ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠣᠳᠣᠬᠠᠨ᠎ᠤ ᠠᠵᠤ ᠠᠬᠤᠢ ᠵᠢᠨ ᠪᠠᠢ᠌ᠳᠠᠯ ᠪᠠ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠨᠠᠮ᠎ᠤᠨ ᠭᠠᠳᠠᠨᠠᠬᠢ ᠬᠥᠮᠥᠰ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ ᠰᠢ ᠵᠢᠨ ᠫᠢᠩ ᠶᠠᠷᠢᠯᠴᠠᠬᠤ ᠬᠤᠷᠠᠯ᠎ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ ᠯᠢ ᠴᠢᠶᠠᠩ ᠬᠣᠯᠪᠣᠭᠳᠠᠯ ᠪᠦᠬᠦᠢ ᠪᠠᠢ᠌ᠳᠠᠯ᠎ᠢ ᠮᠡᠳᠡᠭᠳᠡᠵᠦ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠨᠡᠶ᠋ᠢᠲᠡᠯᠡᠭᠰᠡᠨ ᠴᠠᠭ᠄ 2023-07-25

       ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 24᠎ᠤ ᠴᠠᠭᠢᠯᠭ᠋ᠠᠨ ᠮᠡᠳᠡᠭᠡ   7 ᠰᠠᠷ᠎ᠠ ᠵᠢᠨ 21᠎ᠤ ᠡᠳᠦᠷ ᠂  ᠨᠠᠮ᠎ᠤᠨ ᠲᠥᠪ ᠬᠣᠷᠢᠶ᠎ᠠ ᠵᠦᠩ ᠨᠠᠨ ᠬᠠᠢ᠎ᠳᠤ ᠨᠠᠮ᠎ᠤᠨ ᠭᠠᠳᠠᠨᠠᠬᠢ ᠬᠥᠮᠥᠰ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ ᠂  ᠣᠳᠣᠬᠠᠨ᠎ᠤ ᠠᠵᠤ ᠠᠬᠤᠢ ᠵᠢᠨ ᠪᠠᠢ᠌ᠳᠠᠯ ᠪᠣᠯᠣᠨ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶ᠎ᠠ ᠂  ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠬᠠᠷᠢᠭᠤᠴᠠᠯᠭ᠋ᠠᠲᠠᠨ ᠪᠣᠯᠣᠨ ᠨᠠᠮ ᠪᠦᠯᠦᠭ᠎ᠤᠨ ᠪᠤᠰᠤ ᠬᠥᠮᠥᠰ᠎ᠤᠨ ᠲᠥᠯᠥᠭᠡᠯᠡᠭᠴᠢ ᠵᠢᠨ ᠰᠠᠨᠠᠯ ᠰᠠᠨᠠᠭᠤᠯᠭ᠎ᠠ ᠵᠢ ᠰᠣᠨᠣᠰᠪᠠ ᠃  ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠶᠠᠷᠢᠯᠴᠠᠬᠤ ᠬᠤᠷᠠᠯ᠎ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ ᠂  ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠬᠦ᠎ᠳᠤ ᠂  ᠲᠣᠭᠲᠠᠭᠤᠨ᠎ᠤ ᠳᠤᠮᠳᠠ ᠠᠬᠢᠯᠲᠠ᠎ᠲᠠᠢ ᠪᠠᠢ᠌ᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ ᠂  ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠂  ᠵᠥᠪ ᠣᠨᠣᠪᠴᠢᠲᠠᠶ ᠂  ᠪᠦᠭᠦ ᠲᠠᠯ᠎ᠠ᠎ᠪᠠᠷ ᠲᠤᠭᠤᠰᠢᠯᠠᠭᠤᠯᠵᠤ ᠂  ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ ᠂  ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ ᠂  ᠬᠣᠷᠸ᠎ᠠ ᠲᠥᠷᠥ ᠵᠢᠨ ᠪᠣᠳᠣᠯᠭ᠎ᠠ ᠵᠢᠨ ᠡᠵᠡᠮᠰᠢᠯ ᠲᠣᠬᠢᠷᠠᠭᠤᠯᠭ᠎ᠠ ᠵᠢᠨ ᠡᠷᠴᠢᠮ ᠵᠢᠨᠨ ᠴᠢᠩᠭ᠋ᠠᠷᠠᠭᠤᠯᠵᠤ  ᠂  ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠂  ᠢᠲᠡᠭᠡᠯ ᠵᠣᠷᠢᠭ᠎ᠢ ᠬᠥᠪᠴᠢᠯᠡᠬᠦ ᠂  ᠠᠶᠤᠯ ᠲᠦᠭᠰᠢᠭᠦᠷᠢ ᠵᠢ ᠰᠡᠷᠭᠡᠢ᠌ᠯᠡᠬᠦ᠎ᠳᠤ ᠬᠦᠴᠦ ᠣᠷᠣᠭᠤᠯᠵᠤ ᠂  ᠠᠵᠤ ᠠᠬᠤᠢ ᠵᠢᠨ ᠡᠷᠭᠢᠯᠲᠡ ᠵᠢ ᠦᠷᠭᠦᠯᠵᠢᠯᠡᠨ ᠰᠠᠢ᠌ᠵᠢᠷᠠᠭᠤᠯᠬᠤ ᠂  ᠳᠣᠲᠣᠭ᠋ᠠᠳᠤ ᠬᠥᠳᠡᠯᠭᠡᠬᠦ ᠬᠦᠴᠦᠨ᠎ᠢ ᠦᠷᠭᠦᠯᠵᠢᠯᠡᠨ ᠴᠢᠩᠭ᠋ᠠᠳᠬᠠᠬᠤ ᠂  ᠨᠡᠢ᠌ᠭᠡᠮ᠎ᠤᠨ ᠵᠢᠱ᠌ᠢᠯᠲᠡ ᠵᠢ ᠦᠷᠭᠦᠯᠵᠢᠯᠡᠨ ᠰᠠᠢ᠌ᠵᠢᠷᠠᠭᠤᠯᠬᠤ ᠂  ᠠᠶᠤᠯ ᠲᠦᠭᠰᠢᠭᠦᠷᠢ ᠭᠡᠮ ᠰᠣᠭᠣᠭ᠎ᠢ ᠦᠷᠭᠦᠯᠵᠢᠯᠡᠨ ᠠᠷᠢᠯᠭ᠋ᠠᠬᠤ ᠵᠢ ᠲᠠᠰᠤᠷᠠᠯᠲᠡ ᠦᠭᠡᠢ ᠠᠬᠢᠭᠤᠯᠵᠤ ᠂  ᠠᠵᠤ ᠠᠬᠤᠢ ᠵᠢᠨ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ᠎ᠤ ᠵᠣᠬᠢᠰᠲᠠᠢ ᠨᠡᠮᠡᠭᠳᠡᠯ᠎ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

       ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠯᠢ ᠴᠢᠶᠠᠩ ᠂  ᠼᠠᠢ ᠴᠢ ᠂  ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ᠎ᠳᠤ ᠣᠷᠣᠯᠴᠠᠪᠠ ᠃  ᠯᠢ ᠴᠢᠶᠠᠩ ᠨᠠᠮ᠎ᠤᠨ ᠲᠥᠪ ᠬᠣᠷᠢᠶ᠎ᠠ ᠵᠢᠨ ᠨᠠᠢ᠌ᠳᠠᠯᠭ᠎ᠠ᠎ᠪᠠᠷ ᠳᠡᠭᠡᠷ᠎ᠡ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠤᠨ ᠬᠣᠯᠪᠣᠭᠳᠠᠯ ᠪᠦᠬᠦᠢ ᠪᠠᠢ᠌ᠳᠠᠯ᠎ᠢ ᠮᠡᠳᠡᠭᠳᠡᠵᠦ ᠂  ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠤᠨ ᠬᠣᠯᠪᠣᠭᠳᠠᠯ ᠪᠦᠬᠦᠢ ᠪᠣᠳᠣᠯᠬᠢᠯᠠᠯ᠎ᠢ ᠲᠠᠨᠢᠯᠴᠠᠭᠤᠯᠪᠠ ᠃

       ᠶᠠᠷᠢᠯᠴᠠᠬᠤ ᠬᠤᠷᠠᠯ ᠳᠡᠭᠡᠷ᠎ᠡ ᠂  ᠭᠣᠮᠢᠨᠳᠠᠩ᠎ᠤᠨ ᠬᠤᠪᠢᠰᠬᠠᠯᠲᠤ ᠬᠣᠷᠢᠶ᠎ᠠ ᠵᠢᠨ ᠲᠥᠪ ᠬᠣᠷᠢᠶ᠎ᠠ ᠵᠢᠨ ᠲᠡᠷᠢᠭᠦᠯᠡᠭᠴᠢ ᠵᠧᠩ ᠵᠢᠶᠠᠨ ᠪᠠᠩ ᠂  ᠠᠷᠠᠳᠴᠢᠯᠠᠭᠰᠠᠨ ᠬᠣᠯᠪᠤᠭ᠎ᠠ ᠵᠢᠨ ᠲᠥᠪ ᠬᠣᠷᠢᠶ᠎ᠠ ᠵᠢᠨ ᠲᠡᠷᠢᠭᠦᠯᠡᠭᠴᠢ ᠳ᠋ᠢᠩ ᠵᠥᠩ ᠯᠢ ᠂  ᠠᠷᠠᠳᠴᠢᠯᠠᠯ ᠵᠶ᠋ᠠᠷ ᠤᠯᠤᠰ ᠵᠶ᠋ᠠᠨ ᠪᠠᠢ᠌ᠭᠤᠯᠬᠤ ᠬᠤᠷᠠᠯ᠎ᠤᠨ ᠲᠥᠪ ᠬᠣᠷᠢᠶ᠎ᠠ ᠵᠢᠨ ᠲᠡᠷᠢᠭᠦᠯᠡᠭᠴᠢ ᠬᠤᠤ ᠮᠢᠩ ᠵᠢᠨ ᠂  ᠠᠷᠠᠳᠴᠢᠯᠠᠯ ᠵᠶ᠋ᠠᠷ ᠠᠬᠢᠭᠤᠯᠬᠤ ᠬᠤᠷᠠᠯ᠎ᠤᠨ ᠲᠥᠪ ᠬᠣᠷᠢᠶ᠎ᠠ ᠵᠢᠨ ᠲᠡᠷᠢᠭᠦᠯᠡᠭᠴᠢ ᠼᠠᠢ ᠳ᠋ᠠ ᠹᠧᠩ ᠂  ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠣᠷᠢᠶ᠎ᠠ ᠵᠢᠨ ᠲᠡᠷᠢᠭᠦᠯᠡᠭᠴᠢ ᠾᠧ ᠸᠧᠢ ᠂  ᡁᠢᠭᠦ᠋ᠩᠳᠠᠩ ᠨᠠᠮ᠎ᠤᠨ ᠲᠥᠪ ᠬᠣᠷᠢᠶ᠎ᠠ ᠵᠢᠨ ᠲᠡᠷᠢᠭᠦᠯᠡᠭᠴᠢ ᠵᠢᠶᠠᠩ ᠽᠦᠸᠧ ᠵᠢᠶᠦ᠋ᠨ ᠂ 《 9 · 3 》᠎ᠤ ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠲᠥᠪ ᠬᠣᠷᠢᠶ᠎ᠠ ᠵᠢᠨ ᠲᠡᠷᠢᠭᠦᠯᠡᠭᠴᠢ ᠦ᠋ ᠸᠧᠢ ᠬᠤᠸᠠ ᠂  ᠲᠠᠢ᠌ᠸᠠᠨ᠎ᠤ ᠠᠷᠠᠳᠴᠢᠯᠠᠯ ᠵᠶ᠋ᠠᠷ ᠥᠪᠡᠷᠲᠡᠭᠡᠨ ᠵᠠᠰᠠᠬᠤ ᠬᠣᠯᠪᠤᠭ᠎ᠠ ᠵᠢᠨ ᠲᠥᠪ ᠬᠣᠷᠢᠶ᠎ᠠ ᠵᠢᠨ ᠲᠡᠷᠢᠭᠦᠯᠡᠭᠴᠢ ᠰᠦ᠍ ᠬᠣᠶ ᠂  ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠲᠡᠷᠢᠭᠦᠯᠡᠭᠴᠢ

ᠭᠤᠤ ᠶᠦᠨ ᠯᠦᠩ ᠂  ᠨᠠᠮ ᠪᠦᠯᠦᠭ᠎ᠤᠨ ᠪᠤᠰᠤ ᠬᠥᠮᠥᠰ᠎ᠤᠨ ᠲᠥᠯᠥᠭᠡᠯᠡᠭᠴᠢ ᠹᠠᠨ ᠵᠢᠶᠧ ᠤᠷᠢᠳ ᠬᠣᠵᠢᠳ ᠦᠭᠡ ᠬᠡᠯᠡᠪᠡ ᠃  ᠲᠡᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠣᠳᠣᠬᠠᠨ᠎ᠤ ᠮᠠᠨ᠎ᠤ ᠤᠯᠤᠰ᠎ᠤᠨ ᠠᠵᠤ ᠠᠬᠤᠢ ᠵᠢᠨ ᠪᠠᠢ᠌ᠳᠠᠯ᠎ᠤᠨ ᠲᠤᠬᠠᠢ   ᠵᠠᠳᠠᠯᠤᠯᠲᠠ ᠮᠠᠭ᠋ᠠᠳᠯᠠᠯᠲᠠ ᠪᠠ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠤᠨ ᠲᠤᠬᠠᠢ ᠲᠥᠯᠦᠪᠵᠢᠭᠦᠯᠭᠡ ᠪᠣᠳᠣᠯᠬᠢᠯᠠᠯ᠎ᠢ ᠪᠦᠷᠢᠮᠦᠰᠦᠨ ᠵᠥᠪᠰᠢᠶᠡᠷᠡᠵᠦ ᠪᠠᠢ᠌ᠬᠤ ᠪᠥᠭᠡᠳ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠂  ᠰᠦᠯᠵᠢᠶᠡᠨ᠎ᠤ ᠡᠮᠬᠢ ᠵᠠᠮᠪᠠᠷᠠᠭ᠎ᠠ ᠦᠭᠡᠢ ᠦᠵᠡᠭᠳᠡᠯ᠎ᠢ ᠵᠠᠰᠠᠬᠤ ᠡᠷᠴᠢᠮ᠎ᠢ ᠴᠢᠩᠭ᠋ᠠᠷᠠᠭᠤᠯᠬᠤ ᠂  ᠵᠣᠬᠢᠶᠠᠮᠠᠯ ᠣᠶᠤᠨ ᠴᠢᠳᠠᠪᠤᠷᠢ ᠵᠢᠨ ᠰᠢᠨ᠎ᠡ ᠵᠢ ᠡᠭᠦᠳᠬᠦ ᠬᠥᠭᠵᠢᠯᠲᠡ ᠵᠢ ᠲᠦᠷᠭᠡᠳᠬᠡᠬᠦ ᠂  ᠠᠵᠤ ᠦᠢ᠍ᠯᠡᠰ᠎ᠤᠨ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ ᠵᠢᠨ ᠠᠭᠤᠰᠤᠯᠴᠠᠯ᠎ᠢ ᠴᠢᠩᠭ᠋ᠠᠳᠬᠠᠬᠤ ᠂  ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠬᠦ ᠂  ᠰᠢᠨ᠎ᠡ ᠭᠡᠯᠪᠡᠷᠢ ᠵᠢᠨ ᠬᠡᠷᠡᠭᠯᠡᠭᠡ ᠵᠢᠨ ᠬᠥᠭᠵᠢᠯᠲᠡ ᠵᠢ ᠠᠬᠢᠭᠤᠯᠬᠤ ᠂  ᠦᠢ᠍ᠯᠡᠳᠬᠦ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠬᠦ ᠂  ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠂  ᠰᠢᠨ᠎ᠡ ᠲᠤᠯᠭ᠋ᠠᠭᠤᠷᠢ ᠠᠵᠤ ᠦᠢ᠍ᠯᠡᠰ᠎ᠢ ᠶᠡᠬᠡ᠎ᠪᠠᠷ ᠪᠣᠢ᠌ᠵᠢᠭᠤᠯᠬᠤ ᠂  ᠰᠢᠨ᠎ᠡ ᠵᠢ ᠡᠭᠦᠳᠬᠦ ᠬᠡᠯᠬᠢᠶ᠎ᠡ ᠪᠠ ᠠᠵᠤ ᠦᠢ᠍ᠯᠡᠰ᠎ᠤᠨ ᠬᠡᠯᠬᠢᠶ᠎ᠡ ᠵᠢᠨ ᠪᠠᠢ᠌ᠷᠢᠰᠢᠭᠤᠯᠤᠯᠲᠠ ᠵᠢ ᠬᠠᠮᠵᠢᠯᠴᠠᠭᠤᠯᠬᠤ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠴᠠᠢ ᠃

       ᠤᠯᠠᠨ᠎ᠤ ᠬᠡᠯᠡᠬᠦ ᠵᠢ ᠨᠠᠷᠢᠨ ᠬᠢᠨᠠᠮᠠᠭ᠋ᠠᠢ ᠰᠣᠨᠣᠰᠤᠭᠰᠠᠨ᠎ᠤ ᠳᠠᠷᠠᠭ᠎ᠠ ᠂  ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ ᠃  ᠲᠡᠷᠡ ᠂  ᠤᠯᠠᠨ ᠵᠶ᠋ᠠᠷ ᠵᠶ᠋ᠠᠨ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠬᠦ ᠲᠤᠬᠠᠢ ᠮᠠᠰᠢ ᠤᠯᠠᠨ ᠰᠠᠢ᠌ᠨ ᠰᠠᠨᠠᠯ ᠰᠠᠨᠠᠭᠤᠯᠭ᠎ᠠ ᠳᠤᠷᠠᠳᠴᠠᠢ ᠃  ᠪᠢᠳᠠ ᠨᠠᠷᠢᠨ ᠬᠢᠨᠠᠮᠠᠭ᠋ᠠᠢ ᠰᠤᠳᠤᠯᠵᠤ ᠂  ᠢᠳᠡᠪᠬᠢᠲᠡᠢ᠎ᠪᠠᠷ ᠭᠥᠯᠢᠶᠡᠨ ᠠᠪᠤᠨ᠎ᠠ ᠭᠡᠵᠦ ᠢᠯᠡᠳᠬᠡᠪᠡ ᠃

       ᠰᠢ ᠵᠢᠨ ᠫᠢᠩ ᠂  ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ ᠂  ᠬᠣᠷᠸ᠎ᠠ ᠲᠦᠷᠦ ᠵᠢᠨ ᠪᠣᠳᠣᠯᠭ᠎ᠠ ᠡᠮᠦᠨ᠎ᠡ᠎ᠨᠢ ᠣᠷᠣᠵᠤ ᠬᠠᠮᠵᠢᠯᠴᠠᠨ ᠬᠦᠴᠦᠯᠡᠵᠦ ᠂  ᠤᠯᠤᠰ ᠠᠷᠠᠳ᠎ᠤᠨ ᠠᠵᠤ ᠠᠬᠤᠢ ᠦᠷᠭᠦᠯᠵᠢᠯᠡᠨ ᠰᠡᠷᠭᠦᠵᠦ ᠂  ᠡᠷᠭᠢᠯᠲᠡ ᠶᠡᠷᠦᠩᠬᠡᠢ᠎ᠳᠡᠭᠡᠨ ᠲᠣᠭᠲᠠᠭᠤᠨ ᠪᠠᠢ᠌ᠵᠤ ᠂  ᠠᠵᠤ ᠦᠢ᠍ᠯᠡᠰ᠎ᠤᠨ ᠳᠡᠰ ᠳᠡᠪᠰᠢᠯᠳᠠ ᠢᠯᠡᠳᠲᠡ ᠦᠷ᠎ᠡ ᠪᠦᠲᠦᠮᠵᠢ ᠣᠯᠵᠤ ᠂  ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ᠎ᠢ ᠠᠯᠬᠤᠵᠤ ᠂  ᠠᠮᠤ ᠪᠤᠳᠠᠭ᠎ᠠ ᠡᠨᠧᠷᠭᠢ ᠵᠢᠨ ᠠᠮᠤᠷ ᠲᠦᠪᠰᠢᠨ᠎ᠢ ᠪᠦᠲᠦᠮᠵᠢᠲᠡᠢ ᠪᠠᠲᠤᠯᠠᠵᠤ ᠂  ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠬᠦᠴᠦᠲᠡᠢ ᠪᠥᠭᠡᠳ ᠪᠦᠲᠦᠮᠵᠢᠲᠡᠢ ᠪᠤᠯᠭ᠋ᠠᠵᠤ ᠂  ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠲᠠᠢ ᠦᠨᠳᠦᠰᠦᠨ᠎ᠳᠡᠭᠡᠨ ᠠᠳᠠᠯᠢ ᠠᠯᠬᠤᠮ᠎ᠲᠠᠢ ᠪᠤᠯᠭ᠋ᠠᠵᠤ ᠂  ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠪᠠ ᠃  ᠮᠠᠨ᠎ᠤ ᠤᠯᠤᠰ᠎ᠤᠨ ᠠᠵᠤ ᠠᠬᠤᠢ ᠵᠢᠨ ᠰᠡᠷᠭᠦᠯᠲᠡ ᠵᠢᠨ ᠬᠤᠷᠳᠤᠴᠠ ᠪᠦᠭᠦ ᠪᠥᠮᠪᠥᠷᠴᠡᠭ᠎ᠤᠨ ᠭᠣᠣᠯ ᠪᠤᠯᠬᠤ ᠠᠵᠤ ᠠᠬᠤᠢ ᠵᠢᠨ ᠴᠣᠭᠴᠠ ᠵᠢᠨ ᠳᠣᠲᠣᠷ᠎ᠠ ᠲᠦᠷᠦᠭᠦᠯᠡᠬᠦ ᠪᠠᠢ᠌ᠷᠢᠨ᠎ᠳᠤ ᠣᠷᠣᠰᠢᠵᠤ ᠂  ᠤᠷᠳᠤ ᠬᠤᠭᠤᠴᠠᠭ᠋ᠠᠨ᠎ᠤ ᠰᠠᠢ᠌ᠵᠢᠷᠠᠵᠤ ᠪᠠᠢ᠌ᠭ᠎ᠠ ᠦᠨᠳᠦᠰᠦᠨ ᠪᠠᠢ᠌ᠳᠠᠯ ᠬᠤᠪᠢᠷᠠᠭ᠎ᠠ ᠦᠭᠡᠢ ᠂  ᠬᠥᠭᠵᠢᠯᠲᠡ ᠵᠢᠨ ᠢᠷᠡᠭᠡᠳᠦᠢ ᠭᠡᠭᠡᠨ ᠰᠠᠷᠠᠭᠤᠯ ᠪᠠᠢ᠌ᠨ᠎ᠠ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ ᠂  ᠣᠳᠣᠬᠠᠨ᠎ᠤ ᠠᠵᠤ ᠠᠬᠤᠢ ᠵᠢᠨ ᠡᠷᠭᠢᠯᠲᠡ᠎ᠳᠤ ᠲᠤᠯᠭ᠋ᠠᠷᠠᠵᠤ ᠪᠠᠢ᠌ᠭ᠎ᠠ ᠲᠣᠪᠣᠢ᠌ᠮ᠎ᠠ ᠵᠥᠷᠢᠴᠡᠯ ᠪᠣᠯᠣᠨ ᠠᠰᠠᠭᠤᠳᠠᠯ᠎ᠳᠤ ᠴᠢᠭᠯᠡᠭᠦᠯᠦᠨ ᠂  ᠬᠣᠷᠸ᠎ᠠ ᠲᠥᠷᠥ ᠵᠢᠨ ᠪᠣᠳᠣᠯᠭ᠎ᠠ ᠵᠢᠨ ᠡᠵᠡᠮᠰᠢᠯ ᠲᠣᠬᠢᠷᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ ᠂  ᠶᠡᠷᠦᠩᠬᠡᠢ ᠬᠡᠷᠡᠭᠴᠡᠭᠡ ᠵᠢ ᠢᠳᠡᠪᠬᠢᠲᠡᠢ ᠥᠷᠭᠡᠳᠬᠡᠨ ᠂  ᠠᠵᠤ ᠦᠢ᠍ᠯᠡᠰ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠶᠡᠬᠡ᠎ᠪᠠᠷ ᠠᠬᠢᠭᠤᠯᠵᠤ ᠂  ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ ᠥᠨᠳᠥᠷ ᠲᠦᠪᠰᠢᠨ ᠪᠦᠬᠦᠢ ᠨᠡᠭᠡᠭᠡᠯᠲᠡ ᠵᠢ ᠥᠷᠭᠡᠳᠬᠡᠨ ᠂  ᠭᠣᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠨ ᠠᠷᠢᠯᠭ᠋ᠠᠵᠤ ᠂  ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠠᠵᠢᠯ᠎ᠢ ᠦᠨᠡᠨ ᠬᠦ᠌ ᠰᠠᠢ᠌ᠲᠤᠷ ᠬᠢᠵᠦ ᠂  ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢ᠌ᠵᠢᠷᠠᠬᠤ ᠵᠢ ᠠᠬᠢᠭᠤᠯᠤᠨ ᠂  ᠪᠦᠭᠦ ᠵᠢᠯ᠎ᠤᠨ ᠬᠥᠭᠵᠢᠯᠲᠡ ᠵᠢᠨ ᠬᠠᠷᠠᠯᠲᠠ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ ᠂  ᠳᠡᠭᠡᠷ᠎ᠡ ᠬᠠᠭ᠋ᠠᠰ ᠵᠢᠯ᠎ᠳᠤ ᠂  ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶ᠎ᠠ ᠪᠣᠯᠣᠨ ᠨᠠᠮ ᠪᠦᠯᠦᠭ᠎ᠤᠨ ᠪᠤᠰᠤ ᠬᠥᠮᠥᠰ ᠨᠠᠮ ᠪᠣᠯᠣᠨ ᠤᠯᠤᠰ᠎ᠤᠨ ᠭᠣᠣᠯ ᠠᠵᠢᠯ᠎ᠤᠨ ᠲᠣᠭᠣᠷᠢᠨ᠎ᠳᠤ ᠂  ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠂  ᠲᠣᠭ᠋ᠠᠴᠢᠯᠠᠭᠰᠠᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠨ ᠠᠬᠢᠭᠤᠯᠬᠤ ᠂  ᠦᠢ᠍ᠯᠡᠳᠬᠦ ᠦᠢ᠍ᠯᠡᠰ᠎ᠤᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠰᠢᠯᠢᠳᠡᠭᠵᠢᠭᠦᠯᠦᠨ ᠲᠡᠰ ᠳᠡᠪᠰᠢᠭᠦᠯᠬᠦ ᠵᠡᠷᠭᠡ ᠴᠢᠬᠤᠯᠠ ᠶᠡᠬᠡ ᠰᠡᠳᠦᠪ᠎ᠤᠨ ᠲᠣᠭᠣᠷᠢᠨ᠎ᠳᠤ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ ᠂  ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠪᠣᠳᠣᠯᠭ᠎ᠠ ᠳᠡᠪᠰᠢᠭᠦᠯᠵᠦ ᠂  ᠬᠥᠬᠡᠮᠥ᠋ᠷᠡᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠠᠮᠢᠳᠤᠯᠢᠭ ᠵᠶ᠋ᠠᠷ ᠥᠨᠳᠥᠷ ᠪᠦᠲᠦᠮᠵᠢᠲᠡᠢ ᠥᠷᠨᠢᠭᠦᠯᠵᠦ ᠂  ᠨᠠᠮ᠎ᠤᠨ ᠲᠥᠪ ᠬᠣᠷᠢᠶ᠎ᠠ ᠵᠢᠨ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠴᠢᠬᠤᠯᠠ ᠯᠠᠪᠯᠠᠯᠲᠠ ᠬᠠᠩᠭ᠋ᠠᠪᠠ ᠭᠡᠵᠦ ᠴᠢᠬᠤᠯᠠᠴᠢᠯᠠᠪᠠ ᠃  ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠠᠴᠠ ᠤᠯᠠᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠬᠤ᠎ᠪᠠᠨ ᠢᠯᠡᠳᠬᠡᠪᠡ ᠃

       ᠰᠢ ᠵᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ ᠂  ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠪᠣᠯᠣᠨ ᠨᠠᠮ ᠪᠦᠯᠦᠭ᠎ᠤᠨ ᠪᠤᠰᠤ ᠬᠥᠮᠥᠰ᠎ᠲᠤ 3 ᠲᠠᠯ᠎ᠠ ᠵᠢᠨ ᠬᠦᠰᠡᠯ ᠳᠤᠷᠠᠳᠴᠠᠢ ᠃  ᠨᠢᠭᠡ᠎ᠳᠤ ᠂  ᠦᠵᠡᠯ ᠰᠠᠨᠠᠭ᠎ᠠ᠎ᠪᠠᠨ ᠨᠢᠭᠡᠳᠬᠡᠵᠦ ᠂  ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ ᠂  ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠵᠤ ᠠᠬᠤᠢ ᠵᠢᠨ ᠪᠠᠢ᠌ᠳᠠᠯ᠎ᠤᠨ ᠲᠤᠬᠠᠢ ᠵᠠᠳᠠᠯᠤᠯᠲᠠ ᠮᠠᠭ᠋ᠠᠳᠯᠠᠯᠲᠠ ᠳᠡᠭᠡᠷ᠎ᠡ ᠴᠢᠨᠠᠭᠰᠢᠳᠠ ᠨᠢᠭᠡᠳᠬᠡᠵᠦ ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠴᠢᠭᠯᠡᠯᠲᠡ ᠲᠦᠷᠦ ᠵᠢᠨ ᠪᠣᠳᠣᠯᠭ᠎ᠠ ᠪᠣᠯᠣᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠭᠦ ᠲᠠᠯ᠎ᠠ᠎ᠪᠠᠷ ᠣᠢ᠌ᠯᠠᠭ᠋ᠠᠨ ᠣᠨᠣᠪᠴᠢᠲᠠᠢ ᠡᠵᠡᠮᠰᠢᠵᠦ ᠂  ᠬᠦᠴᠦ᠎ᠪᠠᠨ ᠬᠠᠮᠲᠤᠳᠬᠠᠨ ᠤᠷᠤᠭᠰᠢᠯᠠᠯᠲᠠ ᠵᠢᠨ ᠳᠤᠮᠳᠠᠬᠢ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠢᠯᠠᠨ ᠳᠠᠪᠠᠬᠤ ᠬᠡᠷᠡᠭᠲᠡᠢ ᠃  ᠬᠣᠶᠠᠷ᠎ᠲᠤ ᠂  ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ ᠂  ᠦᠢ᠍ᠯᠡᠳᠦᠯ ᠵᠶ᠋ᠡᠨ ᠢᠳᠡᠪᠬᠢᠲᠡᠢ ᠪᠠᠳᠠᠷᠠᠭᠤᠯᠤᠨ ᠂  ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠂  ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠬᠤ ᠂  ᠭᠣᠣᠯᠳᠠᠯᠭ᠎ᠠ᠎ᠲᠠᠢ ᠬᠦᠷᠢᠶᠡᠨ᠎ᠳᠠᠬᠢ ᠥᠭᠡᠷᠡᠴᠢᠯᠡᠯᠲᠡ ᠵᠢ ᠠᠬᠢᠭᠤᠯᠬᠤ ᠵᠡᠷᠭᠡ ᠴᠢᠬᠤᠯᠠ ᠶᠡᠬᠡ ᠠᠰᠠᠭᠤᠳᠠᠯ᠎ᠲᠠᠢ ᠤᠶᠠᠯᠳᠤᠭᠤᠯᠤᠨ ᠂  ᠪᠠᠢ᠌ᠴᠠᠭ᠋ᠠᠨ ᠰᠤᠳᠤᠯᠤᠯᠲᠠ ᠵᠢ ᠭᠦᠨᠵᠡᠭᠡᠢ ᠥᠷᠨᠢᠭᠦᠯᠵᠦ ᠂  ᠢᠳᠡᠪᠬᠢᠲᠡᠢ᠎ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭ᠋ᠠᠨ ᠳᠡᠪᠰᠢᠭᠦᠯᠬᠦ ᠬᠡᠷᠡᠭᠲᠡᠢ ᠃  ᠭᠤᠷᠪᠠ᠎ᠳᠤ ᠂  ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ ᠂  ᠬᠥᠭᠵᠢᠯᠲᠡ ᠵᠢᠨ ᠢᠲᠡᠭᠡᠯ ᠵᠣᠷᠢᠭ᠎ᠢ ᠬᠥᠪᠴᠢᠯᠡᠵᠦ ᠂  ᠨᠠᠮ ᠪᠣᠯᠣᠨ ᠵᠠᠰᠠᠭ᠎ᠤᠨ ᠣᠷᠳᠣᠨ᠎ᠳᠤ ᠬᠠᠮᠵᠢᠨ ᠰᠡᠵᠢᠭᠯᠡᠯ᠎ᠢ ᠠᠯᠳᠠᠷᠠᠭ᠋ᠠᠵᠤ ᠂  ᠵᠢᠱ᠌ᠢᠯᠲᠡ ᠵᠢ ᠬᠥᠲᠥᠯᠥᠨ ᠵᠢᠯᠤᠭᠣᠳᠴᠤ ᠂  ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ ᠂  ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠮᠥᠰ᠎ᠢ ᠦᠵᠡᠯ ᠰᠠᠨᠠᠭ᠎ᠠ ᠤᠯᠤᠰ ᠲᠥᠷᠥ ᠵᠢᠨ ᠲᠠᠯ᠎ᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ ᠂  ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ ᠂  ᠡᠵᠡᠩᠨᠡᠯᠲᠡ ᠵᠢᠨ ᠭᠣᠣᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠴᠢᠨᠠᠭᠰᠢᠳᠠ ᠬᠥᠭᠵᠢᠭᠡᠬᠦ ᠬᠡᠷᠡᠭᠲᠡᠢ ᠃

       ᠱ᠌ᠢ ᠎ᠲᠠᠢ  ᠹᠧᠩ ᠂  ᠯᠢᠦ ᠭᠦᠸᠧ ᠵᠦᠩ ᠂  ᠾᠧ ᠯᠢ ᠹᠧᠩ ᠂  ᠵᠠᠩ ᠭᠦᠸᠧ ᠴᠢᠩ ᠂  ᠦ᠋ ᠵᠧᠩ ᠯᠦᠩ ᠂  ᠨᠠᠮ᠎ᠤᠨ ᠲᠥᠪ ᠬᠣᠷᠢᠶ᠎ᠠ ᠂  ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ ᠃

       ᠶᠠᠷᠢᠯᠴᠠᠬᠤ ᠬᠤᠷᠠᠯ᠎ᠳᠤ ᠣᠷᠣᠯᠴᠠᠬᠰᠠᠨ ᠨᠠᠮ᠎ᠤᠨ ᠭᠠᠳᠠᠨᠠᠬᠢ ᠬᠥᠮᠥᠰ᠎ᠲᠤ ᠪᠠᠰᠠ ᠱᠤᠤ ᠬᠣᠩ ᠂  ᠾᠧ ᠪᠦᠦ ᠰᠢᠶᠠᠩ ᠂  ᠸᠠᠩ ᠭᠤᠸᠠᠩ ᠴᠢᠶᠠᠨ ᠂ 

ᠴᠢᠨ ᠪᠦᠸᠧ ᠶᠦᠩ ᠂  ᠵᠦ᠍ ᠶᠦᠩ ᠰᠢᠨ ᠂  ᠶᠠᠩ ᠵᠧᠨ ᠪᠣᠯᠣᠨ ᠵᠠᠩ ᠧᠨ ᠳ᠋ᠢ ᠂  ᠯᠢ ᠶᠤᠸᠠᠢ ᠹᠧᠩ ᠂  ᠹᠠᠩ ᠭᠤᠸᠠᠩ ᠬᠤᠸᠠ ᠂  ᠶᠠᠩ ᠸᠸᠨ ᠯᠢᠶᠠᠩ ᠨᠠᠷ ᠪᠤᠢ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠣᠯᠣᠨ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ ᠵᠠᠷᠯᠢᠭ (ᠨᠠᠢ᠍ᠮᠠᠳᠤᠭ᠋ᠠᠷ ᠲᠣᠭ᠋ᠠᠲᠤ)
ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ ᠥᠨᠳᠥᠷ ᠲᠦᠪᠰᠢᠨ ᠪᠦᠬᠦᠢ ᠵᠠᠰᠠᠯᠲᠠ᠎ᠪᠠᠷ ᠮᠠᠨ᠎ᠤ ᠴᠡᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ
ᠰᠢ ᠵᠢᠨ ᠫᠢᠩ ᠬᠠᠷᠢᠭᠤ ᠵᠠᠬᠢᠳᠠᠯ ᠢᠯᠡᠭᠡᠵᠦ ᠰᠢᠶᠠᠩᠭ᠋ᠠᠩ᠎ᠤᠨ ᠫᠧᠢ ᠴᠢᠶᠤᠤ ᠳᠤᠮᠳᠠᠳᠤ ᠰᠤᠷᠭ᠋ᠠᠭᠤᠯᠢ ᠵᠢᠨ ᠰᠤᠷᠤᠬ᠍ᠴᠢᠳ᠎ᠢ ᠵᠣᠷᠢᠭᠵᠢᠭᠤᠯᠪᠠ
ᠰᠢ ᠵᠢᠨ ᠫᠢᠩ ᠢᠨᠳᠤᠨᠧᠰᠢᠶ᠎ᠠ ᠵᠢᠨ ᠶᠡᠷᠦᠩᠬᠡᠢ᠌ᠯᠡᠭᠴᠢ ᠽᠦᠸᠸᠺᠸ᠎ᠲᠠᠢ ᠠᠭᠤᠯᠵᠠᠪᠠ
 
            