ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 24᠎ᠤ ᠴᠠᠭᠢᠯᠭ᠋ᠠᠨ ᠮᠡᠳᠡᠭᠡ ᠭᠠᠳᠠᠭ᠋ᠠᠳᠤ ᠶᠠᠪᠤᠳᠠᠯ᠎ᠤᠨ ᠶᠠᠮᠤᠨ᠎ᠤ ᠥᠭᠦᠯᠡᠭᠴᠢ ᠬᠤᠸᠠ ᠴᠦᠨ ᠶᠢᠩ 24᠎ᠤ ᠡᠳᠦᠷ᠄ ᠤᠯᠤᠰ᠎ᠤᠨ ᠲᠡᠷᠢᠭᠦᠯᠡᠭᠴᠢ ᠰᠢ ᠵᠢᠨ ᠫᠢᠩ 7 ᠰᠠᠷ᠎ᠠ ᠵᠢᠨ 27᠎ᠠᠴᠠ 28᠎ᠤ ᠡᠳᠦᠷ ᠪᠣᠯᠲᠠᠯ᠎ᠠ ᠴᠸᠩᠳᠦ᠋ ᠵᠢᠨ 31 ᠳ᠋ᠦ᠍ᠭᠡᠷ ᠬᠤᠭᠤᠴᠠᠭ᠋ᠠᠨ᠎ᠤ ᠳᠡᠯᠡᠬᠡᠢ ᠵᠢᠨ ᠣᠶᠤᠲᠠᠳ᠎ᠤᠨ ᠵᠤᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠤᠯᠠᠯ᠎ᠳᠤ ᠣᠷᠣᠯᠴᠠᠵᠤ᠂ ᠳᠤᠮᠳᠠᠳᠤ ᠤᠯᠤᠰ᠎ᠲᠤ ᠢᠷᠡᠵᠦ ᠡᠬᠢᠯᠡᠯᠲᠡ ᠵᠢᠨ ᠶᠣᠰᠤᠯᠠᠯ᠎ᠳᠤ ᠣᠷᠣᠯᠴᠠᠬᠤ ᠪᠥᠭᠡᠳ ᠠᠢ᠌ᠯᠴᠢᠯᠠᠯᠲᠠ ᠬᠢᠬᠦ ᠭᠠᠳᠠᠭ᠋ᠠᠳᠤ ᠤᠯᠤᠰ᠎ᠤᠨ ᠤᠳᠤᠷᠢᠳᠬᠤ ᠬᠦᠮᠦᠰ᠎ᠢ ᠤᠭᠲᠤᠬᠤ ᠳᠠᠢ᠌ᠯᠠᠯᠭ᠎ᠠ ᠪᠠ ᠬᠣᠯᠪᠤᠭᠳᠠᠯ ᠪᠦᠬᠦᠢ ᠬᠣᠶᠠᠷ ᠲᠠᠯ᠎ᠠ ᠵᠢᠨ ᠠᠵᠢᠯᠯᠠᠭ᠎ᠠ ᠶᠠᠪᠤᠭᠳᠠᠭᠤᠯᠬᠤ᠎ᠪᠠᠷ ᠪᠤᠢ ᠭᠡᠵᠦ ᠨᠡᠢ᠌ᠲᠡᠯᠡᠪᠡ᠃
ᠳᠤᠮᠳᠠᠳᠤ ᠤᠯᠤᠰ᠎ᠲᠤ ᠢᠷᠡᠵᠦ ᠡᠬᠢᠯᠡᠯᠲᠡ ᠵᠢᠨ ᠶᠣᠰᠤᠯᠠᠯ᠎ᠳᠤ ᠣᠷᠣᠯᠴᠠᠬᠤ ᠪᠥᠭᠡᠳ ᠠᠢ᠌ᠯᠴᠢᠯᠠᠯᠲᠠ ᠬᠢᠬᠦ ᠭᠠᠳᠠᠭ᠋ᠠᠳᠤ ᠤᠯᠤᠰ᠎ᠤᠨ ᠤᠳᠤᠷᠢᠳᠬᠤ ᠬᠦᠮᠦᠰ᠎ᠲᠤ᠄ ᠪᠦᠭᠦᠳᠡ ᠨᠠᠢ᠌ᠷᠠᠮᠳᠠᠬᠤ ᠢᠨᠳᠦᠨ᠋ᠸᠰᠢᠶ᠎ᠠ ᠤᠯᠤᠰ᠎ᠤᠨ ᠶᠡᠷᠦᠩᠬᠡᠢ᠌ᠯᠡᠭᠴᠢ ᠽᠦᠸᠸᠺᠸ᠂ ᠪᠦᠭᠦᠳᠡ ᠨᠠᠢ᠌ᠷᠠᠮᠳᠠᠬᠤ ᠮᠠᠦ᠋ᠷᠢᠲᠠᠨᠢᠶᠠ ᠤᠯᠤᠰ᠎ᠤᠨ ᠶᠡᠷᠦᠩᠬᠡᠢ᠌ᠯᠡᠭᠴᠢ ᠵᠢᠶᠠᠽᠸᠨᠢ᠂ ᠪᠦᠭᠦᠳᠡ ᠨᠠᠢ᠌ᠷᠠᠮᠳᠠᠬᠤ ᠪᠦᠷᠦ᠋ᠨᠳᠢ ᠤᠯᠤᠰ᠎ᠤᠨ ᠶᠡᠷᠦᠩᠬᠡᠢ᠌ᠯᠡᠭᠴᠢ ᠡᠸᠨ᠋ᠳᠠᠢ᠌ᠱᠮᠢᠶᠸ᠂ ᠪᠦᠭᠦᠳᠡ ᠨᠠᠢ᠌ᠷᠠᠮᠳᠠᠬᠤ ᠭᠢᠶᠠᠨᠠ ᠤᠯᠤᠰ᠎ᠤᠨ ᠶᠡᠷᠦᠩᠬᠡᠢ᠌ᠯᠡᠭᠴᠢ ᠠᠯᠢ᠂ ᠭ᠋ᠷᠦ᠋ᠽᠢᠶᠠ ᠤᠯᠤᠰ᠎ᠤᠨ ᠶᠡᠷᠦᠩᠬᠡᠢ᠌ᠯᠡᠭᠴᠢ ᠰᠠᠢ᠌ᠳ ᠺᠠᠯᠢᠪᠠᠱ᠌ᠣᠸᠢᠯᠢ᠂ ᠪᠦᠭᠦᠳᠡ ᠨᠠᠢ᠌ᠷᠠᠮᠳᠠᠬᠤ ᠹᠢᠵᠢ ᠤᠯᠤᠰ᠎ᠤᠨ ᠶᠡᠷᠦᠩᠬᠡᠢ᠌ᠯᠡᠭᠴᠢ ᠰᠠᠢ᠌ᠳ ᠯᠠᠨᠪᠦ᠋ᠺᠠ ᠨᠠᠷ ᠪᠤᠢ᠃