ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 1᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ 6 ᠰᠠᠷ᠎ᠠ ᠵᠢᠨ 30᠎ᠤ ᠦᠳᠡ ᠵᠢᠨ ᠬᠣᠢ᠌ᠨ᠎ᠠ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠢ᠌ᠳᠠᠯ᠎ᠢ ᠨᠡᠭᠡᠭᠡᠬᠦ ᠲᠤᠬᠠᠢ ᠵᠢᠷᠭᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠢ᠌ᠳᠠᠯ᠎ᠢ ᠨᠡᠭᠡᠭᠡᠬᠦ ᠴᠢᠬᠤᠯᠠ ᠶᠡᠬᠡ ᠡᠭᠦᠷᠭᠡ ᠪᠣᠯ ᠤᠳᠤ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠨᠢ ᠲᠡᠦᠬᠡ ᠵᠢᠨ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ ᠂ 《 ᠬᠣᠶᠠᠷ᠎ᠢ ᠤᠶᠠᠯᠳᠤᠭᠤᠯᠬᠤ 》 ᠂ 《 ᠵᠢᠷᠭᠤᠭ᠎ᠠ ᠵᠢ ᠡᠷᠬᠡᠪᠰᠢ ᠪᠠᠷᠢᠮᠲᠠᠯᠠᠬᠤ 》 ᠵᠡᠷᠭᠡ ᠤᠨᠤᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠰᠢᠨᠵᠢᠯᠡᠬᠦ ᠤᠬᠠᠭ᠋ᠠᠨᠴᠢ ᠠᠷᠭ᠎ᠠ ᠵᠢ ᠳᠤᠷᠠᠳᠤᠨ ᠭᠠᠷᠭ᠋ᠠᠭᠰᠠᠨ ᠪᠥᠭᠡᠳ ᠲᠣᠳᠣᠷᠬᠠᠢ᠌ᠯᠠᠨ ᠥᠭᠦᠯᠡᠭᠡᠳ ᠂ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠪᠠ ᠂ ᠪᠢᠳᠡ ᠰᠠᠢ᠌ᠲᠤᠷ ᠪᠠᠷᠢᠮᠲᠠᠯᠠᠵᠤ ᠂ ᠰᠠᠢ᠌ᠲᠤᠷ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ ᠃
ᠲᠥᠪ᠎ᠤᠨ ᠨᠠᠮ᠎ᠤᠨ ᠰᠤᠷᠭ᠋ᠠᠭᠤᠯᠢ ( ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ ) ᠵᠢᠨ ᠳᠡᠳ᠋ ᠵᠠᠬᠢᠷᠤᠯ ᠯᠢ ᠸᠸᠨ ᠲᠠᠩ ᠡᠨᠡ ᠠᠰᠠᠭᠤᠳᠠᠯ᠎ᠤᠨ ᠲᠤᠬᠠᠢ ᠲᠠᠢ᠌ᠯᠤᠮᠵᠢ ᠬᠢᠵᠦ ᠂ ᠠᠵᠢᠯ᠎ᠤᠨ ᠰᠠᠨᠠᠭᠤᠯᠭ᠎ᠠ ᠳᠤᠷᠠᠳᠪᠠ ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠨᠥᠬᠥᠳ ᠲᠠᠢ᠌ᠯᠤᠮᠵᠢ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ ᠃
ᠰᠢ ᠵᠢᠨ ᠫᠢᠩ ᠲᠠᠢ᠌ᠯᠤᠮᠵᠢ ᠪᠠ ᠶᠠᠷᠢᠯᠴᠠᠭ᠎ᠠ ᠵᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ ᠵᠢ ᠡᠷᠭᠢᠴᠡᠭᠦᠯᠬᠦᠶ᠎ᠡ ᠂ ᠮᠠᠨ᠎ᠤ ᠨᠠᠮ ᠬᠤᠪᠢᠰᠬᠠᠯ ᠂ ᠪᠦᠲᠦᠭᠡᠨ ᠪᠠᠢ᠌ᠭᠤᠯᠤᠯᠲᠠ ᠂ ᠥᠭᠡᠷᠡᠴᠢᠯᠡᠯᠲᠡ ᠵᠢᠨ ᠡᠯ᠎ᠡ ᠲᠡᠦᠬᠡᠨ ᠴᠠᠭ ᠦᠶ᠎ᠡ᠎ᠳᠤ ᠴᠢᠬᠤᠯᠠ ᠶᠡᠬᠡ ᠠᠮᠵᠢᠯᠲᠠ ᠪᠦᠲᠦᠮᠵᠢ ᠣᠯᠵᠤ ᠂ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠪᠤᠰᠤᠳ ᠤᠯᠤᠰ ᠲᠦᠷᠦ ᠵᠢᠨ ᠬᠦᠴᠦᠨ᠎ᠤ ᠪᠡᠶᠡᠯᠡᠭᠦᠯᠵᠦ ᠴᠢᠳᠠᠰᠢ ᠦᠭᠡᠢ ᠪᠡᠷᠬᠡ ᠬᠠᠲᠠᠭᠤᠵᠢᠯᠲᠠᠢ ᠡᠭᠦᠷᠭᠡ ᠵᠢ ᠪᠡᠶᠡᠯᠡᠭᠦᠯᠦᠭᠰᠡᠨ᠎ᠤ ᠦᠨᠳᠦᠰᠦᠨ ᠵᠦᠢ᠍ᠯ᠎ᠨᠢ ᠮᠠᠷᠺᠰ᠎ᠤᠨ ᠦᠵᠡᠯ᠎ᠤᠨ ᠰᠢᠨᠵᠢᠯᠡᠬᠦ ᠤᠬᠠᠭ᠋ᠠᠨᠴᠢ ᠤᠨᠤᠯ᠎ᠢ ᠡᠵᠡᠮᠰᠢᠭᠰᠡᠨ ᠪᠠ ᠰᠢᠨ᠎ᠡ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠣᠨᠣᠯ᠎ᠤᠨ ᠡᠭᠦᠳᠦᠯᠲᠡ ᠵᠢ ᠠᠬᠢᠭᠤᠯᠵᠤ ᠂ ᠮᠠᠤ ᠽᠧ ᠳ᠋ᠦᠩ᠎ᠤᠨ ᠦᠵᠡᠯ ᠰᠠᠨᠠᠭ᠎ᠠ ᠂ ᠳ᠋ᠧᠩ ᠰᠢᠶᠣᠣ ᠫᠢᠩ᠎ᠤᠨ ᠣᠨᠣᠯ ᠂
《 ᠭᠤᠷᠪᠠ ᠵᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠡᠷᠭᠡ ᠴᠢᠬᠤᠯᠠ ᠶᠡᠬᠡ ᠣᠨᠣᠯ᠎ᠤᠨ ᠦᠷ᠎ᠡ ᠪᠦᠲᠦᠭᠡᠯ᠎ᠢ ᠣᠯᠵᠤ ᠂ ᠦᠵᠡᠯ ᠰᠠᠨᠠᠭ᠎ᠠ᠎ᠪᠠᠨ ᠴᠢᠯᠦᠭᠡᠯᠡᠬᠦ ᠂ ᠦᠨᠡᠨ᠎ᠠᠴᠠ ᠵᠥᠪ᠎ᠢ ᠡᠷᠢᠬᠦ ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ ᠵᠢ ᠢᠮᠠᠭᠲᠠ ᠪᠠᠷᠢᠮᠲᠠᠯᠠᠵᠤ ᠂ ᠮᠠᠷᠺᠰ᠎ᠤᠨ ᠦᠵᠡᠯ᠎ᠢ ᠳᠤᠮᠳᠠᠳᠤ ᠤᠯᠤᠰ᠎ᠲᠤ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠲᠠᠢ ᠪᠣᠯᠭ᠋ᠠᠨ ᠂ ᠨᠠᠮ᠎ᠢ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ᠎ᠲᠠᠢ ᠪᠤᠯᠭ᠋ᠠᠬᠰᠠᠨ᠎ᠳᠤ ᠪᠤᠢ ᠃ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ ᠴᠢᠳᠠᠬᠤ ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ ᠶᠠᠭ᠋ᠠᠬᠢᠭ᠋ᠠᠳ ᠰᠠᠢ᠌ᠨ ᠪᠠᠢ᠌ᠳᠠᠭ ᠪᠤᠢ ᠭᠡᠪᠡᠯ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ ᠰᠠᠢ᠌ᠨ ᠪᠠᠢ᠌ᠵᠤ ᠂ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ ᠰᠠᠢ᠌ᠨ ᠪᠠᠢ᠌ᠬᠤ᠎ᠳᠤ ᠪᠠᠢ᠌ᠨ᠎ᠠ ᠃ ᠡᠨᠡ ᠪᠣᠯ ᠲᠡᠦᠬᠡ ᠵᠢᠨ ᠳ᠋ᠦᠩᠨᠡᠯᠲᠡ ᠮᠥᠨ ᠃ ᠪᠢᠳᠡ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠳᠠ ᠦᠭᠡᠢ ᠭᠦᠨᠵᠡᠭᠡᠢ᠌ᠷᠡᠭᠦᠯᠵᠦ ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠡᠩ ᠡᠯᠪᠡᠭ ᠪᠠᠶᠠᠯᠢᠭ ᠤᠨᠤᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠰᠢ ᠵᠢᠨ ᠫᠢᠩ ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠡᠨᠡ ᠬᠦ᠌ ᠴᠢᠬᠤᠯᠠ ᠶᠡᠬᠡ ᠰᠡᠳᠦᠪ᠎ᠨᠢ ᠪᠢᠳᠡ ᠮᠠᠷᠺᠰ᠎ᠤᠨ ᠦᠵᠡᠯ ᠭᠡᠬᠦ ᠡᠨᠡ ᠬᠦ᠌ ᠰᠦᠭ ᠰᠦᠨᠡᠰᠦ ᠵᠢ ᠶᠠᠭ᠋ᠠᠬᠢᠭᠰᠠᠨ ᠴᠤ᠌ ᠲᠠᠶᠠᠭᠳᠠᠵᠤ ᠪᠤᠯᠬᠤ ᠦᠭᠡᠢ ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠭᠡᠬᠦ ᠡᠨᠡ ᠬᠦ᠌ ᠠᠮᠢᠨ ᠰᠤᠳᠠᠰᠤ ᠵᠢ ᠶᠠᠭ᠋ᠠᠬᠢᠭᠰᠠᠨ ᠴᠤ᠌ ᠲᠠᠶᠠᠭᠳᠠᠵᠤ ᠪᠤᠯᠬᠤ ᠦᠭᠡᠢ ᠭᠡᠳᠡᠭ᠎ᠢ ᠲᠣᠭᠲᠠᠭ᠋ᠠᠭᠰᠠᠨ ᠶᠤᠮ ᠃ ᠡᠨᠡ ᠬᠦ᠌ ᠰᠦᠭ ᠰᠦᠨᠡᠰᠦ ᠪᠠ ᠠᠮᠢᠨ ᠰᠤᠳᠠᠰᠤ ᠵᠢ ᠰᠠᠢ᠌ᠲᠤᠷ ᠰᠠᠬᠢᠬᠤ ᠪᠣᠯ ᠤᠨᠤᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠵᠢᠨ ᠰᠠᠭᠤᠷᠢ ᠪᠠ ᠤᠷᠢᠲᠠᠯ ᠮᠥᠨ ᠃ ᠤᠨᠤᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠎ᠳᠤ ᠡᠷᠬᠡᠪᠰᠢ ᠰᠢᠨ᠎ᠡ ᠦᠭᠡ ᠬᠡᠯᠡᠬᠦ ᠬᠡᠷᠡᠭᠲᠡᠢ ᠂ ᠭᠡᠪᠡᠴᠦ ᠡᠪᠦᠭᠡ ᠳᠡᠭᠡᠳᠦᠰ ᠵᠶ᠋ᠡᠨ ᠤᠷᠭᠢᠵᠤ ᠪᠤᠯᠬᠤ ᠦᠭᠡᠢ ᠂ ᠡᠪᠦᠭᠡ ᠳᠡᠭᠡᠳᠦᠰ ᠵᠶ᠋ᠡᠨ ᠮᠠᠷᠲᠠᠪᠠᠯ ᠰᠦᠭ ᠰᠦᠨᠡᠰᠦ ᠪᠠ ᠠᠮᠢᠨ ᠰᠤᠳᠠᠰᠤ᠎ᠪᠠᠨ ᠲᠠᠰᠤᠯᠵᠤ ᠂ ᠡᠴᠦᠰ᠎ᠲᠡᠭᠡᠨ ᠰᠦᠭ ᠰᠦᠨᠡᠰᠦ ᠪᠠ ᠠᠮᠢᠨ ᠰᠤᠳᠠᠰᠤ᠎ᠪᠠᠨ ᠠᠯᠳᠠᠭᠰᠠᠨ ᠨᠤᠷᠠᠭ᠋ᠠᠯᠲᠠ ᠵᠢᠨ ᠴᠢᠨᠠᠷᠲᠠᠢ ᠠᠯᠳᠠᠭ᠎ᠠ ᠭᠠᠷᠭ᠋ᠠᠬᠤ ᠪᠣᠯᠣᠨ᠎ᠠ ᠃ ᠪᠢᠳᠡ ᠡᠷᠬᠡᠪᠰᠢ ᠮᠠᠷᠺᠰ᠎ᠤᠨ ᠦᠵᠡᠯ ᠭᠡᠬᠦ ᠡᠨᠡ ᠬᠦ᠌ ᠨᠠᠮ ᠪᠠᠢ᠌ᠭᠤᠯᠬᠤ ᠤᠯᠤᠰ ᠪᠠᠢ᠌ᠭᠤᠯᠬᠤ ᠂ ᠨᠠᠮ ᠵᠶ᠋ᠠᠨ ᠮᠠᠨᠳᠤᠭᠤᠯᠬᠤ ᠤᠯᠤᠰ ᠵᠶ᠋ᠠᠨ ᠮᠠᠨᠳᠤᠭᠤᠯᠬᠤ ᠦᠨᠳᠦᠰᠦ ᠵᠢ ᠭᠤᠢ᠌ᠪᠢᠰᠢ ᠦᠭᠡᠢ ᠪᠠᠷᠢᠮᠲᠠᠯᠠᠵᠤ ᠂ ᠲᠤᠰ ᠤᠯᠤᠰ ᠂ ᠲᠣᠰ ᠦᠨᠳᠦᠰᠦᠲᠡᠨ᠎ᠤ ᠲᠡᠦᠬᠡ ᠰᠣᠶᠣᠯ᠎ᠤᠨ ᠰᠢᠮᠡᠯᠢᠭ ᠬᠥᠷᠥᠰᠥᠨ᠎ᠳᠤ ᠰᠠᠭᠤᠷᠢᠯᠠᠵᠤ ᠮᠠᠷᠺᠰ᠎ᠤᠨ ᠦᠵᠡᠯ᠎ᠢ ᠬᠥᠭᠵᠢᠭᠦᠯᠬᠦ ᠵᠢ ᠵᠣᠭᠰᠣᠰᠢ ᠦᠭᠡᠢ ᠪᠠᠷᠢᠮᠲᠠᠯᠠᠵᠤ ᠂ ᠲᠡᠦᠬᠡ ᠵᠢᠨ ᠢᠲᠡᠭᠡᠯ ᠂ ᠰᠣᠶᠣᠯ᠎ᠤᠨ ᠢᠲᠡᠭᠡᠯ᠎ᠢ ᠪᠠᠲᠤᠳᠬᠠᠵᠤ ᠂ ᠡᠷᠲᠡᠨ᠎ᠤ᠎ᠬᠢ ᠵᠢ ᠡᠳᠦᠭᠡ᠎ᠳᠤ ᠦᠢ᠍ᠯᠡᠴᠢᠯᠡᠭᠦᠯᠬᠦ ᠂ ᠬᠠᠭᠤᠴᠢᠨ᠎ᠢ ᠣᠭᠣᠷᠴᠤ ᠰᠢᠨ᠎ᠡ ᠵᠢ ᠪᠦᠲᠦᠭᠡᠬᠦ ᠵᠢ ᠪᠠᠷᠢᠮᠲᠠᠯᠠᠵᠤ ᠂ ᠮᠠᠷᠺᠰ᠎ᠤᠨ ᠦᠵᠡᠯ ᠵᠶ᠋ᠡᠷ ᠵᠢᠯᠣᠭᠣᠳᠤᠯᠭ᠎ᠠ ᠪᠤᠯᠭ᠋ᠠᠵᠤ ᠳᠤᠮᠳᠠᠳᠤ ᠵᠢᠨ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ᠎ᠤ ᠡᠷᠳᠡᠨᠢ ᠵᠢᠨ ᠬᠥᠮᠥᠷᠭᠡ ᠵᠢ ᠪᠦᠭᠦ ᠲᠠᠯ᠎ᠠ᠎ᠪᠠᠷ ᠠᠭᠤᠳᠠᠯᠵᠤ ᠂ ᠮᠠᠷᠺᠰ᠎ᠤᠨ ᠦᠵᠡᠯ ᠵᠶ᠋ᠡᠷ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠳᠠᠬᠢ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠰᠢᠯᠢᠳᠡᠭ ᠡᠯᠧᠮᠧᠨ᠋ᠲ᠎ᠢ ᠬᠥᠭᠵᠢᠭᠡᠬᠦ ᠵᠢᠨ ᠵᠡᠷᠭᠡ᠎ᠪᠠᠷ ᠰᠢᠨ᠎ᠡ ᠴᠠᠭ ᠦᠶ᠎ᠡ ᠵᠢᠨ ᠠᠭᠤᠯᠤᠭᠳᠠᠬᠤᠨ᠎ᠲᠠᠢ ᠪᠤᠯᠭ᠋ᠠᠵᠤ ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠵᠣᠷᠢᠭ ᠰᠠᠨᠠᠭ᠎ᠠ ᠪᠣᠯᠣᠨ ᠡᠯᠪᠡᠭ ᠪᠠᠶᠠᠯᠢᠭ ᠤᠶᠤᠨ ᠤᠬᠠᠭ᠋ᠠᠨ᠎ᠳᠤ ᠨᠡᠩ ᠭᠦᠨ ᠳᠠᠪᠬᠤᠷᠭ᠎ᠠ᠎ᠠᠴᠠ ᠮᠠᠷᠺᠰ᠎ᠤᠨ ᠦᠵᠡᠯ᠎ᠢ ᠰᠢᠮᠡᠳᠬᠡᠨ ᠣᠷᠣᠭᠤᠯᠵᠤ ᠂ ᠮᠠᠷᠺᠰ᠎ᠤᠨ ᠦᠵᠡᠯ᠎ᠤᠨ ᠦᠵᠡᠯ ᠰᠠᠨᠠᠭ᠋ᠠᠨ᠎ᠤ ᠤᠭᠢ ᠰᠣᠳᠣ ᠵᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠭᠢ ᠰᠣᠳᠣᠯᠤᠭᠠ ᠪᠦᠲᠦᠮᠵᠢᠲᠡᠢ᠎ᠪᠠᠷ ᠨᠡᠪᠲᠡᠷᠡᠯᠴᠡᠭᠦᠯᠵᠦ ᠂ ᠰᠢᠨ᠎ᠡ ᠣᠨᠣᠯ᠎ᠤᠨ ᠳᠠᠪᠠᠭᠤᠯᠢᠭ ᠪᠣᠯᠭ᠋ᠠᠨ ᠬᠤᠪᠢᠷᠠᠭᠤᠯᠵᠤ ᠂ ᠦᠵᠡᠯ ᠰᠠᠨᠠᠭ᠋ᠠᠨ᠎ᠤ ᠰᠢᠨ᠎ᠡ ᠣᠷᠭᠢᠯ᠎ᠳᠤ ᠲᠠᠰᠤᠷᠠᠯᠲᠠ ᠦᠭᠡᠢ ᠭᠠᠷᠭ᠋ᠠᠬᠤ ᠬᠡᠷᠡᠭᠲᠡᠢ ᠃ ᠪᠢᠳᠡ ᠤᠨᠤᠯ᠎ᠤᠨ ᠬᠠᠷᠠᠭ᠎ᠠ᠎ᠪᠠᠨ ᠥᠷᠭᠡᠳᠬᠡᠵᠦ ᠂ ᠠᠭᠤᠳᠠᠮᠴᠢ ᠪᠠᠭᠲᠠᠭ᠋ᠠᠮᠵᠢᠲᠠᠢ ᠬᠡᠬᠦᠳᠡᠭ ᠴᠡᠭᠡᠵᠢ᠎ᠪᠠᠷ ᠬᠥᠮᠥᠨ ᠲᠥᠷᠥᠯᠬᠢᠲᠡᠨ᠎ᠤ ᠨᠡᠢ᠌ᠭᠡᠮ᠎ᠤᠨ ᠠᠯᠢᠪᠠ ᠰᠢᠯᠢᠳᠡᠭ ᠪᠣᠯᠪᠠᠰᠤᠨ᠎ᠤ ᠦᠷ᠎ᠡ ᠪᠦᠲᠦᠭᠡᠯ᠎ᠢ ᠰᠤᠷᠤᠯᠴᠠᠨ ᠲᠣᠯᠢᠳᠠᠵᠤ ᠂ 《 ᠬᠥᠮᠥᠨ ᠲᠥᠷᠥᠯᠬᠢᠲᠡᠨ᠎ᠤ ᠮᠡᠳᠡᠯᠭᠡ ᠵᠢᠨ ᠶᠡᠷᠦᠩᠬᠡᠢ ᠨᠡᠢ᠌ᠯᠡᠪᠦᠷᠢ 》 ᠳᠤᠮᠳᠠ᠎ᠠᠴᠠ ᠰᠢᠯᠢᠳᠡᠭ ᠦᠵᠡᠯ ᠰᠠᠨᠠᠭ᠎ᠠ ᠰᠣᠶᠣᠯ᠎ᠤᠨ ᠡᠬᠢ ᠪᠠᠶᠠᠯᠢᠭ᠎ᠢ ᠰᠢᠩᠭᠡᠬᠡᠨ ᠠᠪᠴᠤ ᠨᠠᠮ᠎ᠤᠨ ᠤᠨᠤᠯ᠎ᠢ ᠰᠢᠨᠡᠴᠢᠯᠡᠨ ᠬᠥᠭᠵᠢᠭᠦᠯᠵᠦ ᠂ ᠪᠦᠭᠦᠨ᠎ᠢ ᠪᠠᠭᠲᠠᠭ᠋ᠠᠵᠤ ᠪᠠᠢ᠌ᠳᠠᠭ᠎ᠢ ᠰᠢᠩᠭᠡᠭᠡᠬᠦ ᠂ ᠤᠯᠠᠨ᠎ᠤ ᠰᠠᠢ᠌ᠨ᠎ᠢ ᠥᠷᠭᠡᠨ ᠵᠶ᠋ᠡᠷ ᠰᠢᠩᠭᠡᠬᠡᠨ ᠠᠪᠬᠤ ᠤᠨᠤᠯ᠎ᠤᠨ ᠶᠡᠬᠡ ᠪᠠᠢ᠌ᠷᠢᠰᠢᠯ ᠶᠡᠬᠡ ᠳᠦᠷᠰᠦ ᠪᠠᠢ᠌ᠳᠠᠯ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃
ᠰᠢ ᠵᠢᠨ ᠫᠢᠩ ᠂ ᠴᠠᠭ ᠦᠶ᠎ᠡ ᠵᠢᠨ ᠰᠢᠨ᠎ᠡ ᠰᠡᠳᠦᠪ᠎ᠢ ᠴᠠᠭ ᠲᠤᠬᠠᠢᠳᠤᠨᠢ ᠰᠢᠨᠵᠢᠯᠡᠬᠦ ᠤᠬᠠᠭ᠋ᠠᠨᠴᠢ᠎ᠪᠠᠷ ᠲᠠᠢ᠌ᠯᠪᠤᠷᠢᠯᠠᠬᠤ ᠬᠡᠷᠡᠭᠲᠡᠢ ᠃ ᠴᠠᠭ ᠦᠶ᠎ᠡ ᠪᠣᠯ ᠦᠵᠡᠯ ᠰᠠᠨᠠᠭ᠋ᠠᠨ᠎ᠤ ᠡᠬᠡ ᠮᠥᠨ ᠂ ᠦᠢ᠍ᠯᠡᠳᠦᠯᠭᠡ ᠪᠣᠯ ᠤᠨᠤᠯ᠎ᠤᠨ ᠡᠬᠢ ᠰᠤᠷᠪᠤᠯᠵᠢ ᠮᠥᠨ ᠃ ᠴᠠᠭ ᠦᠶ᠎ᠡ ᠵᠢ ᠵᠠᠭ᠋ᠠᠭᠯᠠᠭᠰᠠᠨ ᠠᠯᠢᠪᠠ ᠤᠨᠤᠯ ᠪᠣᠯ ᠴᠥᠮ ᠴᠠᠭ ᠦᠶ᠎ᠡ ᠵᠢᠨ ᠬᠡᠷᠡᠭᠴᠡᠭᠡ ᠵᠢ ᠬᠠᠩᠭ᠋ᠠᠭᠰᠠᠨ ᠪᠦᠲᠦᠭᠡᠭᠳᠡᠬᠦᠨ ᠮᠥᠨ ᠃ ᠴᠠᠭ ᠦᠶ᠎ᠡ ᠵᠢ ᠠᠵᠢᠭᠯᠠᠬᠤ ᠂ ᠴᠠᠭ ᠦᠶ᠎ᠡ ᠵᠢ ᠡᠵᠡᠮᠳᠡᠬᠦ ᠂ ᠴᠠᠭ ᠦᠶ᠎ᠡ ᠵᠢ ᠬᠥᠲᠥᠯᠥᠨ ᠳᠠᠭ᠋ᠠᠭᠤᠯᠬᠤ ᠤᠨᠤᠯ᠎ᠳᠤ ᠡᠷᠬᠡᠪᠰᠢ ᠴᠠᠭ ᠦᠶ᠎ᠡ ᠵᠢᠨ ᠳᠠᠭᠤᠨ᠎ᠢ ᠲᠤᠰᠬᠠᠬᠤ ᠬᠡᠷᠡᠭᠲᠡᠢ ᠂ ᠶᠠᠭ᠋ᠠᠬᠢᠭᠰᠠᠨ ᠴᠤ᠌ ᠴᠠᠭ ᠦᠶ᠎ᠡ ᠵᠢᠨ ᠦᠢ᠍ᠯᠡᠳᠦᠯᠭᠡ᠎ᠠᠴᠠ ᠰᠠᠯᠵᠤ ᠪᠤᠯᠬᠤ ᠦᠭᠡᠢ ᠂ ᠡᠷᠬᠡᠪᠰᠢ ᠦᠢ᠍ᠯᠡᠳᠦᠯᠭᠡ ᠵᠢᠨ ᠲᠤᠷᠰᠢᠯᠭ᠎ᠠ᠎ᠪᠠᠨ ᠳᠠᠰᠤᠷᠠᠯᠳᠠ ᠦᠭᠡᠢ ᠳ᠋ᠦᠩᠨᠡᠵᠦ ᠂ ᠲᠡᠭᠦᠨ᠎ᠢ ᠴᠠᠭ ᠦᠶ᠎ᠡ ᠵᠢᠨ ᠦᠵᠡᠯ ᠰᠠᠨᠠᠭ᠋ᠠᠨ᠎ᠤ ᠤᠭᠢ ᠰᠣᠳᠣ ᠪᠣᠯᠭ᠋ᠠᠨ ᠨᠢᠭᠲᠠᠷᠠᠭᠤᠯᠬᠤ ᠬᠡᠷᠡᠭᠲᠡᠢ ᠃ ᠪᠢᠳᠡ ᠤᠨᠤᠯ᠎ᠤᠨ ᠰᠢᠨ᠎ᠡ ᠡᠭᠦᠳᠦᠯᠲᠡ ᠵᠢ ᠠᠬᠢᠭᠤᠯᠬᠤ᠎ᠳᠤ ᠂ ᠦᠢ᠍ᠯᠡᠳᠦᠯᠭᠡ ᠵᠢᠨ ᠰᠠᠭᠤᠷᠢᠨ ᠳᠡᠭᠡᠷᠡᠬᠢ ᠤᠨᠤᠯ᠎ᠤᠨ ᠰᠢᠨ᠎ᠡ ᠡᠭᠦᠳᠦᠯᠲᠡ ᠮᠥᠨ ᠂ ᠬᠠᠷᠢᠨ ᠬᠦᠰᠡᠯᠡᠩᠲᠦ ᠨᠡᠢ᠌ᠭᠡᠮ᠎ᠤᠨ ᠬᠡᠢ ᠪᠤᠳᠤᠯ ᠪᠢᠰᠢ ᠂ ᠡᠷᠬᠡᠪᠰᠢ ᠦᠢ᠍ᠯᠡᠳᠦᠯᠭᠡ ᠵᠢᠨ ᠳᠤᠮᠳᠠ ᠦᠨᠡᠨ ᠶᠣᠰᠣ ᠵᠢ ᠢᠯᠡᠷᠡᠭᠦᠯᠵᠦ ᠂ ᠦᠨᠡᠨ ᠶᠣᠰᠣ ᠵᠢ ᠬᠥᠭᠵᠢᠭᠦᠯᠵᠦ ᠂ ᠦᠢ᠍ᠯᠡᠳᠦᠯᠭᠡ᠎ᠪᠠᠷ ᠦᠨᠡᠨ ᠶᠣᠰᠣ ᠵᠢ ᠪᠡᠶᠡᠯᠡᠭᠦᠯᠵᠦ ᠂ ᠦᠨᠡᠨ ᠶᠣᠰᠣ ᠵᠢ ᠰᠢᠯᠭ᠋ᠠᠬᠤ ᠵᠢ ᠪᠠᠷᠢᠮᠲᠠᠯᠠᠬᠤ ᠬᠡᠷᠡᠭᠲᠡᠢ ᠃ 《ᠬᠣᠶᠠᠷ ᠶᠡᠬᠡ ᠲᠠᠯ᠎ᠠ 》 ᠲᠦᠷᠭᠡᠨ ᠵᠢᠨᠷ ᠤᠯᠠᠷᠢᠨ ᠬᠤᠪᠢᠰᠴᠤ ᠪᠠᠢ᠌ᠬᠤ ᠪᠥᠭᠡᠳ ᠭᠦᠨᠵᠡᠭᠡᠢ ᠦᠢ᠍ᠯᠡᠳᠦᠯᠴᠡᠵᠦ ᠪᠠᠢ᠌ᠬᠤ ᠴᠠᠭ ᠦᠶ᠎ᠡ ᠵᠢᠨ ᠠᠬᠤᠢ ᠪᠠᠢ᠌ᠳᠠᠯ ᠳᠣᠣᠷ᠎ᠠ ᠂ ᠬᠥᠮᠥᠨ ᠲᠥᠷᠥᠯᠬᠢᠲᠡᠨ᠎ᠤ ᠨᠡᠢ᠌ᠭᠡᠮ ᠮᠠᠰᠢ ᠤᠯᠠᠨ ᠪᠠᠴᠢᠮ ᠰᠢᠢ᠍ᠳᠪᠦᠷᠢᠯᠡᠬᠦ ᠴᠢᠬᠤᠯᠠᠲᠠᠢ ᠬᠠᠮᠲᠤ ᠵᠢᠨ ᠠᠰᠠᠭᠤᠳᠠᠯ᠎ᠳᠤ ᠲᠤᠯᠭ᠋ᠠᠷᠠᠵᠤ ᠂ ᠮᠠᠨ᠎ᠤ ᠤᠯᠤᠰ᠎ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠢ᠌ᠳᠠᠯ ᠂ ᠳᠣᠲᠣᠭ᠋ᠠᠳᠤ ᠵᠠᠰᠠᠭ ᠭᠠᠳᠠᠭ᠋ᠠᠳᠤ ᠬᠠᠷᠢᠯᠴᠠᠭ᠎ᠠ ᠤᠯᠤᠰ᠎ᠤᠨ ᠪᠠᠲᠤᠯᠠᠨ ᠬᠠᠮᠠᠭ᠋ᠠᠯᠠᠯᠲᠠ ᠂ ᠨᠠᠮ᠎ᠢ ᠵᠠᠰᠠᠬᠤ ᠤᠯᠤᠰ᠎ᠢ ᠵᠠᠰᠠᠬᠤ ᠴᠡᠷᠢᠭ᠎ᠢ ᠵᠠᠰᠠᠬᠤ ᠵᠡᠷᠭᠡ ᠡᠯ᠎ᠡ ᠬᠦᠷᠢᠶᠡᠨ᠎ᠳᠤ ᠴᠦ᠍ ᠠᠯᠢ ᠤᠯᠠᠨ ᠴᠢᠬᠤᠯᠠ ᠶᠡᠬᠡ ᠰᠢᠨ᠎ᠡ ᠰᠡᠳᠦᠪ ᠲᠤᠯᠭ᠋ᠠᠷᠠᠵᠤ ᠪᠠᠢ᠌ᠨ᠎ᠠ ᠂ ᠳᠤᠮᠳᠠᠳᠤ ᠤᠯᠤᠰ᠎ᠤᠨ ᠠᠰᠠᠭᠤᠯᠲᠠ ᠂ ᠳᠡᠯᠡᠬᠡᠢ ᠵᠢᠨ ᠠᠰᠠᠭᠤᠯᠲᠠ ᠂ ᠠᠷᠠᠳ ᠲᠦᠮᠡᠨ᠎ᠤ ᠠᠰᠠᠭᠤᠯᠲᠠ ᠂ ᠴᠠᠭ ᠦᠶ᠎ᠡ ᠵᠢᠨ ᠠᠰᠠᠭᠤᠯᠲᠠ᠎ᠠᠴᠠ ᠪᠢᠳᠡᠨ᠎ᠳᠤ ᠳᠤᠷᠠᠳᠤᠭᠰᠠᠨ ᠰᠢᠨ᠎ᠡ ᠰᠢᠯᠭ᠋ᠠᠯᠲᠠ ᠵᠢᠨ ᠰᠡᠳᠦᠪ᠎ᠨᠢ ᠥᠩᠭᠡᠷᠡᠭᠰᠡᠨ᠎ᠤ᠎ᠬᠢ᠎ᠠᠴᠠ ᠨᠡᠩ ᠪᠤᠳᠤᠯᠢᠶᠠᠨᠲᠠᠢ ᠂ ᠨᠡᠩ ᠬᠦᠴᠢᠷ ᠪᠠᠢ᠌ᠵᠤ ᠂ ᠪᠢᠳᠡᠨ᠎ᠤ ᠤᠨᠤᠯ ᠪᠣᠯᠣᠨ ᠦᠢ᠍ᠯᠡᠳᠦᠯᠭᠡ ᠵᠢᠨ ᠤᠶᠠᠯᠳᠤᠯ᠎ᠠᠴᠠ ᠬᠠᠷᠢᠭᠤᠯᠲᠠ ᠥᠭᠬᠦ ᠵᠢ ᠲᠤᠯᠭ᠋ᠠᠮ ᠱᠠᠭ᠋ᠠᠷᠳᠠᠵᠤ ᠪᠠᠢ᠌ᠨ᠎ᠠ ᠃ ᠲᠣᠮᠣ ᠲᠡᠦᠬᠡ ᠵᠢᠨ ᠦᠵᠡᠯᠲᠡ ᠵᠢ ᠪᠠᠲᠤ ᠪᠤᠢ ᠪᠤᠯᠭ᠋ᠠᠵᠤ ᠂ ᠨᠠᠩ ᠥᠷᠭᠡᠨ ᠬᠠᠷᠠᠭ᠎ᠠ᠎ᠪᠠᠷ ᠂ ᠨᠡᠩ ᠠᠯᠤᠰ ᠭᠡᠳᠦ ᠵᠢᠨ ᠬᠠᠷᠠᠴᠠ᠎ᠪᠠᠷ ᠳᠡᠯᠡᠬᠡᠢ ᠵᠢᠨ ᠲᠡᠦᠬᠡ ᠵᠢᠨ ᠬᠥᠭᠵᠢᠯᠲᠡ ᠵᠢᠨ ᠰᠤᠳᠠᠰᠤ ᠪᠣᠯᠣᠨ ᠵᠥᠪ ᠴᠢᠭᠯᠡᠯ᠎ᠢ ᠡᠵᠡᠮᠳᠡᠵᠦ ᠂ ᠮᠠᠨ᠎ᠤ ᠤᠯᠤᠰ᠎ᠤᠨ ᠨᠡᠢ᠌ᠭᠡᠮ᠎ᠤᠨ ᠬᠥᠭᠵᠢᠯᠲᠡ ᠂ ᠬᠥᠮᠥᠨ ᠲᠥᠷᠥᠯᠬᠢᠲᠡᠨ᠎ᠤ ᠨᠡᠢ᠌ᠭᠡᠮ᠎ᠤᠨ ᠬᠥᠭᠵᠢᠯᠲᠡ ᠵᠢᠨ ᠶᠡᠬᠡ ᠯᠣᠭᠢᠭ ᠶᠡᠬᠡ ᠬᠠᠨᠳᠤᠰᠢ ᠵᠢ ᠲᠣᠳᠣᠷᠬᠠᠢ ᠲᠠᠨᠢᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠡᠦᠬᠡ ᠵᠢᠨ ᠤᠯᠠᠷᠢᠨ ᠬᠤᠪᠢᠰᠤᠯᠲᠠ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠡᠵᠡᠮᠳᠡᠵᠦ ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠤᠯᠲᠠ ᠂ ᠪᠦᠭᠦ ᠪᠥᠮᠪᠥᠷᠴᠡᠭ᠎ᠤᠨ ᠠᠵᠤ ᠠᠬᠤᠢ ᠵᠢᠨ ᠬᠥᠭᠵᠢᠯᠲᠡ ᠵᠢᠨ ᠶᠡᠬᠡ ᠪᠠᠢ᠌ᠷᠢᠰᠢᠯ ᠪᠣᠯᠣᠨ ᠮᠠᠨ᠎ᠤ ᠤᠯᠤᠰ᠎ᠤᠨ ᠬᠥᠭᠵᠢᠯᠲᠡ ᠵᠢᠨ ᠱᠠᠲᠤᠴᠢ ᠴᠢᠨᠠᠷᠲᠠᠢ ᠣᠨᠴᠠᠯᠢᠭ ᠳᠤᠮᠳᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢᠮ᠎ᠡ ᠶᠣᠰᠣᠴᠢ ᠴᠢᠨᠠᠷᠲᠠᠢ ᠲᠠᠨᠢᠯᠲᠠ ᠵᠢ ᠭᠦᠨᠵᠡᠭᠡᠢ᠌ᠷᠡᠭᠦᠯᠵᠦ ᠂ ᠳᠡᠯᠡᠬᠡᠢ ᠵᠢᠨ ᠮᠠᠷᠺᠰ᠎ᠤᠨ ᠦᠵᠡᠯ᠎ᠤᠨ ᠲᠦᠷᠦ ᠵᠢᠨ ᠨᠠᠮ᠎ᠤᠨ ᠬᠤᠪᠢ ᠵᠠᠶᠠᠭ᠎ᠠ ᠵᠢ ᠠᠳᠠᠯᠢᠳᠬᠠᠬᠤ ᠪᠠ ᠮᠠᠨ᠎ᠤ ᠨᠠᠮ᠎ᠤᠨ ᠤᠷᠲᠤ ᠬᠤᠭᠤᠴᠠᠭ᠎ᠠ᠎ᠪᠠᠷ ᠲᠦᠷᠦ ᠪᠠᠷᠢᠬᠤ᠎ᠳᠤ ᠲᠤᠯᠭ᠋ᠠᠷᠠᠵᠤ ᠪᠠᠢ᠌ᠭ᠎ᠠ ᠪᠣᠳᠠᠲᠤ ᠰᠢᠯᠭ᠋ᠠᠯᠲᠠ ᠵᠢᠨ ᠳᠤᠮᠳᠠ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠪᠠᠢ᠌ᠯᠳᠤᠬᠤ ᠪᠣᠳᠣᠯᠭ᠎ᠠ ᠵᠢᠨ ᠦᠵᠡᠯ ᠰᠠᠨᠠᠭ᠋ᠠᠨ᠎ᠤ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ ᠵᠢ ᠭᠦᠨᠵᠡᠭᠡᠢ᠌ᠷᠡᠭᠦᠯᠵᠦ ᠂ ᠪᠣᠳᠠᠲᠤ ᠠᠰᠠᠭᠤᠳᠠᠯ᠎ᠢ ᠰᠢᠢ᠍ᠳᠪᠦᠷᠢᠯᠡᠬᠦ ᠰᠢᠨᠵᠢᠯᠡᠬᠦ ᠤᠬᠠᠭ᠋ᠠᠨᠴᠢ ᠣᠢ᠌ᠯᠠᠭ᠋ᠠᠭᠳᠠᠬᠤᠨ ᠂ ᠪᠦᠳᠦᠮᠵᠢᠳᠠᠢ ᠠᠷᠭ᠎ᠠ ᠪᠣᠳᠣᠯᠭ᠎ᠠ ᠵᠢ ᠪᠦᠭᠦ ᠲᠠᠯ᠎ᠠ᠎ᠪᠠᠷ ᠰᠢᠰᠲ᠋ᠧᠮ᠎ᠲᠠᠢ ᠳᠤᠷᠠᠳᠴᠤ ᠂ ᠣᠳᠣ ᠦᠶ᠎ᠡ ᠵᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ ᠂ 21 ᠳ᠋ᠦ᠍ᠭᠡᠷ ᠵᠠᠭᠤᠨ᠎ᠤ ᠮᠠᠷᠺᠰ᠎ᠤᠨ ᠦᠵᠡᠯ᠎ᠢ ᠨᠡᠩ ᠬᠦᠴᠦᠷᠬᠡᠭ ᠶᠡᠬᠡ ᠂ ᠨᠠᠩ ᠢᠯᠡᠭᠦᠦ ᠪᠢᠰᠢᠷᠡᠭᠦᠯᠬᠦ ᠬᠦᠴᠦᠨ᠎ᠲᠠᠢ ᠦᠨᠡᠨ ᠶᠣᠰᠣᠨ᠎ᠤ ᠬᠦᠴᠦᠨ ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠰᠢ ᠵᠢᠨ ᠫᠢᠩ ᠂ ᠤᠨᠤᠯ᠎ᠤᠨ ᠰᠢᠰᠲ᠋ᠧᠮᠵᠢᠯᠳᠡ ᠂ ᠶᠣᠰᠣ ᠵᠦᠢ᠍ᠵᠢᠯᠲᠡ ᠵᠢ ᠠᠬᠢᠭᠤᠯᠬᠤ ᠪᠣᠯ ᠤᠨᠤᠯ᠎ᠤᠨ ᠰᠢᠨ᠎ᠡ ᠵᠢ ᠡᠭᠦᠳᠬᠦ ᠳᠣᠲᠣᠭ᠋ᠠᠳᠤ ᠱᠠᠭ᠋ᠠᠷᠳᠠᠯᠭ᠎ᠠ ᠪᠠ ᠴᠢᠬᠤᠯᠠ ᠠᠷᠭ᠎ᠠ ᠵᠠᠮ ᠪᠣᠯᠣᠨ᠎ᠠ ᠃ ᠮᠠᠷᠺᠰ᠎ᠤᠨ ᠦᠵᠡᠯ᠎ᠤᠨ ᠨᠥᠯᠥᠭᠡ ᠭᠦᠨ ᠭᠦᠨᠵᠡᠭᠡᠢ ᠠᠯᠤᠰ ᠭᠡᠳᠤ ᠵᠢᠨ ᠪᠠᠢ᠌ᠵᠤ ᠴᠢᠳᠠᠭᠰᠠᠨ᠎ᠨᠢ ᠭᠦᠨ ᠭᠦᠨᠵᠡᠭᠡᠢ ᠶᠣᠰᠣ ᠵᠦᠢ᠎ᠪᠠᠷ ᠬᠥᠮᠥᠨ ᠲᠥᠷᠥᠯᠬᠢᠲᠡᠨ᠎ᠤ ᠨᠡᠢ᠌ᠭᠡᠮ᠎ᠤᠨ ᠬᠥᠭᠵᠢᠯᠲᠡ ᠵᠢᠨ ᠦᠨᠡᠨ ᠶᠣᠰᠣᠴᠢ ᠴᠢᠨᠠᠷ᠎ᠢ ᠢᠯᠡᠷᠡᠭᠦᠯᠵᠦ ᠂ ᠪᠦᠷᠢᠨ ᠲᠡᠭᠦᠯᠳᠡᠷ ᠰᠢᠰᠲ᠋ᠧᠮ ᠵᠶ᠋ᠡᠷ ᠲᠡᠭᠦᠨ᠎ᠤ ᠤᠨᠤᠯ᠎ᠤᠨ ᠰᠢᠨᠵᠢᠯᠡᠬᠦ ᠤᠬᠠᠭ᠋ᠠᠨᠴᠢ ᠴᠢᠨᠠᠷ᠎ᠢ ᠨᠤᠲᠠᠯᠠᠭᠰᠠᠨ᠎ᠳᠤ ᠪᠠᠢ᠌ᠬᠤ ᠶᠤᠮ ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠬᠥᠭᠵᠢᠯᠲᠡ ᠪᠣᠯ ᠲᠠᠰᠤᠷᠠᠯᠲᠠ ᠦᠭᠡᠢ ᠪᠠᠶᠠᠯᠢᠭᠵᠢᠨ ᠥᠷᠭᠡᠵᠢᠬᠦ ᠵᠢᠨ ᠬᠠᠮᠲᠤ ᠲᠠᠰᠤᠷᠠᠯᠲᠠ ᠦᠭᠡᠢ ᠰᠢᠰᠲ᠋ᠧᠮᠵᠢᠬᠦ ᠂ ᠶᠣᠰᠣ ᠵᠤᠢ᠌ᠵᠢᠭᠦ ᠶᠠᠪᠤᠴᠠ ᠮᠥᠨ ᠃ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭ᠋ᠠᠨ ᠪᠣᠯᠣᠨ ᠪᠠᠢ᠌ᠭᠤᠯᠤᠯᠲᠠ ᠵᠢᠨ ᠢᠨᠵᠧᠨᠧᠷᠢᠩ᠎ᠨᠢ ᠤᠨᠤᠯ᠎ᠤᠨ ᠰᠤᠳᠤᠯᠭ᠋ᠠᠨ ᠲᠠᠢ᠌ᠯᠪᠤᠷᠢᠯᠠᠯᠲᠠ ᠵᠢ ᠲᠠᠰᠤᠷᠠᠯᠳᠡ ᠦᠭᠡᠢ ᠭᠦᠨᠵᠡᠭᠡᠢ᠌ᠷᠡᠭᠦᠯᠵᠦ ᠂ ᠮᠠᠨ᠎ᠤ ᠨᠠᠮ᠎ᠤᠨ ᠳᠤᠷᠠᠳᠤᠭᠰᠠᠨ ᠰᠢᠨ᠎ᠡ ᠣᠢ᠌ᠯᠠᠭ᠋ᠠᠭᠳᠠᠬᠤᠨ ᠰᠢᠨ᠎ᠡ ᠨᠤᠲᠠᠯᠠᠯᠲᠠ ᠵᠢᠨ ᠤᠭ ᠶᠣᠰᠣᠨ᠎ᠤ ᠴᠢᠨᠠᠷᠲᠠᠢ ᠤᠨᠤᠯ᠎ᠤᠨ ᠦᠷ᠎ᠡ ᠪᠦᠲᠦᠭᠡᠯ᠎ᠢ ᠭᠣᠣᠯᠳᠠᠯᠭ᠎ᠠ᠎ᠲᠠᠢ ᠰᠤᠳᠤᠯᠤᠨ ᠲᠠᠢ᠌ᠯᠪᠤᠷᠢᠯᠠᠵᠤ ᠂ ᠳᠣᠲᠣᠭ᠋ᠠᠳᠤ᠎ᠳᠤ ᠪᠠᠢ᠌ᠭ᠎ᠠ ᠬᠠᠷᠢᠯᠴᠠᠭ᠎ᠠ ᠵᠢ ᠡᠵᠡᠮᠳᠡᠵᠦ ᠂ ᠪᠦᠭᠦ ᠨᠠᠮ ᠪᠦᠭᠦ ᠤᠯᠤᠰ ᠵᠶ᠋ᠠᠷ ᠵᠶ᠋ᠠᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠤᠨᠤᠯ᠎ᠤᠨ ᠰᠢᠰᠲ᠋ᠧᠮ᠎ᠢ ᠨᠡᠩ ᠰᠠᠢ᠌ᠲᠤᠷ ᠰᠤᠷᠤᠯᠴᠠᠨ ᠡᠵᠡᠮᠰᠢᠬᠦ ᠵᠢ ᠬᠥᠮᠥᠵᠢᠭᠦᠯᠦᠨ ᠵᠢᠯᠤᠭᠣᠳᠬᠤ ᠬᠡᠷᠡᠭᠲᠡᠢ ᠭᠡᠵᠦ ᠴᠢᠬᠤᠯᠠᠴᠢᠯᠠᠪᠠ ᠃
ᠰᠢ ᠵᠢᠨ ᠫᠢᠩ ᠂ ᠠᠷᠠᠳ ᠤᠯᠠᠨ᠎ᠤ ᠡᠭᠦᠳᠦᠨ ᠪᠦᠲᠦᠭᠡᠯᠲᠡ ᠳᠤᠮᠳᠠ᠎ᠠᠴᠠ ᠤᠨᠤᠯ᠎ᠤᠨ ᠰᠢᠨ᠎ᠡ ᠵᠢ ᠡᠭᠦᠳᠬᠦ ᠤᠶᠤᠨ ᠤᠬᠠᠭ᠋ᠠᠨ᠎ᠢ ᠰᠢᠩᠭᠡᠬᠡᠨ ᠠᠪᠬᠤ ᠵᠢ ᠴᠢᠬᠤᠯᠠᠴᠢᠯᠠᠬᠤ ᠬᠡᠷᠡᠭᠲᠡᠢ ᠃ ᠮᠠᠷᠺᠰ᠎ᠤᠨ ᠦᠵᠡᠯ ᠪᠣᠯ ᠠᠷᠠᠳ ᠲᠦᠮᠡᠨ᠎ᠤ ᠲᠥᠯᠥᠭᠡ ᠦᠭᠡ ᠬᠡᠯᠡᠵᠦ ᠂ ᠠᠷᠠᠳ ᠲᠦᠮᠡᠨ᠎ᠢ ᠣᠷᠣᠯᠠᠨ ᠦᠭᠡ ᠬᠡᠯᠡᠬᠦ ᠤᠨᠤᠯ ᠮᠥᠨ ᠂ ᠠᠷᠠᠳ ᠲᠦᠮᠡᠨ᠎ᠤ ᠬᠤᠪᠢ ᠵᠠᠶᠠᠭ᠎ᠠ ᠵᠢ ᠬᠤᠪᠢᠷᠠᠭᠤᠯᠬᠤ ᠵᠢᠨ ᠲᠥᠯᠥᠭᠡ ᠡᠭᠦᠳᠦᠨ ᠪᠦᠲᠦᠭᠡᠵᠦ ᠂ ᠠᠷᠠᠳ ᠲᠦᠮᠡᠨ᠎ᠤ ᠴᠢᠯᠦᠭᠡᠯᠡᠯᠲᠡ ᠵᠢ ᠡᠷᠢᠯᠬᠢᠯᠡᠬᠦ ᠦᠢ᠍ᠯᠡᠳᠦᠯᠭᠡ ᠵᠢᠨ ᠳᠤᠮᠳᠠ ᠪᠠᠶᠠᠯᠢᠭᠵᠢᠨ ᠬᠥᠭᠵᠢᠭᠰᠡᠨ ᠶᠤᠮ ᠂ ᠠᠷᠠᠳ ᠲᠦᠮᠡᠨ᠎ᠤ ᠪᠦᠲᠦᠭᠡᠯᠴᠢ ᠴᠢᠨᠠᠷᠲᠠᠢ ᠦᠢ᠍ᠯᠡᠳᠦᠯᠭᠡ ᠪᠣᠯ ᠮᠠᠷᠺᠰ᠎ᠤᠨ ᠦᠵᠡᠯ᠎ᠤᠨ ᠤᠨᠤᠯ᠎ᠤᠨ ᠰᠢᠨ᠎ᠡ ᠵᠢ ᠡᠭᠦᠳᠬᠦ ᠰᠢᠷᠭᠢᠰᠢ ᠦᠭᠡᠢ ᠡᠬᠢ ᠪᠤᠯᠠᠭ ᠮᠥᠨ ᠃ ᠠᠷᠠᠳ ᠲᠦᠮᠡᠨ ᠲᠡᠦᠬᠡ ᠵᠢᠨ ᠡᠭᠦᠳᠦᠨ ᠪᠦᠲᠦᠭᠡᠭᠴᠢ ᠪᠣᠯᠤᠭᠰᠠᠨ᠎ᠤ ᠬᠤᠪᠢ᠎ᠳᠤ ᠪᠣᠳᠠᠰ᠎ᠤᠨ ᠡᠳ᠋ ᠪᠠᠶᠠᠯᠢᠭ᠎ᠤᠨ ᠡᠭᠦᠳᠦᠨ ᠪᠦᠲᠦᠭᠡᠭᠴᠢ ᠪᠤᠯᠬᠤ᠎ᠪᠠᠷ ᠪᠠᠷᠠᠬᠤ ᠦᠭᠡᠢ ᠮᠥᠨᠴᠦ ᠤᠶᠤᠨ᠎ᠤ ᠡᠳ᠋ ᠪᠠᠶᠠᠯᠢᠭ᠎ᠤᠨ ᠡᠭᠦᠳᠦᠨ ᠪᠦᠲᠦᠭᠡᠭᠴᠢ ᠪᠤᠯᠬᠤ ᠶᠤᠮ ᠃ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠦᠷ᠎ᠡ ᠪᠦᠲᠦᠭᠡᠯ ᠪᠣᠯ ᠴᠥᠮ ᠨᠠᠮ ᠪᠠ ᠠᠷᠠᠳ ᠲᠦᠮᠡᠨ᠎ᠤ ᠦᠢ᠍ᠯᠡᠳᠦᠯᠭᠡ ᠵᠢᠨ ᠲᠤᠷᠰᠢᠯᠭ᠎ᠠ ᠪᠠ ᠬᠠᠮᠲᠤ ᠵᠢᠨ ᠤᠶᠤᠨ ᠤᠬᠠᠭ᠋ᠠᠨ᠎ᠤ ᠤᠭᠢ ᠪᠦᠲᠦᠭᠡᠯ ᠮᠥᠨ ᠃ ᠮᠠᠤ ᠽᠧ ᠳ᠋ᠦᠩ᠎ᠤᠨ ᠦᠵᠡᠯ ᠰᠠᠨᠠᠭ᠎ᠠ ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠤᠨᠤᠯ᠎ᠤᠨ ᠰᠢᠰᠲ᠋ᠧᠮ ᠭᠡᠰᠡᠨ ᠦᠭᠡᠢ ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠭᠡᠰᠡᠨ ᠦᠭᠡᠢ ᠴᠥᠮ ᠠᠷᠠᠳ ᠲᠦᠮᠡᠨ᠎ᠤ ᠤᠶᠤᠨ ᠤᠬᠠᠭ᠋ᠠᠨ ᠂ ᠠᠷᠠᠳ ᠲᠦᠮᠡᠨ᠎ᠤ ᠰᠦᠪᠡᠭᠴᠢᠯᠡᠯ ᠂ ᠠᠷᠠᠳ ᠲᠦᠮᠡᠨ᠎ᠤ ᠡᠭᠦᠳᠦᠯᠲᠡ᠎ᠠᠴᠠ ᠢᠷᠡᠯᠲᠡ᠎ᠲᠠᠢ ᠶᠤᠮ ᠃ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠬᠤ᠎ᠳᠤ ᠡᠷᠬᠡᠪᠰᠢ ᠤᠯᠠᠨ ᠲᠦᠮᠡᠨᠴᠢ ᠱᠤᠭᠤᠮ ᠵᠶ᠋ᠠᠷ ᠰᠠᠢ᠌ᠲᠤᠷ ᠵᠠᠮᠨᠠᠬᠤ ᠬᠡᠷᠡᠭᠲᠡᠢ ᠂ ᠶᠠᠭ᠋ᠠᠬᠢᠭᠰᠠᠨ ᠴᠤ᠌ ᠡᠭᠦᠳᠡ᠎ᠪᠠᠨ ᠲᠦᠭᠵᠢᠵᠦ ᠂ ᠬᠡᠢ ᠬᠣᠭᠣᠰᠤᠨ ᠶᠣᠰᠣ ᠶᠠᠷᠢᠵᠤ ᠂ ᠬᠡᠢ ᠪᠤᠳᠤᠯ ᠡᠪᠦᠷᠯᠡᠵᠦ ᠪᠤᠯᠬᠤ ᠦᠭᠡᠢ ᠃ ᠠᠷᠠᠳ ᠲᠦᠮᠡᠨ᠎ᠤ ᠤᠤᠭ᠋ᠠᠯ ᠡᠭᠦᠳᠦᠯᠲᠡ ᠵᠢᠨ ᠵᠣᠷᠢᠭ ᠰᠠᠨᠠᠭ᠎ᠠ ᠵᠢ ᠭᠦᠨᠳᠦᠳᠭᠡᠵᠦ ᠂ ᠠᠷᠠᠳ ᠲᠦᠮᠡᠨ᠎ᠤ ᠪᠦᠲᠦᠭᠡᠯᠴᠢ ᠴᠢᠨᠠᠷᠲᠠᠢ ᠦᠢ᠍ᠯᠡᠳᠦᠯᠭᠡ ᠵᠢᠨ ᠳᠤᠮᠳᠠ᠎ᠠᠴᠠ ᠰᠢᠨ᠎ᠡ ᠰᠣᠷᠭᠣᠭ ᠲᠤᠷᠰᠢᠯᠭ᠎ᠠ ᠵᠢ ᠳ᠋ᠦᠩᠨᠡᠬᠦ ᠵᠢ ᠴᠢᠬᠤᠯᠠᠴᠢᠯᠠᠵᠤ ᠂ ᠣᠶᠤᠨᠴᠢ ᠲᠠᠨᠢᠯᠲᠠ ᠪᠣᠯᠭ᠋ᠠᠨ ᠳᠡᠭᠡᠭᠰᠢᠯᠡᠭᠦᠯᠵᠦ ᠂ ᠰᠢᠨ᠎ᠡ ᠤᠨᠤᠯ᠎ᠤᠨ ᠦᠷ᠎ᠡ ᠪᠦᠲᠦᠭᠡᠯ᠎ᠢ ᠪᠣᠯᠪᠠᠰᠤᠷᠠᠭᠤᠯᠤᠨ ᠭᠠᠷᠭ᠋ᠠᠵᠤ ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠢ ᠲᠦᠭ ᠲᠦᠮᠡᠨ ᠠᠷᠠᠳ ᠲᠦᠮᠡᠨ᠎ᠤ ᠰᠡᠳᠬᠢᠯ᠎ᠳᠤ ᠬᠠᠳᠠᠩᠰᠢᠭᠤᠯᠵᠤ ᠂ ᠦᠨᠳᠦᠰᠦᠨ ᠱᠠᠲᠤᠨ᠎ᠳᠤ ᠣᠢ᠌ᠷᠠᠳᠬᠤ ᠂ ᠠᠷᠠᠳ᠎ᠤᠨ ᠤᠶᠤᠨ ᠤᠬᠠᠭ᠋ᠠᠨ᠎ᠢ ᠨᠢᠭᠲᠠᠷᠠᠭᠤᠯᠬᠤ ᠂ ᠠᠷᠠᠳ᠎ᠤᠨ ᠰᠠᠨᠠᠭ᠋ᠠᠨ᠎ᠳᠤ ᠨᠡᠢ᠌ᠴᠡᠬᠦ ᠂ ᠠᠷᠠᠳ᠎ᠤᠨ ᠰᠡᠳᠬᠢᠯ᠎ᠢ ᠣᠯᠬᠤ ᠤᠨᠤᠯ ᠪᠤᠯᠭ᠋ᠠᠬᠤ᠎ᠪᠠᠷ ᠬᠦᠴᠦᠯᠡᠨ ᠴᠢᠷᠮᠠᠢ᠌ᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃