ᠰᠢᠨᠬᠤᠸᠠ ᠬᠤᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 20᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠡᠷᠭᠢᠯᠡᠭᠴᠢ
ᠰᠢ ᠵᠢᠨ ᠫᠢᠩ 7 ᠰᠠᠷ᠎ᠠ ᠵᠢᠨ 20᠎ᠤ ᠦᠳᠡ ᠵᠢᠨ ᠬᠣᠢ᠌ᠨ᠎ᠠ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠬᠣᠶᠠᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠬᠤᠵᠢᠷᠯᠢᠭ ᠭᠠᠵᠠᠷ᠎ᠢ ᠶᠡᠷᠦᠩᠬᠡᠢ᠌ᠯᠡᠨ ᠥᠭᠡᠷᠡᠴᠢᠯᠡᠨ ᠠᠰᠢᠭᠯᠠᠬᠤ ᠵᠢ ᠴᠢᠩᠭ᠋ᠠᠳᠬᠠᠬᠤ ᠵᠡᠷᠭᠡ ᠠᠰᠠᠭᠤᠳᠠᠯ᠎ᠢ ᠰᠤᠳᠤᠯᠪᠠ ᠃ ᠰᠢ ᠵᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠂ ᠠᠮᠤ ᠪᠤᠳᠠᠭ᠋ᠠᠨ᠎ᠤ ᠠᠮᠤᠷ ᠲᠦᠪᠰᠢᠨ ᠪᠣᠯ 《ᠤᠯᠤᠰ᠎ᠤᠨ ᠶᠡᠬᠡ ᠶᠠᠪᠤᠳᠠᠯ 》 ᠮᠥᠨ ᠂ ᠲᠠᠷᠢᠶᠠᠨ ᠭᠠᠵᠠᠷ ᠪᠣᠯ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠠᠮᠢᠨ ᠰᠤᠳᠠᠰᠤ ᠮᠥᠨ ᠂ ᠲᠠᠷᠢᠶᠠᠨ ᠭᠠᠵᠠᠷ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ ᠤᠨ ᠴᠢᠳᠠᠪᠤᠷᠢ ᠵᠢ ᠪᠠᠲᠤᠯᠠᠵᠤ ᠂ ᠮᠡᠷᠭᠡᠵᠢᠯ ᠵᠢᠡᠷ ᠠᠮᠤ ᠪᠤᠳᠠᠭ᠋ᠠᠨ᠎ᠤ ᠤᠨᠠᠯᠳᠠ ᠵᠢ ᠨᠡᠮᠡᠭᠳᠡᠭᠦᠯᠬᠦ ᠪᠠᠢ᠌ᠯᠳᠤᠬᠤ ᠪᠤᠳᠣᠯᠭ᠎ᠠ ᠵᠢ ᠨᠠᠢ᠌ᠳᠠᠪᠤᠷᠢᠵᠢᠭᠤᠯᠵᠤ ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠵᠤ ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠦᠭᠦ ᠬᠦᠴᠦᠨ ᠵᠶ᠋ᠡᠷ ᠵᠶ᠋ᠡᠨ ᠳᠡᠭᠡᠭᠰᠢᠯᠡᠭᠦᠯᠵᠦ ᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠳᠠᠯᠳᠠ ᠬᠦᠴᠦᠨ᠎ᠢ ᠭᠦᠢ᠍ᠴᠡᠳ ᠠᠭᠤᠳᠠᠯᠵᠤ ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠣᠷᠣᠨ ᠵᠠᠢ ᠵᠢ ᠲᠣᠭᠲᠠᠭᠤᠨ ᠵᠶ᠋ᠠᠷ ᠥᠷᠭᠡᠳᠬᠡᠵᠦ ᠂ ᠲᠠᠷᠢᠶᠠᠯᠠᠩ᠎ᠤᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠢ᠌ᠳ ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠳᠡᠳ᠋ ᠡᠷᠭᠢᠯᠡᠭᠴᠢ ᠯᠢ ᠴᠢᠶᠠᠩ ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠭᠡᠰᠢᠭᠦᠨ ᠼᠠᠢ ᠴᠢ ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠢ᠌ᠳ ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠭᠡᠰᠢᠭᠦᠨ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠵᠠᠢ ᠃
ᠬᠤᠷᠠᠯ᠎ᠠᠴᠠ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠠᠯᠪᠠᠨ ᠭᠡᠷ ( ᠲᠥᠪ᠎ᠤᠨ ᠬᠥᠳᠡᠭᠡ ᠲᠤᠰᠬᠤᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ) ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠬᠤᠵᠢᠷᠯᠢᠭ ᠭᠠᠵᠠᠷ᠎ᠢ ᠶᠡᠷᠦᠩᠬᠡᠢ᠌ᠯᠡᠨ ᠥᠭᠡᠷᠡᠴᠢᠯᠡᠨ ᠠᠰᠢᠭᠯᠠᠬᠤ ᠵᠢ ᠴᠢᠩᠭ᠋ᠠᠳᠬᠠᠬᠤ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ ᠃
ᠬᠤᠷᠠᠯ᠎ᠠᠴᠠ ᠂ ᠮᠠᠨ᠎ᠤ ᠨᠠᠮ ᠲᠠᠷᠢᠶᠠᠨ ᠭᠠᠵᠠᠷ᠎ᠢ ᠬᠠᠮᠠᠭ᠋ᠠᠯᠠᠬᠤ ᠠᠰᠠᠭᠤᠳᠠᠯ᠎ᠢ ᠢᠮᠠᠭᠲᠠ ᠳᠡᠭᠡᠳᠦ ᠭᠡᠮᠵᠢᠶ᠎ᠡ ᠪᠠᠷ ᠴᠢᠬᠤᠯᠠᠴᠢᠯᠠᠭᠰᠠᠭ᠋ᠠᠷ ᠢᠷᠠᠵᠡᠢ ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠂ ᠨᠠᠮ᠎ᠤᠨ ᠲᠥᠪ ᠬᠤᠷᠢᠶ᠎ᠠ ᠤᠷᠢᠳ ᠬᠣᠵᠢᠳ ᠠᠯᠢ ᠣᠯᠠᠨ ᠬᠠᠲᠠᠭᠤ ᠠᠷᠭ᠎ᠠ ᠭᠡᠮᠵᠢᠶ᠎ᠡ ᠵᠢ ᠬᠡᠷᠡᠭᠵᠢᠭᠦᠯᠵᠦ ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠲᠤ ᠰᠠᠬᠢᠵᠤ ᠂ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠦᠷᠭᠦᠯᠵᠢᠯᠡᠨ ᠪᠠᠭᠤᠷᠠᠬᠤ ᠬᠠᠨᠳᠤᠰᠢ ᠵᠢ ᠠᠩᠬ᠎ᠠ ᠠᠯᠬᠤᠮ ᠬᠣᠷᠢᠭᠯᠠᠪᠠ ᠃ ᠡᠭᠦᠨ᠎ᠤ ᠵᠡᠷᠭᠡ ᠪᠠᠷ ᠂ ᠮᠠᠨ᠎ᠤ ᠤᠯᠤᠰ᠎ᠤᠨ ᠬᠦᠮᠦᠨ ᠣᠯᠠᠨ ᠭᠠᠵᠠᠷ ᠪᠠᠭ᠎ᠠ ᠪᠠᠢ᠌ᠬᠤ ᠤᠯᠤᠰ᠎ᠤᠨ ᠪᠠᠢ᠌ᠳᠠᠯ ᠬᠤᠪᠢᠷᠠᠭ᠎ᠠ ᠦᠭᠡᠢ ᠂ ᠲᠠᠷᠢᠶᠠᠨ ᠭᠠᠵᠠᠷ᠎ᠢ 《 ᠠᠮᠤ ᠪᠤᠳᠠᠭ᠋ᠠᠨ᠎ᠤ ᠪᠤᠰᠤ ᠪᠤᠯᠭ᠋ᠠᠬᠤ 》 ᠂ 《 ᠲᠠᠷᠢᠶᠠᠯᠠᠩ᠎ᠤᠨ ᠪᠤᠰᠤ ᠪᠤᠯᠭ᠋ᠠᠬᠤ 》 ᠠᠰᠠᠭᠤᠳᠠᠯ ᠮᠥᠨ ᠳᠣᠪᠤᠢ᠌ᠮ᠎ᠠ ᠪᠠᠢ᠌ᠵᠤ ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠰᠠᠬᠢᠬᠤ ᠰᠠᠭᠤᠷᠢ ᠬᠠᠷᠠᠬᠠᠨ ᠪᠠᠲᠤ ᠪᠡᠬᠢ ᠪᠢᠰᠢ ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠲᠠᠯ᠎ᠠ ᠪᠠᠷ᠎ᠬᠢ ᠥᠷᠢ ᠪᠠᠰᠠ ᠮᠠᠰᠢ ᠣᠯᠠᠨ ᠪᠠᠢ᠌ᠬᠤ ᠵᠢ ᠰᠡᠷᠭᠡᠭ ᠵᠶ᠋ᠡᠷ ᠲᠠᠨᠢᠵᠤ ᠣᠯᠬᠤ ᠬᠡᠷᠡᠭᠲᠡᠢ ᠃ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠬᠥᠩᠭᠡᠷᠡᠭᠰᠡᠨ ᠦᠭᠡᠢ ᠂ ᠬᠠᠷᠢᠨ ᠨᠡᠩ ᠬᠠᠲᠠᠭᠤ ᠪᠡᠷᠬᠡ ᠪᠣᠯᠵᠠᠢ ᠃ ᠡᠷᠬᠡᠪᠰᠢ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠂ ᠬᠠᠷᠠᠯᠲᠠ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ ᠂ ᠵᠢᠮ᠎ᠡ ᠶᠣᠰᠣ ᠵᠢ ᠭᠦᠨᠳᠦᠳᠭᠡᠵᠦ ᠂ ᠬᠠᠨᠳᠤᠰᠢ ᠳᠤᠨᠢ ᠲᠣᠬᠢᠷᠠᠭᠤᠯᠤᠨ ᠬᠥᠲᠥᠯᠥᠨ ᠵᠢᠯᠤᠭᠣᠳᠴᠤ ᠂ ᠭᠠᠵᠠᠷ ᠣᠷᠣᠨ᠎ᠤ ᠪᠠᠢ᠌ᠳᠠᠯ ᠳᠤᠨᠢ ᠲᠣᠬᠢᠷᠠᠭᠤᠯᠤᠨ ᠂ ᠤᠳᠠᠭ᠋ᠠᠨ ᠳᠠᠭ᠋ᠠᠭ᠋ᠠᠮᠠᠭ᠋ᠠᠢ ᠵᠢᠳᠬᠦᠨ ᠴᠢᠷᠮᠠᠢ᠌ᠵᠤ ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠨᠠᠭᠰᠢᠳᠠ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠣᠯ ᠰᠢᠰᠲ᠋ᠧᠮᠲᠦ ᠢᠨᠵᠧᠨᠧᠷᠢᠩ ᠮᠥᠨ ᠂ ᠲᠣᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠪᠠᠷ ᠴᠢᠬᠤᠯᠠᠴᠢᠯᠠᠬᠤ ᠂ ᠬᠠᠤᠯᠢ ᠵᠢ ᠴᠢᠩᠭ᠎ᠠ ᠬᠡᠷᠡᠭᠵᠢᠭᠦᠯᠬᠦ ᠂ ᠰᠢᠰᠲ᠋ᠧᠮ᠎ᠲᠠᠢ ᠠᠬᠢᠭᠤᠯᠬᠤ ᠂ ᠡᠭᠦᠷᠢᠳᠡ ᠦᠷᠭᠦᠯᠵᠢᠯᠡᠨ ᠠᠰᠢᠭᠯᠠᠬᠤ ᠵᠡᠷᠭᠡ ᠴᠢᠬᠤᠯᠠ ᠶᠡᠬᠡ ᠱᠠᠭ᠋ᠠᠷᠳᠠᠯᠭ᠎ᠠ ᠵᠢ ᠲᠣᠪᠤᠢ᠌ᠯᠭ᠋ᠠᠨ ᠰᠠᠢ᠌ᠲᠤᠷ ᠡᠵᠡᠮᠳᠡᠵᠦ ᠂ ᠴᠢᠩᠭ᠎ᠠ ᠬᠠᠲᠠᠭᠤ ᠪᠣᠳᠠᠲᠠᠢ ᠠᠷᠭ᠎ᠠ ᠵᠢ ᠤᠯᠠᠮ ᠴᠢᠨᠠᠭᠰᠢᠳᠠ ᠬᠡᠷᠡᠭᠯᠡᠬᠦ ᠬᠡᠷᠡᠭᠲᠡᠢ ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ ᠂ ᠰᠢᠨ᠎ᠡ ᠨᠢᠭᠡ ᠡᠭᠡᠯᠵᠢ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠲᠣᠳᠣᠷᠬᠠᠢ᠌ᠯᠠᠭᠰᠠᠨ ᠲᠠᠷᠢᠶᠠᠨ ᠭᠠᠵᠠᠷ ᠪᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢ ᠨᠠᠢ᠌ᠳᠠᠪᠤᠷᠢᠵᠢᠭᠤᠯᠵᠤ ᠂ 18 ᠳ᠋ᠦᠩᠰᠢᠭᠤᠷ ᠮᠦ᠍ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠶᠠᠭ᠋ᠠᠬᠢᠭᠰᠠᠨ ᠴᠤ᠌ ᠡᠪᠳᠡᠬᠦ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠦᠭᠦ ᠬᠦᠴᠦᠨ ᠵᠶ᠋ᠡᠷ ᠵᠢᠡᠨ ᠳᠡᠭᠡᠭᠰᠢᠯᠡᠭᠦᠯᠵᠦ ᠂ ᠲᠠᠷᠢᠶᠠᠨ ᠭᠠᠵᠠᠷ ᠢᠯᠠᠩᠭᠤᠶ᠎ᠠ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠲᠠᠷᠢᠶᠠᠯᠠᠬᠤ᠎ᠳᠤ ᠲᠣᠬᠢᠷᠠᠮᠵᠢᠲᠠᠢ ᠂ ᠭᠠᠩᠳᠠᠵᠤ ᠤᠰᠤᠲᠤᠪᠠᠴᠤ ᠬᠤᠷᠢᠶᠠᠯᠲᠠ ᠵᠢ ᠪᠠᠲᠤᠯᠠᠬᠤ ᠂ ᠥᠨᠳᠥᠷ ᠤᠨᠠᠯᠲᠠ ᠲᠣᠭᠲᠠᠭᠤᠨ ᠬᠤᠷᠢᠶᠠᠯᠲᠠ᠎ᠲᠠᠢ ᠣᠳᠣᠬᠢᠴᠢᠯᠠᠭᠰᠠᠨ ᠰᠠᠢ᠌ᠨ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠢ᠌ᠭᠤᠯᠬᠤ ᠬᠡᠷᠡᠭᠲᠡᠢ ᠃ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ ᠂ ᠡᠯ᠎ᠡ ᠲᠥᠷᠥᠯ᠎ᠤᠨ ᠲᠠᠷᠢᠶᠠᠨ ᠭᠠᠵᠠᠷ᠎ᠢ ᠡᠵᠡᠯᠡᠭᠰᠡᠨ ᠪᠣᠯ ᠨᠥᠬᠥᠪᠦᠷᠢᠯᠡᠵᠦ ᠲᠡᠩᠴᠡᠭᠦᠷᠢᠲᠡᠢ ᠪᠠᠢ᠌ᠯᠭ᠋ᠠᠬᠤ ᠳᠦᠷᠢᠮ᠎ᠳᠤ ᠨᠢᠭᠡᠳᠦᠯᠲᠡᠢ ᠣᠷᠣᠭᠤᠯᠵᠤ ᠂ 《ᠨᠥᠬᠥᠪᠦᠷᠢᠯᠡᠬᠦ ᠪᠠᠷ ᠡᠵᠡᠯᠡᠬᠦ ᠵᠢ ᠲᠣᠭᠲᠠᠭ᠋ᠠᠬᠤ 》 ᠵᠢ ᠪᠠᠷᠢᠮᠲᠠᠯᠠᠨ ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ ᠳᠦᠷᠢᠮ᠎ᠢ ᠪᠦᠷᠢᠨᠰᠢᠭᠦᠯᠦᠨ ᠨᠥᠬᠥᠪᠦᠷᠢᠯᠡᠬᠦ ᠬᠡᠷᠡᠭᠲᠡᠢ ᠃ ᠲᠠᠷᠢᠶᠠᠴᠢᠳ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠂ ᠠᠮᠤ ᠪᠤᠳᠠᠭ᠎ᠠ ᠲᠠᠷᠢᠵᠤ ᠠᠮᠤ ᠪᠤᠳᠠᠭ᠎ᠠ ᠵᠢ ᠠᠳᠬᠤᠬᠤ ᠢᠳᠡᠪᠬᠢᠵᠢᠯ᠎ᠢ ᠲᠠᠢ᠌ᠴᠢᠯᠠᠵᠤ ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ ᠪᠠᠢ᠌ᠭᠤᠯᠤᠨ ᠂ ᠣᠯᠠᠨ ᠵᠦᠢ᠍ᠯ᠎ᠤᠨ ᠬᠡᠯᠪᠡᠷᠢ ᠵᠢᠨ ᠵᠣᠬᠢᠰᠲᠠᠢ ᠬᠡᠪᠴᠢᠶᠡᠵᠢᠭᠰᠡᠨ ᠡᠵᠡᠩᠨᠡᠯᠲᠡ ᠵᠢ ᠬᠥᠭᠵᠢᠭᠦᠯᠵᠦ ᠂ ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ᠎ᠤ ᠠᠰᠢᠭ ᠲᠤᠰᠠ ᠵᠢ ᠨᠥᠬᠥᠪᠦᠷᠢᠯᠡᠬᠦ ᠲᠣᠭᠲᠠᠴᠠ ᠵᠢ ᠪᠠᠢ᠌ᠭᠤᠯᠤᠨ ᠂ ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ ᠂ ᠭᠣᠣᠯ ᠪᠤᠷᠣᠯᠠᠭᠤᠯᠭ᠎ᠠ ᠵᠢᠨ ᠣᠷᠣᠨ ᠂ ᠦᠢ᠍ᠯᠡᠳᠪᠦᠷᠢᠯᠡᠯ ᠪᠤᠷᠣᠯᠠᠭᠤᠯᠭ᠎ᠠ ᠲᠡᠩᠴᠡᠭᠦᠷᠢᠲᠡᠢ ᠣᠷᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠲᠤᠷᠠᠯ ᠬᠦᠴᠦᠨ᠎ᠢ ᠪᠤᠢ ᠪᠤᠯᠭ᠋ᠠᠬᠤ ᠬᠡᠷᠡᠭᠲᠡᠢ ᠃ ᠠᠲᠠᠷᠰᠢᠭᠤᠯᠤᠭᠰᠠᠨ ᠭᠠᠵᠠᠷ᠎ᠢ ᠵᠠᠰᠠᠬᠤ ᠵᠢ ᠴᠢᠩᠭ᠋ᠠᠳᠬᠠᠵᠤ ᠂ ᠰᠠᠭᠤᠷᠢ ᠲᠣᠭ᠎ᠠ ᠵᠢ ᠲᠣᠳᠣᠷᠬᠠᠢ ᠣᠢ᠌ᠯᠠᠭ᠋ᠠᠵᠤ ᠂ ᠲᠥᠷᠥᠯ ᠬᠤᠪᠢᠶᠠᠨ ᠠᠬᠢᠭᠤᠯᠵᠤ ᠂ ᠭᠠᠵᠠᠷ ᠣᠷᠣᠨ᠎ᠤ ᠪᠠᠢ᠌ᠳᠠᠯ ᠳᠤᠨᠢ ᠲᠣᠬᠢᠷᠠᠭᠤᠯᠤᠨ ᠠᠲᠠᠷᠰᠢᠭᠤᠯᠤᠭᠰᠠᠨ ᠭᠠᠵᠠᠷ᠎ᠢ ᠰᠠᠢ᠌ᠲᠤᠷ ᠳᠠᠷᠢᠵᠤ ᠰᠠᠢ᠌ᠲᠤᠷ ᠬᠡᠷᠡᠭᠯᠡᠬᠦ ᠬᠡᠷᠡᠭᠲᠡᠢ ᠃ ᠡᠯ᠎ᠡ ᠲᠥᠷᠥᠯ᠎ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠢᠳᠡᠪᠬᠢᠲᠡᠢ᠎ᠪᠠᠷ ᠨᠡᠭᠡᠭᠡᠨ ᠬᠥᠭᠵᠢᠭᠦᠯᠵᠦ ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠯᠲᠡ ᠪᠠ ᠦᠢ᠍ᠯᠡᠳᠪᠦᠷᠢᠯᠡᠯ᠎ᠤᠨ ᠪᠡᠯᠡ ᠣᠷᠣᠭᠤᠯᠤᠯᠲᠠ ᠵᠢ ᠴᠢᠩᠭ᠋ᠠᠳᠬᠠᠨ ᠂ ᠪᠦᠲᠦᠮᠵᠢᠲᠡᠶ ᠬᠥᠭᠵᠢᠭᠦᠯᠬᠦ ᠵᠠᠭᠪᠤᠷ᠎ᠢ ᠬᠠᠢ᠌ᠨ ᠰᠦᠪᠡᠭᠴᠢᠯᠡᠵᠦ ᠂ ᠮᠠᠨ᠎ᠤ ᠤᠯᠤᠰ᠎ᠤᠨ ᠤᠯᠠᠮᠵᠢᠯᠠᠯᠲᠤ ᠲᠠᠷᠢᠶᠠᠨ ᠭᠠᠵᠠᠷ᠎ᠤᠨ ᠬᠣᠪᠣᠷ ᠴᠤᠬᠠᠭ ᠪᠠᠢ᠌ᠭ᠎ᠠ ᠪᠠᠢ᠌ᠭ᠋ᠠᠯᠢ ᠵᠢᠨ ᠨᠥᠬᠥᠴᠡᠯ᠎ᠤᠨ ᠬᠢᠵᠠᠭ᠋ᠠᠷᠯᠠᠯ᠎ᠢ ᠰᠢᠪᠲᠤᠯᠬᠤ ᠬᠡᠷᠡᠭᠲᠡᠢ ᠃ ᠲᠠᠷᠢᠶᠠᠨ ᠭᠠᠵᠠᠷ᠎ᠢ ᠲᠣᠭᠲᠠᠭ᠋ᠠᠯ᠎ᠠᠴᠠ ᠵᠥᠷᠢᠴᠡᠨ ᠡᠵᠡᠯᠡᠨ ᠬᠡᠷᠡᠭᠯᠡᠭᠰᠡᠨ᠎ᠢ ᠴᠡᠭᠴᠡᠯᠡᠨ ᠰᠠᠢ᠌ᠵᠢᠷᠠᠭᠤᠯᠵᠤ ᠳᠠᠭᠢᠨ ᠲᠠᠷᠢᠬᠤ᠎ᠳᠤ ᠦᠨᠡᠨ᠎ᠠᠴᠠ ᠵᠥᠪ᠎ᠢ ᠡᠷᠢᠵᠦ ᠂ ᠵᠢᠮ᠎ᠡ ᠶᠣᠰᠣ ᠵᠢ ᠬᠦᠨᠳᠦᠳᠬᠡᠨ ᠂ ᠲᠠᠷᠢᠶᠠᠴᠢᠳ᠎ᠤᠨ ᠠᠰᠢᠭ ᠲᠤᠰᠠ ᠵᠢ ᠬᠠᠮᠠᠭ᠋ᠠᠯᠠᠵᠤ ᠂ ᠤᠬᠠᠭᠤᠯᠤᠨ ᠲᠠᠢ᠌ᠯᠪᠤᠷᠢᠯᠠᠬᠤ ᠵᠢ ᠴᠢᠩᠭ᠋ᠠᠳᠬᠠᠨ ᠂ ᠰᠢᠯᠵᠢᠯᠲᠡ ᠵᠢᠨ ᠬᠤᠭᠤᠴᠠᠭ᠎ᠠ ᠵᠢ ᠵᠣᠬᠢᠰᠲᠠᠢ ᠦᠯᠡᠳᠡᠭᠡᠵᠦ ᠂ ᠠᠯᠬᠤᠮ ᠳᠠᠷᠠᠭ᠎ᠠ ᠲᠠᠢ᠎ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠥᠭᠡᠷᠡᠴᠢᠯᠡᠨ ᠠᠰᠢᠭᠯᠠᠬᠤ ᠪᠣᠯ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠥᠭᠡᠷᠡᠴᠢᠯᠡᠨ ᠰᠠᠢ᠌ᠵᠢᠷᠠᠭᠤᠯᠬᠤ ᠵᠢᠨ ᠴᠢᠬᠤᠯᠠ ᠲᠠᠯ᠎ᠠ ᠪᠣᠯᠣᠨ᠎ᠠ᠂ ᠮᠠᠨ᠎ᠤ ᠤᠯᠤᠰ᠎ᠲᠤ ᠬᠤᠵᠢᠷᠯᠢᠭ ᠭᠠᠵᠠᠷ ᠤᠯᠠᠨ ᠂ ᠬᠡᠰᠡᠭ ᠭᠠᠵᠠᠷ ᠣᠷᠣᠨ᠎ᠤ ᠲᠠᠷᠢᠶᠠᠨ ᠭᠠᠵᠠᠷ᠎ᠤᠨ ᠬᠤᠵᠢᠷᠰᠢᠬᠤ ᠬᠠᠨᠳᠤᠰᠢ ᠰᠢᠷᠦᠭᠦᠰᠴᠦ ᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠥᠭᠡᠷᠡᠴᠢᠯᠡᠨ ᠠᠰᠢᠭᠯᠠᠬᠤ ᠠᠵᠢᠯ᠎ᠢ ᠥᠷᠨᠢᠭᠦᠯᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ ᠃ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠳᠠᠯᠳᠠ ᠬᠦᠴᠦᠨ᠎ᠢ ᠭᠦᠢ᠍ᠴᠡᠳ ᠠᠭᠤᠳᠠᠯᠵᠤ ᠂ ᠣᠲᠣ ᠪᠠᠢ᠌ᠭ᠎ᠠ ᠬᠤᠵᠢᠷᠯᠢᠭ ᠲᠠᠷᠢᠶᠠᠨ ᠭᠠᠵᠠᠷ᠎ᠢ ᠥᠭᠡᠷᠡᠴᠢᠯᠡᠨ ᠲᠡᠰ ᠳᠡᠭᠡᠭᠰᠢᠯᠡᠭᠦᠯᠭᠦ ᠵᠢ ᠴᠢᠩᠭ᠋ᠠᠳᠬᠠᠵᠤ ᠂ ᠲᠠᠷᠢᠶᠠᠨ ᠭᠠᠵᠠᠷ᠎ᠤᠨ ᠬᠤᠵᠢᠷᠰᠢᠬᠤ ᠬᠠᠨᠳᠤᠰᠢ ᠵᠢ ᠪᠦᠲᠦᠮᠵᠢᠲᠡᠢ ᠬᠣᠷᠢᠭᠯᠠᠵᠤ ᠂ ᠬᠤᠵᠢᠷᠯᠢᠭ ᠭᠠᠵᠠᠷ᠎ᠤᠨ ᠣᠨᠴᠠᠯᠢᠭᠲᠤ ᠲᠠᠷᠢᠶᠠᠯᠠᠩ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ ᠃ ᠬᠤᠵᠢᠷᠯᠢᠭ ᠭᠠᠵᠠᠷ᠎ᠤᠨ ᠡᠬᠢ ᠪᠠᠶᠠᠯᠢᠭ᠎ᠤᠨ ᠪᠠᠢ᠌ᠳᠠᠯ᠎ᠢ ᠪᠦᠭᠦ ᠲᠠᠯ᠎ᠠ᠎ᠪᠠᠷ ᠲᠣᠳᠣᠷᠬᠠᠢ ᠣᠢ᠌ᠯᠠᠭ᠋ᠠᠵᠤ ᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠶᠡᠷᠦᠩᠬᠡᠢ ᠲᠥᠯᠦᠪᠵᠢᠭᠦᠯᠭᠡ ᠪᠠ ᠲᠤᠰᠬᠠᠢ ᠬᠡᠷᠡᠭᠵᠢᠭᠦᠯᠬᠦ ᠲᠥᠰᠥᠯ᠎ᠢ ᠰᠤᠳᠤᠯᠤᠨ ᠨᠠᠢ᠌ᠷᠠᠭᠤᠯᠤᠨ ᠵᠣᠬᠢᠶᠠᠵᠤ ᠂ ᠬᠤᠵᠢᠷᠯᠢᠭ ᠭᠠᠵᠠᠷ᠎ᠢ ᠵᠠᠰᠠᠵᠤ ᠰᠠᠢ᠌ᠵᠢᠷᠠᠭᠤᠯᠬᠤ ᠠᠵᠢᠯ᠎ᠢ ᠣᠷᠣᠨ ᠬᠤᠪᠢᠶᠠᠨ ᠲᠦᠷᠦᠯ ᠬᠤᠪᠢᠶᠠᠨ ᠥᠷᠨᠢᠭᠦᠯᠵᠦ ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠬᠤᠵᠢᠷᠯᠢᠭ ᠭᠠᠵᠠᠷ᠎ᠢ ᠠᠰᠢᠭᠯᠠᠵᠤ ᠂ ᠡᠯ᠎ᠡ ᠲᠦᠷᠦᠯ᠎ᠤᠨ ᠬᠤᠵᠢᠷᠯᠢᠭ ᠭᠠᠵᠠᠷ᠎ᠤᠨ ᠡᠬᠢ ᠪᠠᠶᠠᠯᠢᠭ᠎ᠠᠴᠠ ᠢᠳᠡᠭᠡᠨ ᠣᠯᠵᠤ ᠂ 《 ᠲᠠᠷᠢᠬᠤ᠎ᠪᠠᠷ ᠳᠠᠮᠵᠢᠨ ᠭᠠᠵᠠᠷ ᠣᠷᠣᠨ᠎ᠳᠤᠨᠢ ᠵᠣᠬᠢᠴᠠᠭᠤᠯᠬᠤ 》 ᠪᠠ 《 ᠭᠠᠵᠠᠷ ᠣᠷᠣᠨ᠎ᠳᠤᠨᠢ ᠲᠣᠬᠢᠷᠠᠭᠤᠯᠵᠤ ᠲᠠᠷᠢᠬᠤ 》 ᠵᠢ ᠬᠠᠷᠢᠯᠴᠠᠨ ᠤᠶᠠᠯᠳᠤᠭᠤᠯᠵᠤ ᠂ ᠬᠤᠵᠢᠷᠯᠢᠭ ᠭᠠᠵᠠᠷ᠎ᠲᠤ ᠳᠠᠭ᠋ᠠᠭ᠋ᠠᠮᠠᠭ᠋ᠠᠢ ᠣᠨᠴᠠᠯᠢᠭᠲᠤ ᠲᠦᠷᠦᠯ ᠵᠦᠢ᠍ᠯ᠎ᠢ ᠲᠦᠷᠭᠡᠨ ᠰᠣᠩᠭᠣᠨ ᠪᠣᠢ᠌ᠵᠢᠭᠤᠯᠵᠤ ᠂ ᠬᠤᠵᠢᠷᠯᠢᠭ ᠭᠠᠵᠠᠷ᠎ᠢ ᠵᠠᠰᠠᠵᠤ ᠰᠠᠢ᠌ᠵᠢᠷᠠᠭᠤᠯᠬᠤ ᠪᠦᠲᠦᠮᠵᠢᠲᠡᠢ ᠠᠷᠭ᠎ᠠ ᠬᠢᠳᠡᠯ᠎ᠢ ᠶᠡᠬᠡ ᠪᠠᠷ ᠳᠡᠯᠭᠡᠷᠡᠭᠦᠯᠵᠦ ᠂ ᠤᠰᠤᠨ᠎ᠤ ᠡᠬᠢ ᠰᠤᠷᠪᠤᠯᠵᠢ ᠂ ᠪᠡᠯᠡ ᠮᠥᠩᠭᠥ ᠵᠡᠷᠭᠡ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ 《 ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠬᠢᠨᠠᠨ ᠵᠥᠪᠯᠡᠵᠦ ᠪᠠᠲᠤᠯᠠᠪᠠ ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ ᠃
ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠵᠤ ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ ᠃