ᠲᠥᠪ᠎ᠤᠨ ᠰᠦᠯᠵᠢᠶᠡᠨ᠎ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠬᠣᠷᠢᠶ᠎ᠠ ᠵᠢᠨ ᠠᠯᠪᠠᠨ ᠭᠡᠷ᠎ᠠᠴᠠ ᠵᠣᠬᠢᠶᠠᠨ ᠪᠠᠢ᠌ᠭᠤᠯᠵᠤ ᠨᠠᠢ᠌ᠷᠠᠭᠤᠯᠤᠭᠰᠠᠨ 《ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠬᠤᠷᠢᠶᠠᠩᠭᠤᠢ 》 ᠭᠡᠬᠦ ᠨᠣᠮ᠎ᠢ ᠣᠢ᠌ᠷ᠎ᠠ ᠵᠢᠨ ᠡᠳᠦᠷ ᠠᠷᠠᠳ᠎ᠤᠨ ᠬᠡᠪᠯᠡᠯ᠎ᠤᠨ ᠬᠣᠷᠢᠶ᠎ᠠ᠎ᠠᠴᠠ ᠬᠡᠪᠯᠡᠭᠦᠯᠵᠦ ᠂ ᠪᠥᠬᠥ ᠤᠯᠤᠰ᠎ᠲᠤ ᠲᠠᠷᠬᠠᠭ᠋ᠠᠪᠠ ᠃
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠰᠦᠯᠵᠢᠶᠡᠨ᠎ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠰᠦᠯᠵᠢᠶᠡᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠵᠢ ᠲᠣᠳᠣᠷᠬᠠᠢ ᠳᠤᠷᠠᠳᠴᠤ ᠂ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠠᠬᠢᠭᠤᠯᠪᠠ ᠃ ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ ᠪᠣᠯ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠭᠦᠨ ᠬᠡᠰᠡᠭ ᠮᠥᠨ ᠂ ᠮᠠᠨ᠎ᠤ ᠨᠠᠮ᠎ᠤᠨ ᠰᠦᠯᠵᠢᠶ᠎ᠡ ᠵᠢ ᠬᠠᠮᠢᠶᠠᠷᠴᠤ ᠰᠦᠯᠵᠢᠶ᠎ᠡ ᠵᠢ ᠵᠠᠰᠠᠭᠰᠠᠨ ᠦᠢ᠍ᠯᠡᠳᠦᠯᠭᠡ ᠵᠢᠨ ᠲᠤᠷᠰᠢᠯᠭ᠎ᠠ ᠵᠢᠨ ᠤᠨᠤᠯ᠎ᠤᠨ ᠳ᠋ᠦᠩᠨᠡᠯᠲᠡ ᠪᠠ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠰ᠎ᠤᠨ ᠬᠥᠭᠵᠢᠯᠲᠡ ᠵᠢᠨ ᠠᠵᠢᠯᠯᠠᠭ᠋ᠠᠨ᠎ᠤ ᠵᠦᠭᠯᠡᠭᠦᠷ ᠮᠥᠨ ᠃ 《 ᠬᠤᠷᠢᠶᠠᠩᠭᠤᠢ》᠎ᠨᠢ ᠨᠡᠢ᠍ᠢ᠍ᠳᠡ 10 ᠲᠤᠰᠬᠠᠢ ᠰᠡᠳᠦᠪ ᠬᠤᠪᠢᠶᠠᠵᠤ ᠂ ᠰᠦᠯᠵᠢᠶᠡᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠦᠴᠦᠷᠬᠡᠭ ᠶᠡᠬᠡ ᠦᠵᠡᠯ ᠰᠠᠨᠠᠭ᠋ᠠᠨ᠎ᠤ ᠵᠡᠪᠰᠡᠭ ᠪᠠ ᠰᠢᠨᠵᠢᠯᠡᠬᠦ ᠤᠬᠠᠭ᠋ᠠᠨᠴᠢ ᠠᠵᠢᠯᠯᠠᠭ᠋ᠠᠨ᠎ᠤ ᠵᠦᠭᠯᠡᠭᠦᠷ ᠂ ᠮᠠᠨ᠎ᠤ ᠤᠯᠤᠰ ᠵᠶ᠋ᠠᠨ ᠰᠦᠯᠵᠢᠶᠡᠨ᠎ᠤ ᠬᠦᠴᠦᠷᠬᠡᠭ ᠤᠯᠤᠰ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢ᠌ᠬᠤ ᠂ ᠰᠦᠯᠵᠢᠶᠡᠨ᠎ᠤ ᠮᠡᠳᠡᠭᠡ ᠵᠠᠩᠭᠢ ᠵᠢᠨ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠡᠷᠭᠡ ᠲᠠᠯ᠎ᠠ᠎ᠠᠴᠠ ᠶᠡᠷᠦᠩᠬᠡᠢ ᠱᠦᠵᠢ
ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠭᠣᠣᠯ ᠠᠭᠤᠯᠭ᠎ᠠ ᠂ ᠵᠣᠷᠢᠭ ᠰᠠᠨᠠᠭ᠋ᠠᠨ᠎ᠤ ᠮᠥᠨ ᠴᠢᠨᠠᠷ ᠂ ᠪᠠᠶᠠᠯᠢᠭ ᠠᠭᠤᠯᠤᠭᠳᠠᠬᠤᠨ ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠲᠣᠳᠣᠷᠬᠠᠢ᠌ᠯᠠᠨ ᠥᠭᠦᠯᠡᠪᠡ᠃
ᠲᠤᠰ ᠨᠣᠮ᠎ᠤᠨ ᠬᠡᠪᠯᠡᠭᠳᠡᠭᠰᠡᠨ᠎ᠨᠢ ᠥᠷᠭᠡᠨ ᠤᠯᠠᠨ ᠺᠠᠳ᠋ᠷ ᠤᠯᠠᠨ ᠲᠦᠮᠡᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠶᠡᠷᠦᠩᠬᠡᠢ ᠱᠦᠵᠢ
ᠰᠢ ᠵᠢᠨ ᠫᠢᠩ ᠤᠨ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠂ ᠭᠦᠨᠵᠡᠭᠡᠢ ᠂ ᠰᠢᠰᠲ᠋ᠧᠮ᠎ᠲᠠᠢ ᠰᠤᠷᠤᠯᠴᠠᠵᠤ ᠂ ᠪᠦᠬᠦ ᠨᠠᠮ ᠪᠦᠬᠦ ᠨᠡᠢ᠌ᠭᠡᠮ᠎ᠤᠨ ᠬᠦᠴᠦᠨ᠎ᠢ ᠨᠢᠭᠲᠠᠷᠠᠭᠤᠯᠤᠨ ᠂ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂ ᠰᠦᠯᠵᠢᠶᠡᠨ᠎ᠤ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠵᠢᠨ ᠲᠥᠯᠥᠭᠡ ᠴᠢᠷᠮᠠᠢ᠌ᠨ ᠲᠡᠮᠡᠴᠡᠬᠦ᠎ᠳᠤ ᠠᠰᠢᠭᠲᠠᠢ ᠶᠤᠮ ᠃