ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠢᠨᠳᠤᠨᠧᠰᠢᠶ᠎ᠠ ᠵᠢᠨ ᠶᠡᠷᠦᠩᠬᠡᠢ᠌ᠯᠡᠭᠴᠢ ᠽᠦᠸᠸᠺᠸ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2023-07-28


       ᠰᠢᠨᠬᠤᠸᠠ ᠬᠣᠷᠢᠶ᠎ᠠ ᠵᠢᠨ ᠴᠧᠩᠳᠦ᠋ ᠵᠢᠨ 7 ᠰᠠᠷ᠎ᠠ ᠵᠢᠨ 27᠎ᠤ ᠴᠠᠭᠢᠯᠭ᠋ᠠᠨ ᠮᠡᠳᠡᠭᠡ   7 ᠰᠠᠷ᠎ᠠ ᠵᠢᠨ 27᠎ᠤ ᠦᠳᠡ ᠵᠢᠨ ᠬᠣᠢ᠌ᠨ᠎ᠠ ᠂  ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠤᠮᠳᠠᠳᠤ ᠤᠯᠤᠰ᠎ᠲᠤ ᠢᠷᠡᠵᠤ 31 ᠳ᠋ᠦ᠍ᠭᠡᠷ ᠬᠤᠭᠤᠴᠠᠭ᠋ᠠᠨ᠎ᠤ ᠳᠡᠯᠡᠬᠡᠢ ᠵᠢᠨ ᠣᠶᠤᠲᠠᠳ᠎ᠤᠨ ᠵᠤᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠡᠭᠢᠯᠡᠯᠲᠡ ᠵᠢᠨ ᠶᠣᠰᠣᠯᠠᠯ᠎ᠳᠤ ᠣᠷᠤᠯᠴᠠᠬᠤ ᠪᠥᠭᠡᠳ ᠲᠤᠮᠳᠠᠳᠤ ᠤᠯᠤᠰ᠎ᠲᠤ ᠠᠢ᠌ᠯᠴᠢᠯᠠᠯᠳᠠ ᠬᠢᠵᠦ ᠪᠠᠢ᠌ᠭ᠎ᠠ ᠢᠨᠳᠤᠨᠧᠰᠢᠶ᠎ᠠ ᠵᠢᠨ ᠶᠡᠷᠦᠩᠬᠡᠢ᠌ᠯᠡᠭᠴᠢ ᠽᠦᠸᠸᠺᠸ᠎ᠲᠠᠢ ᠴᠧᠩᠳᠦ᠋᠎ᠳᠤ ᠠᠭᠤᠯᠵᠠᠪᠠ ᠃


1.jpg


7 ᠰᠠᠷ᠎ᠠ ᠵᠢᠨ 27᠎ᠤ ᠦᠳᠡ ᠵᠢᠨ ᠬᠣᠢ᠌ᠨ᠎ᠠ ᠂  ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠤᠮᠳᠠᠳᠤ ᠤᠯᠤᠰ᠎ᠲᠤ ᠢᠷᠡᠵᠤ 31 ᠳ᠋ᠦ᠍ᠭᠡᠷ ᠬᠤᠭᠤᠴᠠᠭ᠋ᠠᠨ᠎ᠤ ᠳᠡᠯᠡᠬᠡᠢ ᠵᠢᠨ ᠣᠶᠤᠲᠠᠳ᠎ᠤᠨ ᠵᠤᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠡᠭᠢᠯᠡᠯᠲᠡ ᠵᠢᠨ ᠶᠣᠰᠣᠯᠠᠯ᠎ᠳᠤ ᠣᠷᠤᠯᠴᠠᠬᠤ ᠪᠥᠭᠡᠳ ᠲᠤᠮᠳᠠᠳᠤ ᠤᠯᠤᠰ᠎ᠲᠤ ᠠᠢ᠌ᠯᠴᠢᠯᠠᠯᠳᠠ ᠬᠢᠵᠦ ᠪᠠᠢ᠌ᠭ᠎ᠠ ᠢᠨᠳᠤᠨᠧᠰᠢᠶ᠎ᠠ ᠵᠢᠨ ᠶᠡᠷᠦᠩᠬᠡᠢ᠌ᠯᠡᠭᠴᠢ ᠽᠦᠸᠸᠺᠸ᠎ᠲᠠᠢ ᠴᠧᠩᠳᠦ᠋᠎ᠳᠤ ᠠᠭᠤᠯᠵᠠᠪᠠ ᠃   ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ   ᠶᠢᠨ ᠪᠦᠸᠸ ᠭᠦ᠋    ᠰᠡᠭᠦᠳᠡᠷᠯᠡᠪᠡ


       ᠰᠢ ᠵᠢᠨ ᠫᠢᠩ ᠂  ᠨᠢᠳᠤᠨᠤᠨ ᠪᠢ ᠶᠡᠷᠦᠩᠬᠡᠢ᠌ᠯᠡᠭᠴᠢ ᠽᠦᠸᠸᠺᠸ᠎ᠲᠠᠢ ᠬᠠᠮᠲᠤ᠎ᠪᠠᠷ ᠬᠣᠶᠠᠷ ᠤᠯᠤᠰ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠢ᠌ᠭᠤᠯᠬᠤ ᠰᠢᠨ᠎ᠡ ᠬᠠᠭᠤᠳᠠᠰᠤ ᠵᠢ ᠨᠡᠭᠡᠭᠡᠭᠰᠡᠨ ᠪᠢᠯᠡ ᠃  ᠤᠯᠤᠰ᠎ᠤᠨ ᠣᠳᠣᠬᠢᠴᠢᠯᠠᠯᠲᠠ ᠪᠣᠯᠣᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠠᠮ ᠳᠡᠭᠡᠷ᠎ᠡ ᠂  ᠳᠤᠮᠳᠠᠳᠤ ᠤᠯᠤᠰ ᠪᠣᠯᠣᠨ ᠢᠨᠳᠤᠨᠧᠰᠢᠶ᠎ᠠ ᠵᠢᠨ ᠣᠢ᠌ᠯᠠᠭ᠋ᠠᠭᠳᠠᠬᠤᠨ ᠳᠡᠭᠡᠳᠦ ᠬᠡᠮᠵᠢᠶ᠎ᠡ᠎ᠪᠠᠷ ᠨᠡᠢ᠌ᠴᠡᠵᠦ ᠪᠠᠢ᠌ᠨ᠎ᠠ ᠂  ᠬᠠᠷᠢᠯᠴᠠᠨ ᠬᠥᠭᠵᠢᠯᠲᠡ ᠵᠢᠨ ᠠᠵᠠ ᠲᠣᠭᠢᠶᠠᠯ ᠬᠠᠩᠭ᠋ᠠᠵᠤ ᠂  ᠵᠣᠷᠢᠯᠲᠠ ᠠᠳᠠᠯᠢ ᠵᠠᠮ ᠨᠢᠭᠡᠲᠡᠢ ᠬᠠᠨᠢ ᠂  ᠰᠠᠢ᠌ᠨ ᠬᠠᠨᠢᠲᠠᠨ ᠪᠣᠯᠤᠭᠰᠠᠨ ᠪᠠᠢ᠌ᠨ᠎ᠠ ᠃  ᠳᠤᠮᠳᠠᠳᠤ ᠤᠯᠤᠰ ᠳᠤᠷᠠᠲᠠᠶ᠎ᠠ ᠡᠨᠡ ᠵᠢᠯ ᠬᠣᠶᠠᠷ ᠤᠯᠤᠰ᠎ᠤᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠠᠢ᠌ᠭᠤᠯᠤᠭᠰᠠᠨ 10 ᠵᠢᠯ᠎ᠤᠨ ᠤᠢ᠎ᠪᠠᠷ ᠠᠵᠠ ᠲᠣᠭᠢᠶᠠᠯ ᠪᠤᠯᠭ᠋ᠠᠵᠤ ᠂  ᠢᠨᠳᠤᠨᠧᠰᠢᠶ᠎ᠠ᠎ᠯᠦᠭᠡ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ ᠂  ᠬᠥᠭᠵᠢᠵᠦ ᠪᠠᠢ᠌ᠭ᠎ᠠ ᠤᠯᠤᠰ᠎ᠤᠳ᠎ᠤᠨ ᠬᠤᠪᠢ ᠵᠠᠶᠠᠭ᠎ᠠ᠎ᠪᠠᠨ ᠬᠠᠮᠲᠤᠳᠬᠠᠵᠤ ᠂  ᠪᠦᠯᠬᠦᠮᠳᠡᠨ ᠬᠠᠮᠲᠤᠷᠠᠯᠴᠠᠵᠤ ᠂  ᠬᠥᠭᠵᠢᠯᠲᠡ ᠵᠢ ᠬᠠᠮᠲᠤ᠎ᠪᠠᠷ ᠠᠬᠢᠭᠤᠯᠬᠤ ᠬᠡᠪ ᠳᠠᠭᠤᠷᠢᠶᠠᠯ᠎ᠢ ᠪᠤᠢ ᠪᠤᠯᠭ᠋ᠠᠵᠤ ᠂  ᠭᠠᠵᠠᠷ ᠣᠷᠣᠨ ᠪᠠ ᠳᠡᠯᠡᠬᠡᠢ ᠳ᠋ᠠᠬᠢᠨ᠎ᠳᠤ ᠨᠡᠩ ᠤᠯᠠᠨ ᠲᠣᠬᠲᠠᠭ᠋ᠠᠯᠲᠤ ᠴᠢᠨᠠᠷ ᠪᠠ ᠢᠳᠡᠪᠬᠢ ᠬᠦᠴᠦᠨ᠎ᠢ ᠨᠡᠮᠡᠷᠢᠯᠡᠨ᠎ᠡ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ ᠂  ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ᠎ᠯᠦᠭᠡ ᠪᠠᠢ᠌ᠩᠭᠤ ᠵᠢᠨ ᠴᠢᠨᠠᠷᠲᠠᠢ ᠪᠠᠢ᠌ᠯᠳᠤᠬᠤ ᠪᠣᠳᠣᠯᠭ᠎ᠠ ᠵᠢᠨ ᠣᠯᠣᠯᠴᠠᠭ᠎ᠠ᠎ᠪᠠᠨ ᠪᠠᠲᠤᠯᠠᠵᠤ ᠂  ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠷᠰᠢᠯᠭ᠎ᠠ ᠵᠢᠨ ᠰᠣᠯᠢᠯᠴᠠᠭ᠎ᠠ᠎ᠪᠠᠨ ᠴᠢᠩᠭ᠋ᠠᠳᠬᠠᠵᠤ ᠂  ᠬᠣᠶᠠᠷ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠪᠠᠲᠤᠯᠠᠨ ᠬᠠᠮᠠᠭ᠋ᠠᠯᠠᠯᠲᠠ ᠵᠢᠨ ᠶᠠᠮᠤᠨ᠎ᠤ ᠰᠠᠢ᠌ᠳ᠎ᠤᠨ 《 2 + 2 》 ᠶᠠᠷᠢᠯᠴᠠᠭ᠋ᠠᠨ᠎ᠤ ᠲᠣᠭᠲᠠᠴᠠ ᠵᠢ ᠡᠬᠢᠯᠡᠭᠦᠯᠵᠦ ᠂  ᠥᠨᠳᠥᠷ ᠲᠦᠪᠰᠢᠨ ᠪᠦᠬᠦᠢ ᠪᠠᠢ᠌ᠯᠳᠤᠬᠤ ᠪᠣᠳᠣᠯᠭ᠎ᠠ ᠵᠢᠨ ᠢᠲᠡᠭᠡᠯᠴᠡᠭᠡ ᠵᠢ ᠪᠠᠢ᠌ᠭᠤᠯᠤᠨ᠎ᠠ ᠃ 《  ᠨᠢᠭᠡ ᠪᠦᠰᠡ ᠨᠢᠭᠡ ᠵᠠᠮ 》᠎ᠤᠨ ᠰᠠᠨᠠᠭ᠋ᠠᠴᠢᠯᠠᠭ᠎ᠠ ᠪᠣᠯᠣᠨ ᠢᠨᠳᠤᠨᠧᠰᠢᠶ᠎ᠠ ᠵᠢᠨ 《  ᠪᠦᠭᠦ ᠪᠥᠮᠪᠥᠷᠴᠡᠭ᠎ᠤᠨ ᠳᠠᠯᠠᠢ ᠲᠠᠩᠭᠢᠰ᠎ᠤᠨ ᠲᠤᠯᠬᠤ ᠴᠡᠭ》᠎ᠤᠨ ᠲᠥᠰᠥᠪᠯᠡᠯ᠎ᠤᠨ ᠵᠣᠯᠭ᠋ᠠᠯᠴᠠᠭ᠎ᠠ ᠴᠢᠬᠤᠯᠠ ᠶᠡᠬᠡ ᠦᠷ᠎ᠡ ᠪᠦᠲᠦᠭᠡᠯ ᠣᠯᠪᠠ ᠃  ᠵᠠᠺᠠᠷᠲ᠋ᠠ —  ᠪᠠᠨᠳᠦ᠋ᠩ᠎ᠤᠨ ᠲᠦᠷᠭᠡᠨ᠎ᠤ ᠲᠡᠮᠦᠷ ᠵᠠᠮ ᠤᠳᠠᠯ ᠦᠭᠡᠢ ᠲᠡᠷᠭᠡ ᠨᠡᠪᠲᠡᠷᠡᠬᠦ ᠪᠣᠯᠣᠨ᠎ᠠ ᠂  ᠬᠣᠶᠠᠷ ᠲᠠᠯ᠎ᠠ᠎ᠪᠠᠷ ᠵᠶ᠋ᠠᠨ 《  ᠡᠴᠦᠰ᠎ᠤᠨ ᠨᠢᠭᠡ ᠺᠢᠯᠣᠮᠧᠲᠷ 》᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ ᠂  ᠲᠥᠷᠥᠯ ᠵᠦᠢ᠍ᠯ᠎ᠤᠨ ᠥᠨᠳᠥᠷ ᠪᠠᠷᠢᠮᠵᠢᠶ᠎ᠠ ᠂  ᠴᠢᠨᠠᠷ ᠰᠠᠢ᠌ᠲᠠᠢ ᠪᠠᠢ᠌ᠬᠤ ᠵᠢ ᠦᠨᠡᠨ ᠬᠦ᠌ ᠪᠠᠲᠤᠯᠠᠵᠤ ᠂  ᠢᠨᠳᠤᠨᠧᠰᠢᠶ᠎ᠠ ᠵᠢᠨ ᠬᠥᠭᠵᠢᠯᠲᠡ ᠵᠢᠨ ᠬᠤᠷᠳᠤᠴᠠ ᠵᠢ ᠲᠦᠷᠭᠡᠳᠬᠡᠶ᠎ᠡ ᠃  ᠬᠣᠶᠠᠷ ᠲᠠᠯ᠎ᠠ᠎ᠪᠠᠷ ᠵᠶ᠋ᠠᠨ ᠶᠡᠷᠦᠩᠬᠡᠢ᠌ᠯᠡᠭᠰᠡᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠬᠠᠮᠲᠤᠷᠠᠯᠴᠠᠭ᠎ᠠ ᠵᠢ ᠦᠷᠭᠦᠯᠵᠢᠯᠡᠨ ᠰᠠᠢ᠌ᠲᠤᠷ ᠬᠢᠵᠦ ᠂ 《ᠣᠷᠣᠨ ᠪᠦᠰᠡ ᠵᠢᠨ ᠶᠡᠷᠦᠩᠬᠡᠢ᠌ᠯᠡᠭᠰᠡᠨ ᠠᠵᠤ ᠠᠬᠤᠢ ᠵᠢᠨ ᠬᠣᠩᠭᠢᠯ》 ᠪᠣᠯᠣᠨ 《  ᠬᠣᠶᠠᠷ ᠤᠯᠤᠰ᠎ᠤᠨ ᠬᠣᠣᠰ ᠬᠦᠷᠢᠶᠡᠯᠡᠩ》᠎ᠤᠨ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠠᠬᠢᠭᠤᠯᠤᠶ᠎ᠠ ᠃  ᠳᠤᠮᠳᠠᠳᠤ ᠤᠯᠤᠰ ᠢᠨᠳᠤᠨᠧᠰᠢᠶ᠎ᠠ ᠵᠢᠨ ᠰᠢᠨ᠎ᠡ ᠨᠡᠢ᠌ᠰᠯᠡᠯ᠎ᠤᠨ ᠪᠦᠲᠦᠭᠡᠨ ᠪᠠᠢ᠌ᠭᠤᠯᠤᠯᠲᠠ ᠪᠣᠯᠣᠨ ᠤᠮᠠᠷᠠᠲᠤ ᠺᠠᠯᠢᠮᠠᠨᠲ᠋ᠠᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ᠎ᠤᠨ ᠨᠡᠭᠡᠭᠡᠨ ᠬᠥᠭᠵᠢᠭᠦᠯᠦᠯᠲᠡ ᠵᠢ ᠳᠡᠮᠵᠢᠵᠦ ᠂  ᠳᠤᠷᠠᠲᠠᠶ᠎ᠠ ᠢᠨᠳᠤᠨᠧᠰᠢᠶ᠎ᠠ᠎ᠯᠦᠭᠡ ᠰᠢᠨ᠎ᠡ ᠡᠨᠧᠷᠭᠢ ᠵᠢᠨ ᠮᠠᠰᠢᠨ ᠲᠡᠷᠭᠡ ᠂  ᠣᠶᠤᠨᠲᠤ ᠬᠣᠲᠠ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠥᠷᠭᠡᠳᠬᠡᠵᠦ ᠂  ᠠᠵᠤ ᠦᠢ᠍ᠯᠡᠰ᠎ᠤᠨ ᠲᠣᠭ᠋ᠠᠴᠢᠯᠠᠭᠰᠠᠨ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠬᠠᠮᠲᠤ᠎ᠪᠠᠷ ᠠᠬᠢᠭᠤᠯᠤᠨ᠎ᠠ ᠃  ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠵᠢᠨ ᠶᠡᠬᠡ ᠬᠡᠮᠵᠢᠶᠡᠨ᠎ᠤ ᠲᠠᠸᠠᠷ ᠪᠣᠯᠣᠨ ᠴᠢᠨᠠᠷ ᠰᠠᠢ᠌ᠲᠠᠢ ᠲᠠᠷᠢᠶᠠᠯᠠᠩ᠎ᠤᠨ ᠪᠦᠲᠦᠭᠡᠭᠳᠡᠬᠦᠨ᠎ᠢ   ᠣᠷᠣᠭᠤᠯᠬᠤ ᠵᠢ ᠦᠷᠭᠦᠯᠵᠢᠯᠡᠨ ᠥᠷᠭᠡᠳᠬᠡᠵᠦ ᠂ 《  ᠣᠷᠣᠨ ᠪᠦᠰᠡ ᠵᠢᠨ ᠪᠦᠭᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ 》᠎ᠢ ᠴᠢᠨᠠᠷ ᠰᠠᠢ᠌ᠲᠠᠢ ᠬᠡᠷᠡᠭᠵᠢᠭᠦᠯᠵᠦ ᠂  ᠠᠮᠤ ᠪᠤᠳᠠᠭ᠋ᠠᠨ᠎ᠤ ᠠᠮᠤᠷ ᠲᠦᠪᠰᠢᠨ ᠂  ᠶᠠᠳᠠᠭᠤ ᠬᠦᠴᠢᠷᠳᠡᠯᠲᠡᠢ ᠬᠥᠮᠥᠨ ᠠᠮᠠ ᠵᠢ ᠴᠥᠭᠡᠳᠬᠡᠨ ᠶᠠᠳᠠᠭᠤ ᠵᠢ ᠲᠡᠳᠬᠦᠬᠦ ᠂  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠂  ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠂  ᠬᠡᠯᠡᠨ᠎ᠤ ᠵᠢᠭ᠋ᠠᠨ ᠰᠤᠷᠭ᠋ᠠᠯᠲᠠ ᠂  ᠡᠮ ᠡᠮᠨᠡᠯᠭᠡ ᠡᠷᠡᠭᠦᠯ ᠬᠠᠮᠠᠭ᠋ᠠᠯᠠᠯ ᠂  ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ ᠭᠡᠵᠦ ᠴᠢᠬᠤᠯᠠᠴᠢᠯᠠᠪᠠ ᠃

       ᠰᠢ ᠵᠢᠨ ᠫᠢᠩ ᠂  ᠡᠨᠡ ᠵᠢᠯ ᠪᠣᠯ ᠮᠢᠨᠤ ᠳᠤᠮᠳᠠᠳᠤ ᠤᠯᠤᠰ —  ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠤᠭ᠎ᠠ ᠵᠢᠨ ᠨᠡᠩ ᠨᠢᠭᠲᠠ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ᠎ᠪᠠᠷ ᠳᠤᠷᠠᠳᠤᠭᠰᠠᠨ 10 ᠵᠢᠯ᠎ᠤᠨ ᠤᠢ ᠪᠤᠯᠬᠤ ᠪᠥᠭᠡᠳ ᠳᠤᠮᠳᠠᠳᠤ ᠤᠯᠤᠰ 《ᠵᠡᠭᠦᠨ ᠡᠮᠦᠨᠡᠲᠦ ᠠᠽᠢᠶ᠎ᠠ ᠵᠢᠨ ᠨᠥᠭᠦᠷᠰᠡᠭ ᠬᠠᠮᠲᠤᠷᠠᠯᠴᠠᠭ᠋ᠠᠨ᠎ᠤ ᠭᠡᠷ᠎ᠡ》᠎ᠳᠤ ᠣᠷᠣᠭᠰᠠᠨ 20 ᠵᠢᠯ᠎ᠤᠨ ᠤᠢ ᠪᠣᠯᠣᠨ᠎ᠠ ᠃  ᠳᠤᠮᠳᠠᠳᠤ ᠤᠯᠤᠰ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠤᠭ᠎ᠠ᠎ᠯᠤᠭ᠎ᠠ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ᠎ᠪᠠᠨ ᠭᠦᠨᠵᠡᠭᠡᠢ᠌ᠷᠡᠭᠦᠯᠵᠦ ᠂  ᠢᠨᠳᠤᠨᠧᠰᠢᠶ᠎ᠠ ᠵᠢᠨ᠎ᠬᠢᠨ᠎ᠤ ᠡᠨᠡ ᠵᠢᠯ᠎ᠤᠨ ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠤᠭ᠎ᠠ ᠵᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠵᠢ ᠳᠡᠮᠵᠢᠵᠦ ᠂  ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠤᠭ᠎ᠠ ᠵᠢᠨ ᠪᠠᠢ᠌ᠯᠳᠤᠬᠤ ᠪᠣᠳᠣᠯᠭ᠎ᠠ ᠵᠢᠨ ᠪᠡᠶ᠎ᠡ᠎ᠪᠠᠨ ᠳᠠᠭ᠋ᠠᠭ᠋ᠠᠬᠤ ᠂  ᠪᠦᠯᠬᠦᠮᠳᠡᠨ ᠬᠦᠴᠦᠷᠬᠡᠭᠵᠢᠬᠦ ᠵᠢ ᠪᠠᠷᠢᠮᠲᠠᠯᠠᠬᠤ ᠵᠢ ᠬᠥᠲᠥᠯᠥᠨ ᠳᠠᠭ᠋ᠠᠭᠤᠯᠵᠤ ᠂  ᠭᠠᠵᠠᠷ ᠣᠷᠣᠨ᠎ᠤ ᠲᠣᠭᠲᠠᠭᠤᠨ᠎ᠤ ᠲᠥᠪ ᠂  ᠬᠥᠭᠵᠢᠯᠲᠡ ᠵᠢᠨ ᠥᠨᠳᠥᠷᠯᠢᠭ᠎ᠢ ᠬᠠᠮᠲᠤ᠎ᠪᠠᠷ ᠴᠣᠭᠴᠠᠯᠠᠨ᠎ᠠ ᠃  ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ᠎ᠯᠦᠭᠡ ᠬᠣᠷᠢᠨ ᠤᠯᠤᠰ᠎ᠤᠨ ᠪᠦᠯᠦᠭᠯᠡᠯ ᠪᠣᠯᠣᠨ ᠠᠯᠳᠠᠨ ᠲᠣᠭᠣᠰᠭ᠋᠎ᠠ ᠤᠯᠤᠰ᠎ᠤᠳ ᠵᠡᠷᠭᠡ ᠤᠯᠠᠨ ᠲᠠᠯᠠᠲᠤ ᠲᠣᠭᠲᠠᠴᠠ᠎ᠳᠠᠬᠢ ᠣᠯᠣᠯᠴᠠᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ ᠂  ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠂  ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠂  ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ ᠂  ᠭᠠᠵᠠᠷ ᠣᠷᠣᠨ ᠪᠣᠯᠣᠨ ᠪᠦᠭᠦ ᠪᠥᠮᠪᠥᠷᠴᠡᠭ᠎ᠤᠨ ᠡᠩᠬᠡ ᠲᠠᠢ᠌ᠪᠤᠩ ᠲᠣᠭᠲᠠᠭᠤᠨ᠎ᠢ ᠬᠠᠮᠠᠭ᠋ᠠᠯᠠᠵᠤ ᠂  ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ ᠃  ᠽᠦᠸᠸᠺᠸ ᠂  ᠨᠢᠳᠤᠨᠤᠨ ᠪᠢ ᠪᠠᠯᠢ ᠠᠷᠠᠯ᠎ᠳᠤ ᠲᠡᠷᠢᠭᠦᠯᠡᠭᠴᠢ ᠰᠢ ᠵᠢᠨ ᠫᠢᠩ᠎ᠤᠨ ᠠᠢ᠌ᠯᠴᠢᠯᠠᠯᠲᠠ ᠵᠢ ᠭᠥᠯᠢᠶᠡᠨ ᠠᠪᠤᠭᠰᠠᠨ᠎ᠠᠴᠠ ᠨᠠᠭ᠋ᠠᠰᠢ ᠂  ᠬᠣᠶᠠᠷ ᠤᠯᠤᠰ᠎ᠤᠨ ᠬᠠᠷᠢᠯᠴᠠᠭ᠎ᠠ ᠪᠠᠰᠠ ᠮᠠᠰᠢ ᠤᠯᠠᠨ ᠪᠣᠳᠠᠲᠠᠢ ᠠᠬᠢᠴᠠ᠎ᠲᠠᠢ ᠪᠣᠯᠵᠠᠢ ᠃  ᠵᠠᠺᠠᠷᠲ᠋ᠠ —  ᠪᠠᠨᠳᠦ᠋ᠩ᠎ᠤᠨ ᠲᠦᠷᠭᠡᠨ᠎ᠤ ᠲᠡᠮᠦᠷ ᠵᠠᠮ ᠡᠨᠡ ᠵᠢᠯ᠎ᠤᠨ 8 ᠰᠠᠷ᠎ᠠ᠎ᠳᠤ ᠲᠣᠭᠲᠠᠭᠰᠠᠨ ᠬᠤᠭᠤᠴᠠᠭ᠋ᠠᠨ᠎ᠳᠠᠭᠠᠨ ᠲᠡᠷᠭᠡ ᠨᠡᠪᠲᠡᠷᠡᠵᠦ ᠂  ᠳᠤᠮᠳᠠᠳᠤ ᠤᠯᠤᠰ᠎ᠤᠨ᠎ᠬᠢᠨ᠎ᠤ ᠢᠳᠡᠪᠬᠢᠲᠡᠢ ᠣᠷᠣᠯᠴᠠᠵᠤ ᠪᠠᠢ᠌ᠭ᠎ᠠ ᠢᠨᠳᠤᠨᠧᠰᠢᠶ᠎ᠠ ᠵᠢᠨ ᠰᠢᠨ᠎ᠡ ᠨᠡᠢ᠌ᠰᠯᠡᠯ᠎ᠤᠨ ᠪᠦᠲᠦᠭᠡᠨ ᠪᠠᠢ᠌ᠭᠤᠯᠤᠯᠲᠠ ᠪᠣᠯᠣᠨ ᠤᠮᠠᠷᠠᠲᠤ ᠺᠠᠯᠢᠮᠠᠨᠲ᠋ᠠᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ᠎ᠢ ᠨᠡᠭᠡᠭᠡᠨ ᠬᠥᠭᠵᠢᠭᠦᠯᠬᠦ ᠵᠡᠷᠭᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠲᠥᠷᠥᠯ ᠵᠦᠢ᠍ᠯ ᠤᠷᠤᠭᠰᠢᠲᠠᠢ ᠶᠠᠪᠤᠭᠳᠠᠵᠤ ᠪᠠᠢ᠌ᠨ᠎ᠠ ᠃  ᠢᠨᠳᠤᠨᠧᠰᠢᠶ᠎ᠠ ᠵᠢᠨ᠎ᠬᠢᠨ ᠨᠢᠭᠡ ᠳᠤᠮᠳᠠᠳᠤ ᠤᠯᠤᠰ ᠪᠠᠢ᠌ᠬᠤ ᠲᠦᠷᠦ ᠵᠢᠨ ᠪᠣᠳᠣᠯᠭ᠎ᠠ ᠵᠢ ᠡᠷᠡᠰ ᠬᠡᠷᠡᠭᠵᠢᠭᠦᠯᠵᠦ ᠂  ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠡᠯᠡ ᠣᠷᠣᠭᠤᠯᠤᠯᠲᠠ ᠂  ᠲᠠᠯᠠᠢ ᠲᠠᠩᠭᠢᠰ᠎ᠤᠨ ᠵᠢᠭ᠋ᠠᠰᠤᠨ᠎ᠤ ᠦᠢ᠍ᠯᠡᠰ ᠂  ᠠᠮᠤ ᠪᠤᠳᠠᠭ᠋ᠠᠨ᠎ᠤ ᠠᠮᠤᠷ ᠲᠦᠪᠰᠢᠨ ᠂  ᠡᠮ ᠡᠮᠨᠡᠯᠭᠡ ᠡᠷᠡᠭᠦᠯ ᠬᠠᠮᠠᠭ᠋ᠠᠯᠠᠯ ᠵᠡᠷᠭᠡ ᠲᠠᠯ᠎ᠠ ᠵᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ ᠂  ᠬᠣᠶᠠᠷ ᠤᠯᠤᠰ᠎ᠤᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠬᠥᠭᠵᠢᠯᠲᠡ ᠵᠢ ᠴᠢᠨᠠᠭᠰᠢᠳᠠ ᠠᠬᠢᠭᠤᠯᠤᠨ᠎ᠠ ᠃  ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠂  ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠂  ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠪᠣᠯ ᠨᠡᠭᠡᠭᠡᠯᠲᠡᠲᠡᠢ ᠪᠠᠭᠲᠠᠭ᠋ᠠᠮᠵᠢᠲᠠᠢ ᠶᠤᠮ ᠂  ᠢᠨᠳᠤᠨᠧᠰᠢᠶ᠎ᠠ ᠵᠢᠨ᠎ᠬᠢᠨ ᠢᠳᠡᠪᠬᠢᠲᠡᠢ ᠳᠡᠮᠵᠢᠵᠦ ᠪᠠᠢ᠌ᠨ᠎ᠠ ᠃  ᠳᠤᠮᠳᠠᠳᠤ ᠤᠯᠤᠰ᠎ᠠᠴᠠ ᠢᠨᠳᠤᠨᠧᠰᠢᠶ᠎ᠠ ᠵᠢᠨ ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠤᠭ᠎ᠠ ᠵᠢᠨ ᠵᠢᠵᠢᠭᠦᠷ ᠲᠡᠷᠢᠭᠦᠯᠡᠭᠴᠢ ᠤᠯᠤᠰ᠎ᠤᠨ ᠠᠵᠢᠯ᠎ᠢ ᠳᠡᠮᠵᠢᠵᠦ ᠂  ᠭᠠᠵᠠᠷ ᠣᠷᠣᠨ᠎ᠤ ᠪᠦᠲᠦᠴᠡ᠎ᠳᠠᠬᠢ ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠤᠭ᠎ᠠ ᠵᠢᠨ ᠭᠣᠣᠯ ᠪᠤᠯᠬᠤ ᠪᠠᠢ᠌ᠷᠢ ᠰᠠᠭᠤᠷᠢ ᠵᠢ ᠬᠠᠮᠠᠭ᠋ᠠᠯᠠᠬᠤ ᠵᠢ ᠳᠡᠮᠵᠢᠵᠤ ᠪᠠᠢ᠌ᠬᠤ᠎ᠳᠤ ᠲᠠᠯᠠᠷᠬᠠᠵᠤ ᠪᠠᠢ᠌ᠨ᠎ᠠ ᠃  ᠢᠨᠳᠤᠨᠧᠰᠢᠶ᠎ᠠ ᠵᠢᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠠᠢ᠌ᠯᠳᠤᠬᠤ ᠪᠣᠳᠣᠯᠭ᠎ᠠ ᠵᠢᠨ ᠣᠯᠣᠯᠴᠠᠭ᠎ᠠ᠎ᠪᠠᠨ ᠨᠢᠭᠲᠠᠷᠠᠭᠤᠯᠵᠤ ᠂  ᠭᠠᠵᠠᠷ ᠣᠷᠣᠨ᠎ᠤ ᠡᠩᠬᠡ ᠲᠠᠢ᠌ᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ᠎ᠢ ᠬᠠᠮᠲᠤ᠎ᠪᠠᠷ ᠬᠠᠮᠠᠭ᠋ᠠᠯᠠᠨ᠎ᠠ ᠭᠡᠵᠦ ᠢᠯᠡᠳᠬᠡᠪᠡ ᠃

       ᠠᠭᠤᠯᠵᠠᠯᠲᠠ ᠵᠢᠨ ᠳᠠᠷᠠᠭ᠎ᠠ ᠂  ᠬᠣᠶᠠᠷ ᠤᠯᠤᠰ᠎ᠤᠨ ᠲᠡᠷᠢᠭᠦᠨ ᠲᠠᠷᠢᠶᠠᠯᠠᠩ᠎ᠤᠨ ᠪᠦᠲᠦᠭᠡᠭᠳᠡᠬᠦᠨ᠎ᠢ ᠳᠤᠮᠳᠠᠳᠤ ᠤᠯᠤᠰ᠎ᠲᠤ ᠭᠠᠷᠭ᠋ᠠᠬᠤ ᠂  ᠡᠷᠡᠭᠦᠯ ᠬᠠᠮᠠᠭ᠋ᠠᠯᠠᠯ ᠂  ᠬᠠᠮᠲᠤᠷᠠᠨ ᠰᠤᠳᠤᠯᠤᠨ ᠨᠡᠭᠡᠭᠡᠬᠦ ᠵᠢᠴᠢ ᠢᠨᠳᠤᠨᠧᠰᠢᠶ᠎ᠠ ᠵᠢᠨ ᠰᠢᠨ᠎ᠡ ᠨᠡᠢ᠌ᠰᠯᠡᠯ ᠂  ᠳᠤᠮᠳᠠᠳᠤ ᠢᠨᠳᠤᠨᠧᠰᠢᠶ᠎ᠠ ᠵᠢᠨ 《ᠬᠣᠶᠠᠷ ᠤᠯᠤᠰ᠎ᠤᠨ ᠬᠣᠣᠰ ᠬᠦᠷᠢᠶᠡᠯᠡᠩ》᠎ᠤᠨ ᠪᠦᠲᠦᠭᠡᠨ ᠪᠠᠢ᠌ᠭᠤᠯᠤᠯᠲᠠ ᠵᠡᠷᠭᠡ ᠬᠣᠶᠠᠷ ᠲᠠᠯ᠎ᠠ ᠵᠢᠨ ᠣᠯᠠᠨ ᠵᠦᠢ᠍ᠯ᠎ᠤᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠥᠰᠥᠭ ᠵᠢᠷᠤᠬᠤ ᠵᠢ ᠬᠠᠮᠲᠤ᠎ᠪᠠᠷ ᠭᠡᠷᠡᠴᠢᠯᠡᠪᠡ ᠃

       ᠼᠠᠢ ᠴᠢ ᠂  ᠳ᠋ᠢᠩ ᠰᠢᠤᠸᠠᠢ ᠰᠢᠶᠠᠩ ᠂  ᠸᠠᠩ ᠢ ᠂  ᠱᠧᠨ ᠢ ᠴᠢᠨ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠭᠤᠴᠢᠨ ᠨᠢᠭᠡᠳᠦᠭᠡᠷ ᠬᠤᠭᠤᠴᠠᠭ᠋ᠠᠨ᠎ᠤ ᠳᠡᠯᠡᠬᠡᠢ ᠵᠢᠨ ᠣᠶᠤᠲᠠᠳ᠎ᠤᠨ ᠵᠤᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠡᠭᠢᠯᠡᠯᠲᠡ ᠵᠢᠨ ᠶᠣᠰᠣᠯᠠᠯ 28᠎ᠤ ᠣᠷᠣᠢ ᠰᠸᠴᠤᠸᠠᠨ᠎ᠤ ᠴᠧᠩᠳᠦ᠋᠎ᠳᠤ ᠶᠠᠪᠤᠭᠳᠠᠨ᠎ᠠ ᠰᠢ ᠵᠢᠨ ᠫᠢᠩ ᠡᠭᠢᠯᠡᠯᠲᠡ ᠵᠢᠨ ᠶᠣᠰᠣᠯᠠᠯ᠎ᠳᠤ ᠣᠷᠤᠯᠴᠠᠬᠤ ᠵᠢᠨ ᠬᠠᠮᠲᠤ ᠲᠤᠰ ᠬᠤᠭᠤᠴᠠᠭ᠋ᠠᠨ᠎ᠤ ᠣᠶᠤᠲᠠᠳ᠎ᠤᠨ ᠲᠠᠮᠢᠷ᠎ᠤᠨ ᠴᠤᠭᠯᠠᠭ᠋ᠠᠨ ᠡᠬᠢᠯᠡᠬᠦ ᠵᠢ ᠵᠠᠷᠯᠠᠨ᠎ᠠ
ᠰᠢ ᠵᠢᠨ ᠫᠢᠩ 《8 · 1》᠎ᠠᠴᠠ ᠡᠮᠦᠨᠡᠬᠡᠨ ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ᠎ᠢ ᠪᠠᠢ᠌ᠴᠠᠭ᠋ᠠᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠴᠡᠷᠢᠭ ᠠᠩᠭᠢ ᠵᠢᠨ ᠣᠳᠣᠬᠢᠴᠢᠯᠠᠯᠲᠠ ᠵᠢᠨ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠵᠦ ᠨᠠᠮ ᠪᠣᠯᠣᠨ ᠠᠷᠠᠳ ᠲᠦᠮᠡᠨ᠎ᠠᠴᠠ ᠣᠯᠭᠣᠭᠰᠠᠨ ᠡᠯ᠎ᠡ ᠵᠦᠢ᠍ᠯ᠎ᠤᠨ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠠᠷᠠᠳ᠎ᠤᠨ ᠴᠢᠯᠦᠭᠡᠯᠡᠬᠦ ᠴᠡᠷᠢᠭ᠎ᠤᠨ ᠪᠦᠭᠦ ᠵᠢᠯᠣᠭᠣᠳᠤᠭᠴᠢ ᠪᠠᠢ᠌ᠯᠳᠤᠭᠴᠢ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠳᠠᠷᠤᠭ᠎ᠠ ᠪᠠᠢ᠌ᠯᠳᠤᠭᠴᠢ ᠴᠡᠷᠢᠭ ᠠᠩᠭᠢ ᠵᠢᠨ ᠪᠢᠴᠢᠭ᠎ᠤᠨ ᠲᠤᠰᠢᠶᠠᠯᠲᠠᠨ ᠡᠷᠦᠭᠡ ᠵᠢᠨ ᠴᠡᠷᠢᠭ᠎ᠤᠨ ᠪᠡᠯᠡᠳᠬᠡᠯ ᠠᠯᠪᠠᠨ᠎ᠤ ᠬᠥᠮᠥᠰ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠪᠡ
ᠰᠢ ᠵᠢᠨ ᠫᠢᠩ ᠰᠸᠴᠤᠸᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠰᠢᠨ᠎ᠡ ᠴᠠᠭ ᠦᠶ᠎ᠡ ᠵᠢᠨ ᠰᠸᠴᠤᠸᠠᠨ᠎ᠢ ᠵᠠᠰᠠᠵᠤ ᠰᠸᠴᠤᠸᠠᠨ᠎ᠢ ᠮᠠᠨᠳᠤᠭᠤᠯᠤᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠸᠴᠤᠸᠠᠨ᠎ᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ
ᠰᠢ ᠵᠢᠨ ᠫᠢᠩ ᠫᠠᠺᠢᠰᠲ᠋ᠠᠨ᠎ᠤ ᠺᠠᠢ᠌ᠫᠦ᠋ ᠮᠤᠵᠢ᠎ᠳᠤ ᠪᠡᠶ᠎ᠡ᠎ᠪᠠᠨ ᠬᠣᠣᠷᠯᠠᠬᠤ ᠮᠠᠶᠢᠭ᠎ᠤᠨ ᠳᠡᠯᠪᠡᠴᠢᠬᠦ ᠪᠥᠮᠪᠥᠭᠡ ᠵᠢᠨ ᠳᠠᠭ᠋ᠠᠷᠢᠯᠲᠠ ᠵᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ᠎ᠤ ᠶᠡᠷᠦᠩᠬᠡᠢ᠌ᠯᠡᠭᠴᠢ ᠠᠷᠸᠧᠢ᠎ᠳᠤ ᠲᠣᠬᠣᠨᠢᠭᠤᠯᠬᠤ ᠴᠠᠬᠢᠯᠭ᠋ᠠᠨ ᠴᠢᠮᠡᠭᠡ ᠶᠠᠪᠤᠭᠤᠯᠵᠠᠢ
《ᠰᠢ ᠵᠢᠨ ᠫᠢᠩ᠎ᠤᠨ ᠵᠣᠬᠢᠶᠠᠯ ᠪᠦᠲᠦᠭᠡᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ ᠬᠣᠶᠠᠳᠤᠭ᠋ᠠᠷ ᠪᠣᠳᠢ ᠵᠢᠨ ᠦᠨᠳᠦᠰᠦᠲᠡᠨ᠎ᠤ ᠬᠡᠯᠡᠨ᠎ᠤ ᠬᠡᠪᠯᠡᠯ᠎ᠢ ᠬᠡᠪᠯᠡᠨ ᠲᠠᠷᠬᠠᠭ᠋ᠠᠪᠠ
 
            