ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠦᠭᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠵᠤ ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ ᠯᠢ ᠴᠢᠶᠠᠩ ᠬᠤᠷᠠᠯ᠎ᠢ ᠡᠷᠭᠢᠯᠡᠵᠥ ᠵᠤᠤ ᠯᠧ ᠵᠢᠢ ᠸᠠᠩ ᠬᠤ᠌ ᠨᠢᠩ ᠼᠠᠢ ᠴᠢ ᠯᠢ ᠰᠢ ᠣᠷᠣᠯᠴᠠᠪᠠ ᠳ᠋ᠢᠩ ᠰᠢᠤᠸᠠᠢ ᠰᠢᠶᠠᠩ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2023-07-19

       ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 18᠎ᠤ ᠴᠠᠭᠢᠯᠭ᠋ᠠᠨ ᠮᠡᠳᠡᠭᠡ    ᠪᠦᠭᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ 17᠎ᠠᠴᠠ 18᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ ᠃  ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂  ᠤᠯᠤᠰ᠎ᠤᠨ ᠲᠡᠷᠢᠭᠦᠯᠡᠭᠴᠢ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ ᠂  ᠬᠣᠢ᠌ᠰᠢᠳᠠ ᠵᠢᠨ 5 ᠵᠢᠯ ᠪᠣᠯ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠴᠢᠬᠤᠯᠠ ᠴᠠᠭ ᠦᠶ᠎ᠡ ᠪᠣᠯᠣᠨ᠎ᠠ ᠂  ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂  ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠵᠤ ᠂  ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠨ ᠦᠢ᠍ᠯᠡᠳᠦᠯᠭᠡᠵᠢᠭᠦᠯᠵᠦ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠵᠢ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠂  ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠲᠣᠪᠣᠢ᠌ᠮ᠎ᠠ ᠪᠠᠢ᠌ᠷᠢᠨ᠎ᠳᠤ ᠲᠠᠯᠪᠢᠵᠤ ᠂  ᠬᠣᠲᠠ ᠬᠥᠳᠡᠭᠡ ᠵᠢᠨ ᠣᠷᠣᠰᠢᠨ ᠰᠠᠭᠤᠷᠢᠰᠢᠬᠤ ᠣᠷᠴᠢᠨ ᠨᠥᠬᠥᠴᠡᠯ᠎ᠢ ᠢᠯᠡᠳᠲᠡ ᠰᠠᠢ᠌ᠵᠢᠷᠠᠭᠤᠯᠵᠤ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠢᠯᠡᠳᠲᠡ ᠦᠷ᠎ᠡ ᠪᠦᠲᠦᠮᠵᠢ ᠣᠯᠬᠤ ᠵᠢ ᠠᠬᠢᠭᠤᠯᠵᠤ ᠂  ᠴᠢᠨᠠᠷ ᠰᠠᠢ᠌ᠲᠠᠢ ᠠᠮᠢ ᠠᠬᠤᠢ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠵᠤ ᠂  ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃


3.jpg


      7 ᠰᠠᠷ᠎ᠠ ᠵᠢᠨ 17᠎ᠠᠴᠠ 18᠎ᠤ ᠡᠳᠦᠷ ᠪᠤᠯᠲᠠᠯ᠎ᠠ ᠂  ᠪᠦᠭᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠪᠡᠭᠡᠵᠢᠩ᠎ᠳᠤ ᠬᠤᠷᠠᠯᠳᠤᠪᠠ ᠃  ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂  ᠤᠯᠤᠰ᠎ᠤᠨ ᠲᠡᠷᠢᠭᠦᠯᠡᠭᠴᠢ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ 

       ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ   ᠷᠣᠣ ᠠᠢ ᠮᠢᠨ   ᠰᠡᠭᠦᠳᠡᠷᠯᠡᠪᠡ

       ᠯᠢ ᠴᠢᠶᠠᠩ ᠬᠤᠷᠠᠯ᠎ᠢ ᠡᠷᠭᠢᠯᠡᠵᠡᠢ ᠃  ᠵᠤᠤ ᠯᠧ ᠵᠢᠢ ᠂  ᠸᠠᠩ ᠬᠤ᠌ ᠨᠢᠩ ᠂  ᠼᠠᠢ ᠴᠢ ᠂  ᠯᠢ ᠰᠢ ᠬᠤᠷᠠᠯ᠎ᠳᠤ ᠣᠷᠣᠯᠴᠠᠪᠠ ᠃  ᠳ᠋ᠢᠩ ᠰᠢᠤᠸᠠᠢ ᠰᠢᠶᠠᠩ ᠳ᠋ᠦᠩᠨᠡᠯᠲᠡ ᠵᠢᠨ ᠶᠠᠷᠢᠶ᠎ᠠ ᠲᠠᠯᠪᠢᠵᠠᠢ ᠃

       ᠰᠢ ᠵᠢᠨ ᠫᠢᠩ ᠶᠠᠷᠢᠶᠠᠨ᠎ᠳᠠᠭᠠᠨ ᠂  ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠂  ᠪᠢᠳᠡ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ᠎ᠳᠤ ᠬᠣᠯᠪᠣᠭᠳᠠᠬᠤ ᠦᠨᠳᠦᠰᠦᠨ ᠶᠡᠬᠡ ᠪᠣᠳᠣᠯᠭ᠎ᠠ ᠪᠤᠯᠭ᠋ᠠᠵᠤ ᠂  ᠠᠯᠢ ᠤᠯᠠᠨ ᠡᠭᠦᠳᠦᠯᠲᠡ ᠵᠢᠨ ᠴᠢᠨᠠᠷᠲᠠᠢ ᠠᠵᠢᠯ᠎ᠢ ᠥᠷᠨᠢᠭᠦᠯᠵᠦ ᠂  ᠵᠣᠷᠢᠭ᠎ᠤᠨ ᠶᠡᠬᠡ ᠂  ᠡᠷᠴᠢᠮ᠎ᠤᠨ ᠶᠡᠬᠡ ᠂  ᠦᠷ᠎ᠡ ᠪᠦᠲᠦᠮᠵᠢ ᠵᠢᠨ ᠶᠡᠬᠡ ᠵᠡᠷᠭᠡ ᠲᠠᠯ᠎ᠠ᠎ᠪᠠᠷ ᠤᠷᠢᠳ ᠡᠮᠦᠨ᠎ᠡ ᠪᠠᠢ᠌ᠭ᠎ᠠ ᠦᠭᠡᠢ ᠪᠠᠢ᠌ᠵᠤ ᠂  ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠤᠨᠤᠯ᠎ᠠᠴᠠ ᠦᠢ᠍ᠯᠡᠳᠦᠯᠭᠡ ᠭᠦᠷᠲᠡᠯ᠎ᠡ ᠴᠥᠮ ᠲᠡᠦᠬᠡᠲᠦ ᠴᠢᠨᠠᠷᠲᠠᠢ ᠂  ᠡᠷᠭᠢᠯᠲᠡ ᠵᠢᠨ ᠴᠢᠨᠠᠷᠲᠠᠢ ᠂  ᠪᠦᠭᠦ ᠲᠠᠯ᠎ᠠ ᠵᠢᠨ ᠴᠢᠨᠠᠷᠲᠠᠢ ᠬᠤᠪᠢᠷᠠᠯᠲᠠ ᠭᠠᠷᠴᠤ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠴᠢᠬᠤᠯᠠ ᠶᠡᠬᠡ ᠠᠯᠬᠤᠮ᠎ᠢ ᠠᠯᠬᠤᠪᠠ ᠃  ᠪᠢᠳᠡ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ᠎ᠠᠴᠠ ᠭᠠᠷᠳᠠᠵᠤ ᠂  ᠴᠡᠭ ᠪᠠ ᠨᠡᠢ᠌ᠳᠡᠮ᠎ᠢ ᠤᠶᠠᠯᠳᠤᠭᠤᠯᠬᠤ ᠂  ᠥᠩᠭᠡᠨ ᠲᠠᠯ᠎ᠠ ᠪᠠ ᠡᠬᠢ ᠦᠨᠳᠦᠰᠦ ᠵᠢ ᠵᠡᠷᠭᠡ᠎ᠪᠠᠷ ᠵᠠᠰᠠᠬᠤ ᠵᠢ ᠴᠢᠬᠤᠯᠠᠴᠢᠯᠠᠵᠤ ᠂  ᠭᠣᠣᠯᠳᠠᠯᠭ᠎ᠠ᠎ᠲᠠᠢ ᠴᠡᠭᠴᠡᠯᠡᠨ ᠵᠠᠰᠠᠬᠤ᠎ᠠᠴᠠ ᠰᠢᠰᠲ᠋ᠧᠮ᠎ᠲᠠᠢ ᠵᠠᠰᠠᠬᠤ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ ;  ᠦᠵᠡᠯᠲᠡ᠎ᠪᠠᠨ ᠬᠤᠪᠢᠷᠠᠭᠤᠯᠬᠤ ᠂  ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠵᠢ ᠪᠠᠷᠢᠮᠲᠠᠯᠠᠵᠤ ᠂  ᠪᠦᠭᠦ ᠨᠠᠮ ᠪᠦᠭᠦ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠤᠬᠠᠮᠰᠠᠷᠲᠤ ᠴᠢᠨᠠᠷ ᠰᠠᠨᠠᠭ᠋ᠠᠴᠢᠯᠠᠭ᠋ᠠᠲᠤ ᠴᠢᠨᠠᠷ᠎ᠢ ᠳᠠᠰᠤᠷᠠᠯᠳᠠ ᠦᠭᠡᠢ ᠴᠢᠩᠭ᠋ᠠᠳᠬᠠᠵᠤ ᠂  ᠰᠠᠨᠠᠭ᠋ᠠᠴᠢᠯᠠᠭ᠋ᠠᠲᠤ ᠪᠤᠰᠤ᠎ᠪᠠᠷ ᠠᠷᠭ᠋ᠠᠴᠠᠭ᠋ᠠᠵᠤ ᠪᠠᠢ᠌ᠭᠰᠠᠨ᠎ᠠᠴᠠ ᠰᠠᠨᠠᠭ᠋ᠠᠴᠢᠯᠠᠭ᠎ᠠ᠎ᠲᠠᠢ᠎ᠪᠠᠷ ᠠᠵᠢᠯᠯᠠᠬᠤ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ ;  ᠴᠠᠭ ᠦᠶ᠎ᠡ ᠵᠢ ᠴᠢᠩᠭ᠎ᠠ ᠳᠠᠭ᠋ᠠᠵᠤ ᠂  ᠳᠡᠯᠡᠬᠡᠢ ᠳ᠋ᠠᠬᠢᠨ᠎ᠢ ᠪᠠᠷᠠᠯᠠᠵᠤ ᠂  ᠶᠡᠬᠡ ᠤᠯᠤᠰ᠎ᠤᠨ ᠬᠠᠷᠢᠭᠤᠴᠠᠯᠭ᠎ᠠ ᠵᠢ ᠡᠭᠦᠷᠭᠡᠯᠡᠵᠦ ᠂  ᠶᠡᠬᠡ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ ᠂  ᠪᠦᠭᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ᠎ᠳᠤ ᠣᠷᠣᠯᠴᠠᠭᠴᠢ ᠪᠠᠢ᠌ᠭᠰᠠᠨ᠎ᠠᠴᠠ ᠳᠠᠭ᠋ᠠᠭᠤᠯᠤᠭᠴᠢ ᠪᠤᠯᠬᠤ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ ;  ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠮ᠎ᠡ ᠶᠣᠰᠣ ᠵᠢᠨ ᠲᠤᠬᠠᠢ ᠲᠠᠨᠢᠯᠲᠠ᠎ᠪᠠᠨ ᠲᠠᠰᠤᠷᠠᠯᠳᠠ ᠦᠭᠡᠢ ᠭᠦᠨᠵᠡᠭᠡᠢ᠌ᠷᠡᠭᠦᠯᠵᠦ ᠂  ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠪᠤᠢ ᠪᠤᠯᠭ᠋ᠠᠵᠤ ᠂  ᠦᠢ᠍ᠯᠡᠳᠦᠯᠭᠡ ᠵᠢᠨ ᠰᠦᠪᠡᠭᠴᠢᠯᠡᠯᠲᠡ᠎ᠠᠴᠠ ᠰᠢᠨᠵᠢᠯᠡᠬᠦ ᠤᠬᠠᠭ᠋ᠠᠨᠴᠢ ᠤᠨᠤᠯ᠎ᠤᠨ ᠵᠢᠯᠣᠭᠣᠳᠤᠯᠭ᠎ᠠ᠎ᠳᠤ ᠬᠦᠷᠬᠦ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ ᠃  ᠰᠢᠷᠭ᠋ᠠᠭᠤ ᠴᠢᠷᠮᠠᠢ᠌ᠯᠭ᠎ᠠ᠎ᠪᠠᠷ ᠳᠠᠮᠵᠢᠨ ᠂  ᠮᠠᠨ᠎ᠤ ᠤᠯᠤᠰ᠎ᠤᠨ ᠠᠭ᠋ᠠᠷ ᠨᠡᠩ ᠴᠡᠯᠮᠡᠭ ᠂  ᠭᠠᠵᠠᠷ ᠨᠡᠩ ᠨᠣᠭᠣᠭ᠋ᠠᠨ ᠂  ᠤᠰᠤ ᠨᠡᠩ ᠲᠤᠩᠭ᠋ᠠᠯᠠᠭ ᠪᠣᠯᠵᠤ ᠂  ᠲᠦᠮᠡᠨ ᠭᠠᠵᠠᠷ᠎ᠤᠨ ᠠᠭᠤᠯᠠ ᠤᠰᠤ ᠨᠡᠩ ᠭᠣᠶᠣᠮᠰᠤᠭ ᠰᠠᠢ᠌ᠬᠠᠨ ᠪᠣᠯᠪᠠ ᠃  ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠠᠮᠵᠢᠯᠲᠠ ᠪᠦᠲᠦᠮᠵᠢ᠎ᠨᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ ᠂  ᠰᠢᠨ᠎ᠡ ᠴᠠᠭ ᠦᠶ᠎ᠡ ᠵᠢᠨ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠵᠤ ᠂  ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ᠎ᠤ ᠢᠯᠡᠷᠬᠡᠢ ᠪᠡᠯᠭᠡ ᠲᠡᠮᠳᠡᠭ ᠪᠣᠯᠵᠠᠢ ᠭᠡᠵᠦ ᠴᠢᠬᠤᠯᠠᠴᠢᠯᠠᠪᠠ ᠃

       ᠰᠢ ᠵᠢᠨ ᠫᠢᠩ ᠂  ᠮᠠᠨ᠎ᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠲᠦᠴᠡ ᠵᠢᠨ ᠴᠢᠨᠠᠷᠲᠠᠢ ᠂  ᠦᠨᠳᠦᠰᠦ ᠰᠤᠷᠪᠤᠯᠵᠢ ᠵᠢᠨ ᠴᠢᠨᠠᠷᠲᠠᠢ ᠂  ᠬᠠᠨᠳᠤᠰᠢ ᠵᠢᠨ ᠴᠢᠨᠠᠷᠲᠠᠢ ᠳᠠᠷᠤᠯᠲᠠ ᠬᠠᠷᠠᠬᠠᠨ ᠦᠨᠳᠦᠰᠦᠨ᠎ᠠᠴᠠ᠎ᠪᠠᠨ ᠨᠠᠮᠳᠠᠭ᠋ᠠᠳᠤᠢ ᠪᠠᠢ᠌ᠭᠰᠠᠭ᠋ᠠᠷ ᠃  ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠨᠢᠭᠡᠨᠲᠡ ᠪᠣᠬᠢᠷᠳᠤᠯ ᠦᠭᠡᠢ ᠂  ᠪᠠᠭ᠎ᠠ ᠨᠡᠭᠦᠷᠡᠰᠦᠲᠥ᠋ᠷᠥᠭᠴᠢᠲᠦ ᠪᠦᠬᠦᠢ ᠴᠢᠨᠠᠷ ᠰᠠᠢ᠌ᠲᠠᠢ ᠬᠥᠭᠵᠢᠯᠲᠡ ᠵᠢᠨ ᠱᠠᠲᠤᠨ᠎ᠳᠤ ᠣᠷᠣᠵᠤ ᠂  ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠮᠥᠨ ᠬᠦ᠌ ᠳᠠᠷᠤᠯᠲᠠ ᠳᠠᠪᠬᠤᠴᠠᠭᠰᠠᠨ ᠂  ᠳᠠᠷᠤᠭ᠋ᠠᠰᠤ᠎ᠲᠠᠢ᠎ᠪᠠᠷ ᠤᠷᠤᠭᠰᠢᠯᠠᠬᠤ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠢ᠌ᠨ᠎ᠠ ᠃  ᠡᠷᠬᠡᠪᠰᠢ ᠨᠡᠩ ᠥᠨᠳᠥᠷ ᠵᠣᠭᠰᠣᠴᠠ ᠂  ᠨᠡᠩ ᠥᠷᠭᠡᠨ ᠬᠠᠷᠠᠭ᠋ᠠᠰᠤ ᠂  ᠨᠡᠩ ᠶᠡᠬᠡ ᠡᠷᠴᠢᠮ ᠵᠶ᠋ᠡᠷ ᠰᠢᠨ᠎ᠡ ᠠᠶᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠲᠥᠯᠥᠪᠵᠢᠭᠦᠯᠦᠨ ᠠᠬᠢᠭᠤᠯᠵᠤ ᠂  ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

       ᠰᠢ ᠵᠢᠨ ᠫᠢᠩ ᠂  ᠰᠢᠨ᠎ᠡ ᠴᠠᠭ ᠦᠶ᠎ᠡ ᠵᠢᠨ ᠠᠷᠪᠠᠨ ᠵᠢᠯ᠎ᠤᠨ ᠦᠢ᠍ᠯᠡᠳᠦᠯᠭᠡ ᠵᠢᠨ ᠲᠤᠷᠰᠢᠯᠭ᠎ᠠ ᠵᠢ ᠳ᠋ᠦᠩᠨᠡᠵᠦ ᠂  ᠣᠳᠣᠬᠠᠨ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ ᠰᠢᠨ᠎ᠡ ᠠᠰᠠᠭᠤᠳᠠᠯ᠎ᠢ ᠵᠠᠳᠠᠯᠵᠤ ᠂  ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠬᠤ᠎ᠳᠤ ᠂  ᠡᠷᠬᠡᠪᠰᠢ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ ᠂  ᠬᠡᠳᠦᠨ ᠴᠢᠬᠤᠯᠠ ᠶᠡᠬᠡ ᠬᠠᠷᠢᠴᠠᠭ᠎ᠠ ᠵᠢ ᠵᠥᠪ ᠰᠢᠢ᠍ᠳᠪᠦᠷᠢᠯᠡᠬᠦ ᠬᠡᠷᠡᠭᠲᠡᠢ ᠃  ᠨᠢᠭᠡ᠎ᠳᠤ ᠂  ᠴᠢᠨᠠᠷ ᠰᠠᠢ᠌ᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭ᠋ᠠᠯᠠᠯᠲᠠ ᠵᠢᠨ ᠬᠠᠷᠢᠴᠠᠭ᠎ᠠ ᠃  ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠥᠨᠳᠥᠷᠴᠡ᠎ᠠᠴᠠ ᠬᠥᠭᠵᠢᠯᠲᠡ ᠵᠢ ᠲᠥᠯᠥᠪᠵᠢᠭᠦᠯᠵᠦ ᠂  ᠥᠨᠳᠥᠷ ᠲᠦᠪᠰᠢᠨ ᠪᠦᠬᠦᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠪᠠᠷ ᠳᠠᠮᠵᠢᠭᠤᠯᠤᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠂  ᠰᠢᠨ᠎ᠡ ᠳᠠᠪᠠᠭᠤᠯᠢᠭ᠎ᠢ ᠲᠠᠰᠤᠷᠠᠯᠲᠠ ᠦᠭᠡᠢ ᠪᠤᠢ ᠪᠤᠯᠭ᠋ᠠᠵᠤ ᠂  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠵᠢᠨ ᠰᠢᠰᠲ᠋ᠧᠮ᠎ᠢ ᠬᠦᠴᠦᠯᠡᠨ ᠪᠠᠢ᠌ᠭᠤᠯᠵᠤ ᠂  ᠬᠥᠭᠵᠢᠯᠲᠡ ᠵᠢᠨ ᠡᠬᠢ ᠪᠠᠶᠠᠯᠢᠭ ᠣᠷᠴᠢᠨ ᠲᠣᠭᠣᠷᠢᠨ᠎ᠤ ᠦᠷᠡᠭᠳᠡᠯ᠎ᠢ ᠪᠦᠲᠦᠮᠵᠢᠲᠡᠢ ᠪᠠᠭᠤᠷᠠᠭᠤᠯᠵᠤ ᠂  ᠬᠥᠭᠵᠢᠯᠲᠡ ᠵᠢᠨ ᠳᠠᠯᠳᠠ ᠬᠦᠴᠦᠨ ᠪᠣᠯᠣᠨ ᠨᠥᠭᠡᠴᠡ ᠬᠦᠴᠦᠨ᠎ᠢ ᠦᠷᠭᠦᠯᠵᠢᠯᠡᠨ ᠴᠢᠩᠭ᠋ᠠᠳᠬᠠᠬᠤ ᠬᠡᠷᠡᠭᠲᠡᠢ ᠃  ᠬᠣᠶᠠᠷ᠎ᠲᠤ ᠂  ᠭᠣᠣᠯᠳᠠᠯᠭ᠎ᠠ᠎ᠲᠠᠢ ᠪᠣᠭᠣᠮᠲᠠ ᠰᠢᠪᠲᠤᠯᠬᠤ ᠪᠠ ᠬᠠᠮᠵᠢᠯᠴᠠᠨ ᠵᠠᠰᠠᠬᠤ ᠵᠢᠨ ᠬᠠᠷᠢᠴᠠᠭ᠎ᠠ ᠃  ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ ᠂  ᠭᠣᠣᠯ ᠵᠥᠷᠢᠴᠡᠯ ᠪᠠ ᠵᠥᠷᠢᠴᠡᠯ᠎ᠤᠨ ᠭᠣᠣᠯ ᠲᠠᠯ᠎ᠠ ᠵᠢ ᠠᠳᠬᠤᠵᠤ ᠂  ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠳᠤ ᠬᠦᠴᠦᠲᠡᠢ ᠠᠷᠭ᠎ᠠ ᠬᠡᠮᠵᠢᠶ᠎ᠡ ᠠᠪᠬᠤ ᠵᠢᠨ ᠵᠡᠷᠭᠡ᠎ᠪᠠᠷ ᠬᠠᠷᠠᠯᠲᠠ ᠵᠢᠨ ᠲᠣᠭᠣᠷᠢᠨ᠎ᠳᠤ ᠬᠠᠮᠵᠢᠯᠴᠠᠬᠤ ᠂  ᠣᠯᠠᠨ ᠪᠣᠬᠢᠷᠳᠤᠯ ᠪᠣᠳᠠᠰ᠎ᠢ ᠬᠢᠵᠠᠭ᠋ᠠᠷᠯᠠᠬᠤ ᠲᠠᠯ᠎ᠠ᠎ᠪᠠᠷ   ᠬᠠᠮᠵᠢᠯᠴᠠᠬᠤ ᠂  ᠰᠠᠯᠠᠭ᠎ᠠ ᠮᠥᠴᠢᠷ ᠬᠠᠮᠵᠢᠯᠴᠠᠬᠤ ᠂  ᠣᠷᠣᠨ ᠪᠦᠰᠡ᠎ᠪᠠᠷ ᠬᠠᠮᠵᠢᠯᠴᠠᠬᠤ ᠂  ᠲᠥᠷᠥ ᠵᠢᠨ ᠪᠣᠳᠣᠯᠭ᠎ᠠ᠎ᠪᠠᠷ ᠬᠠᠮᠵᠢᠯᠴᠠᠬᠤ ᠵᠢ ᠴᠢᠩᠭ᠋ᠠᠳᠬᠠᠵᠤ ᠂  ᠡᠯ᠎ᠡ ᠵᠦᠢ᠍ᠯ᠎ᠤᠨ ᠠᠵᠢᠯ᠎ᠤᠨ ᠰᠢᠰᠲ᠋ᠧᠮᠲᠦ ᠴᠢᠨᠠᠷ ᠂  ᠪᠦᠬᠦᠯᠢ ᠴᠣᠭᠴᠠᠲᠤ ᠴᠢᠨᠠᠷ ᠂  ᠬᠠᠮᠵᠢᠯᠴᠠᠬᠤ ᠴᠢᠨᠠᠷ᠎ᠢ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠢ ᠃  ᠭᠤᠷᠪᠠ᠎ᠳᠤ ᠂  ᠠᠶᠠᠨᠳᠠᠭ᠋ᠠᠨ ᠰᠡᠷᠭᠦᠬᠦ ᠪᠠ ᠬᠥᠮᠥᠨ᠎ᠤ ᠬᠦᠴᠦ᠎ᠪᠠᠷ ᠰᠡᠷᠭᠦᠭᠡᠬᠦ ᠵᠢᠨ ᠬᠠᠷᠢᠴᠠᠭ᠎ᠠ ᠃  ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ ᠂  ᠠᠭᠤᠯᠠᠨ ᠣᠷᠣᠢ᠎ᠠᠴᠠ ᠲᠠᠯᠠᠢ ᠲᠠᠩᠭᠢᠰ ᠬᠦᠷᠲᠡᠯᠡᠬᠢ ᠬᠠᠮᠠᠭ᠋ᠠᠯᠠᠯᠲᠠ ᠵᠠᠰᠠᠯᠲᠠ ᠵᠢᠨ ᠶᠡᠬᠡ ᠪᠠᠢ᠌ᠷᠢᠰᠢᠯ᠎ᠢ ᠪᠠᠢ᠌ᠭᠤᠯᠵᠤ ᠂  ᠠᠶᠠᠨᠳᠠᠭ᠋ᠠᠨ ᠰᠡᠷᠭᠦᠬᠦ ᠪᠠ ᠬᠥᠮᠥᠨ᠎ᠤ ᠬᠦᠴᠦ᠎ᠪᠠᠷ ᠰᠡᠷᠭᠦᠭᠡᠬᠦ ᠬᠣᠶᠠᠷ ᠵᠦᠢ᠍ᠯ᠎ᠤᠨ ᠠᠷᠭ᠎ᠠ ᠪᠠᠷᠢᠯ᠎ᠢ ᠶᠡᠷᠦᠩᠬᠡᠢ᠌ᠯᠡᠨ ᠬᠡᠷᠡᠭᠯᠡᠵᠦ ᠂  ᠭᠠᠵᠠᠷ ᠣᠷᠣᠨ ᠴᠠᠭ ᠬᠤᠭᠤᠴᠠᠭ᠋ᠠᠨ᠎ᠳᠤᠨᠢ ᠲᠣᠬᠢᠷᠠᠭᠤᠯᠤᠨ ᠂  ᠣᠷᠣᠨ ᠬᠤᠪᠢᠶᠠᠨ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂  ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠬᠠᠮᠤᠭ᠎ᠤᠨ ᠰᠠᠢ᠌ᠨ ᠰᠢᠢ᠍ᠳᠪᠦᠷᠢᠯᠡᠬᠦ ᠲᠥᠰᠥᠯ᠎ᠢ ᠲᠣᠭᠲᠠᠭ᠋ᠠᠬᠤ᠎ᠪᠠᠷ ᠴᠢᠷᠮᠠᠢ᠌ᠬᠤ ᠬᠡᠷᠡᠭᠲᠡᠢ ᠃  ᠳᠥᠷᠪᠡ᠎ᠳᠤ ᠂  ᠭᠠᠳᠠᠭ᠋ᠠᠳᠤ ᠬᠢᠵᠠᠭ᠋ᠠᠷᠯᠠᠯ ᠪᠣᠯᠣᠨ ᠳᠣᠲᠣᠭ᠋ᠠᠳᠤ ᠬᠥᠳᠡᠯᠭᠡᠬᠦ ᠬᠦᠴᠦᠨ᠎ᠤ ᠬᠠᠷᠢᠴᠠᠭ᠎ᠠ ᠃  ᠬᠠᠮᠤᠭ᠎ᠤᠨ ᠴᠢᠩᠭ᠎ᠠ ᠳᠦᠷᠢᠮ ᠬᠠᠮᠤᠭ᠎ᠤᠨ ᠴᠢᠩᠭ᠎ᠠ ᠬᠠᠤᠯᠢᠵᠢᠯ ᠵᠢᠡᠷ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠢᠮᠠᠭᠲᠠ ᠪᠠᠷᠢᠮᠲᠠᠯᠠᠵᠤ ᠂  ᠭᠠᠳᠠᠭ᠋ᠠᠳᠤ ᠳᠠᠷᠤᠯᠲᠠ ᠵᠢ ᠪᠠᠢ᠌ᠩᠭᠤᠵᠢᠭᠤᠯᠬᠤ ᠵᠢᠨ ᠵᠡᠷᠭᠡ᠎ᠪᠠᠷ ᠪᠦᠭᠦ ᠨᠡᠢ᠌ᠭᠡᠮ ᠵᠶ᠋ᠡᠷ ᠵᠶ᠋ᠡᠨ ᠬᠠᠮᠲᠤ᠎ᠪᠠᠷ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ ᠬᠡᠷᠡᠭᠲᠡᠢ ᠃  ᠲᠠᠪᠤ᠎ᠳᠤ ᠂ 《  ᠬᠣᠣᠰ ᠨᠡᠭᠦᠷᠡᠰᠦᠲᠥ᠋ᠷᠥᠭᠴᠢ 》 ᠵᠢᠨ ᠠᠮᠠᠯᠠᠯᠲᠠ ᠪᠣᠯᠣᠨ ᠪᠡᠶ᠎ᠡ᠎ᠪᠠᠨ ᠳᠠᠭ᠋ᠠᠭ᠋ᠠᠭᠰᠠᠨ ᠠᠵᠢᠯᠯᠠᠭ᠎ᠠ ᠵᠢᠨ ᠬᠠᠷᠢᠴᠠᠭ᠎ᠠ ᠃  ᠮᠠᠨ᠎ᠤ ᠠᠮᠠᠯᠠᠭᠰᠠᠨ 《  ᠬᠣᠣᠰ ᠨᠡᠭᠦᠷᠡᠰᠦᠲᠥ᠋ᠷᠥᠭᠴᠢ 》 ᠵᠢᠨ ᠬᠠᠷᠠᠯᠲᠠ ᠪᠣᠯ ᠰᠢᠯᠵᠢᠰᠢ ᠦᠭᠡᠢ ᠶᠤᠮ ᠂  ᠭᠡᠪᠡᠴᠦ ᠡᠨᠡ ᠬᠦ᠌ ᠬᠠᠷᠠᠯᠲᠠ᠎ᠳᠤ ᠬᠦᠷᠬᠦ ᠠᠷᠭ᠎ᠠ ᠵᠠᠮ ᠪᠣᠯᠣᠨ ᠠᠷᠭ᠎ᠠ ᠭᠡᠯᠪᠡᠷᠢ ᠂  ᠠᠢ᠌ᠵᠠᠮ ᠪᠣᠯᠣᠨ ᠡᠷᠴᠢᠮ᠎ᠢ ᠪᠢᠳᠡ ᠥᠪᠡᠷ ᠵᠶ᠋ᠡᠨ ᠡᠵᠡᠨ ᠮᠡᠳᠡᠬᠦ ᠶᠣᠰᠣᠲᠠᠢ ᠪᠥᠭᠡᠳ ᠡᠷᠬᠡᠪᠰᠢ ᠥᠪᠡᠷ ᠵᠶ᠋ᠡᠨ ᠡᠵᠡᠨ ᠮᠡᠳᠡᠬᠦ ᠬᠡᠷᠡᠭᠲᠡᠢ ᠂  ᠶᠠᠭ᠋ᠠᠬᠢᠭᠰᠠᠨ ᠴᠤ᠌ ᠪᠤᠰᠤᠳ᠎ᠤᠨ ᠵᠢᠭ᠋ᠠᠵᠤ ᠳᠣᠬᠢᠬᠤ ᠵᠢ ᠬᠦᠯᠢᠶᠡᠬᠦ ᠦᠭᠡᠢ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ ᠂  ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠢ᠌ᠲᠤᠷ ᠬᠢᠵᠦ ᠂  ᠣᠨᠣᠴᠠᠲᠠᠢ᠎ᠪᠠᠷ ᠪᠣᠬᠢᠷᠳᠤᠯ᠎ᠢ ᠵᠠᠰᠠᠬᠤ ᠂  ᠰᠢᠨᠵᠢᠯᠡᠬᠦ ᠤᠬᠠᠭ᠋ᠠᠨᠴᠢ᠎ᠪᠠᠷ ᠪᠣᠬᠢᠷᠳᠤᠯ᠎ᠢ ᠵᠠᠰᠠᠬᠤ ᠂  ᠬᠠᠤᠯᠢ ᠶᠣᠰᠣᠭ᠋ᠠᠷ ᠪᠣᠬᠢᠷᠳᠤᠯ᠎ᠢ ᠵᠠᠰᠠᠬᠤ ᠵᠢ ᠪᠠᠷᠢᠮᠲᠠᠯᠠᠵᠤ ᠂  ᠡᠷᠴᠢᠮ ᠵᠶ᠋ᠡᠨ ᠪᠠᠲᠤᠯᠠᠵᠤ ᠂  ᠭᠦᠨᠴᠡ ᠵᠢ ᠤᠷᠲᠤᠳᠬᠠᠵᠤ ᠂  ᠥᠷᠭᠡᠴᠡ᠎ᠪᠠᠨ ᠲᠡᠯᠡᠵᠤ ᠂  ᠬᠥᠬᠡ ᠣᠭᠲᠠᠷᠭᠤᠢ ᠂  ᠬᠥᠬᠡᠮᠳᠦᠭ ᠤᠰᠤ ᠂  ᠴᠡᠪᠡᠷ ᠬᠥᠷᠥᠰᠥ ᠵᠢ ᠬᠠᠮᠠᠭ᠋ᠠᠯᠠᠬᠤ ᠭᠤᠷᠪᠠᠨ ᠶᠡᠬᠡ ᠳᠠᠢ᠌ᠯᠠᠯᠳᠤᠭ᠋ᠠᠨ᠎ᠢ ᠭᠦᠨᠵᠡᠭᠡᠢ ᠠᠬᠢᠭᠤᠯᠵᠤ ᠂  ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠬᠡᠷᠡᠭᠲᠡᠢ ᠃  ᠬᠥᠭᠵᠢᠯᠲᠡ ᠵᠢᠨ ᠠᠷᠭ᠎ᠠ ᠭᠡᠯᠪᠡᠷᠢ ᠵᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢ᠌ᠰᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ ᠂  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢᠨ ᠦᠨᠳᠦᠰᠦ᠎ᠠᠴᠠ᠎ᠨᠢ ᠵᠠᠰᠠᠬᠤ ᠠᠷᠭ᠎ᠠ ᠪᠣᠳᠣᠯᠭ᠎ᠠ ᠪᠤᠯᠭ᠋ᠠᠬᠤ ᠵᠢ ᠪᠠᠷᠢᠮᠲᠠᠯᠠᠵᠤ ᠂  ᠪᠣᠬᠢᠷᠳᠤᠯ ᠦᠭᠡᠢ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ ᠪᠣᠯᠣᠨ ᠠᠮᠢᠳᠤᠷᠠᠯ᠎ᠤᠨ ᠠᠷᠭ᠎ᠠ ᠭᠡᠯᠪᠡᠷᠢ ᠵᠢ ᠲᠦᠷᠭᠡᠨ ᠪᠦᠷᠢᠯᠳᠦᠭᠦᠯᠵᠦ ᠂  ᠴᠢᠨᠠᠷ ᠰᠠᠢ᠌ᠲᠠᠢ ᠬᠥᠭᠵᠢᠯᠲᠡ ᠵᠢᠨ ᠪᠣᠬᠢᠷᠳᠤᠯ ᠦᠭᠡᠢ ᠰᠠᠭᠤᠷᠢ ᠵᠢ ᠪᠡᠬᠢᠵᠢᠭᠦᠯᠬᠦ ᠬᠡᠷᠡᠭᠲᠡᠢ ᠃  ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ ᠂  ᠲᠣᠭᠲᠠᠪᠤᠷᠢᠲᠤ ᠴᠢᠨᠠᠷ ᠂  ᠦᠷᠭᠦᠯᠵᠢᠯᠡᠬᠦ ᠴᠢᠨᠠᠷ᠎ᠢ ᠬᠦᠴᠦᠯᠡᠨ ᠳᠡᠭᠡᠭᠰᠢᠯᠡᠭᠦᠯᠵᠦ ᠂  ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ ᠵᠶ᠋ᠡᠨ ᠴᠢᠩᠭ᠋ᠠᠷᠠᠭᠤᠯᠵᠤ ᠂  ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠬᠢᠨᠠᠯᠲᠠ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠵᠤ ᠂  ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠳᠠ ᠮᠥᠩᠭᠥᠨ ᠠᠭᠤᠯᠠ ᠪᠣᠯᠭ᠋ᠠᠨ ᠬᠤᠪᠢᠷᠠᠭᠤᠯᠬᠤ ᠠᠷᠭ᠎ᠠ ᠵᠠᠮ᠎ᠢ ᠥᠷᠭᠡᠳᠬᠡᠵᠦ ᠂  ᠦᠷ᠎ᠡ ᠬᠣᠢ᠌ᠴᠢᠰ᠎ᠲᠠᠭᠠᠨ ᠬᠥᠬᠡᠮᠳᠦᠭ ᠨᠣᠭᠣᠭ᠋ᠠᠨ ᠠᠭᠤᠯᠠ ᠤᠰᠤ᠎ᠲᠠᠢ ᠠᠮᠢ ᠠᠬᠤᠢ ᠵᠢᠨ ᠣᠷᠣᠨ ᠵᠠᠢ ᠵᠢ ᠦᠯᠡᠳᠡᠭᠡᠵᠦ ᠥᠭᠬᠦ ᠬᠡᠷᠡᠭᠲᠡᠢ ᠃  ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠵᠤ ᠂  ᠪᠦᠭᠦ ᠤᠯᠤᠰ ᠵᠶ᠋ᠠᠷ ᠵᠶ᠋ᠠᠨ ᠨᠢᠭᠡᠳᠦᠯᠲᠡᠢ ᠲᠥᠯᠥᠪᠵᠢᠭᠦᠯᠬᠦ ᠂  ᠠᠷᠪᠢᠯᠠᠬᠤ ᠵᠢ ᠲᠡᠷᠢᠭᠦᠨ᠎ᠳᠤ ᠲᠠᠯᠪᠢᠬᠤ ᠂  ᠬᠣᠣᠰ ᠬᠦᠷᠳᠦ᠎ᠪᠠᠷ ᠬᠥᠳᠡᠯᠭᠡᠭᠦᠷ ᠪᠤᠯᠭ᠋ᠠᠬᠤ ᠂  ᠳᠣᠲᠣᠭ᠋ᠠᠳᠤ ᠭᠠᠳᠠᠭ᠋ᠠᠳᠤ ᠵᠢ ᠰᠠᠭ᠋ᠠᠳ ᠦᠭᠡᠢ ᠨᠡᠪᠲᠡᠷᠡᠭᠦᠯᠬᠦ ᠂  ᠠᠶᠤᠯ ᠲᠦᠭᠰᠢᠭᠦᠷᠢ ᠵᠢ ᠰᠡᠷᠭᠡᠢ᠌ᠯᠡᠬᠦ ᠵᠠᠷᠴᠢᠮ᠎ᠢ ᠪᠠᠷᠢᠮᠲᠠᠯᠠᠵᠤ ᠂  ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ 《 1 + N 》 ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠰᠠᠢ᠌ᠲᠤᠷ ᠨᠠᠢ᠌ᠳᠠᠪᠤᠷᠢᠵᠢᠭᠤᠯᠵᠤ ᠂  ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠠᠮᠤᠷ ᠲᠦᠪᠰᠢᠨ ᠥᠨᠳᠥᠷ ᠪᠦᠲᠦᠮᠵᠢᠲᠡᠢ ᠡᠨᠧᠷᠭᠢ ᠵᠢᠨ ᠰᠢᠰᠲ᠋ᠧᠮ᠎ᠢ ᠪᠠᠢ᠌ᠭᠤᠯᠵᠤ ᠂  ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠢ ᠲᠦᠷᠭᠡᠳᠬᠡᠨ ᠪᠠᠢ᠌ᠭᠤᠯᠵᠤ ᠂  ᠤᠯᠤᠰ᠎ᠤᠨ ᠴᠢᠯᠠᠭᠤᠨ ᠲᠣᠰᠣ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ ᠃  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ ᠂  ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠵᠤ ᠂  ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠢᠳᠡᠪᠬᠢᠲᠡᠢ ᠪᠦᠲᠦᠮᠵᠢᠲᠡᠢ ᠠᠷᠭ᠋ᠠᠴᠠᠭ᠋ᠠᠵᠤ ᠂  ᠠᠮᠢ ᠠᠬᠤᠢ ᠵᠢᠨ ᠠᠮᠤᠷ ᠲᠦᠪᠰᠢᠨ ᠂  ᠴᠥᠮ᠎ᠡ ᠪᠣᠯᠣᠨ ᠰᠠᠴᠤᠷᠠᠭ᠎ᠤᠨ ᠠᠮᠤᠷ ᠲᠦᠪᠰᠢᠨ ᠵᠡᠷᠭᠡ ᠵᠢ ᠦᠨᠡᠨ ᠬᠦ᠌ ᠬᠠᠮᠠᠭ᠋ᠠᠯᠠᠵᠤ ᠂  ᠪᠢᠳᠡᠨ᠎ᠤ ᠣᠷᠣᠰᠢᠨ ᠲᠣᠭᠲᠠᠨᠢᠵᠤ ᠬᠥᠭᠵᠢᠬᠦ ᠪᠠᠢ᠌ᠭ᠋ᠠᠯᠢ ᠵᠢᠨ ᠣᠷᠴᠢᠨ ᠲᠣᠭᠣᠷᠢᠨ ᠪᠣᠯᠣᠨ ᠨᠥᠬᠥᠴᠡᠯ᠎ᠤᠨ ᠰᠦᠷᠳᠡᠭᠦᠯᠦᠯ ᠪᠠ ᠡᠪᠳᠡᠯᠡᠭᠡ᠎ᠳᠤ ᠤᠴᠠᠷᠠᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

       ᠰᠢ ᠵᠢᠨ ᠫᠢᠩ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠬᠦ ᠬᠡᠷᠡᠭᠲᠡᠢ ᠃  ᠡᠯ᠎ᠡ ᠬᠦᠷᠢᠶᠡᠨ᠎ᠤ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ ᠂  ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠵᠤ ᠂  ᠬᠠᠤᠯᠢᠵᠢᠯ ᠂  ᠵᠠᠬ᠎ᠠ ᠳᠡᠯᠭᠡᠭᠦᠷ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠂  ᠲᠦᠷᠦ ᠵᠢᠨ ᠪᠣᠳᠣᠯᠭ᠎ᠠ ᠵᠢᠨ 《  ᠬᠠᠮ ᠠᠷᠭ᠎ᠠ ᠬᠡᠮᠵᠢᠶ᠎ᠡ 》 ᠵᠢ ᠰᠠᠢ᠌ᠲᠤᠷ ᠬᠡᠷᠡᠭᠵᠢᠭᠦᠯᠬᠦ ᠬᠡᠷᠡᠭᠲᠡᠢ ᠃  ᠬᠠᠤᠯᠢᠵᠢᠯ᠎ᠤᠨ ᠪᠠᠲᠤᠯᠠᠭ᠎ᠠ ᠵᠢ ᠴᠢᠩᠭ᠋ᠠᠳᠬᠠᠵᠤ ᠂  ᠠᠮᠢ ᠠᠬᠤᠢ ᠣᠷᠴᠢᠨ ᠲᠣᠭᠣᠷᠢᠨ ᠂  ᠡᠬᠢ ᠪᠠᠶᠠᠯᠢᠭ ᠡᠨᠧᠷᠭᠢ ᠵᠡᠷᠭᠡ ᠬᠦᠷᠢᠶᠡᠨ᠎ᠤ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂  ᠭᠠᠵᠠᠷ ᠳᠡᠭᠡᠷᠡᠬᠢ ᠪᠠ ᠭᠠᠵᠠᠷ ᠳᠣᠣᠷᠠᠬᠢ ᠂  ᠡᠬᠡ ᠬᠠᠭᠤᠷᠠᠢ ᠪᠠ ᠳᠠᠯᠠᠢ ᠲᠠᠩᠭᠢᠰ᠎ᠢ ᠨᠢᠭᠡᠳᠦᠯᠲᠡᠢ ᠲᠥᠯᠥᠪᠵᠢᠭᠦᠯᠬᠦ ᠂  ᠣᠷᠣᠨ ᠪᠦᠰᠡ ᠬᠣᠯᠪᠤᠭ᠋ᠠᠯᠠᠨ ᠬᠥᠳᠡᠯᠦᠯᠴᠡᠬᠦ ᠬᠠᠮᠤᠭ᠎ᠤᠨ ᠴᠢᠩᠭ᠎ᠠ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠳᠦᠷᠢᠮ᠎ᠢ ᠬᠡᠷᠡᠭᠵᠢᠭᠦᠯᠵᠦ ᠂  ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠪᠦᠭᠦ ᠲᠠᠯ᠎ᠠ᠎ᠪᠠᠷ ᠬᠡᠷᠡᠭᠵᠢᠭᠦᠯᠵᠦ ᠂  ᠪᠠᠢ᠌ᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ ᠂  ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠬᠡᠷᠡᠭᠴᠡᠭᠡ ᠵᠢᠨ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠬᠦ ᠬᠡᠷᠡᠭᠲᠡᠢ ᠃  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠠᠵᠤ ᠠᠬᠤᠢ ᠵᠢᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ ᠂  ᠡᠳ᠋᠎ᠤᠨ ᠵᠠᠰᠠᠭ᠎ᠤᠨ ᠳᠡᠮᠵᠢᠯᠭᠡ ᠂  ᠭᠠᠢ᠌ᠯᠢ ᠲᠠᠲᠠᠪᠤᠷᠢ ᠵᠢᠨ ᠲᠦᠷᠦ ᠵᠢᠨ ᠪᠣᠳᠣᠯᠭ᠎ᠠ ᠵᠢᠨ ᠳᠡᠮᠵᠢᠯᠭᠡ ᠂  ᠮᠥᠩᠭᠥᠨ ᠭᠦᠢ᠍ᠯᠭᠡᠭᠡᠨ᠎ᠤ ᠳᠡᠮᠵᠢᠯᠭᠡ ᠂  ᠦᠨ᠎ᠡ ᠬᠠᠩᠰᠢ ᠵᠢᠨ ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠬᠤ ᠬᠡᠷᠡᠭᠲᠡᠢ ᠃  ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠢ᠌ᠯᠭ᠎ᠠ᠎ᠲᠠᠢ ᠵᠠᠰᠠᠭ᠎ᠤᠨ ᠣᠷᠳᠣᠨ᠎ᠤ ᠨᠡᠩ ᠰᠠᠢ᠌ᠨ ᠤᠶᠠᠯᠳᠤᠯ᠎ᠢ ᠠᠬᠢᠭᠤᠯᠵᠤ ᠂  ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠂  ᠡᠨᠧᠷᠭᠢ ᠬᠡᠷᠡᠭᠯᠡᠬᠦ ᠡᠷᠬᠡ ᠂  ᠤᠰᠤ ᠬᠡᠷᠡᠭᠯᠡᠬᠦ ᠡᠷᠬᠡ ᠂  ᠪᠣᠬᠢᠷᠳᠤᠯ ᠭᠠᠳᠠᠭᠰᠢᠯᠠᠭᠤᠯᠬᠤ ᠡᠷᠬᠡ ᠵᠡᠷᠭᠡ ᠡᠬᠢ ᠪᠠᠶᠠᠯᠢᠭ ᠣᠷᠴᠢᠨ ᠲᠣᠭᠣᠷᠢᠨ᠎ᠤ ᠡᠯᠧᠮᠧᠨ᠋ᠲ᠎ᠢ ᠨᠢᠭᠡ ᠴᠣᠭᠴᠠᠵᠢᠭᠤᠯᠤᠨ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠵᠢᠨ ᠶᠡᠷᠦᠩᠬᠡᠢ ᠬᠡᠪᠴᠢᠶᠡᠨ᠎ᠳᠤ ᠣᠷᠣᠭᠤᠯᠵᠤ ᠂  ᠰᠢᠯᠵᠢᠭᠦᠯᠦᠨ ᠥᠭᠬᠦ ᠂  ᠬᠤᠳᠠᠯᠳᠤᠨ ᠥᠭᠬᠦ ᠂  ᠪᠠᠷᠢᠴᠠᠭ᠋ᠠᠯᠠᠬᠤ ᠂  ᠬᠤᠪᠢ ᠣᠷᠣᠭᠤᠯᠬᠤ ᠵᠡᠷᠭᠡ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠠᠵᠢᠯᠯᠠᠭ᠎ᠠ ᠵᠢ ᠲᠡᠮᠵᠢᠵᠤ ᠂  ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ ᠂  ᠣᠷᠴᠢᠨ ᠲᠣᠭᠣᠷᠢᠨ᠎ᠤ ᠵᠠᠰᠠᠯᠲᠠ ᠵᠢᠨ ᠵᠠᠬ᠎ᠠ ᠳᠡᠯᠭᠡᠭᠦᠷ᠎ᠢ ᠵᠢᠷᠤᠮᠵᠢᠭᠤᠯᠵᠤ ᠂  ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ ᠪᠣᠯᠣᠨ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠢ ᠃  ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ ᠂  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠵᠤ ᠂  ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠂  ᠰᠢᠨ᠎ᠡ ᠪᠣᠬᠢᠷᠳᠤᠯ ᠪᠣᠳᠠᠰ᠎ᠢ ᠵᠠᠰᠠᠬᠤ ᠵᠡᠷᠭᠡ ᠵᠢ ᠤᠯᠤᠰ᠎ᠤᠨ ᠰᠠᠭᠤᠷᠢ ᠰᠤᠳᠤᠯᠭ᠋ᠠᠨ ᠪᠠ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯᠳᠠᠯᠭ᠎ᠠ᠎ᠲᠠᠢ ᠬᠦᠷᠢᠶ᠎ᠡ ᠪᠤᠯᠭ᠋ᠠᠵᠤ ᠂  ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠴᠢᠩᠭ᠎ᠠ ᠠᠳᠬᠤᠵᠤ ᠂  ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠠᠵᠢᠯᠯᠠᠭ᠎ᠠ ᠵᠢ ᠬᠡᠷᠡᠭᠵᠢᠭᠦᠯᠵᠦ ᠂  ᠥᠨᠳᠥᠷ ᠲᠦᠪᠰᠢᠨ ᠪᠦᠬᠦᠢ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠬᠥᠮᠥᠵᠢᠭᠦᠯᠦᠨ ᠪᠣᠢ᠌ᠵᠢᠭᠤᠯᠵᠤ ᠂  ᠵᠣᠬᠢᠶᠠᠮᠠᠯ ᠤᠶᠤᠨ ᠴᠢᠳᠠᠪᠤᠷᠢ ᠵᠡᠷᠭᠡ ᠲᠣᠭ᠋ᠠᠴᠢᠯᠠᠭᠰᠠᠨ ᠮᠡᠷᠭᠡᠵᠢᠯ᠎ᠤᠨ ᠬᠡᠷᠡᠭᠯᠡᠭᠡ ᠵᠢ ᠭᠦᠨᠵᠡᠭᠡᠢ᠌ᠷᠡᠭᠦᠯᠵᠦ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠲᠣᠭ᠋ᠠᠴᠢᠯᠠᠭᠰᠠᠨ ᠵᠠᠰᠠᠯᠲᠠ ᠵᠢᠨ ᠰᠢᠰᠲ᠋ᠧᠮ᠎ᠢ ᠪᠠᠢ᠌ᠭᠤᠯᠵᠤ ᠂  ᠪᠣᠬᠢᠷᠳᠤᠯ ᠦᠭᠡᠢ ᠣᠶᠤᠨᠴᠢ ᠲᠣᠭ᠋ᠠᠴᠢᠯᠠᠭᠰᠠᠨ ᠠᠮᠢ ᠠᠬᠤᠢ ᠵᠢᠨ ᠪᠣᠯᠪᠠᠰᠤᠨ᠎ᠢ ᠪᠠᠢ᠌ᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠪᠣᠯ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠴᠢᠬᠤᠯᠠ ᠬᠠᠷᠠᠯᠲᠠ ᠮᠥᠨ ᠂  ᠡᠷᠬᠡᠪᠰᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠬᠡᠷᠡᠭᠲᠡᠢ ᠃  ᠨᠠᠮ᠎ᠤᠨ ᠲᠥᠪ ᠬᠣᠷᠢᠶ᠎ᠠ ᠂  ᠲᠥᠷᠥ ᠵᠢᠨ ᠶᠠᠪᠤᠳᠠᠯ᠎ᠤᠨ ᠬᠣᠷᠢᠶ᠎ᠠ ᠣᠢ᠌ᠷ᠎ᠠ᠎ᠳᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠢᠰᠲ᠋ᠧᠮ᠎ᠲᠠᠢ ᠪᠠᠢ᠌ᠷᠢᠯᠠᠭᠤᠯᠤᠯᠲᠠ ᠬᠢᠬᠦ ᠪᠣᠯᠣᠨ᠎ᠠ ᠃  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠠᠷᠢᠭᠤᠴᠠᠯᠭ᠋ᠠᠲᠤ ᠰᠡᠳᠬᠢᠯᠭᠡ ᠂  ᠡᠭᠦᠷᠭᠡᠲᠦ ᠪᠤᠳᠣᠯ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ ᠂  ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ ᠃  ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ ᠂  ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠳᠦᠷᠢᠮ᠎ᠢ ᠱᠠᠯᠠᠪᠳᠠᠨ ᠰᠤᠳᠤᠯᠤᠨ ᠲᠣᠭᠲᠠᠭ᠋ᠠᠵᠤ ᠂  ᠪᠦᠭᠦ ᠲᠠᠯ᠎ᠠ ᠵᠢ ᠬᠠᠮᠤᠷᠤᠭᠰᠠᠨ ᠂  ᠡᠷᠬᠡ ᠬᠠᠷᠢᠭᠤᠴᠠᠯᠭ᠎ᠠ ᠨᠢᠭᠡᠳᠦᠯᠲᠡᠢ ᠂  ᠱᠠᠩᠨᠠᠵᠤ ᠲᠣᠷᠭ᠋ᠠᠬᠤ ᠲᠣᠳᠣᠷᠬᠠᠢ ᠂  ᠭᠣᠭᠴᠣᠭ᠎ᠠ ᠪᠦᠭᠦᠨ᠎ᠢ ᠬᠣᠯᠪᠣᠭᠰᠠᠨ ᠬᠠᠷᠢᠭᠤᠴᠠᠯᠭ᠎ᠠ ᠵᠢᠨ ᠰᠢᠰᠲ᠋ᠧᠮ᠎ᠢ ᠪᠠᠢ᠌ᠭᠤᠯᠬᠤ ᠬᠡᠷᠡᠭᠲᠡᠢ ᠃  ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ ᠂  ᠠᠵᠢᠯ ᠬᠤᠪᠢᠶᠠᠷᠢᠯᠠᠨ ᠬᠠᠷᠢᠭᠤᠴᠠᠬᠤ ᠵᠢ ᠴᠢᠩᠭ᠋ᠠᠳᠬᠠᠵᠤ ᠂  ᠵᠣᠬᠢᠴᠠᠭᠤᠯᠵᠤ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ ᠂  ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠃  ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠢ᠌ᠩᠭᠤ ᠵᠢᠨ ᠬᠣᠷᠢᠶ᠎ᠠ ᠠᠮᠢ ᠠᠬᠤᠢ ᠵᠢᠨ ᠪᠣᠯᠪᠠᠰᠤᠨ᠎ᠤ ᠬᠠᠮᠠᠭ᠋ᠠᠯᠠᠯᠲᠠ ᠵᠢᠨ ᠬᠠᠤᠯᠢᠵᠢᠯ᠎ᠤᠨ ᠪᠠᠢ᠌ᠭᠤᠯᠤᠯᠲᠠ ᠪᠠ ᠬᠠᠤᠯᠢ ᠴᠠᠭ᠋ᠠᠵᠠ ᠵᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ ᠂  ᠡᠯ᠎ᠡ ᠱᠠᠲᠤᠨ᠎ᠤ ᠤᠯᠤᠰ ᠲᠦᠷᠦ ᠵᠢᠨ ᠵᠥᠪᠯᠡᠯᠭᠡᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠤᠰᠬᠠᠢ ᠰᠡᠳᠦᠪ ᠵᠶ᠋ᠡᠷ ᠵᠥᠪᠯᠡᠬᠦ ᠪᠠ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ ᠃  ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠬᠤᠷᠴᠠ ᠰᠡᠯᠡᠮ᠎ᠡ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

       ᠯᠢ ᠴᠢᠶᠠᠩ ᠬᠤᠷᠠᠯ᠎ᠢ ᠡᠷᠭᠢᠯᠡᠭᠦ᠎ᠳᠡᠭᠡᠨ ᠂  ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠣᠯᠣᠭᠰᠠᠨ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠯᠤᠲᠤ ᠶᠡᠬᠡ ᠠᠮᠵᠢᠯᠲᠠ ᠪᠦᠲᠦᠮᠵᠢ ᠢᠯᠠᠩᠭᠤᠶ᠎ᠠ ᠲᠡᠦᠬᠡᠲᠦ ᠴᠢᠨᠠᠷᠲᠠᠢ ᠂  ᠡᠷᠭᠢᠯᠲᠡ ᠵᠢᠨ ᠴᠢᠨᠠᠷᠲᠠᠢ ᠂  ᠪᠦᠭᠦ ᠲᠠᠯ᠎ᠠ ᠵᠢᠨ ᠴᠢᠨᠠᠷᠲᠠᠢ ᠬᠤᠪᠢᠷᠠᠯᠲᠠ ᠵᠢ ᠳ᠋ᠦᠩᠨᠡᠵᠦ ᠂  ᠣᠳᠣᠬᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠲᠤᠯᠭ᠋ᠠᠷᠠᠵᠤ ᠪᠠᠢ᠌ᠭ᠎ᠠ ᠪᠠᠢ᠌ᠳᠠᠯ᠎ᠢ ᠭᠦᠨᠵᠡᠭᠡᠢ ᠵᠠᠳᠠᠯᠵᠤ ᠂  ᠰᠢᠨ᠎ᠡ ᠠᠶᠠᠨ᠎ᠳᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ᠎ᠳᠤ ᠰᠠᠢ᠌ᠲᠤᠷ ᠰᠢᠢ᠍ᠳᠪᠦᠷᠢᠯᠡᠬᠦ ᠴᠢᠬᠤᠯᠠᠲᠠᠢ ᠴᠢᠬᠤᠯᠠ ᠶᠡᠬᠡ ᠬᠠᠷᠢᠴᠠᠭ᠎ᠠ ᠵᠢ ᠭᠦᠨᠵᠡᠭᠡᠢ ᠲᠣᠳᠣᠷᠬᠠᠢ᠌ᠯᠠᠨ ᠥᠭᠦᠯᠡᠵᠦ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠪᠠᠢ᠌ᠯᠳᠤᠬᠤ ᠪᠣᠳᠣᠯᠭ᠎ᠠ ᠵᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠢ ᠰᠢᠰᠲ᠋ᠧᠮ᠎ᠲᠠᠢ ᠪᠠᠢ᠌ᠷᠢᠯᠠᠭᠤᠯᠵᠤ ᠂  ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠤᠯᠠᠮ ᠴᠢᠩᠭ᠋ᠠᠳᠬᠠᠬᠤ ᠂  ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ᠎ᠳᠤ ᠴᠢᠭᠯᠡᠯ᠎ᠤᠨ ᠵᠢᠯᠣᠭᠣᠳᠤᠯᠭ᠎ᠠ ᠪᠠ ᠦᠨᠳᠦᠰᠦᠨ ᠵᠢᠷᠤᠮᠯᠠᠯ ᠬᠠᠩᠭ᠋ᠠᠪᠠ ᠃  ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ ᠂  ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ 《  ᠬᠣᠶᠠᠷ᠎ᠢ ᠲᠣᠭᠲᠠᠭ᠋ᠠᠭᠰᠠᠨ 》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ ᠂ 《  ᠬᠣᠶᠠᠷ᠎ᠢ ᠬᠠᠮᠠᠭ᠋ᠠᠯᠠᠬᠤ 》 ᠵᠢ ᠡᠷᠡᠰ ᠪᠡᠶᠡᠯᠡᠭᠦᠯᠵᠦ ᠂  ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ᠎ᠲᠠᠢ ᠤᠶᠠᠯᠳᠤᠭᠤᠯᠵᠤ ᠂  ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠰᠠᠢ᠌ᠲᠤᠷ ᠬᠢᠬᠦ ᠬᠦᠴᠦᠷᠬᠡᠭ ᠶᠡᠬᠡ ᠬᠥᠳᠡᠯᠭᠡᠬᠦ ᠬᠦᠴᠦᠨ᠎ᠢ ᠤᠯᠠᠮ ᠬᠥᠭᠵᠢᠭᠡᠵᠦ ᠂  ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠳ᠋ᠢᠩ ᠰᠢᠤᠸᠠᠢ ᠰᠢᠶᠠᠩ ᠳ᠋ᠦᠩᠨᠡᠯᠲᠡ ᠵᠢᠨ ᠶᠠᠷᠢᠶᠠᠨ᠎ᠳᠠᠭᠠᠨ ᠂  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ

ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ ᠂  ᠬᠥᠮᠥᠨ ᠪᠠ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠵᠢ ᠲᠦᠷᠭᠡᠨ ᠠᠬᠢᠭᠤᠯᠬᠤ ᠬᠡᠷᠡᠭᠲᠡᠢ ᠃  ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠴᠥᠬᠥᠷᠡᠰᠢ ᠦᠭᠡᠢ ᠰᠠᠢ᠌ᠲᠤᠷ ᠬᠢᠵᠦ ᠂  ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠭᠡᠷᠡᠭᠲᠡᠢ ;  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠦᠨᠳᠦᠰᠦᠨ᠎ᠠᠴᠠ᠎ᠨᠢ ᠵᠠᠰᠠᠬᠤ ᠠᠷᠭ᠎ᠠ ᠪᠣᠳᠣᠯᠭ᠎ᠠ ᠪᠤᠯᠭ᠋ᠠᠵᠤ ᠂  ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠣᠷᠣᠨ ᠵᠠᠢ ᠵᠢᠨ ᠪᠠᠢ᠌ᠷᠢᠰᠢᠯ ᠂  ᠠᠵᠤ ᠦᠢ᠍ᠯᠡᠰ᠎ᠤᠨ ᠪᠦᠲᠦᠴᠡ ᠂  ᠦᠢ᠍ᠯᠡᠳᠪᠦᠷᠢᠯᠡᠯ᠎ᠤᠨ ᠠᠷᠭ᠎ᠠ ᠮᠠᠶᠢᠭ ᠂  ᠠᠮᠢᠳᠤᠷᠠᠯ᠎ᠤᠨ ᠠᠷᠭ᠎ᠠ ᠮᠠᠶᠢᠭ᠎ᠢ ᠲᠦᠷᠭᠡᠳᠬᠡᠨ ᠪᠤᠢ ᠪᠤᠯᠭ᠋ᠠᠬᠤ ᠭᠡᠷᠡᠭᠳᠠᠢ ;  ᠬᠥᠮᠥᠨ ᠪᠠ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠪᠠᠷᠢᠮᠲᠠᠯᠠᠵᠤ ᠂  ᠠᠮᠢ ᠠᠬᠤᠢ ᠵᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠡᠷᠴᠢᠮ ᠵᠶ᠋ᠡᠨ ᠴᠢᠩᠭ᠋ᠠᠷᠠᠭᠤᠯᠵᠤ ᠂  ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠬᠦ ᠭᠡᠷᠡᠭᠳᠠᠢ ;  ᠨᠢᠭᠡᠨᠲᠡ ᠲᠣᠭᠲᠠᠭᠰᠠᠨ ᠬᠠᠷᠠᠯᠲᠠ ᠵᠢ ᠣᠨᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠬᠦᠷᠬᠦ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠵᠤ ᠂  ᠤᠷᠢᠳ ᠵᠶ᠋ᠠᠷ ᠪᠠᠢ᠌ᠭᠤᠯᠵᠤ ᠳᠠᠷᠠᠭ᠎ᠠ᠎ᠨᠢ ᠡᠪᠳᠡᠬᠦ ᠵᠢ ᠪᠠᠷᠢᠮᠲᠠᠯᠠᠵᠤ ᠂  ᠡᠨᠧᠷᠭᠢ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠲᠡᠢ᠌ᠰᠢ ᠬᠤᠪᠢᠷᠠᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠭᠡᠷᠡᠭᠲᠡᠢ ;  ᠬᠣᠷᠢᠭ᠎ᠠ ᠱᠤᠭᠤᠮ᠎ᠤᠨ ᠰᠡᠳᠬᠢᠬᠦᠢ ᠵᠢ ᠴᠢᠩᠭ᠋ᠠᠳᠬᠠᠵᠤ ᠂  ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠪᠠᠢ᠌ᠩᠭᠤᠵᠢᠭᠤᠯᠤᠨ ᠬᠠᠮᠢᠶᠠᠷᠤᠨ ᠡᠵᠡᠮᠳᠡᠵᠦ ᠂  ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠠᠮᠢ ᠠᠬᠤᠢ ᠵᠢᠨ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠬᠦ ᠭᠡᠷᠡᠭᠳᠠᠢ ;  ᠴᠢᠩᠭ᠎ᠠ ᠪᠠᠢ᠌ᠬᠤ ᠭᠦᠭ ᠠᠶᠠᠰ᠎ᠢ ᠪᠠᠷᠢᠮᠲᠠᠯᠠᠵᠤ ᠂  ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠪᠠ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢ ᠭᠦᠨᠵᠡᠭᠡᠢ ᠥᠷᠨᠢᠭᠦᠯᠵᠦ ᠂  ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠃  ᠡᠯ᠎ᠡ ᠭᠠᠵᠠᠷ ᠣᠷᠣᠨ ᠂  ᠡᠯ᠎ᠡ ᠰᠠᠯᠠᠭ᠎ᠠ ᠮᠥᠴᠢᠷ ᠂  ᠡᠯ᠎ᠡ ᠨᠢᠭᠡᠴᠢ ᠵᠢᠨ᠎ᠬᠢᠨ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ ᠂  ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂  ᠲᠤᠯᠭ᠋ᠠᠭᠤᠷᠢᠯᠠᠯ ᠪᠠᠲᠤᠯᠠᠭ᠎ᠠ ᠵᠢ ᠴᠢᠩᠭ᠋ᠠᠳᠬᠠᠵᠤ ᠂  ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ ᠂  ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠠᠮᠢ ᠠᠬᠤᠢ ᠣᠷᠴᠢᠨ ᠲᠣᠭᠣᠷᠢᠨ᠎ᠤ ᠶᠠᠮᠤᠨ ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠂  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠡᠳ᠋᠎ᠤᠨ ᠵᠠᠰᠠᠭ᠎ᠤᠨ ᠶᠠᠮᠤᠨ ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠂  ᠵᠧᠵᠢᠶᠠᠩ ᠮᠤᠵᠢ ᠂  ᠬᠤᠪᠧᠢ ᠮᠤᠵᠢ ᠂  ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠬᠠᠷᠢᠭᠤᠴᠠᠯᠭ᠋ᠠᠲᠠᠨ ᠨᠥᠬᠥᠳ ᠰᠠᠨᠠᠯ ᠵᠶ᠋ᠠᠨ ᠰᠣᠯᠢᠯᠴᠠᠬᠤ ᠦᠭᠡ ᠬᠡᠯᠡᠵᠡᠢ ᠃

       ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ ᠂  ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠂  ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠂  ᠲᠦᠷᠦ ᠵᠢᠨ ᠶᠠᠪᠤᠳᠠᠯ᠎ᠤᠨ ᠭᠡᠰᠢᠭᠦᠨ ᠂  ᠠᠷᠠᠳ᠎ᠤᠨ ᠳᠡᠭᠡᠳᠦ ᠰᠢᠭᠦᠬᠦ ᠬᠣᠷᠢᠶ᠎ᠠ ᠵᠢᠨ ᠳᠠᠷᠤᠭ᠎ᠠ ᠂  ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠂  ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ ᠬᠤᠷᠠᠯ᠎ᠳᠤ ᠣᠷᠣᠯᠴᠠᠪᠠ ᠃

       ᠬᠤᠷᠠᠯ᠎ᠢ ᠲᠧᠯᠸᠢᠰ ᠤᠲᠠᠰᠤ ᠬᠤᠷᠠᠯ᠎ᠤᠨ ᠭᠡᠯᠪᠡᠷᠢ᠎ᠪᠠᠷ ᠬᠤᠷᠠᠯᠳᠤᠭᠤᠯᠵᠤ ᠂  ᠡᠯ᠎ᠡ ᠮᠤᠵᠢ ᠣᠷᠣᠨ ᠬᠤᠲᠠ ᠪᠣᠯᠣᠨ ᠲᠤᠰᠠᠭ᠋ᠠᠷ ᠲᠥᠯᠥᠪᠯᠡᠭᠡᠲᠦ ᠬᠤᠲᠠ ᠂  ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠂  ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠂  ᠬᠣᠯᠪᠣᠭᠳᠠᠯ ᠪᠦᠬᠦᠢ ᠠᠷᠠᠳ᠎ᠤᠨ ᠪᠦᠯᠭᠦᠮ ᠂  ᠴᠡᠷᠢᠭ ᠠᠩᠭᠢ ᠵᠢᠨ ᠬᠣᠯᠪᠣᠭᠳᠠᠯ ᠪᠦᠬᠦᠢ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠨᠥᠬᠥᠳ ᠂  ᠲᠥᠪ᠎ᠠᠴᠠ ᠬᠠᠮᠢᠶᠠᠷᠴᠤ ᠪᠠᠢ᠌ᠭ᠎ᠠ ᠬᠡᠰᠡᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠪᠣᠯᠣᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠳᠤᠮᠳᠠᠳᠤ ᠺᠠᠮᠪᠤᠵᠠ ᠵᠢᠨ ᠬᠠᠷᠢᠯᠴᠠᠭ᠎ᠠ ᠪᠠᠢ᠌ᠭᠤᠯᠤᠭᠰᠠᠨ 65 ᠵᠢᠯ᠎ᠤᠨ ᠤᠢ᠎ᠳᠤ ᠵᠣᠷᠢᠭᠤᠯᠤᠨ ᠺᠠᠮᠪᠤᠵᠠ ᠵᠢᠨ ᠤᠯᠤᠰ᠎ᠤᠨ ᠸᠠᠩ ᠰᠢᠬᠠᠮᠦᠨᠢ᠎ᠲᠠᠢ ᠬᠠᠷᠢᠯᠴᠠᠨ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ ᠯᠢ ᠴᠢᠶᠠᠩ ᠪᠣᠯᠣᠨ ᠺᠠᠮᠪᠤᠵᠠ ᠵᠢᠨ ᠲᠡᠷᠢᠭᠦᠨ ᠰᠠᠢ᠌ᠳ ᠬᠤᠩᠰᠸᠨ ᠬᠠᠷᠢᠯᠴᠠᠨ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠵᠠᠢ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠬᠣᠶᠠᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠵᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠦᠭᠦ ᠬᠦᠴᠦᠨ ᠵᠶ᠋ᠡᠷ ᠵᠶ᠋ᠡᠨ ᠳᠡᠭᠡᠭᠰᠢᠯᠡᠭᠦᠯᠵᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠣᠷᠣᠨ ᠵᠠᠢ ᠵᠢ ᠯᠠᠪᠳᠠᠭᠤᠨ ᠵᠶ᠋ᠡᠷ ᠥᠷᠭᠡᠳᠭᠡᠬᠦ ᠬᠡᠷᠡᠭᠲᠡᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠰᠢ ᠵᠢᠨ ᠫᠢᠩ ᠪᠦᠭᠦ ᠴᠡᠷᠢᠭ᠎ᠤᠨ ᠨᠠᠮ᠎ᠤᠨ ᠪᠠᠢ᠌ᠭᠤᠯᠤᠯᠲᠠ ᠵᠢᠨ ᠬᠤᠷᠠᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠮᠠᠨ᠎ᠤ ᠴᠡᠷᠢᠭ᠎ᠤᠨ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠪᠠᠢ᠌ᠳᠠᠯ᠎ᠢ ᠡᠭᠦᠳᠴᠦ ᠴᠡᠷᠢᠭ ᠪᠠᠢ᠌ᠭᠤᠯᠤᠭᠳᠠᠭᠰᠠᠨ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ
ᠰᠢ ᠵᠢᠨ ᠫᠢᠩ ᠴᠧᠩᠳᠦ᠋ ᠵᠢᠨ 31 ᠳ᠋ᠦ᠍ᠭᠡᠷ ᠬᠤᠭᠤᠴᠠᠭ᠋ᠠᠨ᠎ᠤ ᠳᠡᠯᠡᠬᠡᠢ ᠵᠢᠨ ᠣᠶᠤᠲᠠᠳ᠎ᠤᠨ ᠵᠤᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ᠎ᠳᠤ ᠣᠷᠣᠯᠴᠠᠬᠤ ᠵᠢᠨ ᠬᠠᠮᠲᠤ ᠭᠠᠳᠠᠭ᠋ᠠᠳᠤ ᠶᠠᠪᠤᠳᠠᠯ᠎ᠤᠨ ᠰᠢᠷᠢᠰ ᠠᠵᠢᠯᠯᠠᠭ᠎ᠠ ᠥᠷᠨᠢᠭᠦᠯᠦᠨ᠎ᠡ
ᠣᠳᠣᠬᠠᠨ᠎ᠤ ᠠᠵᠤ ᠠᠬᠤᠢ ᠵᠢᠨ ᠪᠠᠢ᠌ᠳᠠᠯ ᠪᠠ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠨᠠᠮ᠎ᠤᠨ ᠭᠠᠳᠠᠨᠠᠬᠢ ᠬᠥᠮᠥᠰ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ ᠰᠢ ᠵᠢᠨ ᠫᠢᠩ ᠶᠠᠷᠢᠯᠴᠠᠬᠤ ᠬᠤᠷᠠᠯ᠎ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ ᠯᠢ ᠴᠢᠶᠠᠩ ᠬᠣᠯᠪᠣᠭᠳᠠᠯ ᠪᠦᠬᠦᠢ ᠪᠠᠢ᠌ᠳᠠᠯ᠎ᠢ ᠮᠡᠳᠡᠭᠳᠡᠵᠦ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
 
            