ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠹᠢᠯᠢᠫᠢᠨ᠎ᠤ ᠤᠤᠯ᠎ᠤᠨ ᠶᠡᠷᠦᠩᠬᠡᠢ᠌ᠯᠡᠭᠴᠢ ᠳ᠋ᠦᠲᠸᠷᠲᠸ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2023-07-18

 

       ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 17᠎ᠤ ᠴᠠᠬᠢᠯᠭ᠋ᠠᠨ ᠮᠡᠳᠡᠭᠡ    7 ᠰᠠᠷ᠎ᠠ ᠵᠢᠨ 17᠎ᠤ ᠦᠳᠡ ᠵᠢᠨ ᠬᠣᠢ᠌ᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠳ᠋ᠢᠶᠣᠤ ᠢᠤᠢ᠎ᠲᠠᠢ ᠲᠥᠷᠥ ᠵᠢ ᠵᠣᠴᠢᠳ᠎ᠤᠨ ᠪᠠᠭᠤᠳᠠᠯ᠎ᠳᠤ ᠹᠢᠯᠢᠫᠢᠨ᠎ᠤ ᠤᠤᠯ᠎ᠤᠨ ᠶᠡᠷᠦᠩᠬᠡᠢ᠌ᠯᠡᠭᠴᠢ ᠳ᠋ᠦᠲᠸᠷᠲᠸ᠎ᠲᠠᠢ ᠠᠭᠤᠯᠵᠠᠪᠠ᠃

1.jpg


7 ᠰᠠᠷ᠎ᠠ ᠵᠢᠨ 17᠎ᠤ ᠦᠳᠡ ᠵᠢᠨ ᠬᠣᠢ᠌ᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠳ᠋ᠢᠶᠣᠣ ᠢᠦᠢ᠎ᠲᠠᠢ᠎ᠳᠠᠬᠢ ᠲᠦᠷᠦ ᠵᠢᠨ ᠵᠣᠴᠢᠳ᠎ᠤᠨ ᠪᠠᠭᠤᠳᠠᠯ᠎ᠳᠤ ᠹᠢᠯᠢᠫᠢᠨ᠎ᠤ ᠤᠤᠯ᠎ᠤᠨ ᠶᠡᠷᠦᠩᠬᠡᠢ᠌ᠯᠡᠭᠴᠢ ᠳ᠋ᠦᠲᠸᠷᠲᠸ᠎ᠲᠠᠢ ᠠᠭᠤᠯᠵᠠᠵᠠᠢ᠃      ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ   ᠶᠢᠨ ᠪᠦᠸᠸ ᠭᠦ᠋   ᠰᠡᠭᠦᠳᠡᠷᠯᠡᠪᠡ

       ᠰᠢ ᠵᠢᠨ ᠫᠢᠩ᠂ ᠲᠠ ᠹᠢᠯᠢᠫᠢᠨ᠎ᠤ ᠶᠡᠷᠦᠩᠬᠡᠢ᠌ᠯᠡᠭᠴᠢ ᠵᠢᠨ ᠲᠤᠰᠢᠶᠠᠯ᠎ᠢ ᠬᠠᠷᠢᠭᠤᠴᠠᠵᠤ ᠪᠠᠢ᠌ᠭᠰᠠᠨ ᠬᠤᠭᠤᠴᠠᠭ᠋ᠠᠨ᠎ᠳᠠᠭᠠᠨ᠂ ᠠᠷᠠᠳ ᠲᠦᠮᠡᠨ᠎ᠳᠤ ᠬᠠᠷᠢᠭᠤᠴᠠᠬᠤ᠂ ᠲᠡᠦᠬᠡᠨ᠎ᠳᠤ ᠬᠠᠷᠢᠭᠤᠴᠠᠬᠤ ᠣᠪᠣᠷ ᠵᠶ᠋ᠠᠷ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ᠎ᠪᠠᠨ ᠰᠠᠢ᠌ᠵᠢᠷᠠᠭᠤᠯᠬᠤ ᠪᠠᠢ᠌ᠯᠳᠤᠬᠤ ᠪᠣᠳᠣᠯᠭ᠎ᠠ ᠵᠢᠨ ᠰᠣᠩᠭᠣᠯᠲᠠ ᠬᠢᠵᠦ᠂ ᠳᠤᠮᠳᠠᠳᠤ ᠹᠢᠯᠢᠫᠢᠨ᠎ᠤ ᠬᠠᠷᠢᠯᠴᠠᠭ᠎ᠠ ᠲᠠᠭᠢᠨ ᠬᠡᠪ᠎ᠤᠨ ᠵᠠᠮ᠎ᠳᠠᠭᠠᠨ ᠣᠷᠣᠬᠤ ᠵᠢᠨ ᠬᠠᠮᠲᠤ ᠥᠷᠨᠢᠭᠦᠨ ᠬᠥᠭᠵᠢᠵᠦ᠂ ᠬᠣᠶᠠᠷ ᠤᠯᠤᠰ᠎ᠤᠨ ᠨᠥᠭᠦᠷᠰᠡᠭ ᠶᠠᠪᠤᠯᠴᠠᠭ᠎ᠠ᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠳᠤᠮᠳᠠᠳᠤ ᠹᠢᠯᠢᠫᠢᠨ ᠪᠣᠯ ᠴᠥᠮ ᠠᠽᠢᠶ᠎ᠠ ᠲᠢᠪ᠎ᠤᠨ ᠬᠥᠭᠵᠢᠵᠦ ᠪᠠᠢ᠌ᠭ᠎ᠠ ᠤᠯᠤᠰ ᠮᠥᠨ᠂ ᠬᠣᠶᠠᠷ ᠤᠯᠤᠰ᠎ᠤᠨ ᠬᠥᠭᠵᠢᠯᠲᠡ᠎ᠨᠢ ᠡᠶᠡᠯᠳᠡᠭ ᠬᠥᠷᠰᠢ ᠵᠢᠨ ᠨᠥᠭᠦᠷᠰᠡᠭ ᠶᠠᠪᠤᠯᠴᠠᠭ᠎ᠠ ᠪᠦᠬᠦᠢ ᠡᠷᠭᠢᠨ ᠲᠣᠭᠣᠷᠢᠨ᠎ᠤ ᠣᠷᠴᠢᠨ ᠲᠣᠭᠣᠷᠢᠨ᠎ᠳᠤ ᠦᠨᠳᠦᠰᠦᠯᠡᠵᠦ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠭᠦᠷᠳᠡᠭᠦ ᠠᠽᠢᠶ᠎ᠠ ᠲᠢᠪ᠎ᠤᠨ ᠶᠡᠬᠡ ᠭᠡᠷ ᠪᠦᠯᠢ᠎ᠳᠤ ᠦᠨᠳᠦᠰᠦᠯᠡᠭᠰᠡᠨ ᠶᠤᠮ᠃ ᠳᠤᠮᠳᠠᠳᠤ ᠤᠯᠤᠰ᠎ᠤᠨ᠎ᠬᠢᠨ ᠳᠣᠲᠣᠨᠣ ᠦᠨᠡᠨᠴᠢ ᠠᠰᠢᠭᠲᠠᠢ ᠪᠠᠭᠲᠠᠭ᠋ᠠᠮᠵᠢᠲᠠᠢ ᠡᠷᠭᠢᠨ ᠲᠣᠭᠣᠷᠢᠨ᠎ᠤ ᠭᠠᠳᠠᠭ᠋ᠠᠳᠤ ᠬᠠᠷᠢᠯᠴᠠᠭ᠎ᠠ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠬᠥᠷᠰᠢ ᠵᠡᠷᠭᠡᠯᠡᠳᠡᠭᠡ᠎ᠲᠠᠢ᠎ᠪᠠᠨ ᠰᠠᠢ᠌ᠬᠠᠨ ᠶᠠᠪᠤᠯᠴᠠᠬᠤ᠂ ᠬᠥᠷᠰᠢ ᠵᠡᠷᠭᠡᠯᠡᠳᠡᠭᠡ᠎ᠲᠠᠢ᠎ᠪᠠᠨ ᠬᠠᠨᠢᠲᠠᠨ ᠪᠤᠯᠬᠤ ᠵᠢ ᠪᠠᠷᠢᠮᠲᠠᠯᠠᠭᠰᠠᠭ᠋ᠠᠷ ᠢᠷᠡᠪᠡ᠃ ᠳᠤᠮᠳᠠᠳᠤ ᠤᠯᠤᠰ᠎ᠤᠨ᠎ᠬᠢᠨ ᠳᠤᠮᠳᠠᠳᠤ ᠹᠢᠯᠢᠫᠢᠨ᠎ᠤ ᠬᠠᠷᠢᠯᠴᠠᠭ᠎ᠠ ᠵᠢ ᠢᠮᠠᠭᠲᠠ ᠴᠢᠬᠤᠯᠠᠴᠢᠯᠠᠵᠤ᠂ ᠳᠤᠷᠠᠲᠠᠶ᠎ᠠ ᠹᠢᠯᠢᠫᠢᠨ᠎ᠤ᠎ᠬᠢᠨ᠎ᠲᠠᠢ ᠬᠠᠮᠲᠤ᠎ᠪᠠᠷ ᠳᠤᠮᠳᠠᠳᠤ ᠹᠢᠯᠢᠫᠢᠨ᠎ᠤ ᠬᠠᠷᠢᠯᠴᠠᠭ᠎ᠠ ᠵᠢᠨ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠤᠨ᠎ᠠ᠃ ᠬᠣᠶᠠᠷ ᠤᠯᠤᠰ᠎ᠤᠨ ᠨᠥᠭᠦᠷᠰᠡᠭ ᠬᠠᠮᠵᠢᠯᠴᠠᠭ᠎ᠠ᠎ᠳᠤ ᠦᠷᠭᠦᠯᠵᠢᠯᠡᠨ ᠴᠢᠬᠤᠯᠠ ᠦᠢ᠍ᠯᠡᠳᠦᠯ ᠦᠵᠡᠭᠦᠯᠭᠦ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃

       ᠳ᠋ᠦᠲᠸᠷᠲᠸ᠂ ᠳᠤᠮᠳᠠᠳᠤ ᠤᠯᠤᠰ᠎ᠤᠨ᠎ᠬᠢᠨ ᠹᠢᠯᠢᠫᠢᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠢ᠌ᠨ᠎ᠠ᠂ ᠢᠯᠠᠩᠭᠤᠶ᠎ᠠ ᠹᠢᠯᠢᠫᠢᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠦᠭᠰᠡᠨ᠎ᠳᠤ ᠲᠠᠯᠠᠷᠬᠠᠵᠤ ᠪᠠᠢ᠌ᠨ᠎ᠠ᠃ ᠹᠢᠯᠢᠫᠢᠨ ᠳᠤᠮᠳᠠᠳᠤ ᠵᠢᠨ ᠨᠥᠭᠦᠷᠰᠡᠭ ᠬᠠᠷᠢᠯᠴᠠᠭ᠎ᠠ ᠵᠢ ᠬᠥᠭᠵᠢᠭᠦᠯᠬᠦ᠎ᠨᠢ ᠬᠣᠶᠠᠷ ᠤᠯᠤᠰ᠎ᠤᠨ ᠠᠷᠠᠳ ᠲᠦᠮᠡᠨ᠎ᠤ ᠠᠰᠢᠭ ᠲᠤᠰᠠ᠎ᠳᠤ ᠨᠡᠢ᠌ᠴᠡᠬᠦ ᠪᠥᠭᠡᠳ ᠹᠢᠯᠢᠫᠢᠨ᠎ᠤ ᠣᠯᠠᠩᠬᠢ ᠠᠷᠠᠳ ᠲᠦᠮᠡᠨ᠎ᠤ ᠬᠦᠰᠡᠯ ᠡᠷᠡᠮᠡᠯᠵᠡᠯ ᠪᠣᠯᠣᠨ᠎ᠠ᠃ ᠪᠢ ᠳᠤᠷᠠᠲᠠᠶ᠎ᠠ ᠹᠢᠯᠢᠫᠢᠨ ᠳᠤᠮᠳᠠᠳᠤ ᠵᠢᠨ ᠨᠥᠬᠥᠷᠯᠡᠯ᠎ᠢ ᠠᠬᠢᠭᠤᠯᠬᠤ᠎ᠳᠤ ᠦᠷᠭᠦᠯᠵᠢᠯᠡᠨ ᠦᠢ᠍ᠯᠡᠳᠦᠯ ᠦᠵᠡᠭᠦᠯᠦᠨ᠎ᠡ ᠭᠡᠵᠦ ᠢᠯᠡᠳᠬᠡᠪᠡ᠃

       ᠸᠠᠩ ᠢ ᠠᠭᠤᠯᠵᠠᠯᠲᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠤᠯᠤᠰ᠎ᠤᠨ ᠲᠡᠷᠢᠭᠦᠯᠡᠭᠴᠢ ᠰᠢ ᠵᠢᠨ ᠫᠢᠩ ᠭᠠᠳᠠᠭ᠋ᠠᠳᠤ᠎ᠳᠤ ᠰᠠᠭᠤᠬᠤ ᠡᠯᠴᠢᠨ ᠰᠠᠢ᠌ᠳ᠎ᠢ ᠲᠣᠮᠢᠯᠠᠵᠤ ᠪᠠᠭᠤᠯᠭ᠋ᠠᠪᠠ
ᠰᠢ ᠵᠢᠨ ᠫᠢᠩ ᠠᠯᠵᠧᠷᠢᠶ᠎ᠠ ᠵᠢᠨ ᠶᠡᠷᠦᠩᠬᠡᠢ᠌ᠯᠡᠭᠴᠢ ᠲᠸᠪᠸᠨ᠎ᠲᠠᠢ ᠬᠡᠯᠡᠯᠴᠡᠭᠡ ᠬᠢᠪᠡ
ᠰᠢ ᠵᠢᠨ ᠫᠢᠩ ᠪᠦᠭᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠵᠤ ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ ᠯᠢ ᠴᠢᠶᠠᠩ ᠬᠤᠷᠠᠯ᠎ᠢ ᠡᠷᠭᠢᠯᠡᠵᠥ ᠵᠤᠤ ᠯᠧ ᠵᠢᠢ ᠸᠠᠩ ᠬᠤ᠌ ᠨᠢᠩ ᠼᠠᠢ ᠴᠢ ᠯᠢ ᠰᠢ ᠣᠷᠣᠯᠴᠠᠪᠠ ᠳ᠋ᠢᠩ ᠰᠢᠤᠸᠠᠢ ᠰᠢᠶᠠᠩ ᠶᠠᠷᠢᠶ᠎ᠠ ᠲᠠᠯᠪᠢᠵᠠᠢ
ᠰᠢ ᠵᠢᠨ ᠫᠢᠩ ᠳᠤᠮᠳᠠᠳᠤ ᠺᠠᠮᠪᠤᠵᠠ ᠵᠢᠨ ᠬᠠᠷᠢᠯᠴᠠᠭ᠎ᠠ ᠪᠠᠢ᠌ᠭᠤᠯᠤᠭᠰᠠᠨ 65 ᠵᠢᠯ᠎ᠤᠨ ᠤᠢ᠎ᠳᠤ ᠵᠣᠷᠢᠭᠤᠯᠤᠨ ᠺᠠᠮᠪᠤᠵᠠ ᠵᠢᠨ ᠤᠯᠤᠰ᠎ᠤᠨ ᠸᠠᠩ ᠰᠢᠬᠠᠮᠦᠨᠢ᠎ᠲᠠᠢ ᠬᠠᠷᠢᠯᠴᠠᠨ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ ᠯᠢ ᠴᠢᠶᠠᠩ ᠪᠣᠯᠣᠨ ᠺᠠᠮᠪᠤᠵᠠ ᠵᠢᠨ ᠲᠡᠷᠢᠭᠦᠨ ᠰᠠᠢ᠌ᠳ ᠬᠤᠩᠰᠸᠨ ᠬᠠᠷᠢᠯᠴᠠᠨ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠵᠠᠢ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠬᠣᠶᠠᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠵᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠦᠭᠦ ᠬᠦᠴᠦᠨ ᠵᠶ᠋ᠡᠷ ᠵᠶ᠋ᠡᠨ ᠳᠡᠭᠡᠭᠰᠢᠯᠡᠭᠦᠯᠵᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠣᠷᠣᠨ ᠵᠠᠢ ᠵᠢ ᠯᠠᠪᠳᠠᠭᠤᠨ ᠵᠶ᠋ᠡᠷ ᠥᠷᠭᠡᠳᠭᠡᠬᠦ ᠬᠡᠷᠡᠭᠲᠡᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
 
            