ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠠᠯᠵᠧᠷᠢᠶ᠎ᠠ ᠵᠢᠨ ᠶᠡᠷᠦᠩᠬᠡᠢ᠌ᠯᠡᠭᠴᠢ ᠲᠸᠪᠸᠨ᠎ᠲᠠᠢ ᠬᠡᠯᠡᠯᠴᠡᠭᠡ ᠬᠢᠪᠡ
ᠨᠡᠶ᠋ᠢᠲᠡᠯᠡᠭᠰᠡᠨ ᠴᠠᠭ᠄ 2023-07-19

 

       ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 18᠎ᠤ ᠴᠠᠭᠢᠯᠭ᠋ᠠᠨ ᠮᠡᠳᠡᠭᠡ   7 ᠰᠠᠷ᠎ᠠ ᠵᠢᠨ 18᠎ᠤ ᠦᠳᠡ ᠵᠢᠨ ᠬᠣᠢ᠌ᠨ᠎ᠠ ᠂  ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ ᠵᠢᠨ ᠶᠠᠪᠤᠳᠠᠯ᠎ᠤᠨ ᠠᠢ᠌ᠯᠴᠢᠯᠠᠯᠲᠠ ᠬᠢᠬᠦ᠎ᠪᠠᠷ ᠢᠷᠡᠭᠰᠡᠨ ᠠᠯᠵᠧᠷᠢᠶ᠎ᠠ ᠵᠢᠨ ᠶᠡᠷᠦᠩᠬᠡᠢ᠌ᠯᠡᠭᠴᠢ ᠲᠸᠪᠸᠨ᠎ᠲᠠᠢ ᠬᠡᠯᠡᠯᠴᠡᠭᠡ ᠬᠢᠪᠡ ᠃

 2.jpg

7 ᠰᠠᠷ᠎ᠠ ᠵᠢᠨ 18᠎ᠤ ᠦᠳᠡ ᠵᠢᠨ ᠬᠣᠢ᠌ᠨ᠎ᠠ ᠂  ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ ᠵᠢᠨ ᠶᠠᠪᠤᠳᠠᠯ᠎ᠤᠨ ᠠᠢ᠌ᠯᠴᠢᠯᠠᠯᠲᠠ ᠬᠢᠬᠦ᠎ᠪᠠᠷ ᠢᠷᠡᠭᠰᠡᠨ ᠠᠯᠵᠧᠷᠢᠶ᠎ᠠ ᠵᠢᠨ ᠶᠡᠷᠦᠩᠬᠡᠢ᠌ᠯᠡᠭᠴᠢ ᠲᠸᠪᠸᠨ᠎ᠲᠠᠢ ᠬᠡᠯᠡᠯᠴᠡᠭᠡ ᠬᠢᠪᠡ ᠃  ᠵᠢᠷᠤᠭ ᠪᠣᠯ ᠬᠡᠯᠡᠯᠴᠡᠭᠡ ᠬᠢᠬᠦ᠎ᠠᠴᠠ ᠡᠮᠦᠨ᠎ᠡ ᠂  ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢ᠌ᠲᠤ ᠶᠡᠬᠡ ᠲᠢᠩᠬᠢᠮ᠎ᠳᠤ ᠲᠧᠪᠸᠨ᠎ᠢ ᠤᠭᠲᠤᠬᠤ ᠶᠣᠰᠣᠯᠠᠯ ᠶᠠᠪᠤᠭᠤᠯᠵᠤ ᠪᠠᠢ᠌ᠭ᠎ᠠ᠎ᠨᠢ ᠃     ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ   ᠬᠤᠸᠠᠩ ᠵᠢᠩ ᠸᠸᠨ ᠰᠡᠭᠦᠳᠡᠷᠯᠡᠪᠡ


       ᠰᠢ ᠵᠢᠨ ᠫᠢᠩ ᠂  ᠡᠨᠡ ᠵᠢᠯ ᠪᠣᠯ ᠳᠤᠮᠳᠠᠳᠤ ᠠᠯᠵᠧᠷᠢᠶ᠎ᠠ ᠵᠢᠨ ᠬᠠᠷᠢᠯᠴᠠᠭ᠎ᠠ ᠪᠠᠢ᠌ᠭᠤᠯᠤᠭᠰᠠᠨ 65 ᠵᠢᠯ᠎ᠤᠨ ᠤᠢ ᠪᠣᠯᠣᠨ᠎ᠠ ᠃ 65 ᠵᠢᠯ᠎ᠤᠨ ᠡᠮᠦᠨ᠎ᠡ ᠂  ᠡᠵᠡᠷᠬᠡᠭ ᠲᠦᠷᠢᠮᠡᠬᠡᠢ ᠶᠣᠰᠣ ᠪᠣᠯᠣᠨ ᠺᠣᠯᠣᠨᠢᠴᠢᠯᠠᠬᠤ ᠦᠵᠡᠯ᠎ᠢ ᠡᠰᠡᠷᠭᠦᠴᠡᠵᠦ ᠂  ᠦᠨᠳᠦᠰᠦᠲᠡᠨ᠎ᠤ ᠲᠤᠰᠠᠭ᠋ᠠᠷ ᠲᠣᠭᠲᠠᠨᠢᠯ ᠴᠢᠯᠦᠭᠡᠯᠡᠯᠲᠡ᠎ᠪᠠᠨ ᠲᠡᠮᠡᠴᠡᠨ ᠣᠯᠬᠤ ᠬᠠᠮᠲᠤ ᠵᠢᠨ ᠦᠢ᠍ᠯᠡᠰ᠎ᠨᠢ ᠮᠠᠨ᠎ᠤ ᠬᠣᠶᠠᠷ ᠤᠯᠤᠰ᠎ᠢ ᠬᠠᠨᠢᠲᠠᠨ ᠪᠤᠯᠭ᠋ᠠᠬᠰᠠᠨ ᠶᠤᠮ ᠃ 65 ᠵᠢᠯ᠎ᠤᠨ ᠲᠤᠷᠰᠢ ᠂  ᠳᠤᠮᠳᠠᠳᠤ ᠤᠯᠤᠰ ᠪᠣᠯᠣᠨ ᠠᠯᠵᠧᠷᠢᠶ᠎ᠠ ᠢᠮᠠᠭᠲᠠ ᠵᠣᠪᠠᠭᠤᠷᠢ ᠵᠦᠳᠡᠭᠦᠷᠢ᠎ᠪᠠᠨ ᠬᠠᠮᠲᠤᠳᠬᠠᠵᠤ ᠂  ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠂  ᠬᠠᠷᠢᠯᠴᠠᠨ ᠣᠢ᠌ᠯᠠᠭ᠋ᠠᠯᠴᠠᠵᠤ ᠂  ᠬᠠᠷᠢᠯᠴᠠᠨ ᠳᠡᠮᠵᠢᠵᠦ ᠂  ᠬᠠᠮᠲᠤ ᠵᠢᠨ ᠬᠥᠭᠵᠢᠯᠲᠡ ᠪᠣᠯᠣᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠬᠥᠭᠡᠭᠡᠴᠡᠯᠳᠦᠬᠦ ᠵᠠᠮ ᠳᠡᠭᠡᠷᠡᠬᠢ ᠦᠨᠡᠨᠴᠢ ᠨᠠᠢ᠌ᠵᠠ ᠂  ᠠᠶᠠᠨᠳᠠᠭ᠋ᠠᠨ᠎ᠤ ᠬᠠᠨᠢᠲᠠᠨ ᠪᠣᠯᠣᠭᠰᠠᠭ᠋ᠠᠷ ᠢᠷᠡᠵᠡᠶ ᠃  ᠳᠤᠮᠳᠠᠳᠤ ᠤᠯᠤᠰ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠵᠤ ᠂  ᠠᠯᠵᠧᠷᠢᠶ᠎ᠠ ᠵᠢᠨ᠎ᠬᠢᠨ ᠶᠠᠭ 《  ᠰᠢᠨ᠎ᠡ ᠠᠯᠵᠧᠷᠢᠶ᠎ᠠ 》 ᠵᠢᠨ ᠪᠦᠲᠦᠭᠡᠨ ᠪᠠᠢ᠌ᠭᠤᠯᠤᠯᠲᠠ ᠵᠢ ᠬᠦᠴᠦᠯᠡᠨ ᠠᠬᠢᠭᠤᠯᠵᠤ ᠪᠠᠢ᠌ᠨ᠎ᠠ ᠃  ᠳᠤᠮᠳᠠᠳᠤ ᠤᠯᠤᠰ ᠳᠤᠷᠠᠲᠠᠶ᠎ᠠ ᠠᠯᠵᠧᠷᠢᠶ᠎ᠠ ᠵᠢᠨ᠎ᠬᠢᠨ᠎ᠲᠠᠢ ᠬᠠᠮᠲᠤ᠎ᠪᠠᠷ ᠴᠢᠷᠮᠠᠢ᠌ᠵᠤ ᠂  ᠤᠯᠠᠮᠵᠢᠯᠠᠯᠲᠤ ᠨᠥᠬᠥᠷᠯᠡᠯ ᠵᠶ᠋ᠡᠨ ᠪᠠᠳᠠᠷᠠᠭᠤᠯᠤᠨ ᠳᠡᠯᠭᠡᠷᠡᠭᠦᠯᠵᠦ ᠂  ᠳᠤᠮᠳᠠᠳᠤ ᠠᠯᠵᠧᠷᠢᠶ᠎ᠠ ᠵᠢᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠨᠡᠩ ᠶᠡᠬᠡ ᠬᠥᠭᠵᠢᠯᠲᠡ᠎ᠲᠠᠢ ᠪᠤᠯᠬᠤ ᠵᠢ ᠠᠬᠢᠭᠤᠯᠤᠨ᠎ᠠ ᠭᠡᠵᠦ ᠵᠢᠭ᠋ᠠᠵᠤ

ᠭᠠᠷᠭ᠋ᠠᠪᠠ ᠃

       ᠰᠢ ᠵᠢᠨ ᠫᠢᠩ ᠂  ᠬᠣᠶᠠᠷ ᠲᠠᠯ᠎ᠠ᠎ᠪᠠᠷ ᠵᠶ᠋ᠠᠨ ᠲᠤᠰ ᠲᠤᠰ᠎ᠤᠨ ᠵᠶ᠋ᠠᠨ ᠭᠣᠣᠯᠯᠠᠭᠴᠢ ᠠᠰᠢᠭ ᠲᠤᠰᠠ᠎ᠳᠤ ᠬᠣᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠶ᠎ᠠ ᠃  ᠠᠯᠵᠧᠷᠢᠶ᠎ᠠ ᠵᠢᠨ᠎ᠬᠢᠨ ᠲᠠᠢ᠌ᠸᠠᠨ ᠂  ᠰᠢᠨᠵᠢᠶᠠᠩ᠎ᠳᠤ ᠬᠣᠯᠪᠣᠭᠳᠠᠭᠰᠠᠨ ᠂  ᠬᠥᠮᠥᠨ᠎ᠤ ᠡᠷᠬᠡ ᠵᠡᠷᠭᠡ ᠠᠰᠠᠭᠤᠳᠠᠯ ᠳᠡᠭᠡᠷ᠎ᠡ ᠲᠤᠭ ᠲᠡᠮᠳᠡᠭ ᠲᠣᠳᠣᠷᠬᠠᠢ᠎ᠪᠠᠷ ᠳᠤᠮᠳᠠᠳᠤ ᠤᠯᠤᠰ᠎ᠤᠨ ᠰᠢᠳᠤᠷᠭᠤ ᠶᠣᠰᠣᠨ᠎ᠤ ᠵᠣᠭᠰᠣᠯᠲᠠ ᠵᠢ ᠳᠡᠮᠵᠢᠭᠰᠡᠨ᠎ᠳᠤ ᠲᠠᠯᠠᠷᠬᠠᠵᠤ ᠪᠠᠢ᠌ᠨ᠎ᠠ ᠂  ᠳᠤᠮᠳᠠᠳᠤ ᠤᠯᠤᠰ ᠠᠯᠵᠧᠷᠢᠶ᠎ᠠ ᠵᠢᠨ᠎ᠬᠢᠨ᠎ᠤ ᠤᠯᠤᠰ᠎ᠤᠨ ᠡᠷᠬᠡ ᠮᠡᠳᠡᠯ ᠂  ᠲᠤᠰᠠᠭ᠋ᠠᠷ ᠲᠣᠭᠲᠠᠨᠢᠯ ᠂  ᠨᠤᠲᠤᠭ ᠳᠡᠪᠢᠰᠬᠡᠷ᠎ᠤᠨ ᠪᠦᠷᠢᠨ ᠪᠦᠲᠦᠨ ᠵᠶ᠋ᠡᠨ ᠬᠠᠮᠠᠭ᠋ᠠᠯᠠᠬᠤ ᠵᠢ ᠡᠷᠡᠰ ᠳᠡᠮᠵᠢᠵᠦ ᠂  ᠠᠯᠵᠧᠷᠢᠶ᠎ᠠ ᠵᠢᠨ᠎ᠬᠢᠨ᠎ᠤ ᠲᠤᠰ ᠤᠯᠤᠰ᠎ᠤᠨ ᠵᠶ᠋ᠠᠨ ᠪᠠᠢ᠌ᠳᠠᠯ᠎ᠳᠤ ᠨᠡᠢ᠌ᠴᠡᠭᠰᠡᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠳᠡᠮᠵᠢᠵᠦ ᠂  ᠭᠠᠳᠠᠭ᠋ᠠᠳᠤ ᠵᠢᠨ ᠬᠦᠴᠦᠨ᠎ᠤ ᠠᠯᠵᠧᠷᠢᠶ᠎ᠠ ᠵᠢᠨ ᠳᠣᠲᠣᠭ᠋ᠠᠳᠤ ᠵᠠᠰᠠᠭ᠎ᠲᠤ ᠭᠠᠷ ᠲᠦᠷᠦᠭᠦ ᠵᠢ ᠡᠰᠡᠷᠭᠦᠴᠡᠨ᠎ᠡ ᠃  ᠬᠣᠶᠠᠷ ᠲᠠᠯ᠎ᠠ᠎ᠪᠠᠷ ᠵᠶ᠋ᠠᠨ 《  ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠵᠡᠷᠭᠡ ᠴᠢᠬᠤᠯᠠ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠢ ᠭᠠᠷ ᠬᠣᠯᠪᠣᠨ ᠰᠠᠢ᠌ᠲᠤᠷ ᠨᠠᠢ᠌ᠳᠠᠪᠤᠷᠢᠵᠢᠭᠤᠯᠵᠤ ᠂  ᠰᠠᠭᠤᠷᠢ ᠲᠥᠬᠦᠭᠡᠷᠦᠮᠵᠢ ᠂  ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠂  ᠠᠭᠤᠷᠬᠠᠢ ᠵᠢᠨ ᠭᠠᠷᠤᠯᠲᠠ ᠂  ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ ᠂  ᠰᠠᠨᠰᠠᠷ᠎ᠤᠨ ᠠᠶᠠᠯᠠᠯ ᠂  ᠴᠥᠮ᠎ᠡ ᠵᠢᠨ ᠡᠨᠧᠷᠭᠢ ᠂  ᠮᠡᠳᠡᠭᠡ ᠵᠠᠩᠭᠢ ᠴᠢᠮᠡᠭᠡ ᠬᠣᠯᠪᠤᠭ᠎ᠠ ᠂  ᠳᠠᠬᠢᠯᠲᠠ ᠡᠨᠧᠷᠭᠢ ᠵᠡᠷᠭᠡ ᠳᠡᠭᠡᠳᠦ ᠮᠡᠷᠭᠡᠵᠢᠯ᠎ᠤᠨ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠥᠷᠭᠡᠳᠬᠡᠵᠦ ᠂  ᠬᠠᠮᠲᠤᠷᠠᠯᠴᠠᠭ᠋ᠠᠨ᠎ᠤ ᠰᠢᠨ᠎ᠡ ᠨᠡᠮᠡᠭᠳᠡᠯ᠎ᠤᠨ ᠴᠡᠭ᠎ᠢ ᠪᠣᠢ᠌ᠵᠢᠭᠤᠯᠤᠶ᠎ᠠ ᠃  ᠳᠤᠮᠳᠠᠳᠤ ᠤᠯᠤᠰ ᠳᠤᠷᠠᠲᠠᠶ᠎ᠠ ᠦᠷᠭᠦᠯᠵᠢᠯᠡᠨ ᠠᠯᠵᠧᠷᠢᠶ᠎ᠠ ᠵᠢᠨ᠎ᠬᠢᠨ᠎ᠳᠤ ᠴᠢᠳᠠᠯ᠎ᠤᠨ ᠵᠶ᠋ᠠᠨ ᠬᠢᠷᠢ᠎ᠪᠠᠷ ᠲᠤᠰᠠᠯᠠᠮᠵᠢ ᠬᠠᠩᠭ᠋ᠠᠵᠤ ᠂  ᠠᠯᠵᠧᠷᠢᠶ᠎ᠠ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠲᠡᠮᠵᠢᠵᠤ ᠂  ᠳᠤᠷᠠᠲᠠᠶ᠎ᠠ ᠠᠯᠵᠧᠷᠢᠶ᠎ᠠ ᠵᠢᠨ ᠨᠡᠩ ᠤᠯᠠᠨ ᠴᠢᠨᠠᠷ ᠰᠠᠢ᠌ᠲᠠᠢ ᠦᠢ᠍ᠯᠡᠳᠬᠦᠨ᠎ᠢ ᠣᠷᠣᠭᠤᠯᠵᠤ ᠂  ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠠᠯᠵᠧᠷᠢᠶ᠎ᠠ᠎ᠳᠤ ᠬᠦᠷᠴᠦ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠤᠨ ᠲᠡᠮᠵᠢᠨ᠎ᠠ ᠃  ᠡᠨᠡ ᠵᠢᠯ ᠪᠣᠯ ᠳᠤᠮᠳᠠᠳᠤ ᠤᠯᠤᠰ᠎ᠠᠴᠠ ᠠᠯᠵᠧᠷᠢᠶ᠎ᠠ᠎ᠳᠤ ᠡᠮᠴᠢᠯᠡᠭᠡᠨ᠎ᠤ ᠠᠩᠭᠢ ᠲᠣᠮᠢᠯᠠᠭᠰᠠᠨ 60 ᠵᠢᠯ᠎ᠤᠨ ᠣᠶ ᠪᠣᠯᠣᠨ᠎ᠠ ᠃ 60 ᠵᠢᠯ᠎ᠤᠨ ᠲᠤᠷᠰᠢ ᠂  ᠳᠤᠮᠳᠠᠳᠤ ᠤᠯᠤᠰ᠎ᠠᠴᠠ ᠠᠯᠵᠧᠷᠢᠶ᠎ᠠ᠎ᠳᠤ 3522 ᠬᠥᠮᠥᠨ ᠤᠳᠠᠭ᠎ᠠ ᠵᠢᠨ ᠡᠮᠴᠢ ᠰᠤᠪᠢᠯᠠᠭᠴᠢ ᠲᠣᠮᠢᠯᠠᠵᠤ ᠂  ᠨᠡᠢ᠌ᠳᠡ 2700 ᠭᠠᠷᠤᠢ ᠲᠦᠮᠡᠨ ᠬᠥᠮᠥᠨ ᠤᠳᠠᠭ᠎ᠠ ᠵᠢᠨ ᠡᠪᠡᠳᠴᠢᠲᠡᠨ᠎ᠳᠤ ᠣᠨᠣᠰᠢᠯᠠᠯᠲᠠ ᠡᠮᠴᠢᠯᠡᠭᠡ ᠬᠢᠵᠦ ᠂ 207 ᠲᠦᠮᠡ ᠭᠠᠷᠤᠢ ᠨᠢᠯᠬ᠎ᠠ ᠬᠡᠦᠬᠡᠳ᠎ᠢ ᠬᠥᠩᠭᠡᠵᠢᠭᠦᠯᠵᠦ ᠂  ᠳᠤᠮᠳᠠᠳᠤ ᠠᠯᠵᠧᠷᠢᠶ᠎ᠠ ᠵᠢᠨ ᠨᠥᠬᠥᠷᠯᠡᠯ᠎ᠤᠨ ᠬᠥᠰᠢᠶ᠎ᠡ ᠵᠢ ᠪᠣᠰᠬᠠᠵᠠᠢ ᠃  ᠳᠤᠮᠳᠠᠳᠤ ᠤᠯᠤᠰ ᠳᠤᠷᠠᠲᠠᠶ᠎ᠠ ᠦᠷᠭᠦᠯᠵᠢᠯᠡᠨ ᠠᠯᠵᠧᠷᠢᠶ᠎ᠠ ᠵᠢᠨ ᠲᠠᠯ᠎ᠠ᠎ᠲᠠᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ ᠂  ᠠᠯᠵᠧᠷᠢᠶ᠎ᠠ᠎ᠳᠤ ᠵᠠᠰᠠᠭ᠎ᠤᠨ ᠣᠷᠳᠣᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ ᠵᠢᠨ ᠣᠷᠣᠨ ᠲᠣᠭ᠎ᠠ ᠬᠠᠩᠭ᠋ᠠᠵᠤ ᠂  ᠰᠣᠨᠢᠨ ᠮᠡᠳᠡᠭᠡ ᠂  ᠵᠢᠭᠤᠯᠴᠢᠯᠠᠯ ᠂  ᠵᠠᠯᠠᠭᠤᠴᠤᠳ ᠂  ᠪᠡᠶ᠎ᠡ ᠵᠢᠨ ᠲᠠᠮᠢᠷ ᠂  ᠤᠶᠤᠨ᠎ᠤ ᠬᠥᠮᠥᠷᠭᠡ ᠵᠡᠷᠭᠡ ᠬᠦᠷᠢᠶᠡᠨ᠎ᠤ ᠨᠥᠭᠦᠷᠰᠡᠭ ᠬᠠᠮᠲᠤᠷᠠᠯᠴᠠᠭ᠎ᠠ ᠵᠢ ᠠᠬᠢᠭᠤᠯᠵᠤ ᠂  ᠬᠣᠶᠠᠷ ᠤᠯᠤᠰ᠎ᠤᠨ ᠠᠷᠠᠳ᠎ᠤᠨ ᠰᠠᠨᠠᠭ᠋ᠠᠨ᠎ᠤ ᠰᠠᠭᠤᠷᠢ ᠵᠢ ᠪᠡᠬᠢᠵᠢᠭᠦᠯᠦᠨ᠎ᠡ ᠭᠡᠵᠦ ᠴᠢᠬᠤᠯᠠᠴᠢᠯᠠᠪᠠ ᠃

       ᠰᠢ ᠵᠢᠨ ᠫᠢᠩ ᠂  ᠳᠤᠮᠳᠠᠳᠤ ᠤᠯᠤᠰ ᠳᠤᠷᠠᠲᠠᠶ᠎ᠠ ᠠᠯᠵᠧᠷᠢᠶ᠎ᠠ᠎ᠯᠤᠭ᠎ᠠ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ —  ᠠᠷᠠᠪ᠎ᠤᠨ ᠤᠯᠤᠰ᠎ᠤᠳ᠎ᠤᠨ ᠲᠦᠷᠦᠭᠦᠴᠦᠳ᠎ᠤᠨ ᠬᠤᠷᠠᠯ᠎ᠤᠨ ᠦᠷ᠎ᠡ ᠪᠦᠲᠦᠭᠡᠯ᠎ᠢ ᠲᠦᠷᠭᠡᠨ ᠨᠠᠢ᠌ᠳᠠᠪᠤᠷᠢᠵᠢᠭᠤᠯᠵᠤ ᠂  ᠳᠤᠮᠳᠠᠳᠤ ᠠᠯᠵᠧᠷᠢᠶ᠎ᠠ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠋ᠠᠨ᠎ᠤ 《  ᠨᠠᠢ᠍ᠮᠠᠨ ᠶᠡᠬᠡ ᠬᠠᠮᠲᠤ ᠵᠢᠨ ᠠᠵᠢᠯᠯᠠᠭ᠎ᠠ 》 ᠵᠢ ᠰᠠᠢ᠌ᠲᠤᠷ ᠬᠡᠷᠡᠭᠵᠢᠭᠦᠯᠵᠦ ᠂  ᠳᠤᠮᠳᠠᠳᠤ ᠠᠹᠷᠢᠺᠠ ᠵᠢᠨ ᠬᠠᠮᠲᠤᠷᠠᠯᠴᠠᠭ᠎ᠠ ᠵᠢᠨ ᠶᠠᠷᠢᠶᠠᠨ᠎ᠤ ᠲᠠᠪᠴᠠᠩ᠎ᠤᠨ ᠪᠣᠷᠣ ᠲᠥᠯᠥᠪ᠎ᠤᠨ ᠳᠣᠲᠣᠷᠠᠬᠢ ᠬᠠᠮᠲᠤᠷᠠᠯᠴᠠᠭ᠎ᠠ ᠵᠢ ᠴᠢᠩᠭ᠋ᠠᠳᠬᠠᠵᠤ ᠂  ᠶᠠᠷᠢᠶᠠᠨ᠎ᠤ ᠲᠠᠪᠴᠠᠩ᠎ᠤᠨ  ᠳ᠋ᠠᠺᠠᠷ᠎ᠤᠨ ᠬᠤᠷᠠᠯ᠎ᠤᠨ ᠦᠷ᠎ᠡ ᠪᠦᠲᠦᠭᠡᠯ᠎ᠢ ᠰᠠᠢ᠌ᠲᠤᠷ ᠨᠠᠢ᠌ᠳᠠᠪᠤᠷᠢᠵᠢᠭᠤᠯᠵᠤ ᠂  ᠰᠢᠨ᠎ᠡ ᠴᠠᠭ ᠦᠶ᠎ᠡ ᠵᠢᠨ ᠳᠤᠮᠳᠠᠳᠤ ᠠᠯᠵᠧᠷᠢᠶ᠎ᠠ ᠂  ᠳᠤᠮᠳᠠᠳᠤ ᠠᠹᠷᠢᠺᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠠᠬᠢᠭᠤᠯᠤᠨ᠎ᠠ ᠃  ᠠᠯᠵᠧᠷᠢᠶ᠎ᠠ ᠵᠢᠨ᠎ᠬᠢᠨ 2024 — 2025 ᠣᠨ᠎ᠤ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠶᠤᠯ ᠦᠭᠡᠢ ᠵᠢᠨ ᠵᠥᠪᠯᠡᠯ᠎ᠤᠨ ᠪᠠᠢ᠌ᠩᠭᠤ ᠵᠢᠨ ᠪᠤᠰᠤ ᠬᠡᠷᠡᠭ ᠡᠷᠭᠢᠯᠡᠭᠴᠢ ᠤᠯᠤᠰ ᠵᠶ᠋ᠠᠷ ᠰᠣᠩᠭᠣᠭᠳᠠᠭᠰᠠᠨ᠎ᠳᠤ ᠪᠠᠶᠠᠷ ᠬᠦᠷᠭᠡᠵᠦ ᠂  ᠳᠤᠷᠠᠲᠠᠶ᠎ᠠ ᠠᠯᠵᠧᠷᠢᠶ᠎ᠠ ᠵᠢᠨ᠎ᠬᠢᠨ᠎ᠲᠠᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠡᠷᠭᠡ ᠤᠯᠠᠨ ᠲᠠᠯᠠᠲᠤ ᠲᠠᠯᠠᠪᠤᠷ᠎ᠤᠨ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭ᠋ᠠᠳᠬᠠᠵᠤ ᠂  ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠪᠠᠷ ᠭᠣᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠂  ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ ᠂  ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠦᠨᠳᠦᠰᠦᠨ ᠳᠦᠷᠢᠮ᠎ᠤᠨ ᠵᠣᠷᠢᠯᠲᠠ ᠪᠠ ᠵᠠᠷᠴᠢᠮ ᠵᠶ᠋ᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠬᠠᠷᠢᠯᠴᠠᠭ᠋ᠠᠨ᠎ᠤ ᠦᠨᠳᠦᠰᠦᠨ ᠪᠠᠷᠢᠮᠵᠢᠶ᠎ᠠ ᠵᠢ ᠡᠷᠡᠰ ᠬᠠᠮᠠᠭ᠋ᠠᠯᠠᠵᠤ ᠂  ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ ᠂  ᠤᠯᠠᠨ ᠤᠯᠤᠰ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠵᠤ ᠂  ᠬᠥᠭᠵᠢᠵᠦ ᠪᠠᠢ᠌ᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠨ᠎ᠠ ᠭᠡᠵᠦ ᠵᠢᠭ᠋ᠠᠵᠤ ᠭᠠᠷᠭ᠋ᠠᠪᠠ ᠃

       ᠲᠧᠪᠧᠨ ᠂  ᠳᠤᠮᠳᠠᠳᠤ ᠤᠯᠤᠰ ᠪᠣᠯ ᠠᠯᠵᠧᠷᠢᠶ᠎ᠠ ᠵᠢᠨ ᠬᠠᠮᠤᠭ᠎ᠤᠨ ᠴᠢᠬᠤᠯᠠ ᠨᠠᠢ᠌ᠵᠠ ᠪᠠ ᠬᠠᠨᠢᠲᠠᠨ ᠮᠥᠨ ᠃  ᠳᠤᠮᠳᠠᠳᠤ ᠤᠯᠤᠰ᠎ᠤᠨ᠎ᠬᠢᠨ᠎ᠤ ᠤᠷᠳᠤ ᠬᠤᠭᠤᠴᠠᠭ᠋ᠠᠨ᠎ᠤ ᠲᠤᠷᠰᠢ ᠠᠯᠵᠧᠷᠢᠶ᠎ᠠ᠎ᠳᠤ ᠡᠯ᠎ᠡ ᠵᠦᠢ᠍ᠯ᠎ᠤᠨ ᠡᠷᠬᠢᠮ ᠨᠠᠨᠳᠢᠨ ᠳᠡᠮᠵᠢᠯᠭᠡ ᠬᠠᠩᠭ᠋ᠠᠭᠰᠠᠨ᠎ᠳᠤ ᠲᠠᠯᠠᠷᠬᠠᠵᠤ ᠪᠠᠢ᠌ᠨ᠎ᠠ ᠂  ᠠᠯᠵᠧᠷᠢᠶ᠎ᠠ ᠵᠢᠨ᠎ᠬᠢᠨ ᠳᠤᠮᠳᠠᠳᠤ ᠤᠯᠤᠰ᠎ᠤᠨ ᠲᠠᠢ᠌ᠸᠠᠨ ᠂  ᠰᠢᠨᠵᠢᠶᠠᠩ᠎ᠳᠤ ᠬᠣᠯᠪᠣᠭᠳᠠᠬᠤ ᠵᠡᠷᠭᠡ ᠭᠣᠣᠯᠯᠠᠬᠤ ᠠᠰᠢᠭ ᠲᠤᠰᠠ ᠵᠢᠨ ᠠᠰᠠᠭᠤᠳᠠᠯ ᠳᠡᠭᠡᠷᠡᠬᠢ ᠵᠣᠭᠰᠣᠯᠲᠠ ᠵᠢ ᠡᠷᠡᠰ ᠲᠡᠮᠵᠢᠵᠤ ᠂  ᠳᠤᠮᠳᠠᠳᠤ ᠤᠯᠤᠰ᠎ᠤᠨ ᠳᠤᠷᠠᠳᠤᠭᠰᠠᠨ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠂  ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠂  ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠲᠡᠮᠵᠢᠵᠤ ᠂  ᠳᠤᠷᠠᠲᠠᠶ᠎ᠠ 《  ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠦᠲᠦᠭᠡᠨ ᠪᠠᠢ᠌ᠭᠤᠯᠬᠤ᠎ᠳᠤ ᠢᠳᠡᠪᠬᠢᠲᠡᠢ ᠣᠷᠣᠯᠴᠠᠵᠤ ᠂  ᠠᠯᠵᠧᠷᠢᠶ᠎ᠠ ᠳᠤᠮᠳᠠᠳᠤ ᠵᠢᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠭᠦᠨᠵᠡᠭᠡᠢ᠌ᠷᠡᠭᠦᠯᠵᠦ ᠂  ᠠᠯᠵᠧᠷᠢᠶ᠎ᠠ ᠵᠢᠨ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠨ᠎ᠡ ᠃  ᠠᠯᠵᠧᠷᠢᠶ᠎ᠠ ᠵᠢᠨ ᠲᠠᠯ᠎ᠠ ᠵᠢᠨ᠎ᠬᠢᠨ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠠᠯᠵᠧᠷᠢᠶ᠎ᠠ᠎ᠳᠤ ᠬᠦᠷᠴᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠵᠢ ᠪᠠᠶᠠᠷᠯᠠᠨ ᠤᠭᠲᠤᠵᠤ ᠂  ᠳᠤᠷᠠᠲᠠᠶ᠎ᠠ ᠰᠠᠢ᠌ᠨ ᠰᠠᠢ᠌ᠬᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠬᠠᠩᠭ᠋ᠠᠵᠤ ᠂  ᠨᠡᠩ ᠤᠯᠠᠨ ᠳᠤᠮᠳᠠᠳᠤ ᠤᠯᠤᠰ᠎ᠤᠨ ᠵᠢᠭᠤᠯᠴᠢᠯᠠᠬᠰᠠᠳ᠎ᠤᠨ ᠠᠯᠵᠧᠷᠢᠶ᠎ᠠ᠎ᠳᠤ ᠬᠦᠷᠴᠦ ᠵᠢᠭᠤᠯᠴᠢᠯᠠᠬᠤ ᠵᠢ ᠪᠠᠶᠠᠷᠯᠠᠨ ᠤᠭᠲᠤᠵᠤ ᠂  ᠳᠤᠷᠠᠲᠠᠶ᠎ᠠ ᠳᠤᠮᠳᠠᠳᠤ ᠤᠯᠤᠰ᠎ᠯᠤᠭ᠎ᠠ ᠡᠯ᠎ᠡ ᠬᠦᠷᠢᠶᠡᠨ᠎ᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠂  ᠰᠣᠶᠣᠯ ᠢᠷᠭᠡᠨᠰᠢᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠦᠨ᠎ᠡ ᠃  ᠣᠳᠣᠬᠠᠨ᠎ᠤ ᠤᠯᠠᠨ ᠤᠯᠤᠰ᠎ᠤᠨ ᠪᠠᠢ᠌ᠷᠢᠰᠢᠯ ᠮᠠᠰᠢ ᠲᠡᠩᠴᠡᠭᠦᠷᠢ ᠦᠭᠡᠢ ᠪᠠᠢ᠌ᠨ᠎ᠠ ᠂  ᠳᠤᠮᠳᠠᠳᠤ ᠵᠢᠨ ᠲᠠᠯ᠎ᠠ ᠵᠢᠨ᠎ᠬᠢᠨ᠎ᠤ ᠨᠡᠩ ᠨᠡᠭᠡᠭᠡᠯᠲᠡᠲᠡᠢ ᠪᠠᠭᠲᠠᠭ᠋ᠠᠮᠵᠢᠲᠠᠢ ᠳᠡᠯᠡᠬᠡᠢ ᠶᠢᠷᠲᠢᠨᠴᠦ ᠵᠢ ᠪᠦᠲᠦᠭᠡᠨ ᠪᠠᠢ᠌ᠭᠤᠯᠵᠤ ᠂  ᠨᠡᠩ ᠲᠥᠪ ᠭᠣᠣᠯᠴᠢ ᠵᠦᠢ ᠵᠣᠬᠢᠰᠲᠠᠢ ᠤᠯᠠᠨ ᠤᠯᠤᠰ᠎ᠤᠨ ᠡᠮᠬᠢ ᠳᠢᠭᠯᠢᠮ᠎ᠢ ᠪᠦᠷᠢᠯᠳᠦᠭᠦᠯᠬᠦ᠎ᠳᠤ ᠵᠠᠩᠭᠢᠯᠠᠭ᠎ᠠ ᠵᠢᠨ ᠦᠢ᠍ᠯᠡᠳᠦᠯ ᠦᠵᠡᠭᠦᠯᠦᠭᠰᠡᠨ᠎ᠳᠤ ᠲᠠᠯᠠᠷᠬᠠᠵᠤ ᠪᠠᠢ᠌ᠨ᠎ᠠ ᠂  ᠫᠠᠯᠧᠰᠲ᠋ᠠᠢ᠌ᠨ ᠵᠡᠷᠭᠡ ᠭᠠᠵᠠᠷ ᠣᠷᠣᠨ᠎ᠤ ᠬᠠᠯᠠᠮᠰᠢᠯ ᠠᠰᠠᠭᠤᠳᠠᠯ᠎ᠢ ᠡᠷᠬᠡ ᠲᠡᠭᠰᠢ᠎ᠪᠠᠷ ᠰᠢᠢ᠍ᠳᠪᠦᠷᠢᠯᠡᠵᠦ ᠂  ᠭᠠᠵᠠᠷ ᠣᠷᠣᠨ ᠪᠣᠯᠣᠨ ᠳᠡᠯᠡᠬᠡᠢ ᠵᠢᠨ ᠡᠩᠬᠡ ᠲᠠᠢ᠌ᠪᠤᠩ ᠲᠣᠭᠲᠠᠭᠤᠨ᠎ᠢ ᠠᠬᠢᠭᠤᠯᠬᠤ᠎ᠳᠤ ᠦᠵᠡᠭᠦᠯᠦᠭᠰᠡᠨ ᠳᠤᠮᠳᠠᠳᠤ ᠤᠯᠤᠰ᠎ᠤᠨ ᠪᠦᠲᠦᠭᠡᠯᠴᠢ ᠴᠢᠨᠠᠷᠲᠠᠢ ᠦᠢ᠍ᠯᠡᠳᠦᠯ᠎ᠢ ᠮᠠᠭᠲᠠᠨ ᠰᠠᠢ᠌ᠰᠢᠶᠠᠵᠤ ᠪᠠᠢ᠌ᠨ᠎ᠠ ᠂  ᠳᠤᠷᠠᠲᠠᠶ᠎ᠠ ᠳᠤᠮᠳᠠᠳᠤ ᠤᠯᠤᠰ᠎ᠯᠤᠭ᠎ᠠ ᠳᠡᠯᠡᠬᠡᠢ ᠵᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠠᠬᠢ ᠪᠠᠢ᠌ᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠨᠢᠭᠲᠠᠷᠠᠭᠤᠯᠤᠨ᠎ᠠ ᠃  ᠠᠯᠵᠧᠷᠢᠶ᠎ᠠ ᠵᠢᠨ᠎ᠬᠢᠨ ᠳᠤᠮᠳᠠᠳᠤ ᠠᠯᠵᠧᠷᠢᠶ᠎ᠠ ᠵᠢᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ ᠪᠣᠯᠣᠨ ᠳᠤᠮᠳᠠᠳᠤ ᠠᠹᠷᠢᠺᠠ ᠵᠢᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠤᠨ ᠳᠤᠮᠳᠠᠳᠤ ᠠᠯᠵᠧᠷᠢᠶ᠎ᠠ ᠂  ᠳᠤᠮᠳᠠᠳᠤ ᠠᠹᠷᠢᠺᠠ ᠵᠢᠨ ᠬᠠᠷᠢᠯᠴᠠᠭ᠎ᠠ ᠵᠢᠨ ᠬᠥᠭᠵᠢᠯᠲᠡ ᠵᠢ ᠠᠬᠢᠭᠤᠯᠬᠤ᠎ᠳᠤ ᠦᠵᠡᠭᠦᠯᠦᠭᠰᠡᠨ ᠴᠢᠬᠤᠯᠠ ᠦᠢ᠍ᠯᠡᠳᠦᠯ᠎ᠢ ᠳᠡᠭᠡᠳᠦ ᠬᠡᠮᠵᠢᠶ᠎ᠡ᠎ᠪᠠᠷ ᠨᠤᠲᠠᠯᠠᠵᠤ ᠂  ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠮᠲᠤ᠎ᠪᠠᠷ ᠴᠢᠷᠮᠠᠢ᠌ᠵᠤ ᠪᠠᠢ᠌ᠭ᠋ᠠᠳ ᠳᠤᠮᠳᠠᠳᠤ ᠠᠯᠵᠧᠷᠢᠶ᠎ᠠ ᠂  ᠳᠤᠮᠳᠠᠳᠤ ᠠᠹᠷᠢᠺᠠ ᠵᠢᠨ ᠬᠠᠮᠲᠤᠷᠠᠯᠴᠠᠭ᠎ᠠ ᠵᠢ ᠰᠢᠨ᠎ᠡ ᠲᠦᠪᠰᠢᠨ᠎ᠳᠤ ᠬᠦᠷᠭᠡᠵᠦ ᠂  ᠬᠣᠶᠠᠷ ᠲᠠᠯ᠎ᠠ ᠵᠢᠨ ᠠᠷᠠᠳ ᠲᠦᠮᠡᠨ᠎ᠳᠤ ᠨᠡᠩ ᠰᠠᠢ᠌ᠨ ᠪᠤᠶᠠᠨ ᠦᠢ᠍ᠯᠡᠳᠦᠨ᠎ᠡ ᠭᠡᠵᠦ ᠢᠯᠡᠳᠬᠡᠪᠡ ᠃

       ᠬᠡᠯᠡᠯᠴᠡᠭᠡ ᠲᠡᠭᠦᠰᠦᠭᠰᠡᠨ᠎ᠤ ᠳᠠᠷᠠᠭ᠎ᠠ ᠂  ᠬᠣᠶᠠᠷ ᠤᠯᠤᠰ᠎ᠤᠨ ᠲᠡᠷᠢᠭᠦᠨ ᠬᠥᠳᠡᠭᠡ ᠠᠵᠤ ᠠᠬᠤᠢ ᠂  ᠵᠠᠮ ᠬᠠᠷᠢᠯᠴᠠᠭ᠎ᠠ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠂  ᠴᠠᠭᠢᠯᠭ᠋ᠠᠨ ᠬᠣᠯᠪᠤᠭ᠎ᠠ ᠂  ᠬᠤᠳᠠ ᠵᠢᠨ ᠦᠷᠭᠦᠯᠵᠢᠯᠡᠬᠦ ᠬᠥᠭᠵᠢᠯᠲᠡ ᠂  ᠠᠷᠠᠯᠵᠢᠶ᠎ᠠ ᠂  ᠰᠠᠨᠰᠠᠷ᠎ᠤᠨ ᠠᠶᠠᠯᠠᠯ ᠂  ᠰᠢᠯᠭ᠋ᠠᠨ ᠪᠠᠢ᠌ᠴᠠᠭ᠋ᠠᠬᠤ ᠬᠢᠵᠢᠭ ᠪᠠᠢ᠌ᠴᠠᠭ᠋ᠠᠬᠤ ᠂  ᠡᠨᠧᠷᠭᠢ ᠂  ᠰᠤᠷᠭ᠋ᠠᠨ ᠬᠥᠮᠦᠵᠢᠯ ᠂  ᠪᠡᠶ᠎ᠡ ᠵᠢᠨ ᠲᠠᠮᠢᠷ ᠵᠡᠷᠭᠡ ᠬᠦᠷᠢᠶᠡᠨ᠎ᠤ ᠤᠯᠠᠨ ᠵᠦᠢ᠍ᠯ᠎ᠤᠨ ᠬᠣᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠬᠤ ᠵᠢ ᠬᠠᠮᠲᠤ᠎ᠪᠠᠷ ᠭᠡᠷᠡᠴᠢᠯᠡᠪᠡ ᠃

       ᠬᠣᠶᠠᠷ ᠲᠠᠯ᠎ᠠ᠎ᠪᠠᠷ ᠵᠶ᠋ᠠᠨ 《  ᠪᠦᠭᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠢ᠌ᠷᠠᠮᠳᠠᠬᠤ ᠠᠷᠠᠳᠴᠢᠯᠠᠭᠰᠠᠨ ᠠᠯᠵᠧᠷᠢᠶ᠎ᠠ ᠠᠷᠠᠳ ᠤᠯᠤᠰ᠎ᠤᠨ ᠬᠠᠮᠲᠤᠷᠠᠭᠰᠠᠨ ᠢᠯᠡᠷᠬᠡᠢ᠌ᠯᠡᠯᠲᠡ 》 ᠵᠢ ᠨᠡᠢ᠌ᠲᠡᠯᠡᠪᠡ ᠃

       ᠬᠡᠯᠡᠯᠴᠡᠭᠡ ᠬᠢᠬᠦ᠎ᠠᠴᠠ ᠡᠮᠦᠨ᠎ᠡ ᠂  ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢ᠌ᠲᠤ ᠶᠡᠬᠡ ᠲᠢᠩᠬᠢᠮ᠎ᠳᠤ ᠲᠧᠪᠸᠨ᠎ᠢ ᠤᠭᠲᠤᠬᠤ ᠶᠣᠰᠣᠯᠠᠯ ᠶᠠᠪᠤᠭᠤᠯᠪᠠ ᠃

       ᠲᠸᠪᠸᠨ ᠬᠦᠷᠬᠦ ᠦᠶ᠎ᠡ᠎ᠳᠤ ᠂  ᠲᠢᠶᠠᠨ ᠠᠨ ᠮᠧᠨ ᠠᠭᠤᠳᠠᠮ ᠲᠠᠯᠠᠪᠠᠢ᠎ᠳᠤ ᠶᠣᠰᠣᠯᠠᠯ᠎ᠤᠨ ᠫᠤᠤ ᠵᠢ 21 ᠤᠳᠠᠭ᠎ᠠ ᠳᠤᠤᠭ᠋ᠠᠷᠭ᠋ᠠᠵᠤ ᠂  ᠶᠣᠰᠣᠯᠠᠯ᠎ᠤᠨ ᠴᠡᠷᠢᠭ ᠮᠥᠷᠯᠡᠨ ᠵᠣᠭᠰᠣᠵᠤ ᠶᠣᠰᠣ ᠭᠦᠢ᠍ᠴᠡᠳᠬᠡᠪᠡ ᠃  ᠬᠣᠶᠠᠷ ᠤᠯᠤᠰ᠎ᠤᠨ ᠲᠡᠷᠢᠭᠦᠨ ᠰᠢᠯᠭ᠋ᠠᠨ ᠦᠵᠡᠬᠦ ᠲᠠᠢ᠌ᠰᠠᠨ᠎ᠳᠤ ᠭᠠᠷᠴᠤ ᠂  ᠴᠡᠷᠢᠭ᠎ᠤᠨ ᠬᠥᠭᠵᠢᠮ᠎ᠤᠨ ᠪᠦᠯᠭᠦᠮ ᠳᠤᠮᠳᠠᠳᠤ ᠠᠯᠵᠧᠷᠢᠶ᠎ᠠ ᠬᠣᠶᠠᠷ ᠤᠯᠤᠰ᠎ᠤᠨ ᠰᠦᠯᠳᠡ ᠳᠠᠭᠤᠤ ᠵᠢ ᠬᠥᠭᠵᠢᠮᠳᠡᠪᠡ ᠃  ᠲᠸᠪᠸᠨ ᠰᠢ ᠵᠢᠨ ᠫᠢᠩ᠎ᠤᠨ ᠪᠠᠷ᠎ᠠ ᠪᠤᠯᠤᠯᠭ᠎ᠠ᠎ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠶᠣᠰᠣᠯᠠᠯ᠎ᠤᠨ ᠠᠩᠭᠢ ᠵᠢ ᠰᠢᠯᠭ᠋ᠠᠨ ᠦᠵᠡᠭᠰᠡᠨ ᠪᠥᠭᠡᠳ ᠵᠢᠭᠰᠠᠭ᠋ᠠᠯ᠎ᠢ ᠰᠣᠨᠢᠷᠬᠠᠪᠠ ᠃

       ᠲᠤᠰ ᠣᠷᠣᠢ ᠂  ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠰᠢᠷᠭ᠋ᠠᠯ ᠶᠡᠬᠡ ᠲᠢᠩᠬᠢᠮ᠎ᠳᠤ ᠲᠸᠪᠸᠨ᠎ᠢ ᠤᠭᠲᠤᠬᠤ ᠳᠠᠢ᠌ᠯᠠᠯᠭ᠎ᠠ

ᠬᠢᠪᠡ ᠃

       ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠦᠭᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠵᠤ ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ ᠯᠢ ᠴᠢᠶᠠᠩ ᠬᠤᠷᠠᠯ᠎ᠢ ᠡᠷᠭᠢᠯᠡᠵᠥ ᠵᠤᠤ ᠯᠧ ᠵᠢᠢ ᠸᠠᠩ ᠬᠤ᠌ ᠨᠢᠩ ᠼᠠᠢ ᠴᠢ ᠯᠢ ᠰᠢ ᠣᠷᠣᠯᠴᠠᠪᠠ ᠳ᠋ᠢᠩ ᠰᠢᠤᠸᠠᠢ ᠰᠢᠶᠠᠩ ᠶᠠᠷᠢᠶ᠎ᠠ ᠲᠠᠯᠪᠢᠵᠠᠢ
ᠰᠢ ᠵᠢᠨ ᠫᠢᠩ ᠳᠤᠮᠳᠠᠳᠤ ᠺᠠᠮᠪᠤᠵᠠ ᠵᠢᠨ ᠬᠠᠷᠢᠯᠴᠠᠭ᠎ᠠ ᠪᠠᠢ᠌ᠭᠤᠯᠤᠭᠰᠠᠨ 65 ᠵᠢᠯ᠎ᠤᠨ ᠤᠢ᠎ᠳᠤ ᠵᠣᠷᠢᠭᠤᠯᠤᠨ ᠺᠠᠮᠪᠤᠵᠠ ᠵᠢᠨ ᠤᠯᠤᠰ᠎ᠤᠨ ᠸᠠᠩ ᠰᠢᠬᠠᠮᠦᠨᠢ᠎ᠲᠠᠢ ᠬᠠᠷᠢᠯᠴᠠᠨ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ ᠯᠢ ᠴᠢᠶᠠᠩ ᠪᠣᠯᠣᠨ ᠺᠠᠮᠪᠤᠵᠠ ᠵᠢᠨ ᠲᠡᠷᠢᠭᠦᠨ ᠰᠠᠢ᠌ᠳ ᠬᠤᠩᠰᠸᠨ ᠬᠠᠷᠢᠯᠴᠠᠨ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠵᠠᠢ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠬᠣᠶᠠᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠵᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠦᠭᠦ ᠬᠦᠴᠦᠨ ᠵᠶ᠋ᠡᠷ ᠵᠶ᠋ᠡᠨ ᠳᠡᠭᠡᠭᠰᠢᠯᠡᠭᠦᠯᠵᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠣᠷᠣᠨ ᠵᠠᠢ ᠵᠢ ᠯᠠᠪᠳᠠᠭᠤᠨ ᠵᠶ᠋ᠡᠷ ᠥᠷᠭᠡᠳᠭᠡᠬᠦ ᠬᠡᠷᠡᠭᠲᠡᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠰᠢ ᠵᠢᠨ ᠫᠢᠩ ᠪᠦᠭᠦ ᠴᠡᠷᠢᠭ᠎ᠤᠨ ᠨᠠᠮ᠎ᠤᠨ ᠪᠠᠢ᠌ᠭᠤᠯᠤᠯᠲᠠ ᠵᠢᠨ ᠬᠤᠷᠠᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠮᠠᠨ᠎ᠤ ᠴᠡᠷᠢᠭ᠎ᠤᠨ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠪᠠᠢ᠌ᠳᠠᠯ᠎ᠢ ᠡᠭᠦᠳᠴᠦ ᠴᠡᠷᠢᠭ ᠪᠠᠢ᠌ᠭᠤᠯᠤᠭᠳᠠᠭᠰᠠᠨ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ
ᠰᠢ ᠵᠢᠨ ᠫᠢᠩ ᠴᠧᠩᠳᠦ᠋ ᠵᠢᠨ 31 ᠳ᠋ᠦ᠍ᠭᠡᠷ ᠬᠤᠭᠤᠴᠠᠭ᠋ᠠᠨ᠎ᠤ ᠳᠡᠯᠡᠬᠡᠢ ᠵᠢᠨ ᠣᠶᠤᠲᠠᠳ᠎ᠤᠨ ᠵᠤᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ᠎ᠳᠤ ᠣᠷᠣᠯᠴᠠᠬᠤ ᠵᠢᠨ ᠬᠠᠮᠲᠤ ᠭᠠᠳᠠᠭ᠋ᠠᠳᠤ ᠶᠠᠪᠤᠳᠠᠯ᠎ᠤᠨ ᠰᠢᠷᠢᠰ ᠠᠵᠢᠯᠯᠠᠭ᠎ᠠ ᠥᠷᠨᠢᠭᠦᠯᠦᠨ᠎ᠡ
 
            