ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 15᠎ᠤ ᠴᠠᠭᠢᠯᠭ᠋ᠠᠨ ᠮᠡᠳᠡᠭᠡ 7 ᠰᠠᠷ᠎ᠠ ᠵᠢᠨ 16᠎ᠤ ᠡᠳᠦᠷ ᠬᠡᠪᠯᠡᠭᠳᠡᠭᠰᠡᠨ 14 ᠳ᠋ᠦ᠍ᠭᠡᠷ ᠬᠤᠭᠤᠴᠠᠭ᠋ᠠᠨ᠎ᠤ 《 ᠦᠨᠡᠨ 》 ᠰᠡᠳᠬᠦᠯ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 《 ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ 》 ᠭᠡᠬᠦ ᠴᠢᠬᠤᠯᠠ ᠵᠣᠬᠢᠶᠠᠯ᠎ᠢ ᠨᠡᠢ᠌ᠲᠡᠯᠡᠪᠡ ᠃
ᠵᠣᠬᠢᠶᠠᠯ᠎ᠳᠤ ᠂ ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠲᠥᠪᠯᠡᠷᠡᠩᠭᠦᠢ ᠪᠠᠢ᠌ᠷᠢᠯᠠᠭᠤᠯᠤᠯᠲᠠ ᠮᠥᠨ ᠃ ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠬᠤ ᠵᠢᠨ ᠵᠣᠷᠢᠯᠭ᠎ᠠ᠎ᠨᠢ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠵᠢᠨ ᠪᠠᠢ᠌ᠭᠤᠯᠤᠮᠵᠢ ᠵᠢᠨ ᠲᠣᠬᠢᠷᠠᠭᠤᠯᠤᠯᠲᠠ ᠵᠢᠨ ᠲᠠᠯ᠎ᠠ᠎ᠪᠠᠷ ᠨᠡᠩ ᠰᠢᠨᠵᠢᠯᠡᠬᠦ ᠤᠬᠠᠭ᠋ᠠᠨᠴᠢ ᠂ ᠡᠭᠦᠷᠭᠡ ᠴᠢᠳᠠᠪᠬᠢ ᠵᠢᠨ ᠲᠣᠬᠢᠷᠠᠭᠤᠯᠤᠯᠲᠠ ᠵᠢᠨ ᠲᠠᠯ᠎ᠠ᠎ᠪᠠᠷ ᠨᠡᠩ ᠰᠢᠯᠢᠳᠡᠭᠵᠢᠭᠰᠡᠨ ᠂ ᠪᠠᠢ᠌ᠭᠤᠯᠤᠮᠵᠢ ᠲᠣᠭᠲᠠᠴᠠ ᠵᠢᠨ ᠲᠠᠯ᠎ᠠ᠎ᠪᠠᠷ ᠨᠡᠩ ᠲᠡᠭᠦᠯᠳᠡᠷᠵᠢᠭᠰᠡᠨ ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠲᠠᠯ᠎ᠠ᠎ᠪᠠᠷ ᠨᠡᠩ ᠥᠨᠳᠥᠷ ᠪᠦᠲᠦᠮᠵᠢᠲᠡᠢ ᠪᠤᠯᠬᠤ ᠵᠢ ᠠᠬᠢᠭᠤᠯᠬᠤ ᠵᠢᠨ ᠲᠥᠯᠥᠭᠡ ᠶᠤᠮ ᠃ ᠨᠠᠮ ᠪᠣᠯᠣᠨ ᠲᠥᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠪᠣᠯ ᠨᠢᠭᠡᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ ᠂ ᠨᠢᠭᠡ ᠯᠡ ᠳᠡᠭᠡᠷ᠎ᠡ ᠪᠦᠲᠦᠴᠢᠬᠡᠬᠦ ᠪᠢᠰᠢ ᠂ ᠨᠢᠭᠡ ᠯᠡ ᠳᠡᠭᠡᠷ᠎ᠡ ᠰᠢᠢ᠍ᠳᠪᠦᠷᠢᠯᠡᠭᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠶᠠᠪᠤᠳᠠᠯ ᠴᠤ᠌ ᠪᠢᠰᠢ ᠂ ᠰᠢᠨ᠎ᠡ ᠡᠭᠦᠷᠭᠡ ᠬᠠᠷᠢᠭᠤᠴᠠᠯᠭ᠎ᠠ ᠂ ᠰᠢᠨ᠎ᠡ ᠪᠠᠢ᠌ᠯᠳᠤᠬᠤ ᠪᠣᠳᠣᠯᠭ᠎ᠠ ᠵᠢᠨ ᠲᠣᠬᠢᠷᠠᠭᠤᠯᠤᠯᠲᠠ ᠂ ᠰᠢᠨ᠎ᠡ ᠠᠵᠢᠯ᠎ᠤᠨ ᠬᠡᠷᠡᠭᠴᠡᠭᠡ ᠵᠢ ᠦᠨᠳᠦᠰᠦᠯᠡᠨ ᠂ ᠨᠠᠮ ᠪᠣᠯᠣᠨ ᠲᠥᠷᠦ ᠵᠢᠨ ᠪᠠᠢ᠌ᠭᠤᠯᠤᠮᠵᠢ ᠵᠢᠨ ᠡᠭᠦᠷᠭᠡ ᠴᠢᠳᠠᠪᠬᠢ ᠵᠢᠨ ᠰᠢᠰᠲ᠋ᠧᠮ᠎ᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠵᠦ ᠂ ᠲᠡᠭᠦᠨ᠎ᠢ ᠨᠠᠮ ᠪᠣᠯᠣᠨ ᠲᠥᠷᠦ ᠵᠢᠨ ᠠᠵᠢᠯ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ᠎ᠳᠤ ᠨᠠᠩ ᠰᠠᠢ᠌ᠲᠤᠷ ᠵᠣᠬᠢᠴᠠᠭᠤᠯᠬᠤ ᠵᠢᠨ ᠲᠥᠯᠥᠭᠡ ᠶᠤᠮ ᠭᠡᠵᠦ ᠴᠢᠬᠤᠯᠠᠴᠢᠯᠠᠪᠠ ᠃
ᠵᠣᠬᠢᠶᠠᠯ᠎ᠳᠤ ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠂ ᠪᠢᠳᠡᠨ᠎ᠤ ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢᠨ ᠴᠢᠬᠤᠯᠠ ᠨᠢᠭᠡ ᠵᠣᠷᠢᠯᠭ᠎ᠠ ᠪᠣᠯ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ ᠂ ᠪᠠᠢ᠌ᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ ᠵᠢᠨ ᠲᠠᠯ᠎ᠠ᠎ᠪᠠᠷ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠢ ᠡᠯ᠎ᠡ ᠬᠦᠷᠢᠶ᠎ᠡ ᠂ ᠡᠯ᠎ᠡ ᠲᠠᠯ᠎ᠠ ᠂ ᠡᠯ᠎ᠡ ᠭᠣᠭᠴᠣᠭ᠎ᠠ᠎ᠳᠤ ᠨᠠᠢ᠌ᠳᠠᠪᠤᠷᠢᠵᠢᠭᠤᠯᠬᠤ ᠶᠠᠪᠤᠳᠠᠯ ᠪᠣᠯᠣᠨ᠎ᠠ ᠃ ᠡᠨᠡ ᠤᠳᠠᠭ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ᠎ᠳᠤ ᠂ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠬᠡᠷᠡᠭ ᠵᠥᠪᠯᠡᠬᠦ ᠵᠣᠬᠢᠴᠠᠭᠤᠯᠬᠤ ᠰᠢᠨ᠎ᠡ ᠪᠠᠢ᠌ᠭᠤᠯᠤᠮᠵᠢ ᠵᠢ ᠪᠠᠢ᠌ᠭᠤᠯᠵᠤ ᠂ ᠨᠠᠮ᠎ᠤᠨ ᠲᠥᠪ ᠬᠣᠷᠢᠶ᠎ᠠ ᠵᠢᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠪᠣᠯᠣᠨ ᠬᠡᠷᠡᠭ ᠡᠷᠭᠢᠯᠡᠭᠦ ᠰᠢᠨ᠎ᠡ ᠪᠠᠢ᠌ᠭᠤᠯᠤᠮᠵᠢ ᠵᠢ ᠪᠠᠢ᠌ᠭᠤᠯᠵᠤ ᠂ ᠴᠢᠬᠤᠯᠠ ᠬᠦᠷᠢᠶᠡᠨ᠎ᠳᠤ ᠨᠠᠮ᠎ᠤᠨ ᠲᠥᠪ ᠬᠣᠷᠢᠶ᠎ᠠ᠎ᠠᠴᠠ ᠲᠣᠮᠢᠯᠠᠭᠰᠠᠨ ᠰᠢᠨ᠎ᠡ ᠪᠠᠢ᠌ᠭᠤᠯᠭ᠎ᠠ ᠵᠢ ᠲᠣᠬᠢᠷᠠᠭᠤᠯᠤᠭᠰᠠᠨ᠎ᠨᠢ ᠳᠠᠪᠠᠭᠤᠯᠢᠭ ᠵᠶ᠋ᠠᠨ ᠪᠠᠳᠠᠷᠠᠭᠤᠯᠵᠤ ᠂ ᠳᠤᠲᠠᠭᠤᠳᠠᠯ ᠵᠶ᠋ᠠᠨ ᠨᠥᠬᠥᠪᠦᠷᠢᠯᠡᠵᠦ ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠬᠤ ᠵᠢᠨ ᠲᠥᠯᠥᠭᠡ ᠶᠤᠮ ᠃ ᠡᠭᠦᠨ᠎ᠤ ᠬᠠᠮᠲᠤ ᠂ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠂ ᠨᠡᠢ᠌ᠭᠡᠮ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠡᠷᠭᠡ ᠲᠠᠯ᠎ᠠ ᠵᠢᠨ ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ ᠪᠠ ᠲᠤᠰᠢᠶᠠᠯ ᠬᠠᠷᠢᠭᠤᠴᠠᠯᠭ᠎ᠠ ᠵᠢᠨ ᠲᠣᠬᠢᠷᠠᠭᠤᠯᠤᠯᠲᠠ᠎ᠳᠤ ᠨᠡᠯᠢᠶᠡᠳ ᠵᠦᠢ ᠵᠣᠬᠢᠰᠲᠠᠢ ᠵᠢᠷᠤᠭ ᠲᠥᠯᠥᠪᠯᠡᠭᠡ ᠪᠠ ᠲᠣᠬᠢᠷᠠᠭᠤᠯᠤᠯᠲᠠ ᠬᠢᠭᠰᠡᠨ ᠪᠠᠢ᠌ᠨ᠎ᠠ ᠃ ᠡᠳᠡᠭᠡᠷ ᠲᠣᠬᠢᠷᠠᠭᠤᠯᠤᠯᠲᠠ ᠪᠣᠯ ᠪᠢᠳᠡᠨ᠎ᠳᠤ ᠲᠤᠯᠭ᠋ᠠᠷᠠᠵᠤ ᠪᠠᠢ᠌ᠭ᠎ᠠ ᠭᠦᠨ ᠳᠠᠪᠬᠤᠷᠭ᠎ᠠ ᠵᠢᠨ ᠵᠥᠷᠢᠴᠡᠯ ᠪᠠ ᠠᠰᠠᠭᠤᠳᠠᠯ᠎ᠢ ᠵᠠᠳᠠᠯᠤᠭᠰᠠᠨ ᠰᠠᠭᠤᠷᠢᠨ ᠳᠡᠭᠡᠷ᠎ᠡ ᠳᠤᠷᠠᠳᠤᠨ ᠭᠠᠷᠭ᠋ᠠᠭᠰᠠᠨ ᠰᠢᠢ᠍ᠳᠪᠦᠷᠢᠯᠡᠬᠦ ᠲᠥᠰᠥᠯ ᠮᠥᠨ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠬᠠᠮᠰᠠᠷ᠎ᠠᠴᠠ᠎ᠪᠠᠨ ᠶᠡᠬᠡ ᠲᠠᠯ᠎ᠠ᠎ᠠᠴᠠ ᠡᠭᠦᠰᠦᠨ ᠪᠣᠳᠣᠯᠬᠢᠯᠠᠵᠤ ᠂ ᠶᠡᠬᠡ ᠲᠠᠯ᠎ᠠ᠎ᠠᠴᠠ ᠡᠭᠦᠰᠦᠨ ᠠᠵᠢᠯᠯᠠᠵᠤ ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠡᠷᠡ ᠶᠣᠰᠣᠭ᠋ᠠᠷ᠎ᠨᠢ ᠂ ᠭᠡᠯᠪᠡᠷᠢ ᠵᠢ᠎ᠨᠢ ᠬᠤᠪᠢᠷᠠᠭᠤᠯᠬᠤ ᠦᠭᠡᠢ ᠂ ᠢᠯᠠᠩᠭᠤᠶ᠎ᠠ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ᠎ᠢ ᠴᠢᠩᠭ᠎ᠠ ᠦᠨᠳᠦᠰᠦᠯᠡᠨ ᠰᠠᠯᠠᠭ᠎ᠠ ᠮᠥᠴᠢᠷ᠎ᠤᠨ 《 ᠭᠤᠷᠪᠠ ᠵᠢ ᠲᠣᠭᠲᠠᠭ᠋ᠠᠬᠤ 》 ᠲᠣᠭᠲᠠᠭ᠋ᠠᠯ᠎ᠢ ᠲᠣᠭᠲᠠᠭ᠋ᠠᠨ ᠬᠡᠷᠡᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠵᠣᠬᠢᠶᠠᠯ᠎ᠳᠤ ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ᠎ᠨᠢ ᠲᠤᠢ᠌ᠯ᠎ᠤᠨ ᠴᠢᠬᠤᠯᠠ ᠶᠤᠮ ᠃ ᠪᠠᠢ᠌ᠭᠤᠯᠤᠮᠵᠢ ᠵᠢᠨ ᠥᠭᠡᠷᠡᠴᠢᠯᠡᠯᠲᠡ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ ᠂ ᠪᠠᠢ᠌ᠭᠤᠯᠬᠤ᠎ᠠᠴᠠ ᠡᠮᠦᠨ᠎ᠡ ᠂ ᠡᠪᠳᠡᠬᠦ ᠦᠭᠡᠢ ᠂ ᠤᠷᠢᠳ ᠵᠶ᠋ᠡᠷ ᠪᠠᠢ᠌ᠭᠤᠯᠵᠤ ᠳᠠᠷᠠᠭ᠎ᠠ᠎ᠨᠢ ᠡᠪᠳᠡᠬᠦ ᠵᠢ ᠪᠠᠷᠢᠮᠲᠠᠯᠠᠵᠤ ᠂ ᠪᠠᠢ᠌ᠭᠤᠯᠤᠮᠵᠢ ᠵᠢᠨ ᠡᠭᠦᠷᠭᠡ ᠴᠢᠳᠠᠪᠬᠢ ᠵᠢ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠢ ᠪᠠᠢ᠌ᠯᠭ᠋ᠠᠬᠤ ᠵᠢ ᠠᠬᠢᠭᠤᠯᠬᠤ ᠵᠢ ᠪᠠᠷᠢᠮᠲᠠᠯᠠᠵᠤ ᠂ ᠲᠥᠪ ᠪᠠ ᠣᠷᠣᠨ ᠨᠤᠲᠤᠭ ᠨᠢᠭᠡ ᠬᠥᠯᠭᠡ ᠰᠢᠲᠠᠷ᠎ᠠ ᠪᠤᠯᠬᠤ ᠵᠢ ᠪᠠᠷᠢᠮᠲᠠᠯᠠᠵᠤ ᠂ ᠥᠭᠡᠷᠡᠴᠢᠯᠡᠯᠲᠡ ᠪᠠ ᠬᠠᠤᠯᠢᠵᠢᠯ᠎ᠢ ᠨᠢᠭᠡᠳᠬᠡᠬᠦ ᠵᠢ ᠪᠠᠷᠢᠮᠲᠠᠯᠠᠵᠤ ᠂ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠥᠭᠡᠷᠡᠴᠢᠯᠡᠯᠲᠡ ᠵᠢᠨ ᠪᠦᠭᠦ ᠶᠠᠪᠤᠴᠠ᠎ᠳᠤ ᠲᠤᠭᠤᠰᠢᠯᠠᠭᠤᠯᠬᠤ ᠵᠢ ᠪᠠᠷᠢᠮᠲᠠᠯᠠᠬᠤ ᠵᠡᠷᠭᠡ ᠡᠷᠬᠢᠮ ᠨᠠᠨᠳᠢᠨ ᠲᠤᠷᠰᠢᠯᠭ᠎ᠠ ᠵᠢ ᠦᠷᠭᠦᠯᠵᠢᠯᠡᠨ ᠰᠠᠢ᠌ᠲᠤᠷ ᠬᠡᠷᠡᠭᠯᠡᠵᠦ ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠠᠵᠢᠯ᠎ᠢ ᠵᠣᠬᠢᠶᠠᠨ ᠪᠠᠢ᠌ᠭᠤᠯᠤᠯᠲᠠ᠎ᠲᠠᠢ ᠂ ᠠᠯᠬᠤᠮ ᠳᠠᠷᠠᠭ᠎ᠠ᠎ᠲᠠᠢ ᠂ ᠰᠠᠬᠢᠯᠭ᠎ᠠ ᠪᠠᠲᠤᠲᠠᠢ᠎ᠪᠠᠷ ᠠᠬᠢᠭᠤᠯᠬᠤ ᠬᠡᠷᠡᠭᠲᠡᠢ ᠃ ᠨᠢᠭᠡ᠎ᠳᠤ ᠨᠢᠭᠡᠳᠬᠡᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠤᠳᠤᠷᠢᠳᠤᠯᠭ᠎ᠠ ᠳᠣᠣᠷ᠎ᠠ ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠲᠦᠷᠦᠭᠦᠯᠡᠨ ᠶᠡᠷᠦᠩᠬᠡᠢ᠌ᠯᠡᠨ ᠠᠳᠬᠤᠵᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ ᠂ ᠵᠣᠬᠢᠴᠠᠭᠤᠯᠬᠤ ᠲᠣᠭᠲᠠᠴᠠ ᠵᠢ ᠪᠠᠢ᠌ᠭᠤᠯᠬᠤ ᠬᠡᠷᠡᠭᠲᠡᠢ ᠃ ᠬᠣᠶᠠᠷ᠎ᠲᠤ ᠲᠣᠭᠲᠠᠭᠤᠨ ᠪᠠᠢ᠌ᠯᠭ᠋ᠠᠬᠤ ᠦᠨᠳᠦᠰᠦᠨ ᠭᠦᠭ ᠠᠶᠠᠰ᠎ᠢ ᠪᠠᠷᠢᠮᠲᠠᠯᠠᠬᠤ ᠬᠡᠷᠡᠭᠲᠡᠢ ᠃ ᠡᠨᠡ ᠤᠳᠠᠭ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ᠎ᠳᠤ ᠬᠣᠯᠪᠣᠭᠳᠠᠬᠤ ᠰᠠᠯᠠᠭ᠎ᠠ ᠮᠥᠴᠢᠷ ᠨᠡᠯᠢᠶᠡᠳ ᠤᠯᠠᠨ ᠂ ᠭᠦᠨᠳᠡᠭᠦ ᠠᠰᠠᠭᠤᠳᠠᠯ ᠨᠡᠯᠢᠶᠡᠳ ᠭᠦᠨ ᠪᠠᠢ᠌ᠵᠤ ᠂ ᠠᠷᠭ᠎ᠠ ᠰᠦᠪᠡᠭᠴᠢᠯᠡᠵᠦ ᠪᠠᠢ᠌ᠭ᠋ᠠᠳ ᠬᠢᠬᠦ ᠬᠡᠷᠡᠭᠲᠡᠢ ᠃ ᠲᠥᠪ᠎ᠤᠨ ᠪᠠ ᠣᠷᠣᠨ ᠨᠤᠲᠤᠭ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠠᠵᠢᠯ᠎ᠤᠨ ᠪᠠᠢ᠌ᠷᠢᠯᠠᠭᠤᠯᠤᠯᠲᠠ ᠪᠠ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠲᠠᠯ᠎ᠠ᠎ᠪᠠᠷ ᠣᠷᠭ᠋ᠠᠨᠢᠭ ᠵᠶ᠋ᠠᠷ ᠵᠣᠯᠭ᠋ᠠᠭᠤᠯᠵᠤ ᠂ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ ᠃ ᠭᠤᠷᠪᠠ᠎ᠳᠤ ᠬᠥᠮᠥᠨ᠎ᠤ ᠠᠵᠢᠯ᠎ᠢ ᠰᠠᠢ᠌ᠲᠤᠷ ᠬᠢᠬᠦ ᠬᠡᠷᠡᠭᠲᠡᠢ ᠃ ᠥᠷᠭᠡᠨ ᠤᠯᠠᠨ ᠨᠠᠮ᠎ᠤᠨ ᠭᠡᠰᠢᠭᠦᠨ ᠂ ᠺᠠᠳ᠋ᠷ᠎ᠤᠨ ᠤᠯᠤᠰ ᠲᠦᠷᠦ ᠵᠢ ᠡᠷᠭᠢᠮᠯᠡᠭᠦ ᠂ ᠶᠡᠬᠡ ᠲᠠᠯ᠎ᠠ ᠵᠢ ᠪᠣᠳᠣᠯᠬᠢᠯᠠᠬᠤ ᠂ ᠶᠣᠰᠣ ᠳᠦᠷᠢᠮ᠎ᠢ ᠰᠠᠬᠢᠬᠤ ᠵᠢ ᠬᠥᠲᠥᠯᠥᠨ ᠵᠢᠯᠤᠭᠣᠳᠴᠤ ᠂ ᠠᠰᠢᠭ ᠲᠤᠰᠠ ᠵᠢᠨ ᠪᠠᠢ᠌ᠷᠢᠰᠢᠯ᠎ᠤᠨ ᠲᠣᠬᠢᠷᠠᠭᠤᠯᠤᠯᠲᠠ ᠪᠠ ᠬᠤᠪᠢ ᠬᠥᠮᠥᠨ᠎ᠤ ᠲᠠᠪᠰᠢᠵᠤ ᠬᠣᠴᠣᠷᠬᠤ ᠦᠯᠡᠳᠡᠵᠦ ᠰᠢᠯᠵᠢᠭᠦ᠎ᠳᠤ ᠵᠥᠪ ᠬᠠᠨᠳᠤᠵᠤ ᠂ ᠥᠭᠡᠷᠡᠴᠢᠯᠡᠯᠲᠡ ᠵᠢ ᠢᠳᠡᠪᠬᠢᠲᠡᠢ ᠲᠡᠮᠵᠢᠵᠤ ᠂ ᠤᠬᠠᠮᠰᠠᠷ᠎ᠠᠴᠠ᠎ᠪᠠᠨ ᠵᠣᠬᠢᠶᠠᠨ ᠪᠠᠢ᠌ᠭᠤᠯᠤᠯᠲᠠ ᠵᠢᠨ ᠲᠣᠬᠢᠷᠠᠭᠤᠯᠤᠯᠲᠠ ᠵᠢ ᠲᠠᠭ᠋ᠠᠬᠤ ᠬᠡᠷᠡᠭᠲᠡᠢ ᠃ ᠳᠥᠷᠪᠡ᠎ᠳᠤ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠬᠦ ᠬᠡᠷᠡᠭᠲᠡᠢ ᠃ ᠪᠠᠢ᠌ᠭᠤᠯᠤᠮᠵᠢ ᠵᠢᠨ ᠬᠤᠪᠢᠷᠠᠯᠲᠠ ᠂ ᠲᠤᠰᠢᠶᠠᠯ ᠬᠠᠷᠢᠭᠤᠴᠠᠯᠭ᠎ᠠ ᠵᠢᠨ ᠲᠣᠬᠢᠷᠠᠭᠤᠯᠤᠯᠲᠠ᠎ᠳᠤ ᠬᠣᠯᠪᠣᠭᠳᠠᠬᠤ ᠰᠠᠯᠠᠭ᠎ᠠ ᠮᠥᠴᠢᠷ᠎ᠤᠨ᠎ᠬᠢᠨ ᠤᠬᠠᠮᠰᠠᠷ᠎ᠠᠴᠠ᠎ᠪᠠᠨ ᠶᠡᠬᠡ ᠲᠠᠯ᠎ᠠ ᠵᠢ ᠳᠠᠭ᠋ᠠᠵᠤ ᠂ ᠪᠠᠢ᠌ᠭᠤᠯᠤᠮᠵᠢ ᠂ ᠡᠭᠦᠷᠭᠡ ᠬᠠᠷᠢᠭᠤᠴᠠᠯᠭ᠎ᠠ ᠂ ᠠᠵᠢᠯᠲᠠᠨ ᠵᠡᠷᠭᠡ ᠵᠢ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠢᠳᠤᠨᠢ ᠲᠣᠬᠢᠷᠠᠭᠤᠯᠵᠤ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠲᠠᠪᠤ᠎ᠳᠤ ᠬᠠᠤᠯᠢ ᠵᠢᠨ ᠦᠨᠳᠦᠰᠦᠯᠡᠯ᠎ᠲᠠᠢ ᠪᠠᠢ᠌ᠬᠤ ᠬᠡᠷᠡᠭᠲᠡᠢ ᠃ ᠬᠠᠤᠯᠢᠵᠢᠯ᠎ᠤᠨ ᠵᠠᠮ ᠵᠢᠨᠷ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠠᠬᠢᠭᠤᠯᠬᠤ ᠵᠢ ᠪᠠᠷᠢᠮᠲᠠᠯᠠᠵᠤ ᠂ ᠬᠠᠤᠯᠢ ᠲᠣᠭᠲᠠᠭ᠋ᠠᠬᠤ ᠪᠠᠢ᠌ᠭᠤᠯᠤᠮᠵᠢ ᠵᠢᠨ᠎ᠬᠢᠨ ᠬᠠᠮᠢᠶ᠎ᠠ ᠪᠦᠬᠦᠢ ᠬᠠᠤᠯᠢ ᠲᠣᠭᠲᠠᠭ᠋ᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭ᠋ᠠᠬᠤ ᠲᠠᠢ᠌ᠯᠪᠤᠷᠢᠯᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃