ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 25᠎ᠤ ᠴᠠᠭᠢᠯᠭ᠋ᠠᠨ ᠮᠡᠳᠡᠭᠡ ᠤᠯᠤᠰ᠎ᠤᠨ ᠲᠡᠷᠢᠭᠦᠯᠡᠭᠴᠢ ᠰᠢ ᠵᠢᠨ ᠫᠢᠩ 7 ᠰᠠᠷ᠎ᠠ ᠵᠢᠨ 24᠎ᠤ ᠡᠳᠦᠷ ᠰᠢᠶᠠᠩᠭ᠋ᠠᠩ᠎ᠤᠨ ᠫᠧᠢ ᠴᠢᠶᠤᠤ ᠳᠤᠮᠳᠠᠳᠤ ᠰᠤᠷᠭ᠋ᠠᠭᠤᠯᠢ ᠵᠢᠨ ᠥᠨᠳᠥᠷ ᠨᠢᠭᠡᠳᠦᠭᠡᠷ ᠣᠨ᠎ᠤ ᠪᠦᠭᠦ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠵᠦ ᠂ ᠳᠡᠳᠡᠨ᠎ᠢ ᠳᠣᠲᠣᠨᠣ᠎ᠪᠠᠷ ᠵᠣᠷᠢᠭᠵᠢᠭᠤᠯᠪᠠ ᠃
ᠰᠢ ᠵᠢᠨ ᠫᠢᠩ ᠬᠠᠷᠢᠭᠤ ᠵᠠᠬᠢᠳᠠᠯ᠎ᠳᠠᠭᠠᠨ ᠂ ᠲᠠ ᠨᠠᠷ᠎ᠤᠨ ᠺᠤᠷᠢᠶᠠ᠎ᠳᠤ ᠪᠠᠢ᠌ᠭ᠎ᠠ ᠰᠠᠢ᠌ᠨ ᠳᠤᠷ᠎ᠠ ᠵᠢᠨ ᠴᠡᠷᠢᠭ᠎ᠤᠨ ᠦᠷᠡᠭᠳᠡᠭᠰᠡᠨ ᠪᠠᠭ᠋ᠠᠲᠤᠷᠴᠤᠳ᠎ᠤᠨ ᠴᠢᠨᠳᠠᠷ᠎ᠢ ᠤᠯᠤᠰ᠎ᠲᠠᠭᠠᠨ ᠠᠪᠴᠢᠷᠠᠵᠤ ᠣᠷᠣᠰᠢᠭᠤᠯᠬᠤ ᠶᠣᠰᠣᠯᠠᠯ ᠂ 《 ᠲᠡᠭᠷᠢ ᠵᠢᠨ ᠣᠷᠳᠣᠨ》᠎ᠤ ᠰᠠᠨᠰᠠᠷᠴᠢᠨ᠎ᠲᠠᠢ ᠬᠠᠷᠢᠯᠴᠠᠬᠤ ᠵᠡᠷᠭᠡ ᠠᠵᠢᠯᠯᠠᠭ᠎ᠠ᠎ᠳᠤ ᠣᠷᠤᠯᠴᠠᠬᠤ᠎ᠪᠠᠷ ᠲᠠᠮᠵᠢᠨ ᠂ ᠳᠤᠮᠳᠠᠳᠤ ᠤᠯᠤᠰ᠎ᠤᠨ ᠬᠥᠮᠥᠨ ᠪᠣᠯᠤᠭᠰᠠᠨ᠎ᠤ ᠣᠮᠣᠭᠰᠢᠯ ᠂ ᠰᠢᠶᠠᠩᠭ᠋ᠠᠩ᠎ᠤᠨ ᠵᠠᠯᠠᠭᠤ ᠨᠢᠭᠡ ᠦᠶ᠎ᠡ ᠵᠢᠨ᠎ᠬᠢᠨ᠎ᠤ ᠡᠭᠦᠷᠭᠡ ᠬᠠᠷᠢᠭᠤᠴᠠᠯᠭ᠎ᠠ᠎ᠪᠠᠨ ᠨᠡᠩ ᠭᠦᠨᠵᠡᠭᠡᠢ ᠣᠢ᠌ᠯᠠᠭ᠋ᠠᠵᠤ ᠮᠡᠳᠡᠭᠰᠡᠨ᠎ᠳᠤ ᠪᠢ ᠮᠠᠰᠢ ᠪᠠᠶᠠᠷᠯᠠᠵᠤ ᠪᠠᠢ᠌ᠨ᠎ᠠ ᠭᠡᠵᠦ ᠬᠡᠯᠡᠪᠡ ᠃
ᠰᠢ ᠵᠢᠨ ᠫᠢᠩ ᠂ ᠤᠯᠤᠰ ᠵᠶ᠋ᠠᠨ ᠬᠠᠢ᠌ᠷᠠᠯᠠᠬᠤ ᠦᠵᠡᠯ ᠪᠣᠯ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠋ᠠᠨ᠎ᠤ ᠭᠣᠣᠯᠯᠠᠭᠴᠢ ᠮᠥᠨ ᠂ ᠥᠷᠭᠡᠨ ᠤᠯᠠᠨ ᠰᠢᠶᠠᠩᠭ᠋ᠠᠩ᠎ᠤᠨ ᠠᠬ᠎ᠠ ᠳᠡᠭᠦᠦ ᠨᠠᠷ ᠶᠡᠷᠦ᠎ᠠᠴᠠ ᠤᠯᠤᠰ ᠵᠶ᠋ᠠᠨ ᠬᠠᠢ᠌ᠷᠠᠯᠠᠬᠤ ᠰᠢᠶᠠᠩᠭ᠋ᠠᠩ ᠵᠶ᠋ᠠᠨ ᠬᠠᠢ᠌ᠷᠠᠯᠠᠬᠤ ᠢᠷᠠᠭᠤ ᠠᠯᠳᠠᠷᠲᠤ ᠤᠯᠠᠮᠵᠢᠯᠠᠯ᠎ᠲᠠᠢ ᠶᠤᠮ ᠂ ᠡᠨᠡ ᠪᠣᠯ
《 ᠨᠢᠭᠡ ᠤᠯᠤᠰ᠎ᠲᠤ ᠬᠣᠶᠠᠷ ᠪᠠᠢ᠌ᠭᠤᠯᠤᠯ᠎ᠢ ᠬᠡᠷᠡᠭᠵᠢᠭᠦᠯᠬᠦ 》 ᠵᠢ ᠯᠠᠪᠳᠠᠭᠤᠨ ᠬᠤᠯᠠ ᠠᠶᠠᠯᠠᠭᠤᠯᠬᠤ ᠵᠢᠨ ᠴᠢᠬᠤᠯᠠ ᠰᠠᠭᠤᠷᠢ ᠪᠣᠯᠣᠨ᠎ᠠ ᠃ ᠲᠠ ᠨᠠᠷ᠎ᠤᠨ ᠲᠦᠮᠡᠨ ᠪᠣᠳᠢ ᠨᠣᠮ ᠤᠩᠰᠢᠬᠤ ᠪᠣᠯᠣᠨ ᠲᠦᠮᠡᠨ ᠭᠠᠵᠠᠷ ᠠᠶᠠᠯᠠᠬᠤ ᠵᠢ ᠤᠶᠠᠯᠳᠤᠭᠤᠯᠵᠤ ᠂ ᠳᠡᠯᠡᠬᠡᠢ ᠵᠢᠨ ᠬᠥᠭᠵᠢᠯᠲᠡ ᠵᠢᠨ ᠶᠡᠬᠡ ᠬᠠᠨᠳᠤᠰᠢ ᠵᠢ ᠭᠦᠨᠵᠡᠭᠡᠢ ᠲᠠᠨᠢᠵᠤ ᠂ ᠡᠬᠡ ᠤᠯᠤᠰ᠎ᠤᠨ ᠵᠶ᠋ᠠᠨ ᠲᠡᠦᠬᠡ ᠰᠣᠶᠣᠯ ᠪᠣᠯᠣᠨ ᠤᠯᠤᠰ᠎ᠤᠨ ᠪᠣᠳᠠᠲᠠᠢ ᠪᠠᠢ᠌ᠳᠠᠯ᠎ᠢ ᠭᠦᠨᠵᠡᠭᠡᠢ ᠣᠢ᠌ᠯᠠᠭ᠋ᠠᠵᠤ ᠂ ᠤᠯᠤᠰ ᠵᠶ᠋ᠠᠨ ᠬᠠᠢ᠌ᠷᠠᠯᠠᠬᠤ ᠰᠡᠳᠬᠢᠯᠭᠡ᠎ᠪᠠᠨ ᠵᠤᠵᠠᠭ᠋ᠠᠳᠬᠠᠵᠤ ᠂ ᠪᠠᠲᠤ ᠴᠢᠩᠭ᠎ᠠ ᠡᠷᠳᠡᠮ ᠴᠢᠳᠠᠪᠤᠷᠢ ᠵᠢ ᠳᠠᠪᠲᠠᠨ ᠪᠤᠯᠪᠠᠰᠤᠷᠠᠭᠤᠯᠵᠤ ᠂ ᠡᠷᠲᠡᠬᠡᠨ ᠶᠡᠬᠡ ᠡᠭᠦᠷᠭᠡ ᠵᠢ ᠡᠭᠦᠷᠭᠡᠯᠡᠵᠦ ᠳᠡᠢ᠌ᠯᠭᠦ ᠲᠤᠯᠭ᠋ᠠᠭᠤᠷᠢ ᠬᠦᠴᠦᠨ ᠪᠣᠯᠵᠤ ᠂ ᠰᠠᠢ᠌ᠨ ᠰᠠᠢ᠌ᠬᠠᠨ ᠰᠢᠶᠠᠩᠭ᠋ᠠᠩ᠎ᠢ ᠪᠦᠲᠦᠭᠡᠨ ᠪᠠᠢ᠌ᠭᠤᠯᠬᠤ ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠢᠳᠡᠪᠬᠢᠲᠡᠢ᠎ᠪᠠᠷ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ ᠃
ᠫᠧᠢ ᠴᠢᠶᠤᠤ ᠳᠤᠮᠳᠠᠳᠤ ᠰᠤᠷᠭ᠋ᠠᠭᠤᠯᠢ 1946 ᠣᠨ᠎ᠳᠤ ᠪᠠᠢ᠌ᠭᠤᠯᠤᠭᠳᠠᠵᠤ ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ᠎ᠤ ᠳᠠᠷᠠᠭ᠎ᠠ ᠬᠠᠮᠤᠭ᠎ᠤᠨ ᠲᠦᠷᠦᠭᠦᠨ᠎ᠳᠤ ᠲᠠᠪᠤᠨ ᠣᠳᠣᠲᠤ ᠤᠯᠠᠭ᠋ᠠᠨ ᠲᠤᠭ᠎ᠢ ᠮᠠᠨᠳᠤᠭᠤᠯᠤᠭᠰᠠᠨ ᠰᠢᠶᠠᠩᠭ᠋ᠠᠩ᠎ᠤᠨ ᠰᠤᠷᠭ᠋ᠠᠭᠤᠯᠢ ᠵᠢᠨ ᠨᠢᠭᠡ ᠪᠣᠯᠣᠨ᠎ᠠ ᠂ ᠰᠤᠷᠭ᠋ᠠᠭᠤᠯᠢ ᠪᠠᠢ᠌ᠭᠤᠯᠤᠭᠳᠠᠭᠰᠠᠨ᠎ᠠᠴᠠ ᠨᠠᠭ᠋ᠠᠰᠢ ᠤᠯᠤᠰ ᠵᠶ᠋ᠠᠨ ᠬᠠᠢ᠌ᠷᠠᠯᠠᠬᠤ ᠰᠢᠶᠠᠩᠭ᠋ᠠᠩ ᠵᠶ᠋ᠠᠨ ᠬᠠᠢ᠌ᠷᠠᠯᠠᠬᠤ ᠴᠢᠳᠠᠪᠤᠷᠢᠲᠠᠨ᠎ᠢ ᠦᠯᠡᠮᠵᠢ ᠤᠯᠠᠨ ᠬᠥᠮᠥᠵᠢᠭᠦᠯᠵᠡᠢ ᠃ ᠣᠢ᠌ᠷ᠎ᠠ᠎ᠳᠤ ᠂ ᠫᠧᠢ ᠴᠢᠶᠣᠤ ᠳᠤᠮᠳᠠᠳᠤ ᠰᠤᠷᠭ᠋ᠠᠭᠤᠯᠢ ᠵᠢᠨ ᠥᠨᠳᠥᠷ ᠨᠢᠭᠡᠳᠦᠭᠡᠷ ᠣᠨ᠎ᠤ ᠪᠦᠭᠦ ᠰᠤᠷᠤᠬ᠍ᠴᠢᠳ ᠲᠡᠷᠢᠭᠦᠯᠡᠭᠴᠢ ᠰᠢ ᠵᠢᠨ ᠫᠢᠩ᠎ᠳᠤ ᠵᠠᠬᠢᠳᠠᠯ ᠪᠢᠴᠢᠵᠦ ᠂ ᠰᠤᠷᠭ᠋ᠠᠭᠤᠯᠢ ᠵᠢᠨ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠠᠵᠢᠯᠯᠠᠭ᠎ᠠ᠎ᠳᠤ ᠣᠷᠣᠯᠴᠠᠬᠰᠠᠨ ᠣᠯᠣᠯᠲᠠ ᠲᠥᠷᠥᠭᠳᠡᠯ ᠵᠶ᠋ᠡᠨ ᠬᠠᠷᠢᠭᠤ ᠮᠡᠳᠡᠭᠦᠯᠵᠦ ᠂ ᠤᠯᠤᠰ ᠵᠶ᠋ᠠᠨ ᠬᠠᠢ᠌ᠷᠠᠯᠠᠬᠤ ᠰᠢᠶᠠᠩᠭ᠋ᠠᠩ ᠵᠶ᠋ᠠᠨ ᠬᠠᠢ᠌ᠷᠠᠯᠠᠬᠤ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠵᠤ ᠂ ᠤᠯᠤᠰ᠎ᠤᠨ ᠬᠦᠴᠦᠷᠬᠡᠭᠵᠢᠯ ᠪᠠ ᠰᠢᠶᠠᠩᠭ᠋ᠠᠩ᠎ᠤᠨ ᠬᠥᠭᠵᠢᠯ ᠴᠡᠴᠡᠭᠯᠡᠯ᠎ᠳᠤ ᠬᠦᠴᠦᠨ ᠴᠢᠳᠠᠯ ᠵᠶ᠋ᠠᠨ ᠡᠷᠭᠦᠬᠦ ᠵᠣᠷᠢᠭ ᠵᠶ᠋ᠠᠨ ᠢᠯᠡᠳᠬᠡᠵᠡᠢ ᠃