ᠃ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠪᠡᠶᠡᠯᠡᠭᠦᠯᠬᠦ ᠂ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠵᠢ ᠡᠵᠡᠮᠳᠡᠵᠦ ᠂ ᠲᠠᠷᠢᠶᠠᠴᠢᠨ ᠪᠣᠯᠣᠨ ᠭᠠᠵᠠᠷ ᠰᠢᠷᠣᠢ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠬᠦ᠎ᠪᠠᠷ ᠭᠣᠣᠯ ᠰᠢᠵᠢᠮ ᠪᠤᠯᠭ᠋ᠠᠵᠤ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠬᠥᠭᠵᠢᠯᠲᠡ ᠵᠢᠨ ᠳᠤᠲᠠᠭᠤᠳᠠᠯ᠎ᠢ ᠲᠦᠷᠭᠡᠨ ᠨᠥᠬᠥᠪᠦᠷᠢᠯᠡᠵᠦ ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠃ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠨᠢᠭᠡᠨᠲᠡ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ᠎ᠪᠠᠷ ᠭᠣᠣᠯ ᠪᠠᠢ᠌ᠯᠳᠤᠬᠤ ᠪᠣᠳᠣᠯᠭ᠎ᠠ ᠵᠢᠨ ᠴᠢᠭᠯᠡᠯ ᠪᠤᠯᠭ᠋ᠠᠬᠰᠠᠨ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠭᠰᠠᠨ ᠪᠠᠢ᠌ᠳᠠᠯ᠎ᠳᠤ ᠰᠠᠭᠤᠷᠢᠯᠠᠨ ᠂ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠪᠠ ᠡᠷᠴᠢᠮ᠎ᠤᠨ ᠲᠣᠬᠢᠷᠠᠭᠤᠯᠤᠯᠲᠠ ᠡᠵᠡᠮᠳᠡᠯ᠎ᠢ ᠲᠡᠭᠦᠯᠳᠡᠷᠵᠢᠭᠦᠯᠵᠦ ᠂ ᠠᠯᠬᠤᠮ ᠠᠯᠬᠤᠮ ᠵᠶ᠋ᠡᠷ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶ᠎ᠡ ᠪᠠ ᠡᠷᠴᠢᠮ᠎ᠤᠨ ᠬᠣᠣᠰ ᠡᠵᠡᠮᠳᠡᠯ᠎ᠤᠨ ᠳᠦᠷᠢᠮ ᠪᠣᠯᠭ᠋ᠠᠨ ᠬᠤᠪᠢᠷᠠᠭᠤᠯᠬᠤ ᠬᠡᠷᠡᠭᠲᠡᠢ ᠃ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠴᠠᠯᠢᠩ ᠬᠥᠯᠥᠰᠦ ᠵᠢᠨ ᠬᠤᠪᠢᠶᠠᠷᠢᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠠᠬᠢᠭᠤᠯᠬᠤ ᠵᠢ ᠰᠤᠷᠭ᠋ᠠᠨ ᠬᠥᠮᠦᠵᠢᠯ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠂ ᠴᠢᠳᠠᠪᠤᠷᠢᠲᠠᠨ᠎ᠤ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠴᠢᠬᠤᠯᠠ ᠭᠠᠷᠳᠠᠴᠠ ᠪᠤᠯᠭ᠋ᠠᠵᠤ ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠂ ᠮᠡᠳᠡᠯᠭᠡ ᠵᠢᠨ ᠦᠷᠳᠡᠭ ᠵᠶ᠋ᠡᠷ ᠤᠳᠤᠷᠢᠳᠤᠮᠵᠢ ᠪᠤᠯᠭ᠋ᠠᠬᠤ ᠂ ᠬᠠᠮᠢᠶᠠᠷᠤᠯᠲᠠ ᠵᠢᠷᠤᠮᠵᠢᠯ᠎ᠲᠠᠢ ᠪᠦᠲᠦᠮᠵᠢᠲᠡᠢ ᠂ ᠪᠠᠲᠤᠯᠠᠭ᠎ᠠ ᠵᠣᠷᠢᠭᠵᠢᠭᠤᠯᠤᠯᠢ ᠬᠠᠮᠲᠤᠳᠤᠨᠢ ᠬᠠᠷᠠᠭ᠋ᠠᠯᠵᠠᠬᠤ ᠴᠠᠯᠢᠩ ᠬᠥᠯᠥᠰᠦ ᠵᠢᠨ ᠳᠦᠷᠢᠮ᠎ᠢ ᠠᠯᠬᠤᠮ ᠠᠯᠬᠤᠮ ᠵᠶ᠋ᠠᠷ ᠪᠠᠢ᠌ᠭᠤᠯᠵᠤ ᠂ ᠶᠡᠬᠡ ᠳᠡᠭᠡᠳᠦ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠴᠢᠨᠠᠭᠰᠢᠳᠠ ᠬᠥᠭᠵᠢᠭᠡᠬᠦ ᠬᠡᠷᠡᠭᠲᠡᠢ ᠃ ᠤᠯᠤᠰ᠎ᠤᠨ ᠴᠢᠯᠠᠭᠤᠨ ᠲᠣᠰᠣ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠭᠦ ᠬᠠᠷᠠᠯᠲᠠ ᠵᠢᠨ ᠲᠣᠭᠣᠷᠢᠨ᠎ᠳᠤ ᠴᠢᠯᠠᠭᠤᠨ ᠲᠣᠰᠣ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠪᠠᠢ᠌ᠭᠤᠯᠤᠮᠵᠢ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ ᠴᠢᠯᠠᠭᠤᠨ ᠲᠣᠰᠣ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠠᠵᠢᠯ ᠲᠦᠷᠦᠯ᠎ᠤᠨ ᠡᠬᠢᠨ᠎ᠤ ᠂ ᠳᠤᠮᠳᠠ ᠂ ᠡᠴᠦᠰ᠎ᠤᠨ ᠬᠡᠯᠬᠢᠶ᠎ᠡ ᠵᠢᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠵᠤ ᠂ ᠲᠣᠭᠲᠠᠭᠤᠨ ᠨᠠᠢ᠌ᠳᠠᠪᠤᠷᠢᠲᠠᠢ ᠬᠠᠩᠭ᠋ᠠᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ ᠃ ᠴᠠᠭᠢᠯᠭ᠋ᠠᠨ ᠬᠦᠴᠦᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠂ ᠠᠮᠤᠷ ᠲᠦᠪᠰᠢᠨ ᠡᠯᠪᠡᠭ ᠪᠠᠶᠠᠯᠢᠭ ᠂ ᠠᠷᠪᠢᠲᠠᠢ ᠥᠨᠳᠥᠷ ᠪᠦᠲᠦᠮᠵᠢᠲᠡᠢ ᠂ ᠬᠠᠩᠭ᠋ᠠᠯᠭ᠎ᠠ ᠬᠡᠷᠡᠭᠴᠡᠭᠡ ᠬᠠᠮᠵᠢᠯᠴᠠᠭᠰᠠᠨ ᠂ ᠠᠮᠢᠳᠤᠯᠢᠭ ᠪᠥᠭᠡᠳ ᠣᠶᠤᠨᠴᠢ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠢ ᠲᠦᠷᠭᠡᠳᠬᠡᠨ ᠪᠠᠢ᠌ᠭᠤᠯᠵᠤ ᠂ ᠡᠨᠧᠷᠭᠢ ᠵᠢᠨ ᠦᠢ᠍ᠯᠡᠳᠪᠦᠷᠢᠯᠡᠯ ᠪᠠ ᠬᠡᠷᠡᠭᠯᠡᠭᠡ ᠵᠢᠨ ᠬᠤᠪᠢᠰᠬᠠᠯ᠎ᠢ ᠨᠡᠩ ᠰᠠᠢ᠌ᠲᠤᠷ ᠠᠬᠢᠭᠤᠯᠵᠤ ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠳᠡᠳ᠋ ᠡᠷᠭᠢᠯᠡᠭᠴᠢ ᠯᠢ ᠴᠢᠶᠠᠩ ᠂ ᠸᠠᠩ ᠬᠤ᠌ ᠨᠢᠩ ᠂ ᠼᠠᠢ ᠴᠢ ᠬᠤᠷᠠᠯ᠎ᠳᠤ ᠣᠷᠣᠯᠴᠠᠪᠠ ᠃
ᠬᠤᠷᠠᠯ᠎ᠠᠴᠠ ᠂ ᠣᠳᠣᠬᠠᠨ᠎ᠳᠤ ᠮᠠᠨ᠎ᠤ ᠤᠯᠤᠰ᠎ᠤᠨ ᠬᠥᠭᠵᠢᠯᠲᠡ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠳᠡᠯᠡᠬᠡᠢ ᠵᠢᠨ ᠪᠠᠢ᠌ᠳᠠᠯ᠎ᠳᠤ ᠲᠤᠯᠭ᠋ᠠᠷᠠᠵᠤ ᠪᠠᠢ᠌ᠨ᠎ᠠ ᠃ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠰᠢᠨ᠎ᠡ ᠪᠠᠢ᠌ᠭᠤᠯᠤᠮᠵᠢ ᠵᠢᠨ ᠦᠵᠦ ᠲᠥᠯᠥᠪᠯᠡᠭᠡ ᠵᠢ ᠲᠡᠭᠦᠯᠳᠡᠷᠵᠢᠭᠦᠯᠵᠦ ᠂ ᠠᠷᠠᠯᠵᠢᠶ᠎ᠠ ᠪᠡᠯᠡ ᠣᠷᠣᠭᠤᠯᠤᠯᠲᠠ ᠵᠢᠨ ᠬᠦᠷᠢᠶᠡᠨ᠎ᠤ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠥᠷᠭᠡᠳᠬᠡᠵᠦ ᠂ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠪᠦᠭᠦ ᠲᠠᠯ᠎ᠠ᠎ᠪᠠᠷ ᠰᠢᠯᠢᠳᠡᠭᠵᠢᠭᠦᠯᠵᠦ ᠂ ᠦᠢ᠍ᠯᠡᠴᠢᠯᠡᠭᠡ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ ᠂ ᠮᠠᠨ᠎ᠤ ᠤᠯᠤᠰ᠎ᠤᠨ ᠶᠡᠷᠦᠩᠬᠡᠢ᠌ᠯᠡᠭᠰᠡᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠵᠶ᠋ᠠᠷ ᠪᠦᠭᠦ ᠪᠥᠮᠪᠥᠷᠴᠡᠭ᠎ᠤᠨ ᠡᠬᠢ ᠪᠠᠶᠠᠯᠢᠭ᠎ᠤᠨ ᠡᠯᠧᠮᠧᠨ᠋ᠲ᠎ᠢ ᠲᠠᠲᠠᠵᠤ ᠂ ᠠᠷᠠᠯᠵᠢᠶ᠎ᠠ ᠪᠡᠯᠡ ᠣᠷᠣᠭᠤᠯᠤᠯᠲᠠ ᠵᠢᠨ ᠬᠠᠮᠲᠤᠷᠠᠯᠴᠠᠭ᠋ᠠᠨ᠎ᠤ ᠶᠠᠰᠤ ᠴᠢᠨᠠᠷ ᠪᠣᠯᠣᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ ᠃ ᠬᠣᠷᠢᠭ᠎ᠠ ᠱᠤᠭᠤᠮ᠎ᠤᠨ ᠰᠡᠳᠬᠢᠬᠦᠢ ᠂ ᠥᠷᠭᠡᠨ ᠭᠦᠨᠵᠡᠭᠡᠢ ᠰᠡᠳᠬᠢᠬᠦᠢ ᠵᠢ ᠪᠠᠷᠢᠮᠲᠠᠯᠠᠵᠤ ᠂ ᠤᠯᠤᠰ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠪᠠᠢ᠌ᠭᠤᠯᠤᠮᠵᠢ ᠲᠣᠭᠲᠠᠴᠠ ᠵᠢ ᠱᠠᠯᠠᠪᠳᠠᠨ ᠪᠦᠷᠢᠨᠰᠢᠭᠦᠯᠵᠦ ᠂ ᠨᠡᠭᠡᠭᠡᠯᠲᠡ ᠬᠢᠵᠦ ᠬᠢᠨᠠᠨ ᠬᠠᠮᠢᠶᠠᠷᠬᠤ ᠴᠢᠳᠠᠪᠤᠷᠢ ᠪᠠ ᠲᠦᠪᠰᠢᠨ᠎ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ ᠃ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠰᠢᠨ᠎ᠡ ᠪᠠᠢ᠌ᠭᠤᠯᠤᠮᠵᠢ ᠪᠠᠢ᠌ᠭᠤᠯᠬᠤ ᠵᠢ 《ᠨᠢᠭᠡ ᠪᠦᠰᠡ ᠨᠢᠭᠡ ᠵᠠᠮ 》 ᠢ ᠬᠠᠮᠲᠤ᠎ᠪᠠᠷ ᠴᠢᠨᠠᠷ ᠰᠠᠢ᠌ᠲᠠᠢ ᠪᠦᠲᠦᠭᠡᠨ ᠪᠠᠢ᠌ᠭᠤᠯᠬᠤ ᠵᠡᠷᠭᠡ ᠤᠯᠤᠰ᠎ᠤᠨ ᠪᠠᠢ᠌ᠯᠳᠤᠬᠤ ᠪᠣᠳᠣᠯᠭ᠎ᠠ᠎ᠲᠠᠢ ᠨᠢᠭᠲᠠ ᠵᠣᠯᠭ᠋ᠠᠭᠤᠯᠵᠤ ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠪᠠ ᠪᠠᠢ᠌ᠭᠤᠯᠤᠯᠲᠠ᠎ᠳᠤ ᠢᠳᠡᠪᠬᠢᠲᠡᠢ ᠣᠷᠤᠯᠴᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠬᠥᠳᠡᠭᠡ ᠲᠣᠰᠬᠣᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠵᠦ ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠵᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠬᠤ ᠪᠠᠢ᠌ᠭᠤᠯᠤᠮᠵᠢ ᠲᠣᠭᠲᠠᠴᠠ ᠵᠢ ᠲᠡᠭᠦᠯᠳᠡᠷᠵᠢᠭᠦᠯᠵᠦ ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠪᠦᠷᠢᠨᠰᠢᠭᠦᠯᠵᠦ ᠂ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠵᠢᠨ ᠭᠣᠭᠴᠣᠭ᠎ᠠ ᠵᠢᠨ ᠥᠭᠡᠷᠡᠴᠢᠯᠡᠯᠲᠡ ᠵᠢᠨ ᠪᠣᠭᠣᠮᠲᠠ ᠰᠢᠪᠲᠤᠯᠬᠤ ᠂ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ ᠂ ᠥᠷᠭᠡᠨ ᠤᠯᠠᠨ ᠲᠠᠷᠢᠶᠠᠴᠢᠨ᠎ᠢ ᠥᠭᠡᠷᠡᠴᠢᠯᠡᠯᠲᠡ ᠵᠢᠨ ᠳᠤᠮᠳᠠ ᠨᠡᠩ ᠤᠯᠠᠨ ᠬᠦᠷᠲᠡᠮᠵᠢ ᠵᠢᠨ ᠲᠥᠷᠥᠭᠳᠡᠯ᠎ᠲᠠᠢ ᠪᠤᠯᠭ᠋ᠠᠬᠤ ᠬᠡᠷᠡᠭᠲᠡᠢ ᠃ ᠦᠵᠦ ᠲᠥᠯᠥᠪᠯᠡᠭᠡ ᠵᠢ ᠦᠨᠳᠦᠰᠦᠨ ᠱᠠᠲᠤᠨ᠎ᠤ ᠬᠠᠢ᠌ᠨ ᠰᠦᠪᠡᠭᠴᠢᠯᠡᠯᠲᠡ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ ᠂ ᠠᠳᠠᠯᠢ ᠪᠤᠰᠤ ᠭᠠᠵᠠᠷ ᠣᠷᠣᠨ᠎ᠤ᠎ᠬᠢᠨ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠬᠠᠢ᠌ᠨ ᠰᠦᠪᠡᠭᠴᠢᠯᠡᠬᠦ ᠵᠢ ᠵᠥᠪᠰᠢᠶᠡᠷᠡᠨ ᠵᠣᠷᠢᠭᠵᠢᠭᠤᠯᠵᠤ ᠂ ᠦᠨᠳᠦᠰᠦᠨ ᠱᠠᠲᠤᠨ᠎ᠤ ᠦᠢ᠍ᠯᠡᠳᠦᠯᠭᠡ ᠵᠢᠨ ᠡᠭᠦᠳᠦᠯᠲᠡ ᠵᠢ ᠢᠯᠡᠷᠡᠭᠦᠯᠬᠦ ᠪᠠ ᠳ᠋ᠦᠩᠨᠡᠬᠦ᠎ᠳᠡᠭᠡᠨ ᠴᠢᠳᠠᠮᠠᠭ᠋ᠠᠢ ᠪᠠᠢ᠌ᠵᠤ ᠂ ᠬᠠᠢ᠌ᠨ ᠰᠦᠪᠡᠭᠴᠢᠯᠡᠵᠦ ᠰᠢᠨ᠎ᠡ ᠵᠢ ᠡᠭᠦᠳᠬᠦ ᠳᠤᠮᠳᠠ ᠬᠦᠴᠢᠷᠳᠡᠯ᠎ᠳᠤ ᠲᠤᠯᠭ᠋ᠠᠷᠠᠭᠰᠠᠨ ᠪᠠᠢ᠌ᠪᠠᠯ ᠴᠠᠭ ᠲᠤᠬᠠᠢᠳᠤᠨᠢ ᠳᠡᠮᠵᠢᠯᠭᠡ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ ᠃
ᠬᠤᠷᠠᠯ᠎ᠠᠴᠠ ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠪᠢᠳᠡ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠲᠣᠪᠣᠢ᠌ᠮ᠎ᠠ ᠪᠠᠢ᠌ᠷᠢᠨ᠎ᠳᠤ ᠲᠠᠯᠪᠢᠵᠤ ᠂ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠪᠠ ᠡᠷᠴᠢᠮ᠎ᠤᠨ ᠬᠣᠣᠰ ᠡᠵᠡᠮᠳᠡᠯ᠎ᠤᠨ ᠳᠦᠷᠢᠮ᠎ᠢ ᠪᠠᠢ᠌ᠭᠤᠯᠤᠨ ᠬᠡᠷᠡᠭᠵᠢᠭᠦᠯᠵᠦ ᠂ ᠮᠠᠨ᠎ᠤ ᠤᠯᠤᠰ᠎ᠤᠨ ᠡᠨᠧᠷᠭᠢ ᠵᠢᠨ ᠠᠰᠢᠭᠯᠠᠮᠵᠢ ᠵᠢ ᠶᠡᠬᠡ᠎ᠪᠠᠷ ᠳᠡᠭᠡᠭᠰᠢᠯᠡᠭᠦᠯᠭᠦ ᠪᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠭᠠᠳᠠᠭᠰᠢᠯᠠᠭᠤᠯᠬᠤ ᠡᠷᠴᠢᠮ᠎ᠢ ᠦᠷᠭᠦᠯᠵᠢᠯᠡᠨ ᠪᠠᠭᠤᠷᠠᠭᠤᠯᠬᠤ ᠵᠢ ᠬᠦᠴᠦᠲᠡᠢ ᠠᠬᠢᠭᠤᠯᠪᠠ ᠃ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠠᠴᠠ ᠠᠯᠬᠤᠮ ᠠᠯᠬᠤᠮ ᠵᠶ᠋ᠠᠷ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ ᠪᠣᠯᠭ᠋ᠠᠨ ᠬᠤᠪᠢᠷᠠᠭᠤᠯᠬᠤ᠎ᠳᠤ ᠤᠷᠢᠳ ᠵᠶ᠋ᠠᠷ ᠪᠠᠢ᠌ᠭᠤᠯᠵᠤ ᠳᠠᠷᠠᠭ᠎ᠠ᠎ᠨᠢ ᠡᠪᠳᠡᠬᠦ ᠵᠢ ᠪᠠᠷᠢᠮᠲᠠᠯᠠᠵᠤ ᠂ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠳᠦᠷᠢᠮ᠎ᠢ ᠲᠡᠭᠦᠯᠳᠡᠷᠵᠢᠭᠦᠯᠦᠨ ᠂ ᠲᠣᠬᠢᠷᠠᠭᠤᠯᠤᠨ ᠡᠵᠡᠮᠳᠡᠬᠦ ᠠᠷᠭ᠎ᠠ ᠭᠡᠯᠪᠡᠷᠢ ᠵᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠣᠣᠰ ᠡᠵᠡᠮᠳᠡᠯ᠎ᠤᠨ ᠰᠠᠭᠤᠷᠢ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠣᠣᠰ ᠡᠵᠡᠮᠳᠡᠯ᠎ᠤᠨ ᠡᠯ᠎ᠡ ᠵᠦᠢ᠍ᠯ᠎ᠤᠨ ᠢᠵᠢ ᠪᠦᠷᠢᠳᠦᠭᠦᠯᠬᠦ ᠳᠦᠷᠢᠮ᠎ᠢ ᠪᠦᠷᠢᠨᠰᠢᠭᠦᠯᠵᠦ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠣᠣᠰ ᠡᠵᠡᠮᠳᠡᠯ᠎ᠤᠨ ᠳᠦᠷᠢᠮ᠎ᠢ ᠪᠠᠢ᠌ᠭᠤᠯᠤᠨ ᠬᠡᠷᠡᠭᠵᠢᠭᠦᠯᠬᠦ᠎ᠳᠤ ᠢᠳᠡᠪᠬᠢᠲᠡᠢ ᠨᠥᠬᠥᠴᠡᠯ ᠡᠭᠦᠳᠴᠦ ᠥᠭᠬᠦ ᠬᠡᠷᠡᠭᠲᠡᠢ ᠃ ᠠᠷᠪᠢᠯᠠᠨ ᠭᠠᠮᠨᠠᠬᠤ ᠵᠢ ᠲᠡᠷᠢᠭᠦᠨ᠎ᠳᠤ ᠲᠠᠯᠪᠢᠬᠤ ᠴᠢᠭᠯᠡᠯᠲᠡ ᠵᠢ ᠢᠮᠠᠭᠲᠠ ᠪᠠᠷᠢᠮᠲᠠᠯᠠᠵᠤ ᠂ ᠡᠨᠧᠷᠭᠢ ᠠᠷᠪᠢᠯᠠᠬᠤ ᠠᠵᠢᠯ᠎ᠢ ᠨᠡᠩ ᠥᠨᠳᠥᠷ ᠲᠦᠪᠰᠢᠨ ᠂ ᠨᠡᠩ ᠴᠢᠨᠠᠷ ᠰᠠᠢ᠌ᠲᠠᠢ᠎ᠪᠠᠷ ᠰᠠᠢ᠌ᠲᠤᠷ ᠬᠢᠵᠦ ᠂ ᠬᠠᠮᠤᠭ᠎ᠤᠨ ᠪᠠᠭ᠎ᠠ ᠥᠪᠡᠷ᠎ᠤᠨ ᠦᠷᠳᠡᠭ ᠵᠶ᠋ᠡᠷ ᠬᠠᠮᠤᠭ᠎ᠤᠨ ᠶᠡᠬᠡ ᠠᠰᠢᠭ ᠣᠯᠵᠠᠪᠤᠷᠢ ᠵᠢ ᠪᠡᠶᠡᠯᠡᠭᠦᠯᠬᠦ ᠬᠡᠷᠡᠭᠲᠡᠢ ᠃ ᠠᠵᠢᠯ᠎ᠤᠨ ᠠᠢ᠌ᠵᠠᠮ᠎ᠢ ᠲᠣᠭᠲᠠᠪᠤᠷᠢᠵᠢᠭᠤᠯᠵᠤ ᠂ ᠬᠥᠭᠵᠢᠯᠲᠡ ᠪᠣᠯᠣᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠴᠠᠭ᠎ᠠ ᠵᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ ᠂ ᠦᠨᠡᠨ᠎ᠠᠴᠠ ᠵᠥᠪ᠎ᠢ ᠡᠷᠢᠵᠦ ᠂ ᠴᠢᠳᠠᠯ᠎ᠤᠨ ᠵᠶ᠋ᠠᠨ ᠬᠢᠷᠢ᠎ᠪᠠᠷ ᠬᠢᠵᠦ ᠂ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠶᠡᠬᠡ ᠳᠡᠭᠡᠳᠦ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠴᠠᠯᠢᠩ ᠬᠥᠯᠥᠰᠦ ᠵᠢᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠬᠦ᠎ᠳᠤ ᠴᠠᠯᠢᠩ ᠬᠥᠯᠥᠰᠦ ᠵᠢᠨ ᠬᠠᠮᠢᠶᠠᠷᠤᠯᠲᠠ ᠵᠢᠨ ᠬᠡᠷᠡᠭᠴᠡᠭᠡ ᠪᠣᠯᠣᠨ ᠪᠣᠳᠠᠲᠠᠢ ᠵᠢ ᠦᠨᠳᠦᠰᠦᠯᠡᠨ ᠂ ᠬᠤᠪᠢᠶᠠᠷᠢᠯᠠᠯᠲᠠ ᠵᠢᠨ ᠳᠦᠷᠢᠮ᠎ᠢ ᠰᠢᠯᠢᠳᠡᠭᠵᠢᠭᠦᠯᠦᠨ ᠵᠢᠷᠤᠮᠵᠢᠭᠤᠯᠵᠤ ᠂ ᠬᠤᠪᠢᠶᠠᠷᠢᠯᠠᠯᠲᠠ ᠵᠢᠨ ᠵᠥᠪ ᠤᠳᠤᠷᠢᠳᠤᠮᠵᠢ ᠵᠢ ᠪᠤᠶ ᠪᠤᠯᠭ᠋ᠠᠵᠤ ᠂ ᠴᠢᠳᠠᠪᠤᠷᠢᠲᠠᠨ ᠵᠶ᠋ᠠᠷ ᠦᠨᠳᠦᠰᠦ ᠪᠤᠯᠭ᠋ᠠᠬᠤ ᠵᠢ ᠪᠠᠷᠢᠮᠲᠠᠯᠠᠨ ᠂ ᠰᠢᠨ᠎ᠡ ᠵᠢ ᠡᠭᠦᠳᠬᠦ ᠵᠢ ᠤᠷᠢᠳ ᠵᠶ᠋ᠠᠷ ᠪᠣᠳᠣᠯᠬᠢᠯᠠᠬᠤ ᠵᠢ ᠳᠣᠪᠤᠢ᠌ᠯᠭ᠋ᠠᠵᠤ ᠂ ᠴᠠᠯᠢᠩ ᠬᠥᠯᠥᠰᠦ ᠵᠢᠨ ᠬᠤᠪᠢᠶᠠᠷᠢᠯᠠᠯᠲᠠ ᠵᠢ ᠠᠵᠢᠯ᠎ᠤᠨ ᠠᠮᠵᠢᠯᠲᠠ ᠪᠦᠲᠦᠮᠵᠢ᠎ᠲᠠᠢ ᠨᠢᠭᠲᠠ ᠬᠣᠯᠪᠣᠭᠳᠠᠭᠤᠯᠬᠤ ᠵᠢ ᠪᠠᠷᠢᠮᠲᠠᠯᠠᠨ ᠂ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠮᠦᠨ᠎ᠡ ᠹᠷᠣᠨᠲ᠎ᠲᠤ ᠦᠨᠳᠦᠰᠦᠯᠡᠵᠦ ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠵᠢ ᠡᠭᠦᠷᠭᠡᠯᠡᠨ ᠂ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠬᠥᠮᠥᠰ ᠲᠡᠢ᠌ᠰᠢ ᠬᠡᠯᠪᠡᠢ᠌ᠯᠭᠡᠵᠦ ᠂ ᠰᠠᠭᠤᠷᠢ ᠰᠢᠨᠵᠢᠯᠡᠭᠡᠨ᠎ᠤ ᠵᠢᠭ᠋ᠠᠨ ᠰᠤᠷᠭ᠋ᠠᠯᠲᠠ ᠪᠠ ᠰᠠᠭᠤᠷᠢ ᠬᠣᠰᠢᠭᠤᠷᠠᠯ ᠰᠤᠳᠤᠯᠭ᠋ᠠᠨ ᠂ ᠤᠯᠤᠰ᠎ᠤᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠡᠭᠦᠷᠭᠡ ᠵᠢ ᠡᠭᠦᠷᠭᠡᠯᠡᠭᠰᠡᠨ ᠂ ᠴᠢᠬᠤᠯᠠ ᠶᠡᠬᠡ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠣᠯᠣᠭᠰᠠᠨ ᠬᠥᠮᠥᠰ ᠲᠡᠢ᠌ᠰᠢ ᠬᠡᠯᠪᠡᠢ᠌ᠯᠭᠡᠬᠦ ᠬᠡᠷᠡᠭᠲᠡᠢ ᠃ ᠴᠠᠯᠢᠩ ᠬᠥᠯᠥᠰᠦ ᠵᠢᠨ ᠬᠠᠮᠢᠶᠠᠷᠤᠯᠲᠠ ᠬᠢᠨᠠᠯᠲᠠ ᠵᠢ ᠴᠢᠩᠭ᠋ᠠᠳᠬᠠᠵᠤ ᠂ ᠤᠯᠤᠰ᠎ᠤᠨ ᠵᠣᠭᠣᠰ᠎ᠢ ᠴᠢᠳᠠᠪᠤᠷᠢᠲᠠᠨ᠎ᠢ ᠤᠷᠮᠠᠰᠢᠭᠤᠯᠬᠤ ᠪᠠ ᠠᠵᠢᠯ ᠦᠢ᠍ᠯᠡᠰ᠎ᠤᠨ ᠬᠥᠭᠵᠢᠯᠲᠡ᠎ᠳᠤ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠴᠢᠯᠠᠭᠤᠨ ᠲᠣᠰᠣ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠵᠠᠬ᠎ᠠ ᠳᠡᠯᠭᠡᠭᠦᠷ᠎ᠤᠨ ᠰᠢᠰᠲ᠋ᠧᠮ᠎ᠤᠨ ᠥᠭᠡᠷᠡᠴᠢᠯᠡᠯᠲᠡ ᠵᠢ ᠴᠢᠨᠠᠭᠰᠢᠳᠠ ᠭᠦᠨᠵᠡᠭᠡᠢ᠌ᠷᠡᠭᠦᠯᠵᠦ ᠂ ᠦᠢ᠍ᠯᠡᠳᠪᠦᠷᠢᠯᠡᠯ ᠬᠠᠩᠭ᠋ᠠᠯᠭ᠎ᠠ ᠨᠥᠭᠡᠴᠡᠯᠡᠯᠲᠡ ᠪᠣᠷᠤᠯᠠᠭᠤᠯᠭ᠎ᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ ᠂ ᠬᠦᠷᠢᠶ᠎ᠡ ᠬᠤᠪᠢᠶᠠᠨ ᠬᠢᠨᠠᠨ ᠬᠠᠮᠢᠶᠠᠷᠬᠤ ᠪᠠ ᠬᠦᠷᠢᠶ᠎ᠡ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠵᠢ ᠴᠢᠩᠭ᠋ᠠᠳᠬᠠᠵᠤ ᠂ ᠲᠣᠰᠣ ᠬᠡᠢ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ ᠂ ᠡᠷᠬᠡ ᠲᠡᠭᠰᠢ᠎ᠪᠠᠷ ᠥᠷᠢᠰᠦᠯᠳᠦᠬᠦ ᠵᠢ ᠠᠬᠢᠭᠤᠯᠬᠤ ᠬᠡᠷᠡᠭᠲᠡᠢ ᠃ ᠲᠣᠰᠣ ᠬᠡᠢ ᠨᠥᠭᠡᠴᠡᠯᠡᠬᠦ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ ᠨᠥᠭᠡᠴᠡ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠ ᠲᠣᠬᠢᠷᠠᠭᠤᠯᠬᠤ ᠴᠢᠳᠠᠪᠤᠷᠢ ᠵᠢ ᠰᠠᠢ᠌ᠲᠤᠷ ᠪᠠᠳᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠤᠨ ᠪᠠᠢ᠌ᠭᠤᠯᠤᠯᠲᠠ ᠵᠢᠨ ᠠᠷᠭ᠎ᠠ ᠵᠠᠮ᠎ᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ᠎ᠪᠠᠷ ᠵᠢᠷᠤᠵᠤ ᠲᠥᠯᠥᠪᠯᠡᠨ ᠂ ᠰᠢᠨ᠎ᠡ ᠡᠨᠧᠷᠭᠢ ᠵᠢᠨ ᠠᠮᠤᠷ ᠲᠦᠪᠰᠢᠨ ᠪᠥᠭᠡᠳ ᠨᠠᠢ᠌ᠳᠠᠪᠤᠷᠢᠲᠠᠢ᠎ᠪᠠᠷ ᠣᠷᠣᠯᠠᠬᠤ ᠰᠠᠭᠤᠷᠢᠨ ᠳᠡᠭᠡᠷ᠎ᠡ ᠲᠥᠯᠥᠪᠯᠡᠭᠡ᠎ᠲᠠᠢ ᠠᠯᠬᠤᠮ ᠳᠠᠷᠠᠭ᠎ᠠ᠎ᠲᠠᠢ᠎ᠪᠠᠷ ᠤᠯᠠᠮᠵᠢᠯᠠᠯᠲᠤ ᠡᠨᠧᠷᠭᠢ ᠵᠢᠨ ᠬᠤᠪᠢ ᠵᠢᠨ ᠵᠢᠩ᠎ᠢ ᠠᠯᠬᠤᠮ ᠠᠯᠬᠤᠮ ᠵᠶ᠋ᠠᠷ ᠪᠠᠭᠤᠷᠠᠭᠤᠯᠬᠤ ᠬᠡᠷᠡᠭᠲᠡᠢ ᠃ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠳᠤ ᠵᠣᠬᠢᠴᠠᠬᠤ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠵᠦ ᠂ ᠴᠠᠭᠢᠯᠭ᠋ᠠᠨ ᠬᠦᠴᠦᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠰᠢᠨ᠎ᠡ ᠵᠢ ᠡᠭᠦᠳᠬᠦ ᠂ ᠬᠤᠳᠠᠯᠳᠤᠭ᠋ᠠᠨ᠎ᠤ ᠵᠠᠭᠪᠤᠷ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠬᠤ ᠵᠢ ᠠᠬᠢᠭᠤᠯᠬᠤ ᠬᠡᠷᠡᠭᠲᠡᠢ ᠃ ᠪᠦᠲᠦᠮᠵᠢᠲᠡᠶ ᠵᠠᠬ᠎ᠠ ᠳᠡᠯᠭᠡᠭᠦᠷ᠎ᠢ ᠵᠢᠳᠬᠦᠯ ᠴᠢᠷᠮᠠᠢ᠌ᠯᠭ᠎ᠠ᠎ᠲᠠᠢ ᠵᠠᠰᠠᠭ᠎ᠤᠨ ᠣᠷᠳᠣᠨ᠎ᠲᠠᠢ ᠨᠠᠩ ᠰᠠᠢ᠌ᠨ ᠤᠶᠠᠯᠳᠤᠭᠤᠯᠬᠤ ᠵᠢ ᠠᠬᠢᠭᠤᠯᠵᠤ ᠂ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠴᠠᠭᠢᠯᠭ᠋ᠠᠨ ᠬᠦᠴᠦᠨ᠎ᠤ ᠦᠨᠳᠦᠰᠦᠨ ᠣᠯᠠᠨ ᠨᠡᠢ᠌ᠲᠡ ᠵᠢᠨ ᠦᠢ᠍ᠯᠡᠴᠢᠯᠡᠭᠡ ᠵᠢᠨ ᠬᠠᠩᠭ᠋ᠠᠯᠭ᠎ᠠ ᠵᠢ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃
ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠵᠤ ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ ᠃