ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ 《8 · 1》᠎ᠠᠴᠠ ᠡᠮᠦᠨᠡᠬᠡᠨ ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ᠎ᠢ ᠪᠠᠢ᠌ᠴᠠᠭ᠋ᠠᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠴᠡᠷᠢᠭ ᠠᠩᠭᠢ ᠵᠢᠨ ᠣᠳᠣᠬᠢᠴᠢᠯᠠᠯᠲᠠ ᠵᠢᠨ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠵᠦ ᠨᠠᠮ ᠪᠣᠯᠣᠨ ᠠᠷᠠᠳ ᠲᠦᠮᠡᠨ᠎ᠠᠴᠠ ᠣᠯᠭᠣᠭᠰᠠᠨ ᠡᠯ᠎ᠡ ᠵᠦᠢ᠍ᠯ᠎ᠤᠨ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠠᠷᠠᠳ᠎ᠤᠨ ᠴᠢᠯᠦᠭᠡᠯᠡᠬᠦ ᠴᠡᠷᠢᠭ᠎ᠤᠨ ᠪᠦᠭᠦ ᠵᠢᠯᠣᠭᠣᠳᠤᠭᠴᠢ ᠪᠠᠢ᠌ᠯᠳᠤᠭᠴᠢ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠳᠠᠷᠤᠭ᠎ᠠ ᠪᠠᠢ᠌ᠯᠳᠤᠭᠴᠢ ᠴᠡᠷᠢᠭ ᠠᠩᠭᠢ ᠵᠢᠨ ᠪᠢᠴᠢᠭ᠎ᠤᠨ ᠲᠤᠰᠢᠶᠠᠯᠲᠠᠨ ᠡᠷᠦᠭᠡ ᠵᠢᠨ ᠴᠡᠷᠢᠭ᠎ᠤᠨ ᠪᠡᠯᠡᠳᠬᠡᠯ ᠠᠯᠪᠠᠨ᠎ᠤ ᠬᠥᠮᠥᠰ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠪᠡ
ᠨᠡᠶ᠋ᠢᠲᠡᠯᠡᠭᠰᠡᠨ ᠴᠠᠭ᠄ 2023-07-31

       ᠰᠢᠨᠬᠤᠸᠠ ᠬᠣᠷᠢᠶ᠎ᠠ ᠵᠢᠨ ᠴᠧᠩᠳᠦ᠋ ᠵᠢᠨ 7 ᠰᠠᠷ᠎ᠠ ᠵᠢᠨ 30᠎ᠤ ᠴᠠᠭᠢᠯᠭ᠋ᠠᠨ ᠮᠡᠳᠡᠭᠡ   《 8 · 1 》 ᠎ᠤ ᠴᠡᠷᠢᠭ ᠪᠠᠢ᠌ᠭᠤᠯᠤᠭᠳᠠᠭᠰᠠᠨ ᠪᠠᠶᠠᠷ᠎ᠤᠨ ᠡᠳᠦᠷ ᠬᠦᠷᠴᠦ ᠢᠷᠡᠬᠦ ᠲᠠᠰᠢᠷᠠᠮ ᠵᠶ᠋ᠠᠷ ᠂  ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂  ᠤᠯᠤᠰ᠎ᠤᠨ ᠲᠡᠷᠢᠭᠦᠯᠡᠭᠴᠢ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ 26᠎ᠤ ᠡᠳᠦᠷ ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ᠎ᠢ ᠪᠠᠢ᠌ᠴᠠᠭ᠋ᠠᠨ ᠦᠵᠡᠵᠦ ᠂  ᠨᠠᠮ᠎ᠤᠨ ᠲᠥᠪ ᠬᠣᠷᠢᠶ᠎ᠠ ᠪᠣᠯᠣᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠡᠮᠦᠨ᠎ᠡ᠎ᠠᠴᠠ ᠂  ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ᠎ᠤᠨ ᠪᠦᠭᠦ ᠳᠠᠷᠤᠭ᠎ᠠ ᠪᠠᠢ᠌ᠯᠳᠤᠭᠴᠢᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠦ ᠂  ᠪᠦᠭᠦ ᠠᠷᠠᠳ᠎ᠤᠨ ᠴᠢᠯᠦᠭᠡᠯᠡᠬᠦ ᠴᠡᠷᠢᠭ᠎ᠤᠨ ᠵᠢᠯᠣᠭᠣᠳᠤᠭᠴᠢ ᠪᠠᠢ᠌ᠯᠳᠤᠭᠴᠢ ᠂  ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠳᠠᠷᠤᠭ᠎ᠠ ᠪᠠᠢ᠌ᠯᠳᠤᠭᠴᠢ ᠂  ᠴᠡᠷᠢᠭ ᠠᠩᠭᠢ ᠵᠢᠨ ᠪᠢᠴᠢᠭ᠎ᠤᠨ ᠲᠤᠰᠢᠶᠠᠯᠲᠠᠨ ᠂  ᠡᠷᠦᠭᠡ ᠵᠢᠨ ᠴᠡᠷᠢᠭ᠎ᠤᠨ ᠪᠡᠯᠡᠳᠬᠡᠯ ᠠᠯᠪᠠᠨ᠎ᠤ ᠬᠥᠮᠥᠰ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠪᠡ ᠃  ᠲᠡᠷᠡ ᠂  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂  ᠰᠢᠨ᠎ᠡ ᠴᠠᠭ ᠦᠶ᠎ᠡ ᠵᠢᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠲᠤᠭᠤᠰᠢᠯᠠᠭᠤᠯᠵᠤ ᠂  ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠪᠠᠢ᠌ᠯᠳᠤᠬᠤ ᠪᠣᠳᠣᠯᠭ᠎ᠠ ᠵᠢᠨ ᠴᠢᠭᠯᠡᠯᠲᠡ ᠵᠢ ᠲᠤᠭᠤᠰᠢᠯᠠᠭᠤᠯᠵᠤ ᠂  ᠴᠡᠷᠢᠭ ᠠᠩᠭᠢ ᠵᠢᠨ ᠣᠳᠣᠬᠢᠴᠢᠯᠠᠯᠲᠠ ᠵᠢᠨ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠵᠦ ᠂  ᠨᠠᠮ ᠪᠣᠯᠣᠨ ᠠᠷᠠᠳ ᠲᠦᠮᠡᠨ᠎ᠠᠴᠠ ᠣᠯᠭᠣᠭᠰᠠᠨ ᠡᠯ᠎ᠡ ᠵᠦᠢ᠍ᠯ᠎ᠤᠨ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

       ᠳᠡᠯᠭᠡᠷ ᠵᠤᠨ᠎ᠤ ᠴᠧᠩᠳᠦ᠋᠎ᠳᠤ ᠡᠪᠡᠰᠦ ᠮᠣᠳᠣ ᠬᠥᠬᠡᠷᠡᠨ ᠨᠣᠭᠣᠭ᠋ᠠᠷᠠᠵᠤ ᠂  ᠠᠮᠢᠵᠢᠷᠠᠯ᠎ᠤᠨ ᠬᠦᠴᠦᠨ ᠵᠢᠡᠷ ᠪᠢᠯᠬᠠᠨ᠎ᠠ ᠃  ᠦᠳᠡ ᠵᠢᠨ ᠡᠮᠦᠨᠡᠬᠢ 10 ᠴᠠᠭ 20 ᠮᠢᠨᠦ᠋ᠲ᠎ᠤᠨ ᠦᠶ᠎ᠡ᠎ᠪᠠᠷ ᠂  ᠰᠢ ᠵᠢᠨ ᠫᠢᠩ ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ᠎ᠤᠨ ᠪᠠᠢ᠌ᠭᠤᠯᠭ᠎ᠠ᠎ᠳᠤ ᠬᠦᠷᠴᠦ ᠂  ᠴᠡᠷᠢᠭ ᠠᠩᠭᠢ ᠵᠢᠨ ᠪᠦᠲᠦᠭᠡᠨ ᠪᠠᠢ᠌ᠭᠤᠯᠤᠯᠲᠠ ᠪᠠ ᠲᠡᠶ᠋ᠢᠨ᠎ᠳᠤ ᠪᠡᠯᠡᠳᠬᠡᠬᠦ ᠲᠡᠶ᠋ᠢᠨ ᠬᠢᠬᠦ ᠠᠵᠢᠯ᠎ᠤᠨ ᠬᠣᠯᠪᠣᠭᠳᠠᠯ ᠪᠦᠬᠦᠢ ᠪᠠᠢ᠌ᠳᠠᠯ᠎ᠢ ᠣᠢ᠌ᠯᠠᠭ᠋ᠠᠪᠠ ᠃  ᠰᠢ ᠵᠢᠨ ᠫᠢᠩ ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ ᠪᠠᠢ᠌ᠭᠤᠯᠤᠭᠳᠠᠭᠰᠠᠨ᠎ᠠᠴᠠ ᠨᠠᠭ᠋ᠠᠰᠢᠬᠢ ᠡᠯ᠎ᠡ ᠵᠦᠢ᠍ᠯ᠎ᠤᠨ ᠠᠵᠢᠯ ᠪᠣᠯᠣᠨ ᠡᠭᠦᠷᠭᠡ᠎ᠪᠠᠨ ᠪᠡᠶᠡᠯᠡᠭᠦᠯᠦᠭᠰᠡᠨ ᠪᠠᠢ᠌ᠳᠠᠯ᠎ᠢ ᠭᠦᠢ᠍ᠴᠡᠳ ᠨᠤᠲᠠᠯᠠᠪᠠ ᠃


2.jpg


      《 8 · 1 》 ᠎ᠤ ᠴᠡᠷᠢᠭ ᠪᠠᠢ᠌ᠭᠤᠯᠤᠭᠳᠠᠭᠰᠠᠨ ᠪᠠᠶᠠᠷ᠎ᠤᠨ ᠡᠳᠦᠷ ᠬᠦᠷᠴᠦ ᠢᠷᠡᠬᠦ ᠲᠠᠰᠢᠷᠠᠮ ᠵᠶ᠋ᠠᠷ ᠂  ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂  ᠤᠯᠤᠰ᠎ᠤᠨ ᠲᠡᠷᠢᠭᠦᠯᠡᠭᠴᠢ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ  ᠰᠢ ᠵᠢᠨ ᠫᠢᠩ 7 ᠰᠠᠷ᠎ᠠ ᠵᠢᠨ 26᠎ᠤ ᠡᠳᠦᠷ ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ᠎ᠢ ᠪᠠᠢ᠌ᠴᠠᠭ᠋ᠠᠨ ᠦᠵᠡᠵᠦ ᠂  ᠨᠠᠮ᠎ᠤᠨ ᠲᠥᠪ ᠬᠣᠷᠢᠶ᠎ᠠ ᠪᠣᠯᠣᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠡᠮᠦᠨ᠎ᠡ᠎ᠠᠴᠠ ᠂  ᠪᠠᠷᠠᠭᠤᠨ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠠᠭ᠋ᠠᠷ᠎ᠤᠨ ᠴᠡᠷᠢᠭ᠎ᠤᠨ ᠪᠦᠭᠦ ᠳᠠᠷᠤᠭ᠎ᠠ ᠪᠠᠢ᠌ᠯᠳᠤᠭᠴᠢᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠦ ᠂  ᠪᠦᠭᠦ ᠠᠷᠠᠳ᠎ᠤᠨ ᠴᠢᠯᠦᠭᠡᠯᠡᠬᠦ ᠴᠡᠷᠢᠭ᠎ᠤᠨ ᠵᠢᠯᠣᠭᠣᠳᠤᠭᠴᠢ ᠪᠠᠢ᠌ᠯᠳᠤᠭᠴᠢ ᠂  ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠳᠠᠷᠤᠭ᠎ᠠ ᠪᠠᠢ᠌ᠯᠳᠤᠭᠴᠢ ᠂  ᠴᠡᠷᠢᠭ ᠠᠩᠭᠢ ᠵᠢᠨ ᠪᠢᠴᠢᠭ᠎ᠤᠨ ᠲᠤᠰᠢᠶᠠᠯᠲᠠᠨ ᠂  ᠡᠷᠦᠭᠡ ᠵᠢᠨ ᠴᠡᠷᠢᠭ᠎ᠤᠨ ᠪᠡᠯᠡᠳᠬᠡᠯ ᠠᠯᠪᠠᠨ᠎ᠤ ᠬᠥᠮᠥᠰ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠪᠡ ᠃  ᠵᠢᠷᠤᠭ ᠪᠣᠯ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ ᠪᠠᠢ᠌ᠭ᠎ᠠ᠎ᠨᠢ ᠃

       ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ   ᠯᠢ ᠭᠠᠩ   ᠰᠡᠭᠦᠳᠡᠷᠯᠡᠪᠡ

       ᠰᠢ ᠵᠢᠨ ᠫᠢᠩ ᠂  ᠡᠭᠦᠷᠭᠡ ᠵᠢᠨ ᠬᠡᠷᠡᠭᠴᠡᠭᠡ᠎ᠲᠠᠢ ᠨᠢᠭᠲᠠ ᠤᠶᠠᠯᠳᠤᠭᠤᠯᠵᠤ ᠂  ᠣᠨᠴᠠᠭ᠋ᠠᠢ ᠣᠷᠴᠢᠨ᠎ᠳᠤ ᠵᠣᠬᠢᠴᠠᠵᠤ ᠂  ᠴᠡᠷᠢᠭ ᠲᠠᠢ᠍ᠢ᠍ᠨ᠎ᠤ ᠲᠡᠮᠡᠴᠡᠯ᠎ᠤᠨ ᠪᠡᠯᠡᠳᠬᠡᠯ᠎ᠢ ᠭᠦᠨᠵᠡᠭᠡᠢ ᠠᠬᠢᠭᠤᠯᠬᠤ ᠬᠡᠷᠡᠭᠲᠡᠢ ᠃  ᠡᠳᠦᠷ ᠲᠤᠲᠤᠮ᠎ᠤᠨ ᠠᠭ᠋ᠠᠷ᠎ᠤᠨ ᠰᠡᠷᠭᠡᠢ᠌ᠯᠡᠯᠲᠡ ᠵᠢ ᠨᠠᠷᠢᠨ ᠨᠢᠮᠪᠠᠢ ᠵᠣᠬᠢᠶᠠᠨ ᠪᠠᠢ᠌ᠭᠤᠯᠵᠤ ᠂  ᠠᠭ᠋ᠠᠷ᠎ᠤᠨ ᠰᠡᠷᠭᠡᠢ᠌ᠯᠡᠯᠲᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠃  ᠰᠢᠨ᠎ᠡ ᠲᠣᠨᠣᠭᠯᠠᠯ ᠰᠢᠨ᠎ᠡ ᠬᠦᠴᠦᠨ᠎ᠤ ᠪᠠᠢ᠌ᠯᠳᠤᠬᠤ ᠬᠦᠴᠦᠨ᠎ᠢ ᠲᠦᠷᠭᠡᠨ ᠪᠦᠷᠢᠯᠳᠦᠭᠦᠯᠬᠦ ᠵᠢ ᠠᠬᠢᠭᠤᠯᠵᠤ ᠂  ᠪᠠᠢ᠌ᠯᠳᠤᠭ᠋ᠠᠨ᠎ᠤ ᠰᠢᠰᠲ᠋ᠧᠮ᠎ᠳᠤ ᠣᠷᠭ᠋ᠠᠨᠢᠭ ᠵᠶ᠋ᠠᠷ ᠠᠭᠤᠰᠤᠯᠴᠠᠭᠤᠯᠬᠤ ᠬᠡᠷᠡᠭᠲᠡᠢ ᠃  ᠠᠭ᠋ᠠᠷ᠎ᠤᠨ ᠴᠡᠷᠢᠭ ᠠᠩᠭᠢ ᠪᠣᠯᠣᠨ ᠭᠠᠵᠠᠷ᠎ᠠᠴᠠ ᠠᠭ᠋ᠠᠷ᠎ᠲᠤ ᠬᠠᠷᠪᠤᠬᠤ ᠵᠠᠯᠠᠭᠤᠷᠲᠤ ᠰᠤᠮᠤ ᠂  ᠷᠠᠳᠠᠷ ᠂  ᠡᠯᠧᠺᠲᠷᠣᠨ ᠡᠰᠡᠷᠭᠦᠴᠡᠯᠳᠦᠯ ᠵᠡᠷᠭᠡ ᠴᠡᠷᠢᠭ ᠠᠩᠭᠢ ᠵᠢᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ ᠂  ᠪᠠᠢ᠌ᠯᠳᠤᠬᠤ ᠴᠢᠳᠠᠪᠤᠷᠢ ᠵᠢᠨ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠠᠬᠢᠭᠤᠯᠬᠤ ᠬᠡᠷᠡᠭᠲᠡᠢ ᠃  ᠪᠣᠳᠠᠲᠤ ᠪᠠᠢ᠍ᠢ᠍ᠯᠳᠤᠭ᠋ᠠᠨᠴᠢᠯᠠᠬᠰᠡᠨ ᠴᠡᠷᠢᠭ᠎ᠤᠨ ᠶᠠᠪᠤᠳᠠᠯ᠎ᠤᠨ ᠪᠣᠯᠪᠠᠰᠤᠷᠠᠯ᠎ᠢ ᠴᠥᠬᠥᠷᠡᠰᠢ ᠦᠭᠡᠢ ᠴᠢᠩᠭ᠎ᠠ ᠠᠳᠬᠤᠵᠤ ᠂  ᠪᠣᠳᠠᠲᠤ ᠬᠡᠷᠡᠭ᠎ᠤᠨ ᠡᠰᠡᠷᠭᠦᠴᠡᠯᠳᠦᠬᠦ ᠴᠢᠨᠠᠷᠲᠠᠢ ᠪᠣᠯᠪᠠᠰᠤᠷᠠᠯ᠎ᠢ ᠴᠢᠩᠭ᠋ᠠᠳᠬᠠᠵᠤ ᠂  ᠭᠣᠣᠯᠳᠠᠯᠭ᠎ᠠ᠎ᠲᠠᠢ ᠬᠦᠴᠢᠷ ᠲᠦᠷᠦᠯ ᠵᠦᠢ᠍ᠯ᠎ᠢ ᠲᠤᠰᠬᠠᠢ ᠰᠢᠪᠲᠤᠯᠵᠤ ᠨᠠᠷᠢᠯᠢᠭ ᠪᠤᠯᠪᠠᠰᠤᠷᠠᠭᠤᠯᠬᠤ ᠵᠢ ᠴᠢᠩᠭ᠋ᠠᠳᠬᠠᠵᠤ ᠂  ᠪᠣᠯᠪᠠᠰᠤᠷᠠᠯ᠎ᠤᠨ ᠶᠠᠰᠤ ᠴᠢᠨᠠᠷ ᠪᠣᠯᠣᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃

       ᠰᠢ ᠵᠢᠨ ᠫᠢᠩ ᠂  ᠪᠦᠭᠦ ᠴᠡᠷᠢᠭ᠎ᠤᠨ ᠨᠠᠮ᠎ᠤᠨ ᠪᠠᠢ᠌ᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠨᠠᠮ᠎ᠠᠴᠠ ᠦᠵᠡᠯ ᠰᠠᠨᠠᠭ᠎ᠠ ᠤᠯᠤᠰ ᠲᠦᠷᠦ ᠵᠣᠬᠢᠶᠠᠨ ᠪᠠᠢ᠌ᠭᠤᠯᠤᠯᠲᠠ ᠵᠢᠨ ᠲᠠᠯ᠎ᠠ᠎ᠪᠠᠷ ᠴᠡᠷᠢᠭ ᠠᠩᠭᠢ ᠵᠢ ᠪᠠᠲᠤ ᠡᠵᠡᠮᠰᠢᠬᠦ ᠵᠢ ᠪᠠᠲᠤᠯᠠᠬᠤ ᠬᠡᠷᠡᠭᠲᠡᠢ ᠃  ᠳᠡᠭᠡᠳᠦ ᠱᠠᠲᠤᠨ᠎ᠤ ᠨᠠᠮ᠎ᠤᠨ ᠬᠣᠷᠢᠶ᠎ᠠ ᠵᠢ ᠴᠢᠩᠭ᠎ᠠ ᠠᠳᠬᠤᠵᠤ ᠂  ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠬᠤ ᠂  ᠴᠢᠩᠭ᠎ᠠ ᠱᠠᠭ᠋ᠠᠷᠳᠠᠬᠤ ᠵᠢ ᠪᠠᠷᠢᠮᠲᠠᠯᠠᠵᠤ ᠂  ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ ᠂  ᠤᠯᠤᠰ ᠲᠦᠷᠦ ᠵᠢᠨ ᠤᠬᠠᠪᠤᠷᠢᠯᠠᠬᠤ ᠴᠢᠳᠠᠪᠤᠷᠢ ᠂  ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ ᠂  ᠲᠠᠢ᠍ᠢ᠍ᠨ᠎ᠳᠤ ᠪᠡᠯᠡᠳᠬᠡᠵᠦ ᠪᠠᠢ᠌ᠯᠳᠤᠭ᠋ᠠᠨ ᠬᠢᠬᠦ ᠵᠢ ᠤᠳᠤᠷᠢᠳᠬᠤ ᠴᠢᠳᠠᠪᠤᠷᠢ᠎ᠪᠠᠨ ᠳᠡᠭᠡᠭᠰᠢᠯᠡᠭᠦᠯᠵᠦ ᠂  ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠲᠤᠰ ᠪᠡᠶ᠎ᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ ᠃  ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂  ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠨᠢᠭᠡ ᠪᠦᠷᠢ ᠵᠢ ᠴᠥᠮ ᠪᠠᠲᠤ ᠴᠢᠩᠭ᠎ᠠ ᠲᠠᠢ᠍ᠢ᠍ᠴᠢᠨ ᠪᠡᠬᠢᠯᠡᠯᠲᠡ ᠪᠣᠯᠭ᠋ᠠᠨ ᠳᠠᠪᠲᠠᠨ ᠪᠤᠯᠪᠠᠰᠤᠷᠠᠭᠤᠯᠵᠤ ᠂  ᠦᠨᠳᠦᠰᠦᠨ ᠱᠠᠲᠤᠨ᠎ᠤ ᠪᠠᠢ᠌ᠭᠤᠯᠤᠯᠲᠠ ᠵᠢᠨ ᠪᠦᠭᠦ ᠲᠠᠯ᠎ᠠ᠎ᠪᠠᠷ ᠲᠠᠪᠰᠢᠬᠤ ᠂  ᠪᠦᠭᠦ ᠲᠠᠯ᠎ᠠ᠎ᠪᠠᠷ ᠬᠠᠲᠠᠭᠤᠵᠢᠬᠤ ᠵᠢ ᠠᠬᠢᠭᠤᠯᠬᠤ ᠬᠡᠷᠡᠭᠲᠡᠢ ᠃  ᠴᠢᠩᠭ᠎ᠠ ᠦᠨᠳᠦᠰᠦᠨ ᠭᠦᠭ ᠠᠶᠠᠰ᠎ᠢ ᠭᠤᠢ᠌ᠪᠢᠰᠢ ᠦᠭᠡᠢ ᠪᠠᠷᠢᠮᠲᠠᠯᠠᠵᠤ ᠂  ᠡᠯ᠎ᠡ ᠱᠠᠲᠤᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠢ᠌ᠳᠠᠪᠤᠷᠢᠵᠢᠭᠤᠯᠵᠤ ᠂  ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠠᠵᠢᠯ᠎ᠢ ᠲᠠᠰᠤᠷᠠᠯᠳᠠ ᠦᠭᠡᠢ ᠭᠦᠨᠵᠡᠭᠡᠢ᠌ᠷᠡᠭᠦᠯᠦᠨ ᠠᠬᠢᠭᠤᠯᠬᠤ ᠬᠡᠷᠡᠭᠲᠡᠢ ᠃  ᠨᠠᠮ᠎ᠤᠨ ᠲᠥᠪ ᠬᠣᠷᠢᠶ᠎ᠠ ᠪᠣᠯᠣᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ ᠂  ᠴᠡᠷᠢᠭ ᠠᠩᠭᠢ ᠵᠢᠨ ᠭᠣᠣᠯ ᠰᠡᠳᠦᠪᠲᠦ ᠬᠥᠮᠦᠵᠢᠯ᠎ᠢ ᠰᠠᠢ᠌ᠲᠤᠷ ᠠᠳᠬᠤᠵᠤ ᠂  ᠰᠤᠷᠤᠯᠴᠠᠬᠤ ᠰᠡᠳᠬᠢᠬᠦ ᠬᠡᠷᠡᠭᠯᠡᠬᠦ ᠵᠢ ᠤᠶᠠᠯᠳᠤᠭᠤᠯᠬᠤ ᠂  ᠮᠡᠳᠡᠬᠦ ᠢᠲᠡᠭᠡᠬᠦ ᠬᠢᠬᠦ ᠵᠢ ᠨᠢᠭᠡᠳᠬᠡᠬᠦ ᠵᠢ ᠪᠠᠷᠢᠮᠲᠠᠯᠠᠵᠤ ᠂  ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠢᠮᠠᠭᠲᠠ ᠲᠤᠭᠤᠰᠢᠯᠠᠭᠤᠯᠬᠤ ᠵᠢ ᠪᠠᠷᠢᠮᠲᠠᠯᠠᠵᠤ ᠂  ᠠᠯᠢ ᠤᠯᠠᠨ ᠠᠰᠠᠭᠤᠳᠠᠯ᠎ᠢ ᠰᠢᠢ᠍ᠳᠪᠦᠷᠢᠯᠡᠬᠦ ᠳᠤᠮᠳᠠ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ ᠂  ᠴᠡᠷᠢᠭ ᠠᠩᠭᠢ ᠵᠢᠨ ᠪᠠᠢ᠌ᠭᠤᠯᠤᠯᠲᠠ ᠵᠢᠨ ᠰᠢᠨ᠎ᠡ ᠪᠠᠢ᠌ᠳᠠᠯ᠎ᠢ ᠡᠭᠦᠳᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠾᠧ ᠸᠧᠢ ᠳ᠋ᠦᠩ ᠨᠠᠷ ᠠᠵᠢᠯᠯᠠᠭ᠎ᠠ᠎ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠰᠸᠴᠤᠸᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠰᠢᠨ᠎ᠡ ᠴᠠᠭ ᠦᠶ᠎ᠡ ᠵᠢᠨ ᠰᠸᠴᠤᠸᠠᠨ᠎ᠢ ᠵᠠᠰᠠᠵᠤ ᠰᠸᠴᠤᠸᠠᠨ᠎ᠢ ᠮᠠᠨᠳᠤᠭᠤᠯᠤᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠸᠴᠤᠸᠠᠨ᠎ᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ
ᠰᠢ ᠵᠢᠨ ᠫᠢᠩ ᠫᠠᠺᠢᠰᠲ᠋ᠠᠨ᠎ᠤ ᠺᠠᠢ᠌ᠫᠦ᠋ ᠮᠤᠵᠢ᠎ᠳᠤ ᠪᠡᠶ᠎ᠡ᠎ᠪᠠᠨ ᠬᠣᠣᠷᠯᠠᠬᠤ ᠮᠠᠶᠢᠭ᠎ᠤᠨ ᠳᠡᠯᠪᠡᠴᠢᠬᠦ ᠪᠥᠮᠪᠥᠭᠡ ᠵᠢᠨ ᠳᠠᠭ᠋ᠠᠷᠢᠯᠲᠠ ᠵᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ᠎ᠤ ᠶᠡᠷᠦᠩᠬᠡᠢ᠌ᠯᠡᠭᠴᠢ ᠠᠷᠸᠧᠢ᠎ᠳᠤ ᠲᠣᠬᠣᠨᠢᠭᠤᠯᠬᠤ ᠴᠠᠬᠢᠯᠭ᠋ᠠᠨ ᠴᠢᠮᠡᠭᠡ ᠶᠠᠪᠤᠭᠤᠯᠵᠠᠢ
《ᠰᠢ ᠵᠢᠨ ᠫᠢᠩ᠎ᠤᠨ ᠵᠣᠬᠢᠶᠠᠯ ᠪᠦᠲᠦᠭᠡᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ ᠬᠣᠶᠠᠳᠤᠭ᠋ᠠᠷ ᠪᠣᠳᠢ ᠵᠢᠨ ᠦᠨᠳᠦᠰᠦᠲᠡᠨ᠎ᠤ ᠬᠡᠯᠡᠨ᠎ᠤ ᠬᠡᠪᠯᠡᠯ᠎ᠢ ᠬᠡᠪᠯᠡᠨ ᠲᠠᠷᠬᠠᠭ᠋ᠠᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠠᠢ
《ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠨᠢᠭᠡᠳᠦᠭᠡᠷ ᠪᠣᠳᠢ ᠵᠢᠨ ᠰᠸᠠᠾᠢᠯᠢ ᠬᠡᠯᠡᠨ᠎ᠤ ᠬᠡᠪᠯᠡᠯ᠎ᠤᠨ ᠠᠩᠬ᠎ᠠ ᠲᠠᠷᠬᠠᠭ᠋ᠠᠬᠤ ᠶᠣᠰᠣᠯᠠᠯ ᠵᠢᠴᠢ ᠳᠤᠮᠳᠠᠳᠤ ᠺᠸᠨᠢᠶᠠ ᠵᠢᠨ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠰᠤᠳᠤᠯᠤᠨ ᠶᠠᠷᠢᠯᠴᠠᠬᠤ ᠬᠤᠷᠠᠯ ᠨᠠᠢ᠌ᠷᠤᠪᠢ᠎ᠳᠤ ᠶᠠᠪᠤᠭᠳᠠᠪᠠ
 
            