ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 15᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠢ᠌ᠷ᠎ᠠ᠎ᠳᠤ ᠰᠦᠯᠵᠢᠶ᠎ᠡ ᠵᠢᠨ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠠᠵᠢᠯ᠎ᠳᠤ ᠴᠢᠬᠤᠯᠠ ᠵᠢᠭ᠋ᠠᠪᠤᠷᠢ ᠥᠭᠬᠦ᠎ᠳᠡᠭᠡᠨ ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠂ ᠮᠠᠨ᠎ᠤ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ ᠦᠢ᠍ᠯᠡᠰ ᠴᠢᠬᠤᠯᠠ ᠶᠡᠬᠡ ᠠᠮᠵᠢᠯᠲᠠ ᠪᠦᠲᠦᠮᠵᠢ ᠣᠯᠵᠤ ᠂ ᠢᠨᠲ᠋ᠧᠷ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠳᠠᠬᠢ ᠨᠠᠮ᠎ᠤᠨ ᠤᠳᠤᠷᠢᠳᠤᠯᠭ᠎ᠠ ᠪᠦᠭᠦ ᠲᠠᠯ᠎ᠠ᠎ᠪᠠᠷ ᠴᠢᠩᠭ᠋ᠠᠷᠠᠵᠤ ᠂ ᠰᠦᠯᠵᠢᠶ᠎ᠡ ᠵᠢᠨ ᠣᠷᠣᠨ ᠵᠠᠢ᠎ᠳᠠᠬᠢ ᠭᠣᠣᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠪᠡᠬᠢᠵᠢᠨ ᠪᠤᠵᠠᠭ᠋ᠠᠢ᠌ᠷᠠᠵᠤ ᠂ ᠰᠦᠯᠵᠢᠶ᠎ᠡ ᠵᠢ ᠶᠡᠷᠦᠩᠬᠡᠢ᠌ᠯᠡᠨ ᠵᠠᠰᠠᠬᠤ ᠰᠢᠰᠲ᠋ᠧᠮ᠎ᠢ ᠦᠨᠳᠦᠰᠦᠨ᠎ᠳᠡᠭᠡᠨ ᠪᠠᠢ᠌ᠭᠤᠯᠵᠤ ᠂ ᠰᠦᠯᠵᠢᠶ᠎ᠡ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲ᠋ᠧᠮ ᠪᠣᠯᠣᠨ ᠴᠢᠳᠠᠪᠤᠷᠢ ᠦᠷᠭᠦᠯᠵᠢᠯᠡᠨ ᠳᠡᠭᠡᠭᠰᠢᠯᠡᠵᠦ ᠂ ᠰᠦᠯᠵᠢᠶ᠎ᠡ ᠵᠢᠨ ᠮᠡᠳᠡᠭᠡ ᠵᠠᠩᠭᠢ ᠵᠢᠨ ᠬᠦᠷᠢᠶ᠎ᠡ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠠᠯᠬᠤᠭ᠎ᠠ ᠲᠦᠷᠭᠡᠳᠴᠦ ᠂ ᠮᠡᠳᠡᠭᠡ ᠵᠠᠩᠭᠢᠵᠢᠯᠲᠠ ᠵᠢᠨ ᠬᠥᠳᠡᠯᠭᠡᠭᠦᠷ ᠵᠢᠡᠷ ᠬᠥᠲᠥᠯᠥᠨ ᠳᠠᠭ᠋ᠠᠭᠤᠯᠬᠤ ᠦᠢ᠍ᠯᠡᠳᠦᠯ ᠪᠦᠲᠦᠮᠵᠢᠲᠡᠶ ᠪᠠᠳᠠᠷᠠᠵᠤ ᠂ ᠰᠦᠯᠵᠢᠶ᠎ᠡ ᠵᠢᠨ ᠣᠷᠣᠨ ᠵᠠᠢ᠎ᠳᠠᠬᠢ ᠬᠠᠤᠯᠢᠵᠢᠯ᠎ᠤᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ ᠂ ᠰᠦᠯᠵᠢᠶ᠎ᠡ ᠵᠢᠨ ᠣᠷᠣᠨ ᠵᠠᠢ ᠵᠢᠨ ᠳᠡᠯᠡᠬᠡᠢ ᠳᠡᠭᠡᠷᠡᠬᠢ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ ᠢᠯᠡᠳᠲᠡ ᠴᠢᠩᠭ᠋ᠠᠷᠠᠵᠤ ᠂ ᠰᠦᠯᠵᠢᠶ᠎ᠡ ᠵᠢᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠰᠢᠨ᠎ᠡ ᠠᠯᠬᠤᠮ ᠠᠯᠬᠤᠪᠠ ᠭᠡᠵᠦ ᠵᠢᠭ᠋ᠠᠵᠤ ᠭᠠᠷᠭ᠋ᠠᠵᠠᠢ ᠃
ᠰᠢ ᠵᠢᠨ ᠫᠢᠩ ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠬᠤᠯᠠ ᠪᠠᠢ᠌ᠷᠢ ᠰᠠᠭᠤᠷᠢ ᠦᠢ᠍ᠯᠡᠳᠦᠯ ᠡᠳᠦᠷ ᠢᠷᠡᠬᠦᠶ᠎ᠡ ᠲᠣᠪᠣᠢ᠌ᠮ᠎ᠠ ᠪᠣᠯᠵᠤ ᠪᠠᠢ᠌ᠨ᠎ᠠ ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂ ᠲᠣᠭ᠎ᠢ ᠮᠠᠨᠳᠤᠭᠤᠯᠤᠨ ᠠᠷᠠᠳ᠎ᠤᠨ ᠰᠡᠳᠬᠢᠯ᠎ᠢ ᠨᠢᠭᠲᠠᠷᠠᠭᠤᠯᠬᠤ ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠮᠤᠷ ᠲᠦᠪᠰᠢᠨ᠎ᠢ ᠪᠠᠲᠤᠯᠠᠬᠤ ᠂ ᠵᠠᠰᠠᠯᠲᠠ ᠵᠢ ᠴᠢᠩᠭ᠋ᠠᠳᠬᠠᠨ ᠠᠷᠠᠳ᠎ᠲᠤ ᠠᠰᠢᠭ ᠬᠦᠷᠲᠡᠭᠡᠬᠦ ᠂ ᠬᠥᠳᠡᠯᠭᠡᠬᠦ ᠬᠦᠴᠦᠨ᠎ᠢ ᠨᠡᠮᠡᠭᠳᠡᠭᠦᠯᠦᠨ ᠬᠥᠭᠵᠢᠯᠲᠡ ᠵᠢ ᠠᠬᠢᠭᠤᠯᠬᠤ ᠂ ᠬᠠᠮᠲᠤᠷᠠᠯᠴᠠᠭ᠎ᠠ ᠵᠢ ᠡᠷᠢᠯᠬᠢᠯᠡᠨ ᠬᠠᠮᠲᠤ᠎ᠪᠠᠷ ᠠᠰᠢᠭ ᠭᠦᠷᠲᠡᠭᠦ ᠵᠢ ᠪᠣᠳᠣᠯᠬᠢᠯᠠᠬᠤ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ ᠂ ᠨᠠᠮ᠎ᠠᠴᠠ ᠢᠨᠲ᠋ᠧᠷ ᠰᠦᠯᠵᠢᠶ᠎ᠡ ᠵᠢ ᠬᠠᠮᠢᠶᠠᠷᠬᠤ ᠵᠢ ᠪᠠᠷᠢᠮᠲᠠᠯᠠᠵᠤ ᠂ ᠰᠦᠯᠵᠢᠶᠡᠨ᠎ᠤ ᠮᠡᠳᠡᠭᠡ ᠵᠠᠩᠭᠢ᠎ᠨᠢ ᠠᠷᠠᠳ᠎ᠤᠨ ᠲᠥᠯᠥᠭᠡ ᠪᠠᠢ᠌ᠬᠤ ᠵᠢ ᠪᠠᠷᠢᠮᠲᠠᠯᠠᠵᠤ ᠂ ᠳᠤᠮᠳᠠᠳᠤ ᠤᠯᠤᠰ᠎ᠤᠨ ᠣᠨᠴᠠᠯᠢᠭ᠎ᠲᠠᠢ ᠰᠦᠯᠵᠢᠶ᠎ᠡ ᠵᠢ ᠵᠠᠰᠠᠬᠤ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠵᠤ ᠂ ᠢᠳᠡᠪᠬᠢ ᠬᠦᠴᠦᠨ ᠪᠣᠯ ᠶᠡᠷᠦᠩᠬᠡᠢ ᠱᠠᠭ᠋ᠠᠷᠳᠠᠯᠭ᠎ᠠ ᠂ ᠬᠠᠮᠢᠶᠠᠷᠴᠤ ᠳᠡᠢ᠌ᠯᠭᠦ ᠪᠣᠯ ᠬᠠᠲᠠᠭᠤ ᠶᠣᠰᠣ ᠂ ᠰᠠᠢ᠌ᠲᠤᠷ ᠬᠡᠷᠡᠭᠯᠡᠬᠦ ᠪᠣᠯ ᠦᠨᠡᠨ ᠴᠢᠳᠠᠪᠤᠷᠢ ᠮᠥᠨ ᠭᠡᠳᠡᠭ᠎ᠢ ᠪᠠᠷᠢᠮᠲᠠᠯᠠᠵᠤ ᠂ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠵᠢ ᠪᠠᠷᠢᠮᠲᠠᠯᠠᠵᠤ ᠂ ᠮᠡᠳᠡᠭᠡ ᠵᠠᠩᠭᠢᠵᠢᠯᠲᠠ᠎ᠪᠠᠷ ᠬᠥᠳᠡᠯᠭᠡᠭᠦᠷ ᠪᠤᠯᠭ᠋ᠠᠵᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠵᠢ ᠪᠠᠷᠢᠮᠲᠠᠯᠠᠵᠤ ᠂ ᠬᠠᠤᠯᠢ ᠶᠣᠰᠣᠭ᠋ᠠᠷ ᠰᠦᠯᠵᠢᠶ᠎ᠡ ᠵᠢ ᠬᠠᠮᠢᠶᠠᠷᠬᠤ ᠂ ᠬᠠᠤᠯᠢ ᠶᠣᠰᠣᠭ᠋ᠠᠷ ᠰᠦᠯᠵᠢᠶ᠎ᠡ ᠡᠷᠭᠢᠯᠡᠭᠦ ᠂ ᠬᠠᠤᠯᠢ ᠶᠣᠰᠣᠭ᠋ᠠᠷ ᠰᠦᠯᠵᠢᠶ᠎ᠡ ᠵᠢ ᠬᠡᠷᠡᠭᠯᠡᠬᠦ ᠵᠢ ᠪᠠᠷᠢᠮᠲᠠᠯᠠᠵᠤ ᠂ ᠰᠦᠯᠵᠢᠶ᠎ᠡ ᠵᠢᠨ ᠣᠷᠣᠨ ᠵᠠᠢ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠠᠬᠢᠭᠤᠯᠬᠤ ᠵᠢ ᠪᠠᠷᠢᠮᠲᠠᠯᠠᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠡᠩᠨᠡᠭᠡ ᠵᠢ ᠪᠠᠢ᠌ᠭᠤᠯᠬᠤ ᠵᠢ ᠪᠠᠷᠢᠮᠲᠠᠯᠠᠵᠤ ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠶᠡᠬᠡ᠎ᠪᠠᠷ ᠠᠬᠢᠭᠤᠯᠵᠤ ᠂ ᠰᠦᠯᠵᠢᠶ᠎ᠡ ᠵᠢᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ ᠃
ᠰᠢ ᠵᠢᠨ ᠫᠢᠩ ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠭᠡᠷᠡᠭᠲᠡᠶ ; ᠡᠯ᠎ᠡ ᠱᠠᠲᠤᠨ᠎ᠤ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ ᠨᠠᠮ ᠪᠣᠯᠣᠨ ᠠᠷᠠᠳ ᠲᠦᠮᠡᠨ᠎ᠳᠤ ᠦᠨᠡᠨᠴᠢ ᠰᠢᠳᠤᠷᠭᠤ ᠪᠠᠢ᠌ᠵᠤ ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ ᠂ ᠵᠠᠮ ᠨᠡᠭᠡᠭᠡᠨ ᠰᠢᠨ᠎ᠡ ᠵᠢ ᠡᠭᠦᠳᠬᠦ᠎ᠳᠡᠭᠡᠨ ᠴᠢᠳᠠᠮᠠᠭ᠋ᠠᠢ ᠪᠠᠢ᠌ᠵᠤ ᠂ ᠵᠣᠷᠢᠭᠲᠠᠢ᠎ᠪᠠᠷ ᠲᠡᠮᠡᠴᠡᠵᠦ ᠂ ᠳᠤᠷᠠᠲᠠᠶ᠎ᠠ ᠴᠢᠷᠮᠠᠢ᠌ᠨ ᠵᠢᠳᠬᠦᠵᠦ ᠬᠤᠪᠢ ᠨᠡᠮᠡᠷᠢ ᠦᠵᠡᠭᠦᠯᠵᠦ ᠂ ᠰᠦᠯᠵᠢᠶ᠎ᠡ ᠵᠢᠨ ᠮᠡᠳᠡᠭᠡ ᠵᠠᠩᠭᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠪᠦᠭᠦ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ 7 ᠰᠠᠷ᠎ᠠ ᠵᠢᠨ 14᠎ᠠᠴᠠ 15᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠼᠠᠢ ᠴᠢ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢ᠌ᠳ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠬᠰᠠᠨ ᠪᠥᠭᠡᠳ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠪᠠ ᠃
ᠼᠠᠢ ᠴᠢ ᠶᠠᠷᠢᠶᠠᠨ᠎ᠳᠠᠭᠠᠨ ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ᠎ᠳᠤ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠳᠤᠷᠠᠳᠴᠤ ᠂ 《 ᠠᠷᠪᠠ ᠵᠢ ᠪᠠᠷᠢᠮᠲᠠᠯᠠᠬᠤ 》 ᠴᠢᠬᠤᠯᠠ ᠵᠠᠷᠴᠢᠮ᠎ᠢ ᠲᠣᠳᠣᠷᠬᠠᠢ᠌ᠯᠠᠭᠰᠠᠨ ᠪᠥᠭᠡᠳ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠳᠤ ᠱᠠᠭ᠋ᠠᠷᠳᠠᠯᠭ᠎ᠠ ᠳᠤᠷᠠᠳᠤᠭᠰᠠᠨ᠎ᠨᠢ ᠮᠠᠰᠢ ᠴᠢᠩᠭ᠎ᠠ ᠤᠯᠤᠰ ᠲᠥᠷᠥᠴᠢ ᠴᠢᠨᠠᠷ ᠂ ᠪᠠᠢ᠌ᠯᠳᠤᠬᠤ ᠪᠣᠳᠣᠯᠭ᠎ᠠ ᠵᠢᠨ ᠴᠢᠨᠠᠷ ᠂ ᠵᠢᠯᠤᠭᠣᠳᠬᠤ ᠴᠢᠨᠠᠷᠲᠠᠢ ᠶᠤᠮ ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠢ ᠰᠠᠢ᠌ᠲᠤᠷ ᠬᠢᠬᠦ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ ᠂ ᠪᠢᠳᠡ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ ᠃
ᠼᠠᠢ ᠴᠢ ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ ᠴᠢᠬᠤᠯᠠ ᠶᠡᠬᠡ ᠠᠮᠵᠢᠯᠲᠠ ᠪᠦᠲᠦᠮᠵᠢ ᠣᠯᠣᠭᠰᠠᠨ᠎ᠤ ᠬᠠᠮᠤᠭ᠎ᠤᠨ ᠦᠨᠳᠦᠰᠦᠨ ᠵᠦᠢ᠍ᠯ᠎ᠨᠢ ᠶᠡᠷᠦᠩᠬᠡᠢ ᠱᠦᠵᠢ ᠰᠢ ᠵᠢᠨ ᠫᠢᠩ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠵᠦ ᠂
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ᠎ᠳᠤ ᠪᠠᠢ᠌ᠨ᠎ᠠ ᠃ ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ᠎ᠨᠢ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠦᠢ᠍ᠯᠡᠰ᠎ᠤᠨ ᠬᠥᠭᠵᠢᠯᠲᠡ ᠵᠢᠨ ᠠᠯᠢ ᠤᠯᠠᠨ ᠴᠢᠬᠤᠯᠠ ᠶᠡᠬᠡ ᠤᠨᠤᠯ ᠪᠠ ᠦᠢ᠍ᠯᠡᠳᠦᠯᠭᠡ ᠵᠢᠨ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ ᠬᠠᠷᠢᠭᠤᠯᠲᠠ ᠥᠭᠴᠦ ᠂ ᠨᠠᠮ᠎ᠤᠨ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠤᠨ ᠵᠢᠮ᠎ᠡ ᠶᠣᠰᠣᠴᠢ ᠴᠢᠨᠠᠷᠲᠠᠢ ᠲᠠᠨᠢᠯᠲᠠ ᠵᠢ ᠴᠣ᠋ ᠰᠢᠨ᠎ᠡ ᠥᠨᠳᠥᠷᠴᠡ᠎ᠳᠤ ᠭᠦᠷᠲᠡᠯ᠎ᠡ ᠳᠡᠭᠡᠭᠰᠢᠯᠡᠭᠦᠯᠪᠡ ᠂ ᠡᠨᠡ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠳᠤ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠂ ᠰᠦᠯᠵᠢᠶ᠎ᠡ ᠵᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠠᠵᠢᠯᠯᠠᠭ᠋ᠠᠨ᠎ᠤ ᠵᠦᠭᠯᠡᠭᠦᠷ ᠪᠣᠯᠣᠨ᠎ᠠ ᠂ ᠪᠢᠳᠡ ᠭᠦᠨᠵᠡᠭᠡᠢ ᠰᠤᠷᠤᠯᠴᠠᠨ ᠣᠢ᠌ᠯᠠᠭ᠋ᠠᠵᠤ ᠂ 《 ᠬᠣᠶᠠᠷ᠎ᠢ ᠲᠣᠭᠲᠠᠭ᠋ᠠᠭᠰᠠᠨ 》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢ᠌ᠯᠠᠭ᠋ᠠᠵᠤ ᠂ 《 ᠬᠣᠶᠠᠷ᠎ᠢ ᠬᠠᠮᠠᠭ᠋ᠠᠯᠠᠬᠤ 》 ᠵᠢ ᠡᠷᠡᠰ ᠪᠡᠶᠡᠯᠡᠭᠦᠯᠵᠦ ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠪᠦᠭᠦ ᠶᠠᠪᠤᠴᠠ᠎ᠳᠤ ᠦᠨᠡᠨ ᠬᠦ᠌ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃
ᠼᠠᠢ ᠴᠢ ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠳᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠬᠢᠵᠦ ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠂ ᠡᠭᠦᠷᠭᠡ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ ᠂ ᠨᠠᠢ᠌ᠳᠠᠪᠤᠷᠢᠵᠢᠭᠤᠯᠤᠯᠲᠠ ᠵᠢ ᠬᠦᠴᠦᠯᠡᠨ ᠠᠬᠢᠭᠤᠯᠬᠤ ᠬᠡᠷᠡᠭᠲᠡᠢ ᠃ ᠰᠦᠯᠵᠢᠶᠡᠨ ᠳᠡᠭᠡᠷᠡᠬᠢ ᠵᠥᠪ ᠲᠠᠯ᠎ᠠ ᠵᠢᠨ ᠤᠬᠠᠭᠤᠯᠭ᠎ᠠ ᠵᠢᠯᠣᠭᠣᠳᠤᠯᠭ᠎ᠠ ᠵᠢ ᠴᠢᠩᠭ᠋ᠠᠳᠬᠠᠵᠤ ᠂ ᠰᠦᠯᠵᠢᠶ᠎ᠡ ᠵᠢᠨ ᠦᠵᠡᠯ ᠤᠬᠠᠮᠰᠠᠷ᠎ᠤᠨ ᠭᠡᠯᠪᠡᠷᠢ ᠵᠢᠨ ᠠᠶᠤᠯ ᠲᠦᠭᠰᠢᠭᠦᠷᠢ ᠵᠢ ᠰᠡᠷᠭᠡᠢ᠌ᠯᠡᠵᠦ ᠂ ᠰᠦᠯᠵᠢᠶ᠎ᠡ ᠵᠢᠨ ᠶᠡᠷᠦᠩᠬᠡᠢ᠌ᠯᠡᠭᠰᠡᠨ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ ᠂ ᠰᠠᠢ᠌ᠨ ᠰᠠᠢ᠌ᠬᠠᠨ ᠰᠦᠯᠵᠢᠶ᠎ᠡ ᠵᠢᠨ ᠠᠮᠢ ᠠᠬᠤᠢ ᠵᠢ ᠪᠦᠷᠢᠯᠳᠦᠭᠦᠯᠵᠦ ᠂ ᠰᠦᠯᠵᠢᠶ᠎ᠡ ᠵᠢᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠤᠳᠤᠷᠢᠳᠬᠤ ᠡᠷᠬᠡ ᠵᠢ ᠪᠠᠲᠤ ᠡᠵᠡᠮᠳᠡᠬᠦ ᠬᠡᠷᠡᠭᠲᠡᠢ ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ ᠂ ᠰᠦᠯᠵᠢᠶ᠎ᠡ ᠵᠢᠨ ᠠᠮᠤᠷ ᠲᠦᠪᠰᠢᠨ᠎ᠤ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠪᠠ ᠡᠭᠦᠷᠭᠡ ᠵᠢ ᠬᠡᠷᠡᠭᠵᠢᠭᠦᠯᠵᠦ ᠂ ᠶᠡᠬᠡ ᠰᠦᠯᠵᠢᠶ᠎ᠡ ᠵᠢᠨ ᠠᠮᠤᠷ ᠲᠦᠪᠰᠢᠨ᠎ᠤ ᠠᠵᠢᠯ᠎ᠤᠨ ᠪᠠᠢ᠌ᠷᠢᠰᠢᠯ᠎ᠢ ᠪᠠᠢ᠌ᠭᠤᠯᠵᠤ ᠂ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠬᠡᠷᠡᠭᠲᠡᠢ ᠃ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠂ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠂ ᠬᠥᠭᠵᠢᠯᠲᠡ᠎ᠳᠤ ᠴᠢᠳᠠᠪᠤᠷᠢ ᠨᠡᠮᠡᠷᠢᠯᠡᠬᠦ ᠂ ᠲᠦᠭᠡᠮᠡᠯ ᠠᠰᠢᠭ ᠬᠦᠷᠲᠡᠭᠡᠬᠦ ᠲᠥᠪ ᠭᠤᠤᠯᠴᠢ ᠪᠠᠢ᠌ᠬᠤ ᠵᠢ ᠪᠠᠷᠢᠮᠲᠠᠯᠠᠵᠤ ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ᠎ᠪᠠᠨ ᠢᠯᠡᠨ ᠳᠠᠪᠠᠵᠤ ᠂ ᠮᠡᠳᠡᠭᠡ ᠵᠠᠩᠭᠢᠵᠢᠯᠲᠠ᠎ᠪᠠᠷ ᠬᠥᠳᠡᠯᠭᠡᠭᠦᠷ ᠪᠤᠯᠭ᠋ᠠᠵᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ ᠃ ᠰᠦᠯᠵᠢᠶ᠎ᠡ ᠵᠢᠨ ᠲᠤᠬᠠᠢ ᠬᠠᠤᠯᠢ ᠲᠣᠭᠲᠠᠭ᠋ᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠤᠯᠢ ᠵᠢᠨ ᠮᠡᠳᠡᠯᠭᠡ ᠵᠢ ᠲᠦᠭᠡᠮᠡᠯᠵᠢᠭᠦᠯᠬᠦ ᠵᠢ ᠴᠢᠩᠭ᠋ᠠᠳᠬᠠᠵᠤ ᠂ ᠰᠦᠯᠵᠢᠶ᠎ᠡ ᠵᠢᠨ ᠣᠷᠣᠨ ᠵᠠᠢ ᠵᠢᠨ ᠬᠠᠤᠯᠢᠵᠢᠯ᠎ᠤᠨ ᠠᠬᠢᠴᠠ ᠵᠢ ᠠᠬᠢᠭᠤᠯᠬᠤ ᠬᠡᠷᠡᠭᠲᠡᠢ ᠃ ᠰᠦᠯᠵᠢᠶ᠎ᠡ ᠵᠢᠨ ᠮᠡᠳᠡᠭᠡ ᠵᠠᠩᠭᠢ ᠵᠢᠨ ᠬᠦᠷᠢᠶᠡᠨ᠎ᠳᠠᠬᠢ ᠣᠯᠠᠨ ᠤᠯᠤᠰ᠎ᠤᠨ ᠰᠣᠯᠢᠯᠴᠠᠭ᠎ᠠ ᠪᠠ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠬᠡᠷᠡᠭᠲᠡᠢ ᠃ ᠨᠠᠮ᠎ᠠᠴᠠ ᠢᠨᠲ᠋ᠧᠷ ᠰᠦᠯᠵᠢᠶ᠎ᠡ ᠵᠢ ᠬᠠᠮᠢᠶᠠᠷᠬᠤ ᠵᠢ ᠪᠠᠷᠢᠮᠲᠠᠯᠠᠵᠤ ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ ᠂ ᠲᠥᠪ᠎ᠤᠨ ᠰᠦᠯᠵᠢᠶ᠎ᠡ ᠵᠢᠨ ᠮᠡᠳᠡᠭᠡ ᠵᠠᠩᠭᠢ ᠵᠢᠨ ᠬᠣᠷᠢᠶ᠎ᠠ ᠵᠢᠴᠢ ᠪᠦᠷᠢᠯᠳᠦᠭᠦᠨ ᠨᠢᠭᠡᠴᠢ ᠂ ᠡᠯ᠎ᠡ ᠱᠠᠲᠤᠨ᠎ᠤ ᠨᠠᠮ᠎ᠤᠨ ᠬᠣᠷᠢᠶ᠎ᠠ ( ᠨᠠᠮ᠎ᠤᠨ ᠤᠳᠤᠷᠢᠳᠬᠤ ᠳᠤᠭᠤᠢ᠌ᠯᠠᠩ ) ᠵᠢᠴᠢ ᠰᠦᠯᠵᠢᠶ᠎ᠡ ᠵᠢᠨ ᠮᠡᠳᠡᠭᠡ ᠵᠠᠩᠭᠢ ᠵᠢᠨ ᠰᠠᠯᠠᠭ᠎ᠠ ᠮᠥᠴᠢᠷ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ ᠂ ᠬᠦᠴᠦ᠎ᠪᠠᠨ ᠬᠠᠮᠲᠤᠳᠬᠠᠨ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠠᠮᠢᠳᠤᠯᠢᠭ ᠪᠠᠢ᠌ᠳᠠᠯ᠎ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ ᠂ ᠲᠥᠪ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠯᠢ ᠱᠤ᠌ ᠯᠧᠢ ᠳ᠋ᠦᠩᠨᠡᠯᠲᠡ ᠵᠢᠨ ᠶᠠᠷᠢᠶᠠᠨ᠎ᠳᠠᠭᠠᠨ ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ 《 ᠬᠣᠶᠠᠷ᠎ᠢ ᠲᠣᠭᠲᠠᠭ᠋ᠠᠭᠰᠠᠨ 》᠎ᠢ ᠡᠷᠡᠰ ᠬᠦᠷᠢᠶᠡᠯᠡᠵᠦ ᠂
《 ᠬᠣᠶᠠᠷ᠎ᠢ ᠬᠠᠮᠠᠭ᠋ᠠᠯᠠᠬᠤ 》 ᠵᠢ ᠡᠷᠡᠰ ᠪᠡᠶᠡᠯᠡᠭᠦᠯᠵᠦ ᠂ ᠲᠣᠭ᠎ᠢ ᠮᠠᠨᠳᠤᠭᠤᠯᠤᠨ ᠠᠷᠠᠳ᠎ᠤᠨ ᠰᠡᠳᠬᠢᠯ᠎ᠢ ᠨᠢᠭᠲᠠᠷᠠᠭᠤᠯᠬᠤ ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠮᠤᠷ ᠲᠦᠪᠰᠢᠨ᠎ᠢ ᠪᠠᠲᠤᠯᠠᠬᠤ ᠂ ᠵᠠᠰᠠᠯᠲᠠ ᠵᠢ ᠴᠢᠩᠭ᠋ᠠᠳᠬᠠᠨ ᠠᠷᠠᠳ᠎ᠲᠤ ᠠᠰᠢᠭ ᠬᠦᠷᠲᠡᠭᠡᠬᠦ ᠂ ᠬᠥᠳᠡᠯᠭᠡᠬᠦ ᠬᠦᠴᠦᠨ᠎ᠢ ᠨᠡᠮᠡᠭᠳᠡᠭᠦᠯᠦᠨ ᠬᠥᠭᠵᠢᠯᠲᠡ ᠵᠢ ᠠᠬᠢᠭᠤᠯᠬᠤ ᠂ ᠬᠠᠮᠲᠤᠷᠠᠯᠴᠠᠭ᠎ᠠ ᠵᠢ ᠡᠷᠢᠯᠬᠢᠯᠡᠨ ᠬᠠᠮᠲᠤ᠎ᠪᠠᠷ ᠠᠰᠢᠭ ᠭᠦᠷᠲᠡᠭᠦ ᠵᠢ ᠪᠣᠳᠣᠯᠬᠢᠯᠠᠬᠤ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠡᠯ᠎ᠡ ᠲᠠᠯ᠎ᠠ ᠪᠦᠭᠦ ᠶᠠᠪᠤᠴᠠ᠎ᠳᠤ ᠢᠯᠡᠷᠡᠭᠦᠯᠵᠦ ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂ ᠤᠯᠤᠰ ᠵᠢᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠲᠤ ᠪᠠᠲᠤ ᠪᠡᠬᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠢᠯᠡᠳᠬᠡᠪᠡ ᠃
ᠪᠡᠭᠡᠵᠢᠩ ᠬᠤᠳᠠ ᠂ ᠱᠠᠩᠬᠠᠢ ᠬᠤᠳᠠ ᠂ ᠭᠤᠸᠠᠩᠳᠦ᠋ᠩ ᠮᠤᠵᠢ ᠂ ᠰᠤᠷᠭ᠋ᠠᠨ ᠬᠥᠮᠦᠵᠢᠯ᠎ᠤᠨ ᠶᠠᠮᠤᠨ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠂ ᠠᠷᠠᠳ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠬᠣᠯᠪᠣᠭᠳᠠᠯ ᠪᠦᠬᠦᠢ ᠨᠥᠬᠥᠳ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ ᠃
ᠱ᠌ᠢ᠎ᠲᠠᠢ ᠹᠧᠩ ᠂ ᠾᠧ ᠯᠢ ᠹᠧᠩ ᠂ ᠵᠠᠩ ᠶᠢᠦ ᠰᠢᠶᠠ ᠂ ᠴᠧᠨ ᠸᠸᠨ ᠴᠢᠩ ᠂ ᠸᠠᠩ ᠰᠢᠶᠣᠣ ᠬᠣᠩ ᠂ ᠦ᠋ ᠵᠧᠩ ᠯᠦᠩ ᠬᠤᠷᠠᠯ᠎ᠳᠤ ᠣᠷᠣᠯᠴᠠᠵᠠᠢ ᠃
ᠲᠥᠪ᠎ᠤᠨ ᠰᠦᠯᠵᠢᠶ᠎ᠡ ᠵᠢᠨ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠬᠣᠷᠢᠶ᠎ᠠ ᠵᠢᠨ ᠪᠦᠷᠢᠯᠳᠦᠭᠦᠨ ᠂ ᠡᠯ᠎ᠡ ᠮᠤᠵᠢ ᠣᠷᠣᠨ ᠬᠤᠲᠠ ᠪᠣᠯᠣᠨ ᠲᠥᠯᠥᠪᠯᠡᠭᠡ᠎ᠳᠤ ᠲᠤᠰᠠᠭ᠋ᠠᠷ ᠵᠢᠭᠰᠠᠭ᠋ᠠᠭᠰᠠᠨ ᠬᠤᠲᠠ ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠂ ᠬᠣᠯᠪᠣᠭᠳᠠᠯ ᠪᠦᠬᠦᠢ ᠠᠷᠠᠳ᠎ᠤᠨ ᠪᠦᠯᠭᠦᠮ ᠂ ᠬᠣᠯᠪᠣᠭᠳᠠᠯ ᠪᠦᠬᠦᠢ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠂ ᠴᠡᠷᠢᠭ ᠠᠩᠭᠢ ᠵᠢᠨ ᠬᠣᠯᠪᠣᠭᠳᠠᠯ ᠪᠦᠬᠦᠢ ᠨᠢᠭᠡᠴᠢ ᠂ ᠲᠥᠪ᠎ᠤᠨ ᠭᠣᠣᠯᠳᠠᠯᠭ᠎ᠠ᠎ᠲᠠᠢ ᠰᠣᠨᠢᠨ ᠮᠡᠳᠡᠭᠡ ᠵᠢᠨ ᠰᠦᠯᠵᠢᠶ᠎ᠡ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠢ ᠃