ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ ᠥᠨᠳᠥᠷ ᠲᠦᠪᠰᠢᠨ ᠪᠦᠬᠦᠢ ᠵᠠᠰᠠᠯᠲᠠ᠎ᠪᠠᠷ ᠮᠠᠨ᠎ᠤ ᠴᠡᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2023-07-26

 

      ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 25᠎ᠤ ᠴᠠᠭᠢᠯᠭ᠋ᠠᠨ ᠮᠡᠳᠡᠭᠡ   《 8·1 》᠎ᠤ ᠴᠡᠷᠢᠭ ᠪᠠᠢ᠌ᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ ᠂  ᠨᠠᠮ᠎ᠤᠨ ᠲᠥᠪ ᠬᠣᠷᠢᠶ᠎ᠠ  ᠵᠢᠨ ᠤᠯᠤᠰ ᠲᠦᠷᠦ ᠵᠢᠨ ᠲᠣᠪᠴᠢᠶ᠎ᠠ 7 ᠰᠠᠷ᠎ᠠ ᠵᠢᠨ 24᠎ᠤ ᠦᠳᠡ ᠵᠢᠨ ᠬᠣᠢ᠌ᠨ᠎ᠠ ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ ᠲᠤᠬᠠᠢ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ ᠃  ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ ᠂  ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ ᠪᠣᠯ ᠮᠠᠨ᠎ᠤ ᠨᠠᠮ᠎ᠤᠨ ᠴᠡᠷᠢᠭ᠎ᠢ ᠵᠠᠰᠠᠬᠤ ᠣᠢ᠌ᠯᠠᠭ᠋ᠠᠭᠳᠠᠬᠤᠨ ᠪᠣᠯᠣᠨ ᠭᠡᠯᠪᠡᠷᠢ ᠵᠢᠨ ᠨᠢᠭᠡ ᠤᠳᠠᠭ᠎ᠠ ᠵᠢᠨ ᠭᠦᠨᠵᠡᠭᠡᠢ ᠬᠤᠪᠢᠰᠤᠯᠲᠠ ᠮᠥᠨ ᠂  ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠣᠨ ᠴᠡᠷᠢᠭ ᠠᠩᠭᠢ ᠵᠢᠨ ᠣᠳᠣᠬᠢᠴᠢᠯᠠᠯᠲᠠ ᠵᠢ ᠲᠦᠷᠭᠡᠳᠬᠡᠬᠦ ᠪᠠᠢ᠌ᠯᠳᠤᠬᠤ ᠪᠣᠳᠣᠯᠭ᠎ᠠ ᠵᠢᠨ ᠱᠠᠭ᠋ᠠᠷᠳᠠᠯᠭ᠎ᠠ ᠮᠥᠨ ᠂  ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠲᠠᠯ᠎ᠠ ᠮᠥᠨ ᠃  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ ᠂  ᠰᠢᠨ᠎ᠡ ᠴᠠᠭ ᠦᠶ᠎ᠡ ᠵᠢᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠂  ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠪᠠᠢ᠌ᠯᠳᠤᠬᠤ ᠪᠣᠳᠣᠯᠭ᠎ᠠ ᠵᠢᠨ ᠴᠢᠭᠯᠡᠯᠲᠡ ᠵᠢ ᠲᠤᠭᠤᠰᠢᠯᠠᠭᠤᠯᠵᠤ ᠂  ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢ ᠪᠠᠷᠢᠮᠲᠠᠯᠠᠨ ᠂  ᠳᠠᠢ᠌ᠴᠢᠨ ᠬᠦᠴᠦᠨ ᠭᠡᠬᠦ ᠡᠨᠡ ᠬᠦ᠌ ᠴᠣᠷ᠎ᠤᠨ ᠭᠠᠭᠴᠠ ᠦᠨᠳᠦᠰᠦᠨ ᠪᠠᠷᠢᠮᠵᠢᠶ᠎ᠠ ᠵᠢ ᠪᠠᠷᠢᠮᠲᠠᠯᠠᠵᠤ ᠂  ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠴᠡᠷᠢᠭ᠎ᠤᠨ ᠶᠠᠪᠤᠳᠠᠯ᠎ᠤᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ ᠂  ᠣᠲᠣ ᠦᠶ᠎ᠡ ᠵᠢᠨ ᠴᠡᠷᠢᠭ᠎ᠤᠨ ᠶᠠᠪᠤᠳᠠᠯ᠎ᠤᠨ ᠵᠠᠰᠠᠯᠲᠠ ᠵᠢᠨ ᠰᠢᠰᠲ᠋ᠧᠮ᠎ᠢ ᠪᠠᠢ᠌ᠭᠤᠯᠤᠨ ᠂  ᠣᠲᠣ ᠦᠶ᠎ᠡ ᠵᠢᠨ ᠴᠡᠷᠢᠭ᠎ᠤᠨ ᠶᠠᠪᠤᠳᠠᠯ᠎ᠤᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ ᠂  ᠥᠨᠳᠥᠷ ᠲᠦᠪᠰᠢᠨ ᠪᠦᠬᠦᠢ ᠵᠠᠰᠠᠯᠲᠠ᠎ᠪᠠᠷ ᠮᠠᠨ᠎ᠤ ᠴᠡᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂  ᠴᠡᠷᠢᠭ ᠪᠠᠢ᠌ᠭᠤᠯᠤᠭᠳᠠᠭᠰᠠᠨ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ ᠃

      ᠴᠡᠷᠢᠭ᠎ᠤᠨ ᠶᠠᠪᠤᠳᠠᠯ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠴᠡᠷᠢᠭ᠎ᠤᠨ ᠶᠠᠪᠤᠳᠠᠯ᠎ᠤᠨ ᠬᠠᠤᠯᠢ ᠳᠦᠷᠢᠮ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠵᠤᠤ ᠳ᠋ᠦᠩ ᠪᠢᠨ ᠨᠥᠬᠥᠷ ᠡᠨᠡ ᠬᠦ᠌ ᠠᠰᠠᠭᠤᠳᠠᠯ᠎ᠤᠨ ᠲᠤᠬᠠᠢ ᠲᠠᠢ᠌ᠯᠤᠮᠵᠢ ᠬᠢᠵᠦ ᠂  ᠠᠵᠢᠯ᠎ᠤᠨ ᠰᠠᠨᠠᠭᠤᠯᠭ᠎ᠠ ᠳᠤᠷᠠᠳᠪᠠ ᠃  ᠲᠥᠪ᠎ᠤᠨ ᠤᠯᠤᠰ ᠲᠦᠷᠦ ᠵᠢᠨ ᠲᠣᠪᠴᠢᠶ᠎ᠠ ᠵᠢᠨ ᠨᠥᠬᠥᠳ ᠲᠠᠢ᠌ᠯᠤᠮᠵᠢ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ ᠃

      ᠰᠢ ᠵᠢᠨ ᠫᠢᠩ ᠲᠠᠢ᠌ᠯᠤᠮᠵᠢ ᠪᠠ ᠶᠠᠷᠢᠯᠴᠠᠬᠤ ᠵᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ ᠃  ᠲᠡᠷᠡ ᠂  ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠨᠠᠮ᠎ᠤᠨ ᠲᠥᠪ ᠬᠣᠷᠢᠶ᠎ᠠ ᠪᠣᠯᠣᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠴᠡᠷᠢᠭ᠎ᠢ ᠬᠦᠴᠦᠷᠬᠡᠭᠵᠢᠭᠦᠯᠬᠦ ᠠᠵᠢᠯ ᠦᠢ᠍ᠯᠡᠰ᠎ᠢ ᠤᠳᠤᠷᠢᠳᠤᠨ ᠠᠬᠢᠭᠤᠯᠬᠤ ᠶᠠᠪᠤᠴᠠ ᠳᠤᠮᠳᠠ ᠂  ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢ ᠪᠠᠷᠢᠮᠲᠠᠯᠠᠵᠤ ᠂  ᠴᠡᠷᠢᠭ᠎ᠤᠨ ᠶᠠᠪᠤᠳᠠᠯ᠎ᠤᠨ ᠵᠠᠰᠠᠯᠲᠠ ᠵᠢᠨ ᠰᠦᠪᠡᠭᠴᠢᠯᠡᠯᠲᠡ ᠦᠢ᠍ᠯᠡᠳᠦᠯᠭᠡ ᠵᠢ ᠢᠳᠡᠪᠬᠢᠲᠡᠢ ᠠᠬᠢᠭᠤᠯᠵᠤ ᠂  ᠢᠯᠠᠩᠭᠤᠶ᠎ᠠ ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠣᠨ ᠴᠡᠷᠢᠭ ᠠᠩᠭᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠂  ᠬᠠᠤᠯᠢ᠎ᠪᠠᠷ ᠴᠡᠷᠢᠭ᠎ᠢ ᠵᠠᠰᠠᠬᠤ ᠵᠢ ᠠᠬᠢᠭᠤᠯᠬᠤ ᠂  ᠴᠡᠷᠢᠭ ᠠᠩᠭᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ ᠰᠠᠢ᠌ᠵᠢᠷᠠᠭᠤᠯᠬᠤ ᠵᠡᠷᠭᠡ᠎ᠪᠠᠷ ᠳᠠᠮᠵᠢᠭᠤᠯᠵᠤ ᠂  ᠠᠯᠢ ᠤᠯᠠᠨ ᠴᠣ᠋ ᠰᠢᠨ᠎ᠡ ᠪᠠᠢ᠌ᠭᠤᠯᠤᠮᠵᠢ ᠲᠣᠭᠲᠠᠴᠠ ᠂  ᠬᠠᠤᠯᠢ ᠲᠣᠭᠲᠠᠭ᠋ᠠᠯ ᠂  ᠲᠦᠷᠦ ᠵᠢᠨ ᠪᠣᠳᠣᠯᠭ᠎ᠠ ᠳᠦᠷᠢᠮ᠎ᠢ ᠪᠦᠷᠢᠯᠳᠦᠭᠦᠯᠵᠦ ᠂  ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠴᠡᠷᠢᠭ᠎ᠤᠨ ᠶᠠᠪᠤᠳᠠᠯ᠎ᠤᠨ ᠳᠦᠷᠢᠮ᠎ᠢ ᠪᠠᠷᠢᠮᠲᠠᠯᠠᠨ ᠬᠥᠭᠵᠢᠭᠦᠯᠵᠦ ᠂  ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠣᠨ ᠴᠡᠷᠢᠭ ᠠᠩᠭᠢ ᠵᠢᠨ ᠣᠳᠣᠬᠢᠴᠢᠯᠠᠯᠲᠠ ᠵᠢ ᠬᠦᠴᠦᠲᠡᠢ ᠠᠬᠢᠭᠤᠯᠪᠠ ᠭᠡᠵᠦ ᠵᠢᠭ᠋ᠠᠵᠤ ᠭᠠᠷᠭ᠋ᠠᠪᠠ ᠃

      ᠰᠢ ᠵᠢᠨ ᠫᠢᠩ ᠂  ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠳᠴᠦ ᠂  ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠴᠡᠷᠢᠭ᠎ᠤᠨ ᠶᠠᠪᠤᠳᠠᠯ᠎ᠤᠨ ᠬᠤᠪᠢᠰᠬᠠᠯ ᠦᠳᠲᠡᠷ ᠲᠦᠷᠭᠡᠨ ᠬᠥᠭᠵᠢᠵᠦ ᠂  ᠮᠠᠨ᠎ᠤ ᠴᠡᠷᠢᠭ᠎ᠤᠨ ᠪᠠᠢ᠌ᠭᠤᠯᠤᠯᠲᠠ ᠶᠠᠭ ᠴᠡᠷᠢᠭ ᠪᠠᠢ᠌ᠭᠤᠯᠤᠭᠳᠠᠭᠰᠠᠨ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠭ᠋ᠠᠳ ᠪᠠᠢ᠌ᠨ᠎ᠠ ᠃  ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ ᠵᠢᠨ ᠴᠢᠬᠤᠯᠠ ᠠᠴᠢ ᠬᠣᠯᠪᠣᠭᠳᠠᠯ᠎ᠢ ᠲᠣᠳᠣᠷᠬᠠᠢ ᠲᠠᠨᠢᠵᠤ ᠂  ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠨ ᠂  ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠪᠠᠳᠠᠷᠠᠭᠤᠯᠵᠤ ᠂  ᠴᠡᠷᠢᠭ᠎ᠤᠨ ᠶᠠᠪᠤᠳᠠᠯ᠎ᠤᠨ ᠵᠠᠰᠠᠯᠲᠠ ᠵᠢᠨ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠤᠨ ᠂  ᠴᠡᠷᠢᠭ᠎ᠤᠨ ᠶᠠᠪᠤᠳᠠᠯ᠎ᠤᠨ ᠵᠠᠰᠠᠯᠲᠠ ᠵᠢᠨ ᠰᠢᠨ᠎ᠡ ᠴᠢᠩᠭ᠋ᠠᠳᠬᠠᠯ ᠵᠶ᠋ᠠᠷ ᠴᠡᠷᠢᠭ᠎ᠢ ᠬᠦᠴᠦᠷᠬᠡᠭᠵᠢᠭᠦᠯᠬᠦ ᠦᠢ᠍ᠯᠡᠰ᠎ᠤᠨ ᠰᠢᠨ᠎ᠡ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠰᠢ ᠵᠢᠨ ᠫᠢᠩ ᠂  ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠣᠨ᠎ᠠ ᠂  ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠠᠢ᠌ᠭᠤᠯᠤᠯᠲᠠ ᠵᠢᠨ ᠡᠯ᠎ᠡ ᠲᠠᠯ᠎ᠠ᠎ᠳᠤ ᠬᠣᠯᠪᠣᠭᠳᠠᠨ᠎ᠠ ᠃  ᠰᠢᠰᠲ᠋ᠧᠮ᠎ᠤᠨ ᠦᠵᠡᠯᠲᠡ᠎ᠪᠠᠨ ᠴᠢᠩᠭ᠋ᠠᠳᠬᠠᠵᠤ ᠂  ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ ᠂  ᠴᠡᠷᠢᠭ᠎ᠤᠨ ᠶᠠᠪᠤᠳᠠᠯ᠎ᠤᠨ ᠵᠠᠰᠠᠯᠲᠠ ᠵᠢᠨ ᠦᠵᠦ ᠲᠥᠯᠥᠪᠯᠡᠭᠡ ᠪᠣᠯᠣᠨ ᠪᠠᠢ᠌ᠯᠳᠤᠬᠤ ᠪᠣᠳᠣᠯᠭ᠎ᠠ ᠵᠢᠨ ᠲᠥᠯᠦᠪᠵᠢᠭᠦᠯᠭᠡ᠎ᠪᠠᠨ ᠴᠢᠩᠭ᠋ᠠᠳᠬᠠᠵᠤ ᠂  ᠡᠯ᠎ᠡ ᠬᠦᠷᠢᠶ᠎ᠡ ᠴᠠᠷᠠᠭ᠎ᠠ ᠵᠢᠨ ᠵᠠᠰᠠᠯᠲᠠ ᠂  ᠪᠦᠭᠦ ᠬᠡᠯᠬᠢᠶ᠎ᠡ ᠵᠠᠮ᠎ᠤᠨ ᠵᠠᠰᠠᠯᠲᠠ ᠂  ᠡᠯ᠎ᠡ ᠱᠠᠲᠤ ᠳᠠᠪᠬᠤᠷᠭ᠎ᠠ ᠵᠢᠨ ᠵᠠᠰᠠᠯᠲᠠ ᠵᠢ ᠴᠢᠩᠭ᠋ᠠᠳᠬᠠᠵᠤ ᠂  ᠲᠥᠯᠥᠪᠯᠡᠭᠡ᠎ᠲᠠᠢ ᠂  ᠭᠣᠣᠯᠳᠠᠯᠭ᠎ᠠ᠎ᠲᠠᠢ ᠠᠬᠢᠭᠤᠯᠬᠤ ᠬᠡᠷᠡᠭᠲᠡᠢ ᠃  ᠪᠦᠭᠦ ᠲᠠᠯ᠎ᠠ ᠵᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ ᠂  ᠰᠠᠯᠠᠭ᠎ᠠ ᠮᠥᠴᠢᠷ ᠪᠠ ᠬᠦᠷᠢᠶ᠎ᠡ ᠴᠠᠷᠠᠭ᠎ᠠ ᠠᠯᠤᠰᠯᠠᠭᠰᠠᠨ ᠵᠣᠬᠢᠴᠠᠭᠤᠯᠭ᠎ᠠ ᠵᠢ ᠴᠢᠩᠭ᠋ᠠᠳᠬᠠᠵᠤ ᠂  ᠴᠡᠷᠢᠭ᠎ᠤᠨ ᠶᠠᠪᠤᠳᠠᠯ᠎ᠤᠨ ᠵᠠᠰᠠᠯᠲᠠ ᠵᠢᠨ ᠰᠢᠰᠲ᠋ᠧᠮᠲᠦ ᠴᠢᠨᠠᠷ ᠂  ᠪᠦᠬᠦᠯᠢ ᠴᠣᠭᠴᠠᠲᠤ ᠴᠢᠨᠠᠷ ᠂  ᠬᠠᠮᠵᠢᠯᠴᠠᠬᠤ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ ᠃  ᠴᠡᠷᠢᠭ᠎ᠤᠨ ᠵᠠᠷᠤᠳᠠᠯ᠎ᠤᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠵᠢ ᠴᠢᠩᠭ᠋ᠠᠳᠬᠠᠵᠤ ᠂  ᠭᠣᠣᠯᠳᠠᠯᠭ᠎ᠠ᠎ᠲᠠᠢ ᠬᠦᠷᠢᠶᠡᠨ᠎ᠳᠠᠬᠢ ᠵᠠᠰᠠᠯᠲᠠ ᠵᠢ ᠭᠦᠨᠵᠡᠭᠡᠢ᠌ᠷᠡᠭᠦᠯᠵᠦ ᠂  ᠭᠣᠣᠯᠳᠠᠯᠭ᠎ᠠ᠎ᠲᠠᠢ ᠰᠢᠪᠲᠤᠯᠤᠯᠲᠠ᠎ᠪᠠᠷ ᠪᠦᠬᠦᠯᠢ ᠴᠣᠭᠴᠠ᠎ᠪᠠᠷ ᠠᠬᠢᠭᠤᠯᠬᠤ ᠵᠢ ᠳᠠᠢ᠌ᠴᠢᠯᠠᠬᠤ ᠬᠡᠷᠡᠭᠲᠡᠢ ᠃  ᠪᠠᠢ᠌ᠯᠳᠤᠬᠤ ᠪᠣᠳᠣᠯᠭ᠎ᠠ ᠵᠢᠨ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠭᠦᠨᠵᠡᠭᠡᠢ ᠠᠬᠢᠭᠤᠯᠵᠤ ᠂  ᠬᠡᠷᠡᠭᠴᠡᠭᠡ ᠵᠢ ᠰᠢᠨᠵᠢᠯᠡᠬᠦ ᠤᠬᠠᠭ᠋ᠠᠨᠴᠢ᠎ᠪᠠᠷ ᠪᠤᠢ ᠪᠤᠯᠭ᠋ᠠᠬᠤ ᠂  ᠲᠦᠷᠭᠡᠨ ᠴᠤᠤᠷᠢᠶᠠᠲᠤᠬᠤ ᠂  ᠪᠦᠲᠦᠮᠵᠢᠲᠡᠢ ᠨᠠᠢ᠌ᠳᠠᠪᠤᠷᠢᠵᠢᠭᠤᠯᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ ᠂  ᠪᠦᠭᠦ ᠶᠠᠪᠤᠴᠠ ᠵᠢᠨ ᠲᠤᠰᠬᠠᠢ᠌ᠵᠢᠭᠰᠠᠨ ᠦᠨᠡᠯᠡᠨ ᠵᠢᠱ᠌ᠢᠬᠦ ᠵᠠᠮ ᠵᠶ᠋ᠠᠷ ᠵᠠᠮᠨᠠᠵᠤ ᠂  ᠬᠡᠯᠬᠢᠶ᠎ᠡ ᠵᠠᠮ᠎ᠤᠨ ᠰᠢᠭᠤᠳ ᠰᠢᠯᠤᠭᠤᠨ ᠥᠨᠳᠥᠷ ᠪᠦᠲᠦᠮᠵᠢᠲᠡᠢ ᠪᠠᠢ᠌ᠬᠤ ᠵᠢ ᠪᠠᠲᠤᠯᠠᠵᠤ ᠂  ᠴᠡᠷᠢᠭ᠎ᠤᠨ ᠶᠠᠪᠤᠳᠠᠯ᠎ᠤᠨ ᠰᠢᠰᠲ᠋ᠧᠮ᠎ᠤᠨ ᠠᠵᠢᠯᠯᠠᠭ᠋ᠠᠨ᠎ᠤ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠪᠠᠳᠠᠷᠠᠭᠤᠯᠬᠤ ᠬᠡᠷᠡᠭᠲᠡᠢ ᠃  ᠳᠡᠭᠡᠳᠦ ᠳᠠᠪᠬᠤᠷᠭ᠎ᠠ ᠵᠢᠨ ᠪᠠᠢ᠌ᠭᠤᠯᠭ᠎ᠠ ᠪᠠ ᠳᠡᠭᠡᠳᠦ ᠲᠡᠰ᠎ᠤᠨ ᠺᠠᠳ᠋ᠷᠴᠤᠳ ᠲᠦᠷᠦᠭᠦᠯᠡᠨ ᠦᠵᠡᠯ ᠰᠠᠨᠠᠭ᠎ᠠ᠎ᠪᠠᠨ ᠴᠢᠯᠦᠭᠡᠯᠡᠵᠦ ᠂  ᠠᠵᠢᠯ᠎ᠤᠨ ᠠᠷᠭ᠎ᠠ ᠮᠠᠶᠢᠭ᠎ᠤᠨ ᠰᠢᠨ᠎ᠡ ᠵᠢ ᠡᠭᠦᠳᠴᠦ ᠂  ᠵᠠᠰᠠᠯᠲᠠ ᠵᠢᠨ ᠣᠢ᠌ᠯᠠᠭ᠋ᠠᠭᠳᠠᠬᠤᠨ ᠵᠶ᠋ᠠᠷ ᠡᠯ᠎ᠡ ᠵᠦᠢ᠍ᠯ᠎ᠤᠨ ᠠᠵᠢᠯ ᠵᠶ᠋ᠠᠨ ᠠᠬᠢᠭᠤᠯᠵᠤ ᠂  ᠰᠢᠰᠲ᠋ᠧᠮ᠎ᠲᠠᠢ ᠵᠠᠰᠠᠬᠤ ᠂  ᠬᠠᠤᠯᠢ ᠶᠣᠰᠣᠭ᠋ᠠᠷ ᠵᠠᠰᠠᠬᠤ ᠂  ᠶᠡᠷᠦᠩᠬᠡᠢ᠌ᠯᠡᠨ ᠵᠠᠰᠠᠬᠤ ᠂  ᠡᠬᠢ ᠡᠭᠦᠰᠦᠯ᠎ᠠᠴᠠ᠎ᠨᠢ ᠵᠠᠰᠠᠬᠤ ᠴᠢᠳᠠᠪᠤᠷᠢ᠎ᠪᠠᠨ ᠴᠢᠩᠭ᠋ᠠᠳᠬᠠᠬᠤ ᠬᠡᠷᠡᠭᠲᠡᠢ ᠃  ᠦᠨᠳᠦᠰᠦᠨ ᠱᠠᠲᠤᠨ᠎ᠤ ᠵᠠᠰᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂  ᠳᠠᠷᠤᠭ᠎ᠠ ᠪᠠᠢ᠌ᠯᠳᠤᠭᠴᠢᠳ᠎ᠤᠨ ᠭᠣᠣᠯ ᠴᠣᠭᠴᠠ ᠵᠢᠨ ᠪᠠᠢ᠌ᠷᠢ ᠰᠠᠭᠤᠷᠢ ᠪᠠ ᠤᠤᠭ᠋ᠠᠯ ᠡᠭᠦᠳᠦᠯᠲᠡ ᠵᠢᠨ ᠵᠣᠷᠢᠭ ᠰᠠᠨᠠᠭ᠎ᠠ ᠵᠢ ᠭᠦᠨᠳᠦᠳᠭᠡᠵᠦ ᠂  ᠦᠨᠳᠦᠰᠦᠨ ᠱᠠᠲᠤᠨ᠎ᠤ ᠪᠦᠲᠦᠭᠡᠨ ᠪᠠᠢ᠌ᠭᠤᠯᠤᠯᠲᠠ ᠵᠢᠨ ᠪᠦᠭᠦ ᠲᠠᠯ᠎ᠠ᠎ᠪᠠᠷ ᠲᠠᠪᠰᠢᠬᠤ ᠂  ᠪᠦᠭᠦ ᠲᠠᠯ᠎ᠠ᠎ᠪᠠᠷ ᠴᠠᠭ᠋ᠠᠷᠠᠬᠤ ᠵᠢ ᠠᠬᠢᠭᠤᠯᠬᠤ ᠬᠡᠷᠡᠭᠲᠡᠢ ᠃  ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠥᠭᠡᠷᠡᠴᠢᠯᠡᠯᠲᠡ ᠪᠠ ᠬᠠᠤᠯᠢ᠎ᠪᠠᠷ ᠵᠠᠰᠠᠬᠤ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ ᠂  ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠂  ᠴᠡᠷᠢᠭ᠎ᠤᠨ ᠶᠠᠪᠤᠳᠠᠯ᠎ᠤᠨ ᠬᠠᠤᠯᠢ ᠲᠣᠭᠲᠠᠭ᠋ᠠᠬᠤ ᠠᠵᠢᠯ᠎ᠢ ᠭᠦᠨᠵᠡᠭᠡᠢ᠌ᠷᠡᠭᠦᠯᠦᠨ ᠂  ᠬᠠᠤᠯᠢ ᠲᠣᠭᠲᠠᠭ᠋ᠠᠯ ᠳᠦᠷᠢᠮ᠎ᠤᠨ ᠬᠡᠷᠡᠭᠵᠢᠭᠦᠯᠦᠯᠲᠡ ᠪᠠ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ ᠂  ᠥᠭᠡᠷᠡᠴᠢᠯᠡᠯᠲᠡ ᠵᠢᠨ ᠠᠬᠢᠭᠤᠯᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ ᠂  ᠬᠠᠤᠯᠢ᠎ᠪᠠᠷ ᠵᠠᠰᠠᠬᠤ ᠡᠨᠡ ᠬᠦ᠌ ᠦᠨᠳᠦᠰᠦᠨ ᠭᠡᠯᠪᠡᠷᠢ ᠵᠢ ᠰᠠᠢ᠌ᠲᠤᠷ ᠬᠡᠷᠡᠭᠯᠡᠵᠦ ᠂  ᠴᠡᠷᠢᠭ᠎ᠤᠨ ᠶᠠᠪᠤᠳᠠᠯ᠎ᠤᠨ ᠵᠠᠰᠠᠯᠲᠠ ᠵᠢᠨ ᠡᠯ᠎ᠡ ᠵᠦᠢ᠍ᠯ᠎ᠤᠨ ᠠᠵᠢᠯ᠎ᠢ ᠨᠡᠩ ᠰᠠᠢ᠌ᠲᠤᠷ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

      ᠰᠢ ᠵᠢᠨ ᠫᠢᠩ ᠂  ᠴᠡᠷᠢᠭ ᠪᠠ ᠣᠷᠣᠨ ᠨᠤᠲᠤᠭ ᠠᠯᠤᠰᠯᠠᠭᠰᠠᠨ ᠵᠠᠰᠠᠯᠲᠠ ᠵᠢ ᠴᠢᠩᠭ᠋ᠠᠳᠬᠠᠬᠤ ᠪᠣᠯ ᠴᠡᠷᠢᠭ᠎ᠤᠨ ᠶᠠᠪᠤᠳᠠᠯ᠎ᠤᠨ ᠵᠠᠰᠠᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ ᠵᠢᠨ ᠪᠠᠢ᠌ᠪᠠᠰᠤ ᠵᠣᠬᠢᠬᠤ ᠠᠭᠤᠯᠭ᠎ᠠ ᠮᠥᠨ ᠂  ᠨᠢᠭᠡ ᠴᠣᠭᠴᠠᠵᠢᠭᠰᠠᠨ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠰᠲ᠋ᠧᠮ ᠪᠣᠯᠣᠨ ᠴᠢᠳᠠᠪᠤᠷᠢ ᠵᠢ ᠪᠡᠬᠢᠵᠢᠭᠦᠯᠦᠨ ᠳᠡᠭᠡᠭᠰᠢᠯᠡᠭᠦᠯᠭᠦ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ ᠃  ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠂  ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠤᠬᠠᠮᠰᠠᠷ ᠵᠶ᠋ᠠᠨ ᠴᠢᠩᠭ᠋ᠠᠳᠬᠠᠵᠤ ᠂  ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ ᠂  ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠬᠡᠬᠦ ᠬᠡᠷᠡᠭᠲᠡᠢ ᠃  ᠴᠡᠷᠢᠭ ᠪᠣᠯᠣᠨ ᠣᠷᠣᠨ ᠨᠤᠲᠤᠭ᠎ᠤᠨ ᠣᠯᠣᠯᠴᠠᠭ᠎ᠠ ᠵᠣᠬᠢᠴᠠᠭᠤᠯᠭ᠎ᠠ᠎ᠪᠠᠨ ᠰᠠᠢ᠌ᠲᠤᠷ ᠬᠢᠵᠦ ᠂  ᠴᠡᠷᠢᠭ᠎ᠤᠨ ᠶᠠᠪᠤᠳᠠᠯ᠎ᠤᠨ ᠬᠡᠷᠡᠭᠴᠡᠭᠡ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠠᠬᠢ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ ᠃  ᠪᠠᠢ᠌ᠭᠤᠯᠤᠮᠵᠢ ᠲᠣᠭᠲᠠᠴᠠ ᠵᠢ ᠦᠷᠭᠦᠯᠵᠢᠯᠡᠨ ᠰᠢᠯᠢᠳᠡᠭᠵᠢᠭᠦᠯᠵᠦ ᠂  ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ ᠂  ᠲᠦᠷᠦ ᠵᠢᠨ ᠪᠣᠳᠣᠯᠭ᠎ᠠ ᠳᠦᠷᠢᠮ᠎ᠢ ᠪᠦᠷᠢᠨᠰᠢᠭᠦᠯᠵᠦ ᠂  ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠂  ᠨᠢᠭᠲᠠ ᠬᠠᠮᠵᠢᠯᠴᠠᠬᠤ ᠂  ᠵᠢᠷᠤᠮᠵᠢᠩᠭᠤᠢ ᠡᠮᠬᠢ ᠳᠢᠭᠯᠢᠮ᠎ᠲᠠᠢ ᠴᠡᠷᠢᠭ ᠪᠠ ᠣᠷᠣᠨ ᠨᠤᠲᠤᠭ ᠠᠯᠤᠰᠯᠠᠭᠰᠠᠨ ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠠᠷᠢᠭᠤ ᠵᠠᠬᠢᠳᠠᠯ ᠢᠯᠡᠭᠡᠵᠦ ᠰᠢᠶᠠᠩᠭ᠋ᠠᠩ᠎ᠤᠨ ᠫᠧᠢ ᠴᠢᠶᠤᠤ ᠳᠤᠮᠳᠠᠳᠤ ᠰᠤᠷᠭ᠋ᠠᠭᠤᠯᠢ ᠵᠢᠨ ᠰᠤᠷᠤᠬ᠍ᠴᠢᠳ᠎ᠢ ᠵᠣᠷᠢᠭᠵᠢᠭᠤᠯᠪᠠ
ᠰᠢ ᠵᠢᠨ ᠫᠢᠩ ᠢᠨᠳᠤᠨᠧᠰᠢᠶ᠎ᠠ ᠵᠢᠨ ᠶᠡᠷᠦᠩᠬᠡᠢ᠌ᠯᠡᠭᠴᠢ ᠽᠦᠸᠸᠺᠸ᠎ᠲᠠᠢ ᠠᠭᠤᠯᠵᠠᠪᠠ
ᠭᠤᠴᠢᠨ ᠨᠢᠭᠡᠳᠦᠭᠡᠷ ᠬᠤᠭᠤᠴᠠᠭ᠋ᠠᠨ᠎ᠤ ᠳᠡᠯᠡᠬᠡᠢ ᠵᠢᠨ ᠣᠶᠤᠲᠠᠳ᠎ᠤᠨ ᠵᠤᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠡᠭᠢᠯᠡᠯᠲᠡ ᠵᠢᠨ ᠶᠣᠰᠣᠯᠠᠯ 28᠎ᠤ ᠣᠷᠣᠢ ᠰᠸᠴᠤᠸᠠᠨ᠎ᠤ ᠴᠧᠩᠳᠦ᠋᠎ᠳᠤ ᠶᠠᠪᠤᠭᠳᠠᠨ᠎ᠠ ᠰᠢ ᠵᠢᠨ ᠫᠢᠩ ᠡᠭᠢᠯᠡᠯᠲᠡ ᠵᠢᠨ ᠶᠣᠰᠣᠯᠠᠯ᠎ᠳᠤ ᠣᠷᠤᠯᠴᠠᠬᠤ ᠵᠢᠨ ᠬᠠᠮᠲᠤ ᠲᠤᠰ ᠬᠤᠭᠤᠴᠠᠭ᠋ᠠᠨ᠎ᠤ ᠣᠶᠤᠲᠠᠳ᠎ᠤᠨ ᠲᠠᠮᠢᠷ᠎ᠤᠨ ᠴᠤᠭᠯᠠᠭ᠋ᠠᠨ ᠡᠬᠢᠯᠡᠬᠦ ᠵᠢ ᠵᠠᠷᠯᠠᠨ᠎ᠠ
ᠰᠢ ᠵᠢᠨ ᠫᠢᠩ 《8 · 1》᠎ᠠᠴᠠ ᠡᠮᠦᠨᠡᠬᠡᠨ ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ᠎ᠢ ᠪᠠᠢ᠌ᠴᠠᠭ᠋ᠠᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠴᠡᠷᠢᠭ ᠠᠩᠭᠢ ᠵᠢᠨ ᠣᠳᠣᠬᠢᠴᠢᠯᠠᠯᠲᠠ ᠵᠢᠨ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠵᠦ ᠨᠠᠮ ᠪᠣᠯᠣᠨ ᠠᠷᠠᠳ ᠲᠦᠮᠡᠨ᠎ᠠᠴᠠ ᠣᠯᠭᠣᠭᠰᠠᠨ ᠡᠯ᠎ᠡ ᠵᠦᠢ᠍ᠯ᠎ᠤᠨ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠠᠷᠠᠳ᠎ᠤᠨ ᠴᠢᠯᠦᠭᠡᠯᠡᠬᠦ ᠴᠡᠷᠢᠭ᠎ᠤᠨ ᠪᠦᠭᠦ ᠵᠢᠯᠣᠭᠣᠳᠤᠭᠴᠢ ᠪᠠᠢ᠌ᠯᠳᠤᠭᠴᠢ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠳᠠᠷᠤᠭ᠎ᠠ ᠪᠠᠢ᠌ᠯᠳᠤᠭᠴᠢ ᠴᠡᠷᠢᠭ ᠠᠩᠭᠢ ᠵᠢᠨ ᠪᠢᠴᠢᠭ᠎ᠤᠨ ᠲᠤᠰᠢᠶᠠᠯᠲᠠᠨ ᠡᠷᠦᠭᠡ ᠵᠢᠨ ᠴᠡᠷᠢᠭ᠎ᠤᠨ ᠪᠡᠯᠡᠳᠬᠡᠯ ᠠᠯᠪᠠᠨ᠎ᠤ ᠬᠥᠮᠥᠰ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠪᠡ
ᠰᠢ ᠵᠢᠨ ᠫᠢᠩ ᠰᠸᠴᠤᠸᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠰᠢᠨ᠎ᠡ ᠴᠠᠭ ᠦᠶ᠎ᠡ ᠵᠢᠨ ᠰᠸᠴᠤᠸᠠᠨ᠎ᠢ ᠵᠠᠰᠠᠵᠤ ᠰᠸᠴᠤᠸᠠᠨ᠎ᠢ ᠮᠠᠨᠳᠤᠭᠤᠯᠤᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠸᠴᠤᠸᠠᠨ᠎ᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ
 
            