ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 24᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ
7 ᠰᠠᠷ᠎ᠠ ᠵᠢᠨ 24᠎ᠤ ᠡᠳᠦᠷ ᠬᠤᠷᠠᠯ ᠬᠤᠷᠠᠯᠳᠤᠭᠤᠯᠵᠤ ᠂ ᠣᠳᠣᠬᠠᠨ᠎ᠤ ᠠᠵᠤ ᠠᠬᠤᠢ ᠵᠢᠨ ᠪᠠᠢ᠌ᠳᠠᠯ᠎ᠢ ᠵᠠᠳᠠᠯᠤᠨ ᠰᠤᠳᠤᠯᠵᠤ ᠂ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠢ ᠪᠠᠢ᠌ᠷᠢᠯᠠᠭᠤᠯᠪᠠ ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ ᠃
ᠬᠤᠷᠠᠯ᠎ᠠᠴᠠ ᠂ ᠡᠨᠡ ᠵᠢᠯ᠎ᠠᠴᠠ ᠨᠠᠭ᠋ᠠᠰᠢ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠶᠡᠬᠡ ᠲᠠᠯ᠎ᠠ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ ᠂ ᠤᠯᠤᠰ ᠠᠷᠠᠳ᠎ᠤᠨ ᠠᠵᠤ ᠠᠬᠤᠢ ᠵᠢᠨ ᠦᠷᠭᠦᠯᠵᠢᠯᠡᠨ ᠰᠡᠷᠭᠦᠵᠦ ᠂ ᠶᠡᠷᠦᠩᠬᠡᠢ᠎ᠳᠡᠭᠡᠨ ᠳᠡᠭᠡᠭᠰᠢᠯᠡᠨ ᠰᠠᠢ᠌ᠵᠢᠷᠠᠵᠤ ᠂ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ ᠂ ᠠᠵᠤ ᠦᠢ᠍ᠯᠡᠰ᠎ᠢ ᠳᠡᠰ ᠳᠡᠪᠰᠢᠭᠦᠯᠬᠦ ᠵᠢ ᠰᠠᠢ᠌ᠲᠤᠷ ᠠᠬᠢᠭᠤᠯᠵᠤ ᠂ ᠠᠮᠤ ᠪᠤᠳᠠᠭ᠎ᠠ ᠡᠨᠧᠷᠭᠢ ᠵᠢᠨ ᠠᠮᠤᠷ ᠲᠦᠪᠰᠢᠨ᠎ᠢ ᠪᠦᠲᠦᠮᠵᠢᠲᠡᠢ ᠪᠠᠲᠤᠯᠠᠵᠤ ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠵᠤ ᠂ ᠪᠦᠭᠦ ᠵᠢᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ᠎ᠳᠤ ᠰᠠᠢ᠌ᠨ ᠰᠠᠭᠤᠷᠢ ᠵᠢ ᠲᠠᠯᠪᠢᠵᠠᠢ ᠭᠡᠵᠦ ᠦᠵᠡᠪᠡ ᠃
ᠬᠤᠷᠠᠯ᠎ᠠᠴᠠ ᠂ ᠣᠳᠣᠬᠠᠨ᠎ᠤ ᠠᠵᠤ ᠠᠬᠤᠢ ᠵᠢᠨ ᠡᠷᠭᠢᠯᠲᠡ᠎ᠳᠤ ᠰᠢᠨ᠎ᠡ ᠬᠦᠴᠢᠷᠳᠡᠯ ᠪᠠ ᠥᠷᠢᠰᠦᠯᠳᠦᠭᠡᠨ ᠲᠤᠯᠭ᠋ᠠᠷᠠᠵᠤ ᠪᠠᠢ᠌ᠨ᠎ᠠ ᠂ ᠭᠣᠣᠯᠳᠠᠭᠤ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠬᠦᠷᠦᠯᠴᠡᠬᠦ ᠦᠭᠡᠢ ᠂ ᠵᠠᠷᠢᠮ ᠠᠵᠤ ᠠᠬᠤᠢ᠌ᠯᠠᠯ᠎ᠤᠨ ᠡᠵᠡᠩᠨᠡᠯᠲᠡ ᠬᠦᠴᠢᠷᠳᠡᠯᠲᠡᠢ ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠭᠡᠮ ᠰᠣᠭᠣᠭ ᠨᠡᠯᠢᠶᠡᠳ ᠤᠯᠠᠨ ᠂ ᠭᠠᠳᠠᠭ᠋ᠠᠳᠤ ᠣᠷᠴᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠢ᠌ᠨ᠎ᠠ ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠲᠣᠭᠲᠠᠭᠤᠨ ᠵᠶ᠋ᠠᠷ ᠰᠢᠯᠵᠢᠭᠰᠡᠨ᠎ᠤ ᠳᠠᠷᠠᠭ᠎ᠠ ᠂ ᠠᠵᠤ ᠠᠬᠤᠢ ᠵᠢᠨ ᠰᠡᠷᠭᠦᠯᠲᠡ᠎ᠨᠢ ᠳᠠᠪᠠᠯᠭ᠋ᠠᠨ ᠮᠠᠶᠢᠭ᠎ᠤᠨ ᠬᠥᠭᠵᠢᠯᠲᠡ ᠂ ᠮᠤᠷᠤᠢ ᠰᠠᠷᠤᠢ ᠮᠠᠶᠢᠭ ᠵᠶ᠋ᠠᠷ ᠤᠷᠤᠭᠰᠢᠯᠠᠬᠤ ᠶᠠᠪᠤᠴᠠ ᠪᠣᠯᠣᠨ᠎ᠠ ᠃ ᠮᠠᠨ᠎ᠤ ᠤᠯᠤᠰ᠎ᠤᠨ ᠠᠵᠤ ᠠᠬᠤᠢ ᠯᠤᠲᠤ ᠶᠡᠬᠡ ᠬᠥᠭᠵᠢᠯᠲᠡ ᠵᠢᠨ ᠤᠶᠠᠨ ᠬᠠᠳᠠᠨ ᠴᠢᠨᠠᠷ ᠪᠠ ᠳᠠᠯᠳᠠ ᠬᠦᠴᠦᠨ᠎ᠲᠠᠢ ᠪᠠᠢ᠌ᠵᠤ ᠂ ᠤᠷᠲᠤ ᠬᠤᠭᠤᠴᠠᠭ᠋ᠠᠨ᠎ᠤ ᠰᠠᠢ᠌ᠵᠢᠷᠠᠵᠤ ᠪᠠᠢ᠌ᠭ᠎ᠠ ᠦᠨᠳᠦᠰᠦᠨ ᠪᠠᠢ᠌ᠳᠠᠯ ᠬᠤᠪᠢᠷᠠᠭᠰᠠᠨ ᠦᠭᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠬᠦ᠎ᠳᠤ ᠲᠣᠭᠲᠠᠭᠤᠨ᠎ᠤ ᠳᠤᠮᠳᠠ ᠠᠬᠢᠯᠲᠠ᠎ᠲᠠᠢ ᠪᠠᠢ᠌ᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ᠎ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ ᠂ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ ᠂ ᠬᠣᠷᠸ᠎ᠠ ᠲᠦᠷᠦ ᠵᠢᠨ ᠪᠣᠳᠣᠯᠭ᠎ᠠ ᠵᠢᠨ ᠡᠵᠡᠮᠰᠢᠯ ᠲᠣᠬᠢᠷᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠂ ᠢᠲᠡᠭᠡᠯ ᠵᠣᠷᠢᠭ᠎ᠢ ᠬᠥᠪᠴᠢᠯᠡᠬᠦ ᠂ ᠠᠶᠤᠯ ᠲᠦᠭᠰᠢᠭᠦᠷᠢ ᠵᠢ ᠰᠡᠷᠭᠡᠢ᠌ᠯᠡᠬᠦ᠎ᠳᠤ ᠬᠦᠴᠦ ᠣᠷᠣᠭᠤᠯᠵᠤ ᠂ ᠠᠵᠤ ᠠᠬᠤᠢ ᠵᠢᠨ ᠡᠷᠭᠢᠯᠲᠡ ᠵᠢ ᠦᠷᠭᠦᠯᠵᠢᠯᠡᠨ ᠰᠠᠢ᠌ᠵᠢᠷᠠᠭᠤᠯᠬᠤ ᠂ ᠳᠣᠲᠣᠭ᠋ᠠᠳᠤ ᠬᠥᠳᠡᠯᠭᠡᠬᠦ ᠬᠦᠴᠦᠨ᠎ᠢ ᠦᠷᠭᠦᠯᠵᠢᠯᠡᠨ ᠴᠢᠩᠭ᠋ᠠᠷᠠᠭᠤᠯᠬᠤ ᠂ ᠨᠡᠢ᠌ᠭᠡᠮ᠎ᠤᠨ ᠵᠢᠱ᠌ᠢᠯᠲᠡ ᠵᠢ ᠦᠷᠭᠦᠯᠵᠢᠯᠡᠨ ᠰᠠᠢ᠌ᠵᠢᠷᠠᠭᠤᠯᠬᠤ ᠂ ᠠᠶᠤᠯ ᠲᠦᠭᠰᠢᠭᠦᠷᠢ ᠭᠡᠮ ᠰᠣᠭᠣᠭ᠎ᠢ ᠦᠷᠭᠦᠯᠵᠢᠯᠡᠨ ᠠᠷᠢᠯᠭ᠋ᠠᠬᠤ ᠵᠢ ᠲᠠᠰᠤᠷᠠᠯᠳᠠ ᠦᠭᠡᠢ ᠠᠬᠢᠭᠤᠯᠵᠤ ᠂ ᠠᠵᠤ ᠠᠬᠤᠢ ᠵᠢᠨ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ᠎ᠤ ᠵᠣᠬᠢᠰᠲᠠᠢ ᠨᠡᠮᠡᠭᠳᠡᠯ᠎ᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠲᠦᠷᠦ ᠵᠢᠨ ᠪᠣᠳᠣᠯᠭ᠎ᠠ ᠵᠢᠨ ᠣᠷᠣᠨ ᠵᠠᠢ ᠵᠢ ᠰᠠᠢ᠌ᠲᠤᠷ ᠠᠰᠢᠭᠯᠠᠵᠤ ᠂ ᠬᠦᠴᠦᠯᠡᠬᠦ ᠴᠢᠭᠯᠡᠯ ᠵᠶ᠋ᠡᠨ ᠣᠨᠣᠪᠴᠢᠲᠠᠢ ᠣᠯᠵᠤ ᠂ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠬᠣᠷᠸ᠎ᠠ ᠡᠵᠡᠮᠰᠢᠯ ᠲᠣᠬᠢᠷᠠᠭᠤᠯᠭ᠎ᠠ ᠵᠢ ᠣᠨᠣᠪᠴᠢᠲᠠᠢ ᠪᠥᠭᠡᠳ ᠬᠦᠴᠦᠲᠡᠢ ᠬᠡᠷᠡᠭᠵᠢᠭᠦᠯᠵᠦ ᠂ ᠰᠥᠷᠭᠡᠦ ᠦᠶᠡᠯᠡᠯ᠎ᠤᠨ ᠲᠣᠬᠢᠷᠠᠭᠤᠯᠤᠯᠲᠠ ᠪᠣᠯᠣᠨ ᠲᠦᠷᠦ ᠵᠢᠨ ᠪᠣᠳᠣᠯᠭ᠎ᠠ ᠵᠢᠨ ᠨᠥᠭᠡᠴᠡ ᠵᠢ ᠴᠢᠩᠭ᠋ᠠᠳᠬᠠᠬᠤ ᠬᠡᠷᠡᠭᠲᠡᠢ ᠃ ᠡᠳ᠋᠎ᠤᠨ ᠵᠠᠰᠠᠭ᠎ᠤᠨ ᠢᠳᠡᠪᠬᠢᠲᠡᠢ ᠲᠦᠷᠦ ᠵᠢᠨ ᠪᠣᠳᠣᠯᠭ᠎ᠠ ᠪᠠ ᠵᠣᠭᠣᠰᠤᠨ᠎ᠤ ᠯᠠᠪᠳᠠᠭᠤᠨ ᠲᠦᠷᠦ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ ᠂ ᠭᠠᠢ᠌ᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠬᠤ ᠲᠦᠷᠦ ᠵᠢᠨ ᠪᠣᠳᠣᠯᠭ᠎ᠠ ᠵᠢ ᠦᠷᠭᠦᠯᠵᠢᠯᠡᠭᠦᠯᠬᠦ ᠂ ᠰᠢᠯᠢᠳᠡᠭᠵᠢᠭᠦᠯᠬᠦ ᠂ ᠲᠡᠭᠦᠯᠳᠡᠷᠵᠢᠭᠦᠯᠬᠦ ᠵᠢᠨ ᠬᠠᠮᠲᠤ ᠰᠠᠢ᠌ᠲᠤᠷ ᠨᠠᠢ᠌ᠳᠠᠪᠤᠷᠢᠵᠢᠭᠤᠯᠵᠤ ᠂ ᠶᠡᠷᠦᠩᠬᠡᠢ ᠬᠡᠮᠵᠢᠶ᠎ᠡ ᠪᠠ ᠪᠦᠲᠦᠴᠡ ᠵᠢᠨ ᠴᠢᠨᠠᠷᠲᠠᠢ ᠵᠣᠭᠣᠰᠤᠨ᠎ᠤ ᠲᠦᠷᠦ ᠵᠢᠨ ᠪᠣᠳᠣᠯᠭ᠎ᠠ ᠵᠢᠨ ᠦᠢ᠍ᠯᠡᠳᠦᠯ᠎ᠢ ᠪᠠᠳᠠᠷᠠᠭᠤᠯᠵᠤ ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠂ ᠪᠣᠳᠠᠲᠤ ᠴᠣᠭᠴᠠ ᠵᠢᠨ ᠠᠵᠤ ᠠᠬᠤᠢ ᠪᠠ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠬᠥᠭᠵᠢᠯᠲᠡ ᠵᠢ ᠶᠡᠬᠡ᠎ᠪᠠᠷ ᠳᠡᠮᠵᠢᠬᠦ ᠬᠡᠷᠡᠭᠲᠡᠢ ᠃ ᠠᠷᠠᠳ᠎ᠤᠨ ᠵᠣᠭᠣᠰᠤᠨ᠎ᠤ ᠭᠤᠪᠢᠭᠤᠯᠭ᠎ᠠ ᠵᠢᠨ ᠨᠤᠷᠮ᠎ᠠ ᠵᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ᠎ᠳᠤ ᠦᠨᠳᠦᠰᠦᠨ᠎ᠳᠡᠭᠡᠨ ᠲᠣᠭᠲᠠᠪᠤᠷᠢᠲᠠᠢ ᠪᠠᠢ᠌ᠬᠤ ᠵᠢ ᠪᠠᠲᠤᠯᠠᠬᠤ ᠬᠡᠷᠡᠭᠲᠡᠢ ᠃ ᠬᠥᠷᠥᠩᠭᠡ ᠵᠢᠨ ᠵᠠᠬ᠎ᠠ ᠳᠡᠯᠭᠡᠭᠦᠷ᠎ᠢ ᠬᠥᠭᠵᠢᠶᠡᠨ᠎ᠲᠠᠢ ᠪᠤᠯᠭ᠋ᠠᠵᠤ ᠂ ᠪᠡᠯᠡ ᠣᠷᠣᠭᠤᠯᠤᠭᠴᠢᠳ᠎ᠤᠨ ᠢᠲᠡᠭᠡᠯ᠎ᠢ ᠨᠡᠮᠡᠭᠳᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ ᠃
ᠬᠤᠷᠠᠯ᠎ᠠᠴᠠ ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠢᠳᠡᠪᠬᠢᠲᠡᠢ ᠥᠷᠭᠡᠳᠬᠡᠵᠦ ᠂ ᠬᠡᠷᠡᠭᠯᠡᠭᠡ᠎ᠪᠠᠷ ᠠᠵᠤ ᠠᠬᠤᠢ ᠵᠢᠨ ᠨᠡᠮᠡᠭᠳᠡᠯ᠎ᠢ ᠳᠠᠢ᠌ᠴᠢᠯᠠᠬᠤ ᠰᠠᠭᠤᠷᠢᠯᠠᠬᠤ ᠴᠢᠨᠠᠷᠲᠠᠢ ᠦᠢ᠍ᠯᠡᠳᠦᠯ᠎ᠢ ᠪᠠᠳᠠᠷᠠᠭᠤᠯᠵᠤ ᠂ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠬᠦ᠎ᠪᠠᠷ ᠳᠠᠮᠵᠢᠭᠤᠯᠤᠨ ᠬᠡᠷᠡᠭᠯᠡᠭᠡ ᠵᠢ ᠥᠷᠭᠡᠳᠬᠡᠵᠦ ᠂ ᠡᠴᠦᠰ᠎ᠤᠨ ᠬᠡᠷᠡᠭᠴᠡᠭᠡ᠎ᠪᠠᠷ ᠳᠠᠮᠵᠢᠭᠤᠯᠤᠨ ᠪᠦᠲᠦᠮᠵᠢᠲᠡᠢ ᠬᠠᠩᠭ᠋ᠠᠯᠭ᠎ᠠ ᠵᠢ ᠲᠠᠢ᠌ᠴᠢᠯᠠᠵᠥ ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠣᠯᠣᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠣᠷᠭ᠋ᠠᠨᠢᠭ ᠵᠶ᠋ᠠᠷ ᠤᠶᠠᠯᠳᠤᠭᠤᠯᠬᠤ ᠬᠡᠷᠡᠭᠲᠡᠢ ᠃ ᠮᠠᠰᠢᠨ ᠲᠡᠷᠭᠡ ᠂ ᠡᠯᠧᠺᠲᠷᠣᠨ ᠦᠢ᠍ᠯᠡᠳᠬᠦᠨ ᠂ ᠭᠡᠷ᠎ᠤᠨ ᠡᠳ᠋ᠯᠡᠯ ᠬᠡᠷᠡᠭᠰᠡᠯ ᠵᠡᠷᠭᠡ ᠶᠡᠬᠡ ᠬᠡᠮᠵᠢᠶᠡᠨ᠎ᠤ ᠬᠡᠷᠡᠭᠯᠡᠭᠡ ᠵᠢ ᠬᠥᠭᠵᠢᠭᠡᠵᠦ ᠂ ᠪᠡᠶ᠎ᠡ ᠵᠢᠨ ᠲᠠᠮᠢᠷ ᠵᠤᠭ᠎ᠠ ᠰᠡᠯᠡᠭᠦᠴᠡᠯ ᠂ ᠰᠣᠶᠣᠯ ᠵᠢᠭᠤᠯᠴᠢᠯᠠᠯ ᠵᠡᠷᠭᠡ ᠦᠢ᠍ᠯᠡᠴᠢᠯᠡᠭᠡᠨ᠎ᠤ ᠬᠡᠷᠡᠭᠯᠡᠭᠡ ᠵᠢ ᠠᠬᠢᠭᠤᠯᠬᠤ ᠬᠡᠷᠡᠭᠲᠡᠢ ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠳᠠᠢ᠌ᠴᠢᠯᠠᠬᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠵᠤ ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠬᠤ ᠪᠠ ᠬᠡᠷᠡᠭᠯᠡᠬᠦ ᠵᠢ ᠲᠦᠷᠭᠡᠳᠬᠡᠬᠦ ᠬᠡᠷᠡᠭᠲᠡᠢ ᠃ ᠠᠷᠠᠳ᠎ᠤᠨ ᠪᠡᠯᠡ ᠣᠷᠣᠭᠤᠯᠤᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠢ᠌ᠲᠡᠯᠡᠬᠦ ᠬᠡᠷᠡᠭᠲᠡᠢ ᠃ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠬᠤ ᠬᠡᠷᠡᠭᠲᠡᠢ ᠃ ᠤᠯᠠᠨ ᠤᠯᠤᠰ᠎ᠤᠨ ᠵᠢᠰᠢᠶᠠᠨ᠎ᠤ ᠨᠢᠰᠬᠡᠯ᠎ᠢ ᠨᠡᠮᠡᠭᠳᠡᠭᠦᠯᠵᠦ ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠲᠣᠭᠲᠠᠪᠤᠷᠢᠲᠠᠢ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠵᠤ ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ ᠂ ᠨᠡᠩ ᠤᠯᠠᠨ ᠲᠤᠯᠭ᠋ᠠᠭᠤᠷᠢ ᠠᠵᠤ ᠦᠢ᠍ᠯᠡᠰ᠎ᠢ ᠪᠠᠢ᠌ᠭᠤᠯᠬᠤ ᠵᠢ ᠲᠦᠷᠭᠡᠳᠬᠡᠬᠦ ᠬᠡᠷᠡᠭᠲᠡᠢ ᠃ ᠲᠣᠭ᠋ᠠᠴᠢᠯᠠᠭᠰᠠᠨ ᠠᠵᠤ ᠠᠬᠤᠢ ᠪᠣᠯᠣᠨ ᠲᠡᠷᠢᠭᠦᠨ᠎ᠤ ᠦᠢ᠍ᠯᠡᠳᠬᠦ ᠦᠢ᠍ᠯᠡᠰ ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ ᠂ ᠵᠣᠬᠢᠶᠠᠮᠠᠯ ᠤᠶᠤᠨ ᠴᠢᠳᠠᠪᠤᠷᠢ ᠵᠢᠨ ᠠᠮᠤᠷ ᠲᠦᠪᠰᠢᠨ ᠬᠥᠭᠵᠢᠯᠲᠡ ᠵᠢ ᠠᠬᠢᠭᠤᠯᠬᠤ ᠬᠡᠷᠡᠭᠲᠡᠢ ᠃ ᠲᠠᠪᠴᠠᠩ᠎ᠳᠤ ᠠᠵᠤ ᠠᠬᠤᠢ᠌ᠯᠠᠯ᠎ᠤᠨ ᠵᠢᠷᠤᠮᠵᠢᠭᠤᠨ ᠪᠥᠭᠡᠳ ᠡᠷᠡᠭᠦᠯ ᠵᠶ᠋ᠡᠷ ᠦᠷᠭᠦᠯᠵᠢᠯᠡᠨ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠥᠭᠡᠷᠡᠴᠢᠯᠡᠯᠲᠡ ᠨᠡᠭᠡᠭᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ ᠂ 《ᠬᠣᠶᠠᠷ ᠭᠤᠢ᠌ᠪᠢᠰᠢ ᠦᠭᠡᠢ ᠪᠠᠢ᠌ᠬᠤ 》 ᠵᠢ ᠪᠠᠷᠢᠮᠲᠠᠯᠠᠵᠤ ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠭᠣᠣᠯᠯᠠᠭᠴᠢ ᠥᠷᠢᠰᠦᠯᠳᠦᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠵᠦ ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ ᠵᠢᠨ ᠣᠷᠴᠢᠨ ᠨᠥᠬᠥᠴᠡᠯ᠎ᠢ ᠦᠨᠡᠨ ᠬᠦ᠌ ᠰᠢᠯᠢᠳᠡᠭᠵᠢᠭᠦᠯᠬᠦ ᠬᠡᠷᠡᠭᠲᠡᠢ ᠃ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠂ ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠬᠤ ᠂ ᠳᠤᠷ᠎ᠠ᠎ᠪᠠᠷ ᠵᠶ᠋ᠠᠨ ᠲᠡᠰᠬᠡᠨ ᠨᠣᠭᠳᠠᠭᠤᠯᠬᠤ ᠵᠢ ᠡᠷᠡᠰ ᠴᠡᠭᠴᠡᠯᠡᠨ ᠵᠠᠰᠠᠵᠤ ᠂ ᠵᠠᠰᠠᠭ᠎ᠤᠨ ᠣᠷᠳᠣᠨ᠎ᠠᠴᠠ ᠠᠵᠤ ᠠᠬᠤᠢ᠌ᠯᠠᠯ᠎ᠤᠨ ᠳᠠᠩᠰᠠᠨ᠎ᠳᠠᠬᠢ ᠵᠣᠭᠣᠰ᠎ᠢ ᠥᠷᠢᠲᠦᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ ᠃ ᠠᠵᠤ ᠠᠬᠤᠢ᠌ᠯᠠᠯ᠎ᠯᠤᠭ᠎ᠠ ᠵᠢᠨ ᠪᠠᠢ᠌ᠩᠭᠤᠵᠢᠭᠰᠠᠨ ᠣᠯᠣᠯᠴᠠᠭ᠎ᠠ ᠰᠣᠯᠢᠯᠴᠠᠭ᠎ᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠠᠵᠤ ᠠᠬᠤᠢ᠌ᠯᠠᠯ᠎ᠤᠨ ᠵᠣᠷᠢᠭᠲᠠᠢ᠎ᠪᠠᠷ ᠰᠢᠪᠲᠤᠯᠤᠯᠲᠠ ᠬᠢᠬᠦ ᠂ ᠵᠣᠷᠢᠭᠲᠠᠢ᠎ᠪᠠᠷ ᠪᠡᠯᠡ ᠣᠷᠣᠭᠤᠯᠬᠤ ᠂ ᠵᠣᠷᠢᠭᠲᠠᠢ᠎ᠪᠠᠷ ᠠᠶᠤᠯ ᠲᠦᠭᠰᠢᠭᠦᠷᠢ ᠵᠢ ᠡᠭᠦᠷᠭᠡᠯᠡᠬᠦ ᠵᠢ ᠵᠣᠷᠢᠭᠵᠢᠭᠤᠯᠵᠤ ᠂ ᠵᠠᠬ᠎ᠠ ᠳᠡᠯᠭᠡᠭᠦᠷ᠎ᠢ ᠢᠳᠡᠪᠬᠢᠲᠡᠢ ᠡᠭᠦᠳᠬᠦ ᠬᠡᠷᠡᠭᠲᠡᠢ ᠃ ᠨᠥᠬᠥᠴᠡᠯ᠎ᠲᠠᠢ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ ᠪᠣᠯᠣᠨ ᠴᠢᠯᠦᠭᠡᠲᠦ ᠠᠷᠠᠯᠵᠢᠶᠠᠨ᠎ᠤ ᠭᠠᠷᠠᠮ᠎ᠢ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠵᠣᠯᠭ᠋ᠠᠭᠤᠯᠬᠤ ᠵᠢ ᠳᠡᠮᠵᠢᠵᠤ ᠂ ᠥᠭᠡᠷᠡᠴᠢᠯᠡᠯᠲᠡ ᠨᠡᠭᠡᠭᠡᠯᠲᠡ ᠵᠢᠨ ᠤᠷᠢᠳ ᠵᠶ᠋ᠠᠷ ᠬᠢᠵᠦ ᠤᠷᠢᠳ ᠵᠶ᠋ᠠᠷ ᠲᠤᠷᠰᠢᠬᠤ ᠵᠢ ᠠᠬᠢᠭᠤᠯᠬᠤ ᠬᠡᠷᠡᠭᠲᠡᠢ ᠃ ᠭᠤᠷᠪᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ 》 ᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠶᠠᠷᠢᠶᠠᠨ᠎ᠤ ᠲᠠᠪᠴᠠᠩ᠎ᠢ ᠨᠢᠮᠪᠠᠢ ᠰᠠᠢ᠌ᠲᠤᠷ ᠡᠷᠭᠢᠯᠡᠭᠦ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠵᠢ ᠦᠨᠡᠨ ᠬᠦ᠌ ᠰᠡᠷᠭᠡᠢ᠌ᠯᠡᠨ ᠠᠷᠢᠯᠭ᠋ᠠᠵᠤ ᠂ ᠮᠠᠨ᠎ᠤ ᠤᠯᠤᠰ᠎ᠤᠨ ᠭᠡᠷ ᠭᠠᠵᠠᠷ᠎ᠤᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠰᠢᠨ᠎ᠡ ᠪᠠᠢ᠌ᠳᠠᠯ᠎ᠳᠤ ᠵᠣᠬᠢᠴᠠᠵᠤ ᠂ ᠭᠡᠷ ᠭᠠᠵᠠᠷ᠎ᠤᠨ ᠬᠥᠷᠥᠩᠭᠡ ᠵᠢᠨ ᠲᠥᠷᠥ ᠵᠢᠨ ᠪᠣᠳᠣᠯᠭ᠎ᠠ ᠵᠢ ᠴᠠᠭᠲᠤᠨᠢ ᠲᠣᠬᠢᠷᠠᠭᠤᠯᠤᠨ ᠰᠢᠯᠢᠳᠡᠭᠵᠢᠭᠦᠯᠵᠦ ᠂ ᠬᠣᠲᠠ ᠵᠢᠨ ᠪᠠᠢ᠌ᠳᠠᠯ᠎ᠲᠠᠢ᠎ᠪᠠᠨ ᠵᠣᠬᠢᠴᠠᠭᠤᠯᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠳᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠬᠠᠢ᠌ᠷᠴᠠᠭ᠎ᠢ ᠰᠠᠢ᠌ᠲᠤᠷ ᠬᠡᠷᠡᠭᠯᠡᠵᠦ ᠂ ᠰᠠᠭᠤᠭ᠋ᠠᠯᠢ ᠠᠷᠠᠳ᠎ᠤᠨ ᠬᠠᠲᠠᠭᠤ ᠬᠡᠷᠡᠭᠴᠡᠭᠡᠲᠦ ᠪᠠ ᠰᠠᠢ᠌ᠵᠢᠷᠠᠭᠤᠯᠬᠤ ᠬᠡᠷᠡᠭᠴᠡᠭᠡᠲᠦ ᠣᠷᠣᠨ ᠰᠠᠭᠤᠴᠠ ᠵᠢᠨ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠵᠤ ᠂ ᠭᠡᠷ ᠭᠠᠵᠠᠷ᠎ᠤᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠢ ᠃ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠪᠠ ᠬᠠᠩᠭ᠋ᠠᠯᠭ᠎ᠠ ᠵᠢ ᠨᠡᠮᠡᠭᠳᠡᠭᠦᠯᠵᠦ ᠂ ᠬᠤᠳᠠ ᠵᠢᠨ ᠳᠤᠮᠳᠠᠬᠢ ᠲᠣᠰᠬᠣᠨ᠎ᠤ ᠥᠭᠡᠷᠡᠴᠢᠯᠡᠯᠲᠡ ᠪᠠ 《ᠡᠩ᠎ᠤᠨ ᠪᠠ ᠪᠠᠴᠢᠮ ᠪᠠᠢ᠌ᠳᠠᠯ᠎ᠳᠤ ᠵᠡᠷᠭᠡ᠎ᠪᠠᠷ ᠬᠡᠷᠡᠭᠯᠡᠬᠦ 》 ᠤᠯᠠᠨ ᠨᠡᠢ᠌ᠲᠡ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ ᠂ ᠡᠯ᠎ᠡ ᠲᠦᠷᠦᠯ᠎ᠤᠨ ᠰᠤᠯᠠ ᠪᠠᠢ᠌ᠭ᠎ᠠ ᠭᠡᠷ ᠭᠠᠵᠠᠷ᠎ᠤᠨ ᠬᠥᠷᠥᠩᠭᠡ ᠵᠢᠨ ᠡᠷᠭᠢᠯᠲᠡ ᠵᠢ ᠰᠠᠢ᠌ᠵᠢᠷᠠᠭᠤᠯᠬᠤ ᠪᠠ ᠥᠭᠡᠷᠡᠴᠢᠯᠡᠬᠦ ᠬᠡᠷᠡᠭᠲᠡᠢ ᠃ ᠣᠷᠣᠨ ᠨᠤᠲᠤᠭ᠎ᠤᠨ ᠥᠷᠢ ᠥᠭᠴᠡᠭᠡ ᠵᠢᠨ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠨ ᠠᠷᠢᠯᠭ᠋ᠠᠵᠤ ᠂ ᠪᠦᠭᠦᠨ᠎ᠢ ᠬᠠᠮᠤᠷᠤᠭᠰᠠᠨ ᠥᠷᠢ ᠥᠭᠴᠡᠭᠡ ᠵᠢ ᠠᠷᠢᠯᠭ᠋ᠠᠬᠤ ᠲᠥᠰᠥᠯ᠎ᠢ ᠲᠣᠭᠲᠠᠭ᠋ᠠᠨ ᠬᠡᠷᠡᠭᠵᠢᠭᠦᠯᠬᠦ ᠬᠡᠷᠡᠭᠲᠡᠢ ᠃ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠂ ᠠᠶᠤᠯ ᠲᠦᠭᠰᠢᠭᠦᠷᠢ ᠶᠡᠬᠡᠲᠡᠢ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠠᠷᠠᠳ᠎ᠤᠨ ᠠᠮᠢᠳᠤᠷᠠᠯ᠎ᠢ ᠪᠠᠲᠤᠯᠠᠬᠤ ᠡᠷᠴᠢᠮ ᠵᠶ᠋ᠡᠨ ᠴᠢᠩᠭ᠋ᠠᠷᠠᠭᠤᠯᠵᠤ ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠵᠢ ᠪᠠᠢ᠌ᠯᠳᠤᠬᠤ ᠪᠣᠳᠣᠯᠭ᠎ᠠ ᠵᠢᠨ ᠥᠨᠳᠥᠷᠴᠡ ᠪᠣᠯᠭ᠋ᠠᠨ ᠲᠡᠭᠡᠭᠰᠢᠯᠡᠭᠦᠯᠵᠤ ᠪᠦᠭᠦ ᠲᠠᠯ᠎ᠠ᠎ᠪᠠᠷ ᠪᠣᠳᠣᠯᠬᠢᠯᠠᠵᠤ ᠂ ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ 》 ᠬᠣᠷᠢᠭ᠎ᠠ ᠱᠤᠭᠤᠮ᠎ᠢ ᠯᠠᠪᠳᠠᠭᠤᠨ ᠪᠠᠲᠤᠲᠠᠢ ᠰᠠᠬᠢᠵᠤ ᠂ ᠳᠤᠮᠳᠠ ᠵᠡᠷᠭᠡ ᠵᠢᠨ ᠣᠷᠣᠯᠭ᠎ᠠ᠎ᠲᠠᠢ ᠬᠥᠮᠥᠰ᠎ᠢ ᠨᠡᠮᠡᠭᠳᠡᠭᠦᠯᠬᠦ ᠬᠡᠷᠡᠭᠲᠡᠢ ᠃ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠶᠠᠰᠤ ᠴᠢᠨᠠᠷ᠎ᠢ ᠳᠡᠭᠡᠭᠰᠢᠯᠡᠭᠦᠯᠭᠦ ᠵᠢ ᠴᠢᠩᠭ᠋ᠠᠳᠬᠠᠵᠤ ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ ᠃ ᠬᠦᠨᠳᠦ ᠣᠨᠴᠠ ᠶᠡᠬᠡ ᠠᠮᠤᠷ ᠲᠦᠪᠰᠢᠨ᠎ᠤ ᠡᠨᠳᠡᠯ ᠭᠠᠷᠬᠤ ᠵᠢ ᠡᠷᠡᠰ ᠰᠡᠷᠭᠡᠢ᠌ᠯᠡᠵᠦ ᠂ ᠵᠤᠨ᠎ᠤ ᠤᠯᠠᠷᠢᠯ᠎ᠤᠨ ᠡᠨ᠋ᠸᠷᠭᠢ ᠴᠠᠭᠢᠯᠭ᠋ᠠᠨ ᠬᠦᠴᠦᠨ᠎ᠤ ᠬᠡᠷᠡᠭᠯᠡᠭᠡ ᠵᠢᠨ ᠤᠷᠭᠢᠯ᠎ᠤᠨ ᠬᠤᠭᠤᠴᠠᠭ᠎ᠠ ᠵᠢᠨ ᠬᠠᠩᠭ᠋ᠠᠯᠭ᠎ᠠ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ ᠵᠶ᠋ᠡᠷ ᠠᠵᠠ ᠲᠣᠭᠢᠶᠠᠯ ᠪᠤᠯᠭ᠋ᠠᠵᠤ ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠥᠮᠥᠵᠢᠭᠦᠯᠦᠨ ᠵᠢᠯᠤᠭᠣᠳᠴᠤ ᠵᠥᠪ ᠵᠠᠰᠠᠭ᠎ᠤᠨ ᠠᠵᠢᠯ᠎ᠤᠨ ᠠᠮᠵᠢᠯᠲᠠ ᠵᠢᠨ ᠦᠵᠡᠯᠲᠡ ᠵᠢ ᠪᠠᠲᠤ ᠪᠤᠢ ᠪᠤᠯᠭ᠋ᠠᠵᠤ ᠂ ᠠᠵᠢᠯ ᠬᠢᠵᠦ ᠦᠢ᠍ᠯᠡᠰ ᠪᠣᠰᠬᠠᠬᠤ ᠢᠳᠡᠪᠬᠢᠵᠢᠯ᠎ᠢ᠎ᠨᠢ ᠨᠡᠩ ᠰᠠᠢ᠌ᠲᠤᠷ ᠬᠥᠭᠵᠢᠭᠡᠵᠦ ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ ᠂ ᠬᠦᠴᠢᠷ᠎ᠢ ᠲᠤᠭᠤᠯᠤᠨ ᠪᠡᠷᠬᠡ ᠵᠢ ᠳᠠᠪᠠᠬᠤ᠎ᠳᠠᠭᠠᠨ ᠴᠢᠳᠠᠮᠠᠭ᠋ᠠᠢ ᠰᠢᠯᠢᠳᠡᠭ ᠺᠠᠳ᠋ᠷ᠎ᠢ ᠴᠣᠯᠭᠣᠷᠠᠭᠤᠯᠵᠤ ᠂ ᠢᠯᠡᠭᠦᠬᠡᠨ ᠬᠤᠪᠢ ᠨᠡᠮᠡᠷᠢ ᠦᠵᠡᠭᠦᠯᠵᠦ ᠂ ᠰᠢᠨ᠎ᠡ ᠳᠦᠷᠰᠦ ᠪᠠᠢ᠌ᠳᠠᠯ ᠰᠢᠨ᠎ᠡ ᠵᠢᠳᠬᠦᠯ ᠴᠢᠷᠮᠠᠢ᠌ᠯᠭ᠎ᠠ᠎ᠪᠠᠷ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ ᠃