ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ 6 ᠰᠠᠷ᠎ᠠ ᠵᠢᠨ 30᠎ᠤ ᠡᠳᠦᠷ ᠬᠤᠷᠠᠯ ᠬᠤᠷᠠᠯᠳᠤᠭᠤᠯᠵᠤ᠂ 《ᠰᠢᠶᠦ᠋ᠩ ᠠᠨ ᠰᠢᠨ᠎ᠡ ᠲᠣᠭᠣᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢ᠌ᠲᠠᠢ ᠪᠦᠲᠦᠭᠡᠨ ᠪᠠᠢ᠌ᠭᠤᠯᠬᠤ ᠵᠢ ᠳᠡᠮᠵᠢᠬᠦ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ ᠰᠠᠨᠠᠯ》᠎ᠢ ᠬᠢᠨᠠᠨ ᠵᠥᠪᠯᠡᠪᠡ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ᠃
ᠬᠤᠷᠠᠯ᠎ᠠᠴᠠ᠂ ᠰᠢᠶᠦ᠋ᠩ ᠠᠨ ᠰᠢᠨ᠎ᠡ ᠲᠣᠭᠣᠷᠢᠭ᠎ᠢ ᠪᠠᠢ᠌ᠭᠤᠯᠬᠤ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠪᠡᠭᠡᠵᠢᠩ᠎ᠤᠨ ᠨᠡᠢ᠌ᠰᠯᠡᠯ᠎ᠤᠨ ᠪᠤᠰᠤ ᠴᠢᠳᠠᠮᠵᠢ ᠵᠢ ᠲᠠᠷᠬᠠᠭ᠋ᠠᠬᠤ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠬᠦ ᠵᠢ ᠭᠦᠨᠵᠡᠭᠡᠢ ᠠᠬᠢᠭᠤᠯᠬᠤ ᠵᠢᠨ ᠲᠥᠯᠥᠭᠡ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠᠢ᠌ᠵᠤ᠂ ᠮᠢᠩᠭ᠋ᠠᠨ ᠣᠨ᠎ᠤ ᠶᠡᠬᠡ ᠪᠣᠳᠣᠯᠭ᠎ᠠ᠂ ᠤᠯᠤᠰ᠎ᠤᠨ ᠶᠡᠬᠡ ᠶᠠᠪᠤᠳᠠᠯ ᠪᠣᠯᠣᠨ᠎ᠠ᠃ ᠣᠳᠣᠬᠠᠨ᠎ᠳᠤ᠂ ᠰᠢᠶᠦ᠋ᠩ ᠠᠨ ᠰᠢᠨ᠎ᠡ ᠲᠣᠭᠣᠷᠢᠭ᠎ᠤᠨ ᠠᠵᠢᠯ᠎ᠤᠨ ᠭᠣᠣᠯᠳᠠᠯᠭ᠎ᠠ ᠨᠢᠭᠡᠨᠲᠡ ᠴᠢᠨᠠᠷ ᠰᠠᠢ᠌ᠲᠠᠢ ᠪᠦᠲᠦᠭᠡᠨ ᠪᠠᠢ᠌ᠭᠤᠯᠤᠯᠲᠠ᠂ ᠥᠨᠳᠥᠷ ᠲᠦᠪᠰᠢᠨ ᠪᠦᠬᠦᠢ ᠬᠠᠮᠢᠶᠠᠷᠤᠯᠲᠠ᠂ ᠴᠢᠨᠠᠷ ᠰᠠᠢ᠌ᠲᠠᠢ᠎ᠪᠠᠷ ᠲᠠᠷᠬᠠᠭ᠋ᠠᠨ ᠵᠣᠬᠢᠴᠠᠭᠤᠯᠬᠤ ᠬᠥᠭᠵᠢᠯᠲᠡ ᠵᠢ ᠵᠡᠷᠭᠡ᠎ᠪᠠᠷ ᠴᠢᠬᠤᠯᠠᠴᠢᠯᠠᠬᠤ ᠲᠡᠢ᠌ᠰᠢ ᠰᠢᠯᠵᠢᠵᠦ᠂ ᠪᠦᠭᠦᠨ᠎ᠢ ᠬᠠᠮᠤᠷᠤᠭᠰᠠᠨ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠲᠣᠭᠲᠠᠭ᠋ᠠᠨ ᠨᠡᠢ᠌ᠲᠡᠯᠡᠬᠦ᠎ᠨᠢ ᠰᠢᠶᠦ᠋ᠩ ᠠᠨ ᠰᠢᠨ᠎ᠡ ᠲᠣᠭᠣᠷᠢᠭ᠎ᠤᠨ ᠪᠡᠭᠡᠵᠢᠩ᠎ᠤᠨ ᠨᠡᠢ᠌ᠰᠯᠡᠯ᠎ᠤᠨ ᠪᠤᠰᠤ ᠴᠢᠳᠠᠮᠵᠢ ᠵᠢ ᠲᠠᠷᠬᠠᠭ᠋ᠠᠨ ᠵᠣᠬᠢᠴᠠᠭᠤᠯᠬᠤ ᠪᠠ ᠶᠡᠬᠡ ᠬᠡᠪᠴᠢᠶ᠎ᠡ᠎ᠪᠠᠷ ᠪᠠᠢ᠌ᠭᠤᠯᠤᠨ ᠬᠥᠭᠵᠢᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠰᠢᠶᠦ᠋ᠩ ᠠᠨ ᠰᠢᠨ᠎ᠡ ᠲᠣᠭᠣᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢ᠌ᠲᠠᠢ ᠪᠦᠲᠦᠭᠡᠨ ᠪᠠᠢ᠌ᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠰᠢᠶᠦ᠋ᠩ ᠠᠨ ᠰᠢᠨ᠎ᠡ ᠲᠣᠭᠣᠷᠢᠭ᠎ᠤᠨ ᠣᠳᠣᠬᠢ ᠱᠠᠲᠤᠨ᠎ᠤ ᠪᠣᠳᠠᠲᠠᠢ ᠬᠡᠷᠡᠭᠴᠡᠭᠡ᠎ᠲᠠᠢ ᠤᠶᠠᠯᠳᠤᠭᠤᠯᠤᠨ᠂ ᠬᠥᠮᠥᠰ᠎ᠤᠨ ᠠᠰᠢᠭ ᠲᠤᠰᠠ ᠪᠠ ᠬᠠᠯᠠᠮᠵᠢᠯᠠᠵᠤ ᠪᠠᠢ᠌ᠭ᠎ᠠ ᠠᠰᠠᠭᠤᠳᠠᠯ᠎ᠢ ᠲᠠᠷᠬᠠᠭ᠋ᠠᠨ ᠵᠣᠬᠢᠴᠠᠭᠤᠯᠬᠤ ᠵᠢᠨ ᠲᠣᠭᠣᠷᠢᠨ᠎ᠳᠤ ᠴᠢᠭᠯᠡᠭᠦᠯᠦᠯᠲᠦ ᠴᠢᠨᠠᠷᠲᠠᠢ᠎ᠪᠠᠷ ᠳᠡᠮᠵᠢᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠯᠠᠪᠳᠠᠭᠤᠨ ᠪᠥᠭᠡᠳ ᠡᠮᠬᠢ ᠵᠢᠷᠤᠮ᠎ᠲᠠᠢ᠂ ᠴᠢᠳᠠᠯ᠎ᠤᠨ ᠵᠶ᠋ᠠᠨ ᠬᠢᠷᠢ᠎ᠪᠠᠷ ᠬᠢᠬᠦ ᠵᠢ ᠪᠠᠷᠢᠮᠲᠠᠯᠠᠵᠤ᠂ ᠪᠡᠯᠭᠡ ᠲᠡᠮᠳᠡᠭ᠎ᠤᠨ ᠴᠢᠨᠠᠷᠲᠠᠢ ᠲᠠᠷᠬᠠᠭ᠋ᠠᠨ ᠵᠣᠬᠢᠴᠠᠭᠤᠯᠬᠤ ᠲᠦᠷᠦᠯ ᠵᠦᠢ᠍ᠯ᠎ᠢ ᠰᠢᠶᠦ᠋ᠩ ᠠᠨ ᠰᠢᠨ᠎ᠡ ᠲᠣᠭᠣᠷᠢᠭ᠎ᠲᠤ ᠨᠤᠲᠤᠭᠰᠢᠭᠤᠯᠤᠨ ᠪᠦᠲᠦᠭᠡᠨ ᠪᠠᠢ᠌ᠭᠤᠯᠬᠤ ᠵᠢ ᠦᠷᠭᠦᠯᠵᠢᠯᠡᠨ ᠠᠬᠢᠭᠤᠯᠵᠤ᠂ ᠬᠤᠳᠠ ᠵᠢᠨ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ ᠵᠢᠨ ᠵᠢᠮ᠎ᠡ ᠶᠣᠰᠣ ᠵᠢ ᠢᠳᠡᠪᠬᠢᠲᠡᠢ ᠰᠦᠪᠡᠭᠴᠢᠯᠡᠨ ᠵᠢᠷᠤᠮᠯᠠᠵᠤ᠂ ᠠᠷᠪᠢᠲᠠᠢ ᠡᠷᠴᠢᠮᠯᠢᠭ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠᠢ᠌ᠬᠤ ᠵᠢ ᠴᠢᠩᠭ᠋ᠠᠳᠬᠠᠵᠤ᠂ ᠪᠦᠲᠦᠭᠡᠨ ᠪᠠᠢ᠌ᠭᠤᠯᠤᠯᠲᠠ ᠵᠢᠨ ᠬᠡᠪᠴᠢᠶ᠎ᠡ ᠪᠠ ᠠᠢ᠌ᠵᠠᠮ᠎ᠢ ᠵᠣᠬᠢᠰᠲᠠᠢ ᠡᠵᠡᠮᠳᠡᠵᠦ᠂ 《ᠰᠢᠶᠦ᠋ᠩ ᠠᠨ᠎ᠤ ᠶᠠᠰᠤ ᠴᠢᠨᠠᠷ》᠎ᠢ ᠡᠭᠦᠳᠬᠦ ᠬᠡᠷᠡᠭᠲᠡᠢ᠃ ᠬᠠᠢ᠌ᠨ ᠰᠦᠪᠡᠭᠴᠢᠯᠡᠵᠦ ᠰᠢᠨ᠎ᠡ ᠵᠢ ᠡᠭᠦᠳᠬᠦ᠂ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠪᠠᠷᠢᠮᠲᠠᠯᠠᠵᠤ᠂ ᠣᠳᠣᠬᠠᠨ᠎ᠤ ᠪᠠ ᠠᠯᠤᠰ ᠭᠡᠳᠤ ᠵᠢᠨ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ ᠵᠡᠷᠭᠡ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠵᠦ᠂ ᠬᠣᠯᠪᠣᠭᠳᠠᠯ ᠪᠦᠬᠦᠢ ᠬᠦᠷᠢᠶᠡᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠰᠢᠶᠦ᠋ᠩ ᠠᠨ ᠰᠢᠨ᠎ᠡ ᠲᠣᠭᠣᠷᠢᠭ᠎ᠲᠤ ᠨᠠᠢ᠌ᠳᠠᠪᠤᠷᠢᠵᠢᠭᠤᠯᠵᠤ ᠬᠡᠷᠡᠭᠵᠢᠭᠦᠯᠬᠦ ᠵᠢ ᠴᠢᠭᠯᠡᠭᠦᠯᠦᠯᠲᠦ ᠴᠢᠨᠠᠷᠲᠠᠢ᠎ᠪᠠᠷ ᠠᠬᠢᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠳᠡᠭᠡᠳᠦ ᠲᠡᠰ᠎ᠤᠨ ᠳᠡᠭᠡᠳᠦ ᠰᠢᠨ᠎ᠡ ᠠᠵᠤ ᠦᠢ᠍ᠯᠡᠰ᠎ᠢ ᠬᠥᠭᠵᠢᠭᠦᠯᠵᠦ᠂ ᠰᠢᠶᠦ᠋ᠩ ᠠᠨ ᠰᠢᠨ᠎ᠡ ᠲᠣᠭᠣᠷᠢᠭ᠎ᠤᠨ ᠲᠤᠰ ᠪᠡᠶ᠎ᠡ ᠵᠢᠨ ᠪᠠᠢ᠌ᠭᠤᠯᠤᠯᠲᠠ ᠬᠥᠭᠵᠢᠯᠲᠡ ᠵᠢᠨ ᠴᠢᠳᠠᠪᠤᠷᠢ ᠵᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠢ᠃ ᠬᠤᠳᠠ ᠵᠢᠨ ᠵᠠᠰᠠᠯᠲᠠ ᠵᠢᠨ ᠪᠦᠲᠦᠴᠡ᠂ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠳᠦᠷᠢᠮ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠶᠦ᠋ᠩ ᠠᠨ ᠰᠢᠨ᠎ᠡ ᠲᠣᠭᠣᠷᠢᠭ᠎ᠤᠨ ᠢᠷᠡᠭᠡᠳᠦᠢ ᠵᠢᠨ ᠬᠤᠳᠠ ᠵᠢᠨ ᠪᠦᠲᠦᠭᠡᠨ ᠪᠠᠢ᠌ᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠤᠷᠢᠳᠠᠴᠢ ᠲᠥᠯᠥᠪᠯᠡᠭᠡ ᠵᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠬᠤᠳᠠ ᠵᠢᠨ ᠵᠠᠰᠠᠯᠲᠠ ᠵᠢᠨ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠰᠢᠶᠦ᠋ᠩ ᠠᠨ ᠰᠢᠨ᠎ᠡ ᠲᠣᠭᠣᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢ᠌ᠲᠠᠢ ᠪᠦᠲᠦᠭᠡᠨ ᠪᠠᠢ᠌ᠭᠤᠯᠬᠤ ᠪᠦᠭᠦ ᠶᠠᠪᠤᠴᠠ᠂ ᠡᠯ᠎ᠡ ᠬᠦᠷᠢᠶ᠎ᠡ᠂ ᠡᠯ᠎ᠡ ᠭᠣᠭᠴᠣᠭ᠎ᠠ᠎ᠳᠤ ᠨᠠᠮ᠎ᠤᠨ ᠤᠳᠤᠷᠢᠳᠤᠯᠭ᠎ᠠ ᠵᠢ ᠲᠤᠭᠤᠰᠢᠯᠠᠭᠤᠯᠵᠤ᠂ ᠰᠢᠶᠦ᠋ᠩ ᠠᠨ ᠰᠢᠨ᠎ᠡ ᠲᠣᠭᠣᠷᠢᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠤᠳᠤᠷᠢᠳᠬᠤ ᠪᠠᠭ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠮᠥᠨ ᠰᠣᠩᠭᠣᠨ ᠬᠡᠷᠡᠭᠯᠡᠬᠦ ᠵᠥᠪ ᠤᠳᠤᠷᠢᠳᠤᠮᠵᠢ ᠵᠢ ᠪᠠᠷᠢᠮᠲᠠᠯᠠᠵᠤ᠂ ᠤᠯᠤᠰ ᠲᠦᠷᠦ ᠵᠢᠨ ᠲᠠᠯ᠎ᠠ᠎ᠪᠠᠷ ᠪᠠᠲᠤ ᠴᠢᠩᠭ᠎ᠠ᠂ ᠥᠭᠡᠷᠡᠴᠢᠯᠡᠯᠲᠡ ᠵᠢᠨ ᠤᠬᠠᠮᠰᠠᠷ ᠵᠶ᠋ᠠᠷ ᠴᠢᠩᠭ᠎ᠠ᠂ ᠴᠢᠳᠠᠪᠤᠷᠢ ᠵᠢᠨ ᠲᠦᠪᠰᠢᠨ ᠵᠶ᠋ᠡᠷ ᠥᠨᠳᠥᠷ᠂ ᠵᠣᠷᠢᠭᠲᠠᠢ ᠬᠢᠵᠦ ᠵᠣᠷᠢᠭᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠥᠨᠳᠥᠷ ᠬᠡᠪ ᠪᠣᠯᠪᠠᠰᠤᠷᠠᠯ᠎ᠲᠠᠢ ᠲᠤᠰᠬᠠᠢ᠌ᠵᠢᠭᠰᠠᠨ ᠺᠠᠳ᠋ᠷ᠎ᠤᠨ ᠡᠩᠨᠡᠭᠡ ᠵᠢ ᠪᠠᠢ᠌ᠭᠤᠯᠬᠤ ᠬᠡᠷᠡᠭᠲᠡᠢ᠃ ᠾᠧᠪᠧᠢ ᠮᠤᠵᠢ ᠵᠢᠨ᠎ᠬᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠰᠢᠶᠦ᠋ᠩ ᠠᠨ ᠰᠢᠨ᠎ᠡ ᠲᠣᠭᠣᠷᠢᠭ᠎ᠤᠨ᠎ᠬᠢᠨ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠣᠯᠪᠣᠭᠳᠠᠯ ᠪᠦᠬᠦᠢ ᠣᠷᠣᠨ ᠨᠤᠲᠤᠭ᠎ᠤᠨ᠎ᠬᠢᠨ ᠢᠳᠡᠪᠬᠢᠲᠡᠢ ᠳᠡᠮᠵᠢᠵᠦ᠂ ᠲᠥᠪ᠎ᠤᠨ ᠪᠠ ᠲᠥᠷᠥ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠵᠢᠯᠣᠭᠣᠳᠤᠨ ᠦᠢ᠍ᠯᠡᠴᠢᠯᠡᠵᠦ᠂ ᠠᠳᠠᠯᠢ ᠴᠢᠭᠯᠡᠯ ᠵᠶ᠋ᠡᠷ ᠬᠦᠴᠦᠯᠡᠵᠦ᠂ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠪᠦᠲᠦᠭᠡᠯᠴᠢ ᠴᠢᠨᠠᠷᠲᠠᠢ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠱᠠᠲᠤᠴᠢ ᠴᠢᠨᠠᠷᠲᠠᠢ᠎ᠪᠠᠷ ᠳ᠋ᠦᠩᠨᠡᠨ ᠦᠨᠡᠯᠡᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠵᠤ᠂ ᠰᠢᠶᠦ᠋ᠩ ᠠᠨ ᠰᠢᠨ᠎ᠡ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠪᠣᠯᠣᠨ ᠬᠥᠭᠵᠢᠯᠲᠡ ᠲᠠᠰᠤᠷᠠᠯᠲᠠ ᠦᠭᠡᠢ ᠰᠢᠨ᠎ᠡ ᠠᠬᠢᠴᠠ᠎ᠲᠠᠢ ᠪᠣᠯᠵᠤ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃
(ᠰᠢᠨᠬᠤᠸᠠ ᠬᠣᠷᠢᠶ᠎ᠠ ᠵᠢᠨ ᠪᠡᠭᠡᠵᠢᠩ᠎ᠤᠨ 6 ᠰᠠᠷ᠎ᠠ ᠵᠢᠨ 30᠎ᠤ ᠴᠠᠭᠢᠯᠭ᠋ᠠᠨ ᠮᠡᠳᠡᠭᠡ)