ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠦᠭᠦ ᠴᠡᠷᠢᠭ᠎ᠤᠨ ᠨᠠᠮ᠎ᠤᠨ ᠪᠠᠢ᠌ᠭᠤᠯᠤᠯᠲᠠ ᠵᠢᠨ ᠬᠤᠷᠠᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠮᠠᠨ᠎ᠤ ᠴᠡᠷᠢᠭ᠎ᠤᠨ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠪᠠᠢ᠌ᠳᠠᠯ᠎ᠢ ᠡᠭᠦᠳᠴᠦ ᠴᠡᠷᠢᠭ ᠪᠠᠢ᠌ᠭᠤᠯᠤᠭᠳᠠᠭᠰᠠᠨ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ
ᠨᠡᠶ᠋ᠢᠲᠡᠯᠡᠭᠰᠡᠨ ᠴᠠᠭ᠄ 2023-07-24

       ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 21᠎ᠤ ᠴᠠᠭᠢᠯᠭ᠋ᠠᠨ ᠮᠡᠳᠡᠭᠡ    ᠪᠦᠭᠦ ᠴᠡᠷᠢᠭ᠎ᠤᠨ ᠨᠠᠮ᠎ᠤᠨ ᠪᠠᠢ᠌ᠭᠤᠯᠤᠯᠲᠠ ᠵᠢᠨ ᠬᠤᠷᠠᠯ 7 ᠰᠠᠷ᠎ᠠ ᠵᠢᠨ 20᠎ᠠᠴᠠ 21᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ ᠃  ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠢᠬᠤᠯᠠ ᠵᠢᠭ᠋ᠠᠪᠤᠷᠢ ᠥᠭᠴᠡᠢ ᠃  ᠲᠡᠷᠡ ᠂ ᠡᠨᠡ ᠤᠳᠠᠭ᠎ᠠ ᠵᠢᠨ ᠪᠦᠭᠦ ᠴᠡᠷᠢᠭ᠎ᠤᠨ ᠨᠠᠮ᠎ᠤᠨ ᠪᠠᠢ᠌ᠭᠤᠯᠤᠯᠲᠠ ᠵᠢᠨ ᠬᠤᠷᠠᠯ᠎ᠢ ᠰᠠᠢ᠌ᠲᠤᠷ ᠬᠤᠷᠠᠯᠳᠤᠭᠤᠯᠬᠤ᠎ᠨᠢ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠮᠠᠨ᠎ᠤ ᠴᠡᠷᠢᠭ᠎ᠤᠨ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠭᠰᠠᠨ ᠦᠷ᠎ᠡ ᠪᠦᠲᠦᠭᠡᠯ᠎ᠢ ᠪᠡᠬᠢᠵᠢᠭᠦᠯᠬᠦ ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠮᠠᠨ᠎ᠤ ᠴᠡᠷᠢᠭ᠎ᠤᠨ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠪᠠᠢ᠌ᠳᠠᠯ᠎ᠢ ᠡᠭᠦᠳᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠃  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠂ ᠪᠦᠭᠦ ᠤᠯᠤᠰ᠎ᠤᠨ ᠵᠣᠬᠢᠶᠠᠨ ᠪᠠᠢ᠌ᠭᠤᠯᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠢᠯᠠᠩᠭᠤᠶ᠎ᠠ ᠭᠦ᠋ ᠲᠢᠶᠠᠨ᠎ᠤ ᠪᠦᠭᠦ ᠴᠡᠷᠢᠭ᠎ᠤᠨ ᠤᠯᠤᠰ ᠲᠦᠷᠦ ᠵᠢᠨ ᠠᠵᠢᠯ᠎ᠤᠨ ᠬᠤᠷᠠᠯ᠎ᠠᠴᠠ ᠨᠠᠭ᠋ᠠᠰᠢᠬᠢ ᠮᠠᠨ᠎ᠤ ᠴᠡᠷᠢᠭ᠎ᠤᠨ ᠨᠠᠮ᠎ᠤᠨ ᠪᠠᠢ᠌ᠭᠤᠯᠤᠯᠲᠠ ᠵᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠠ ᠴᠢᠬᠤᠯᠠ ᠲᠤᠷᠰᠢᠯᠭ᠎ᠠ ᠵᠢ ᠬᠢᠨᠠᠮᠠᠭ᠋ᠠᠢ ᠳ᠋ᠦᠩᠨᠡᠵᠦ ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠂ ᠪᠦᠭᠦ ᠲᠠᠯ᠎ᠠ᠎ᠪᠠᠷ ᠴᠡᠷᠢᠭ᠎ᠢ ᠴᠢᠩᠭ᠎ᠠ ᠵᠠᠰᠠᠬᠤ ᠵᠢ ᠦᠷᠭᠦᠯᠵᠢᠯᠡᠨ ᠠᠬᠢᠭᠤᠯᠵᠤ ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢ ᠪᠠᠷᠢᠮᠲᠠᠯᠠᠬᠤ ᠂ ᠲᠠᠢ᠌ᠨ᠎ᠳᠤ ᠪᠡᠯᠡᠳᠬᠡᠵᠦ ᠪᠠᠢ᠌ᠯᠳᠤᠭ᠋ᠠᠨ ᠬᠢᠬᠦ ᠴᠢᠳᠠᠪᠤᠷᠢ ᠵᠢ ᠠᠳᠬᠤᠬᠤ ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠡᠷᠭᠡ ᠲᠠᠯ᠎ᠠ᠎ᠪᠠᠷ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠂ ᠴᠡᠷᠢᠭ ᠪᠠᠢ᠌ᠭᠤᠯᠤᠭᠳᠠᠭᠰᠠᠨ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ ᠪᠠᠲᠤ ᠴᠢᠩᠭ᠎ᠠ ᠤᠯᠤᠰ ᠲᠦᠷᠦ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ ᠃

       ᠬᠤᠷᠠᠯ ᠳᠡᠭᠡᠷ᠎ᠡ ᠲᠡᠷᠢᠭᠦᠯᠡᠭᠴᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠨ ᠰᠤᠷᠤᠯᠴᠠᠪᠠ ᠃  ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠳᠡᠳ᠋ ᠲᠡᠷᠢᠭᠦᠯᠡᠭᠴᠢ ᠾᠧ ᠸᠧᠢ ᠳ᠋ᠦᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠲᠡᠷᠢᠭᠦᠯᠡᠭᠴᠢ ᠰᠢ ᠵᠢᠨ ᠫᠢᠩ᠎ᠤᠨ ᠮᠠᠨ᠎ᠤ ᠴᠡᠷᠢᠭ᠎ᠤᠨ ᠨᠠᠮ᠎ᠤᠨ ᠪᠠᠢ᠌ᠭᠤᠯᠤᠯᠲᠠ ᠵᠢ ᠬᠥᠲᠥᠯᠥᠨ ᠳᠠᠭ᠋ᠠᠭᠤᠯᠵᠤ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠵᠢ ᠭᠦᠨᠵᠡᠭᠡᠢ ᠲᠠᠨᠢᠵᠤ ᠂ ᠲᠡᠷᠢᠭᠦᠯᠡᠭᠴᠢ ᠰᠢ ᠵᠢᠨ ᠫᠢᠩ᠎ᠤᠨ ᠮᠠᠨ᠎ᠤ ᠴᠡᠷᠢᠭ᠎ᠤᠨ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ ᠂ ᠴᠡᠷᠢᠭ ᠪᠠᠢ᠌ᠭᠤᠯᠤᠭᠳᠠᠭᠰᠠᠨ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠣᠨᠢᠯᠠᠨ ᠮᠠᠨ᠎ᠤ ᠴᠡᠷᠢᠭ᠎ᠤᠨ ᠨᠠᠮ᠎ᠤᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ ᠂ 《  ᠬᠣᠶᠠᠷ᠎ᠢ ᠲᠣᠭᠲᠠᠭ᠋ᠠᠭᠰᠠᠨ 》᠎ᠢ ᠡᠷᠡᠰ ᠬᠦᠷᠢᠶᠡᠯᠡᠬᠦ   ᠦᠵᠡᠯ ᠰᠠᠨᠠᠭ᠎ᠠ ᠤᠯᠤᠰ ᠲᠥᠷᠥ ᠵᠢᠨ ᠰᠠᠭᠤᠷᠢ ᠵᠢ ᠪᠠᠲᠤᠳᠬᠠᠵᠤ ᠂ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠬᠠᠷᠢᠭᠤᠴᠠᠬᠤ ᠳᠦᠷᠢᠮ᠎ᠢ ᠪᠦᠭᠦ ᠲᠠᠯ᠎ᠠ᠎ᠪᠠᠷ ᠭᠦᠨᠵᠡᠭᠡᠢ ᠲᠤᠭᠤᠰᠢᠯᠠᠭᠤᠯᠵᠤ ᠂ ᠳᠠᠢ᠌ᠨ᠎ᠳᠤ ᠪᠡᠯᠡᠳᠬᠡᠵᠦ ᠪᠠᠢ᠌ᠯᠳᠤᠭ᠋ᠠᠨ ᠬᠢᠬᠦ ᠴᠢᠳᠠᠪᠤᠷᠢ᠎ᠪᠠᠨ ᠳᠡᠭᠡᠭᠰᠢᠯᠡᠭᠦᠯᠭᠦ ᠬᠦᠴᠦᠷᠬᠡᠭ ᠶᠡᠬᠡ ᠬᠦᠴᠦᠨ᠎ᠢ ᠲᠥᠪᠯᠡᠷᠡᠭᠦᠯᠵᠦ ᠂ ᠳᠡᠭᠡᠳᠦ ᠳᠠᠪᠬᠤᠷᠭ᠎ᠠ ᠵᠢ ᠠᠳᠬᠤᠵᠤ ᠦᠨᠳᠦᠰᠦᠨ ᠱᠠᠲᠤ ᠵᠢ ᠬᠦᠴᠦᠷᠬᠡᠭᠵᠢᠭᠦᠯᠵᠦ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠪᠦᠭᠦ ᠲᠠᠯ᠎ᠠ᠎ᠪᠠᠷ ᠪᠡᠬᠢᠵᠢᠭᠦᠯᠬᠦ ᠵᠢ ᠴᠢᠬᠤᠯᠠᠴᠢᠯᠠᠵᠤ ᠂ ᠡᠷᠡᠰ ᠭᠤᠢ᠌ᠪᠢᠰᠢ ᠦᠭᠡᠢ᠎ᠪᠠᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠵᠦ ᠂ ᠮᠠᠨ᠎ᠤ ᠴᠡᠷᠢᠭ᠎ᠤᠨ ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠴᠢᠨᠠᠷ ᠴᠢᠨᠰᠠᠭ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭ᠋ᠠᠷᠳᠠᠵᠠᠢ ᠃

       ᠬᠤᠷᠠᠯ᠎ᠠᠴᠠ ᠬᠣᠯᠪᠣᠭᠳᠠᠯ ᠪᠦᠬᠦᠢ ᠠᠰᠠᠭᠤᠳᠠᠯ᠎ᠢ ᠶᠠᠷᠢᠯᠴᠠᠵᠤ ᠂ 15 ᠨᠢᠭᠡᠴᠢ ᠰᠠᠨᠠᠯ ᠵᠶ᠋ᠠᠨ ᠰᠣᠯᠢᠯᠴᠠᠬᠤ ᠦᠭᠡ ᠬᠡᠯᠡᠵᠡᠢ ᠃

       ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠭᠡᠰᠢᠭᠦᠨ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠬᠤᠷᠠᠯ᠎ᠳᠤ ᠣᠷᠣᠯᠴᠠᠪᠠ ᠃  ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠭ᠎ᠠ ᠵᠢᠨ ᠡᠯ᠎ᠡ ᠬᠡᠯᠲᠡᠰ ᠵᠥᠪᠯᠡᠯ ᠂ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠡᠯ᠎ᠡ ᠰᠢᠭᠤᠳ ᠬᠠᠷᠢᠶ᠎ᠠ ᠪᠠᠢ᠌ᠭᠤᠯᠤᠮᠵᠢ ᠂ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠬᠠᠮᠲᠤᠷᠠᠭᠰᠠᠨ ᠪᠠᠢ᠌ᠯᠳᠤᠭ᠋ᠠᠨ᠎ᠤ ᠵᠢᠯᠤᠭᠣᠳᠬᠤ ᠲᠥᠪ ᠂ ᠡᠯ᠎ᠡ ᠪᠠᠢ᠌ᠯᠳᠤᠭ᠋ᠠᠨ᠎ᠤ ᠲᠣᠭᠣᠷᠢᠭ ᠂ ᠡᠯ᠎ᠡ ᠴᠡᠷᠢᠭ᠎ᠤᠨ ᠲᠦᠷᠦᠯ ᠵᠦᠢ᠍ᠯ ᠂ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠡᠯ᠎ᠡ ᠰᠢᠭᠤᠳ ᠬᠠᠷᠢᠶ᠎ᠠ ᠨᠢᠭᠡᠴᠢ ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠵᠡᠷᠭᠡ ᠬᠤᠷᠠᠯ᠎ᠳᠤ ᠣᠷᠣᠯᠴᠠᠪᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠴᠧᠩᠳᠦ᠋ ᠵᠢᠨ 31 ᠳ᠋ᠦ᠍ᠭᠡᠷ ᠬᠤᠭᠤᠴᠠᠭ᠋ᠠᠨ᠎ᠤ ᠳᠡᠯᠡᠬᠡᠢ ᠵᠢᠨ ᠣᠶᠤᠲᠠᠳ᠎ᠤᠨ ᠵᠤᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ᠎ᠳᠤ ᠣᠷᠣᠯᠴᠠᠬᠤ ᠵᠢᠨ ᠬᠠᠮᠲᠤ ᠭᠠᠳᠠᠭ᠋ᠠᠳᠤ ᠶᠠᠪᠤᠳᠠᠯ᠎ᠤᠨ ᠰᠢᠷᠢᠰ ᠠᠵᠢᠯᠯᠠᠭ᠎ᠠ ᠥᠷᠨᠢᠭᠦᠯᠦᠨ᠎ᠡ
ᠣᠳᠣᠬᠠᠨ᠎ᠤ ᠠᠵᠤ ᠠᠬᠤᠢ ᠵᠢᠨ ᠪᠠᠢ᠌ᠳᠠᠯ ᠪᠠ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠨᠠᠮ᠎ᠤᠨ ᠭᠠᠳᠠᠨᠠᠬᠢ ᠬᠥᠮᠥᠰ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ ᠰᠢ ᠵᠢᠨ ᠫᠢᠩ ᠶᠠᠷᠢᠯᠴᠠᠬᠤ ᠬᠤᠷᠠᠯ᠎ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ ᠯᠢ ᠴᠢᠶᠠᠩ ᠬᠣᠯᠪᠣᠭᠳᠠᠯ ᠪᠦᠬᠦᠢ ᠪᠠᠢ᠌ᠳᠠᠯ᠎ᠢ ᠮᠡᠳᠡᠭᠳᠡᠵᠦ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠣᠯᠣᠨ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ ᠵᠠᠷᠯᠢᠭ (ᠨᠠᠢ᠍ᠮᠠᠳᠤᠭ᠋ᠠᠷ ᠲᠣᠭ᠋ᠠᠲᠤ)
ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ ᠥᠨᠳᠥᠷ ᠲᠦᠪᠰᠢᠨ ᠪᠦᠬᠦᠢ ᠵᠠᠰᠠᠯᠲᠠ᠎ᠪᠠᠷ ᠮᠠᠨ᠎ᠤ ᠴᠡᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ
 
            