ᠪᠡᠭᠡᠵᠢᠩ᠎ᠳᠤ ᠪᠤᠴᠠᠬᠤ ᠵᠠᠮ᠎ᠳᠠᠭᠠᠨ ᠱᠠᠨᠰᠢ ᠵᠢᠨ ᠬᠠᠨᠵᠦ᠋ᠩ᠎ᠳᠤ ᠰᠢᠨᠵᠢᠯᠡᠨ ᠪᠠᠢ᠌ᠴᠠᠭ᠋ᠠᠵᠠᠢ
ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠢ᠌ᠷ᠎ᠠ᠎ᠳᠤ ᠰᠸᠴᠤᠸᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠭᠣᠣᠯ ᠡᠭᠦᠷᠭᠡ ᠵᠢ ᠪᠠᠲᠤ ᠡᠵᠡᠮᠳᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ ᠪᠠ ᠮᠥᠨ ᠴᠢᠨᠠᠷ᠎ᠤᠨ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠴᠢᠨᠠᠷ ᠰᠠᠢ᠌ᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠲᠠᠯ᠎ᠠ ᠪᠦᠭᠦ ᠶᠠᠪᠤᠴᠠ᠎ᠳᠤ ᠲᠤᠭᠤᠰᠢᠯᠠᠭᠤᠯᠵᠤ᠂ ᠬᠥᠭᠵᠢᠯᠲᠡ ᠵᠢᠨ ᠠᠷᠭ᠎ᠠ ᠭᠡᠯᠪᠡᠷᠢ᠂ ᠬᠥᠭᠵᠢᠯᠲᠡ ᠵᠢᠨ ᠬᠥᠳᠡᠯᠭᠡᠬᠦ ᠬᠦᠴᠦᠨ᠂ ᠬᠥᠭᠵᠢᠯᠲᠡ ᠵᠢᠨ ᠬᠦᠷᠢᠶ᠎ᠡ᠂ ᠬᠥᠭᠵᠢᠯᠲᠡ ᠵᠢᠨ ᠶᠠᠰᠤ ᠴᠢᠨᠠᠷ᠎ᠤᠨ ᠬᠤᠪᠢᠰᠤᠯᠲᠠ ᠵᠢ ᠭᠦᠨᠵᠡᠭᠡᠢ ᠠᠬᠢᠭᠤᠯᠵᠤ᠂ ᠮᠠᠨ᠎ᠤ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠢ᠌ᠳᠠᠯ᠎ᠢ ᠡᠭᠦᠳᠬᠦ ᠬᠡᠷᠡᠭᠲᠡᠢ᠃ ᠰᠸᠴᠤᠸᠠᠨ᠎ᠤ᠎ᠬᠢᠨ ᠪᠦᠭᠦ ᠤᠯᠤᠰ᠎ᠤᠨ ᠶᠡᠬᠡ ᠲᠠᠯ᠎ᠠ᠎ᠠᠴᠠ ᠲᠤᠰ ᠪᠡᠶ᠎ᠡ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠰᠠᠭᠤᠷᠢ ᠪᠣᠯᠣᠨ ᠪᠠᠢ᠌ᠯᠳᠤᠬᠤ ᠪᠣᠳᠣᠯᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠤᠯᠠᠮ ᠡᠵᠡᠮᠳᠡᠵᠦ᠂ ᠲᠤᠰ ᠭᠠᠵᠠᠷ᠎ᠤᠨ ᠪᠣᠳᠠᠲᠤ ᠪᠠᠢ᠌ᠳᠠᠯ᠎ᠳᠠᠭᠠᠨ ᠰᠠᠭᠤᠷᠢᠯᠠᠨ᠂ ᠬᠥᠭᠵᠢᠯᠲᠡ ᠵᠢᠨ ᠰᠡᠳᠬᠢᠴᠡ ᠪᠣᠯᠣᠨ ᠭᠣᠣᠯ ᠰᠢᠪᠲᠤᠯᠬᠤ ᠴᠢᠭᠯᠡᠯ ᠵᠶ᠋ᠡᠨ ᠲᠣᠳᠣᠷᠬᠠᠢ᠌ᠯᠠᠵᠤ᠂ ᠳᠠᠪᠠᠭᠤᠯᠢᠭ ᠵᠶ᠋ᠠᠨ ᠳᠠᠪᠲᠠᠨ ᠪᠤᠯᠪᠠᠰᠤᠷᠠᠭᠤᠯᠵᠤ᠂ ᠳᠤᠲᠠᠭᠤᠳᠠᠯ ᠵᠶ᠋ᠠᠨ ᠨᠥᠬᠥᠪᠦᠷᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠵᠤ᠂ ᠰᠢᠨ᠎ᠡ ᠴᠠᠭ ᠦᠶ᠎ᠡ ᠵᠢᠨ ᠰᠸᠴᠤᠸᠠᠨ᠎ᠢ ᠵᠠᠰᠠᠵᠤ ᠰᠸᠴᠤᠸᠠᠨ᠎ᠢ ᠮᠠᠨᠳᠤᠭᠤᠯᠤᠨ ᠳᠠᠬᠢᠨᠲᠠ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠸᠴᠤᠸᠠᠨ᠎ᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

7 ᠰᠠᠷ᠎ᠠ ᠵᠢᠨ 25᠎ᠠᠴᠠ 27᠎ᠤ ᠡᠳᠦᠷ ᠪᠤᠯᠲᠠᠯ᠎ᠠ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠰᠸᠴᠤᠸᠠᠨ᠎ᠳᠤ ᠰᠢᠨᠵᠢᠯᠡᠨ ᠪᠠᠢ᠌ᠴᠠᠭ᠋ᠠᠪᠠ᠃ ᠵᠢᠷᠤᠭ ᠪᠣᠯ 25᠎ᠤ ᠦᠳᠡ ᠵᠢᠨ ᠬᠣᠢ᠌ᠨ᠎ᠠ᠂ ᠰᠢ ᠵᠢᠨ ᠫᠢᠩ ᠭᠤᠸᠠᠩᠶᠤᠸᠠᠨ ᠬᠤᠳᠠ ᠵᠢᠨ ᠵᠢᠶᠠᠨ ᠭᠧ ᠰᠢᠶᠠᠨ᠎ᠤ ᠼᠦᠢ ᠶᠦᠨ ᠯᠠᠩ᠎ᠳᠤ ᠰᠢᠨᠵᠢᠯᠡᠨ ᠪᠠᠢ᠌ᠴᠠᠭ᠋ᠠᠵᠤ ᠪᠠᠢ᠌ᠭ᠎ᠠ᠎ᠨᠢ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ

7 ᠰᠠᠷ᠎ᠠ ᠵᠢᠨ 25᠎ᠠᠴᠠ 27᠎ᠤ ᠡᠳᠦᠷ ᠪᠤᠯᠲᠠᠯ᠎ᠠ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠰᠸᠴᠤᠸᠠᠨ᠎ᠳᠤ ᠰᠢᠨᠵᠢᠯᠡᠨ ᠪᠠᠢ᠌ᠴᠠᠭ᠋ᠠᠪᠠ᠃ ᠵᠢᠷᠤᠭ ᠪᠣᠯ 26᠎ᠤ ᠦᠳᠡ ᠵᠢᠨ ᠬᠣᠢ᠌ᠨ᠎ᠠ᠂ ᠰᠢ ᠵᠢᠨ ᠫᠢᠩ ᠳ᠋ᠧᠶᠠᠩ ᠬᠣᠲᠠ ᠵᠢᠨ ᠭᠤᠸᠠᠩ ᠬᠠᠨ ᠬᠣᠲᠠ᠎ᠳᠠᠬᠢ ᠰᠠᠨ ᠰᠢᠩ ᠳ᠋ᠦᠢ ᠮᠦᠽᠧᠢ ᠵᠢᠨ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠰᠡᠷᠭᠦᠭᠡᠬᠦ ᠣᠷᠳᠣᠨ᠎ᠳᠤ ᠲᠤᠬᠠᠢ ᠵᠢᠨ ᠲᠠᠯᠠᠪᠠᠢ ᠵᠢᠨ ᠠᠵᠢᠯᠲᠠᠳ᠎ᠲᠠᠢ ᠳᠣᠲᠣᠨᠣ᠎ᠪᠠᠷ ᠶᠠᠷᠢᠯᠴᠠᠵᠤ ᠪᠠᠢ᠌ᠭ᠎ᠠ᠎ᠨᠢ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ
7 ᠰᠠᠷ᠎ᠠ ᠵᠢᠨ 25᠎ᠠᠴᠠ 27᠎ᠤ ᠡᠳᠦᠷ ᠪᠤᠯᠲᠠᠯ᠎ᠠ᠂ ᠰᠢ ᠵᠢᠨ ᠫᠢᠩ ᠰᠸᠴᠤᠸᠠᠨ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ ᠸᠠᠩ ᠰᠢᠶᠣᠣ ᠬᠣᠶ ᠪᠣᠯᠣᠨ ᠮᠤᠵᠢ ᠵᠢᠨ ᠳᠠᠷᠤᠭ᠎ᠠ ᠬᠤᠸᠠᠩ ᠴᠢᠶᠠᠩ᠎ᠤᠨ ᠪᠠᠷ᠎ᠠ ᠪᠤᠯᠣᠯᠭ᠎ᠠ᠎ᠲᠠᠢ᠎ᠪᠠᠷ ᠤᠷᠢᠳ ᠬᠣᠵᠢᠳ ᠭᠤᠸᠠᠩᠶᠤᠸᠠᠨ᠂ ᠳ᠋ᠸᠶᠠᠩ ᠵᠡᠷᠭᠡ ᠭᠠᠵᠠᠷ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ᠃
25᠎ᠤ ᠦᠳᠡ ᠵᠢᠨ ᠬᠣᠢ᠌ᠨ᠎ᠠ᠂ ᠰᠢ ᠵᠢᠨ ᠫᠢᠩ ᠡᠩ ᠲᠡᠷᠢᠭᠦᠨ᠎ᠳᠤ ᠭᠤᠸᠠᠩᠶᠤᠸᠠᠨ ᠬᠤᠳᠠ ᠵᠢᠨ ᠵᠢᠶᠠᠨ ᠭᠧ ᠰᠢᠶᠠᠨ᠎ᠳᠤ ᠬᠦᠷᠴᠦ ᠼᠦᠢ ᠶᠦᠨ ᠯᠠᠩ᠎ᠳᠤ ᠰᠢᠨᠵᠢᠯᠡᠨ ᠪᠠᠢ᠌ᠴᠠᠭ᠋ᠠᠪᠠ᠃ ᠡᠨᠳᠡᠬᠢ ᠪᠣᠯ ᠡᠷᠲᠡᠨ᠎ᠤ ᠪᠣᠭᠣᠮᠲᠠ ᠵᠢᠨ ᠳᠤᠮᠳᠠᠬᠢ ᠲᠠᠯ᠎ᠠ ᠭᠠᠵᠠᠷ᠎ᠠᠴᠠ ᠰᠸᠴᠤᠸᠠᠨ ᠬᠣᠲᠣᠭᠣᠷ᠎ᠲᠤ ᠨᠡᠪᠲᠡᠷᠡᠬᠦ ᠡᠷᠲᠡᠨ᠎ᠤ ᠱᠤ᠌ ᠤᠯᠤᠰ᠎ᠤᠨ ᠵᠠᠮ᠎ᠤᠨ ᠴᠢᠬᠤᠯᠠ ᠬᠡᠰᠡᠭ ᠪᠠᠢ᠌ᠵᠤ᠂ ᠤᠳᠤ ᠪᠤᠯᠲᠠᠯ᠎ᠠ ᠬᠠᠳᠠᠭ᠋ᠠᠯᠠᠭᠳᠠᠵᠤ ᠪᠠᠢ᠌ᠭ᠎ᠠ ᠬᠠᠮᠤᠭ᠎ᠤᠨ ᠪᠦᠷᠢᠨ ᠪᠦᠲᠦᠨ ᠬᠥᠮᠥᠨ᠎ᠤ ᠬᠦᠴᠦ᠎ᠪᠠᠷ ᠵᠠᠢ᠌ᠯᠠᠭᠰᠠᠨ ᠡᠷᠲᠡᠨ᠎ᠤ ᠤᠯᠠᠭ᠎ᠠ ᠥᠷᠲᠡᠭᠡᠨ᠎ᠤ ᠵᠠᠮ᠎ᠤᠨ ᠡᠷᠲᠡᠨ᠎ᠤ ᠮᠠᠢ᠌ᠯᠠᠰᠤᠨ ᠮᠣᠳᠣᠨ᠎ᠤ ᠰᠦᠷᠦᠭ ᠪᠤᠢ᠃ ᠰᠢ ᠵᠢᠨ ᠫᠢᠩ ᠡᠷᠲᠡᠨ᠎ᠤ ᠱᠤ᠌ ᠤᠯᠤᠰ᠎ᠤᠨ ᠵᠠᠮ᠎ᠤᠨ ᠬᠥᠭᠵᠢᠯᠲᠡ ᠵᠢᠨ ᠥᠩᠭᠡᠷᠡᠯᠲᠡ᠂ ᠼᠦᠢ ᠶᠦᠨ ᠯᠠᠩ᠎ᠤᠨ ᠪᠦᠬᠦᠢ᠌ᠯᠡ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠡᠷᠲᠡᠨ᠎ᠤ ᠵᠠᠮ ᠵᠶ᠋ᠠᠷ ᠠᠯᠬᠤᠵᠤ ᠮᠢᠩᠭ᠋ᠠᠨ ᠣᠨ᠎ᠤ ᠡᠷᠲᠡᠨ᠎ᠤ ᠮᠠᠢ᠌ᠯᠠᠰᠤ ᠵᠢᠨ ᠤᠷᠭᠤᠴᠠ ᠵᠢᠨ ᠪᠠᠢ᠌ᠳᠠᠯ᠎ᠢ ᠪᠠᠢ᠌ᠴᠠᠭ᠋ᠠᠨ ᠦᠵᠡᠵᠦ᠂ ᠲᠡᠦᠬᠡᠨ ᠳᠡᠭᠡᠷᠡᠬᠢ ᠮᠠᠢ᠌ᠯᠠᠰᠤ ᠲᠠᠷᠢᠵᠤ ᠮᠠᠢ᠌ᠯᠠᠰᠤ ᠵᠢ ᠬᠠᠮᠠᠭ᠋ᠠᠯᠠᠭᠰᠠᠨ ᠪᠠᠢ᠌ᠳᠠᠯ᠎ᠢ ᠨᠠᠷᠢᠨ ᠠᠰᠠᠭᠤᠪᠠ᠃ ᠲᠡᠷᠡ᠂ ᠡᠨᠡᠬᠦ ᠳᠡᠯᠡᠬᠡᠢ ᠳᠡᠭᠡᠷᠡᠬᠢ ᠬᠥᠮᠥᠨ᠎ᠤ ᠬᠦᠴᠦ᠎ᠪᠠᠷ ᠵᠠᠢ᠌ᠯᠠᠭᠰᠠᠨ ᠬᠠᠮᠤᠭ᠎ᠤᠨ ᠲᠣᠮᠣ ᠡᠷᠲᠡᠨ᠎ᠤ ᠮᠠᠢ᠌ᠯᠠᠰᠤ᠎ᠨᠢ ᠡᠢ᠌ᠮᠦ ᠣᠷᠳᠣ ᠬᠤᠭᠤᠴᠠᠭ᠎ᠠ ᠤᠷᠭᠤᠵᠤ ᠦᠷᠭᠦᠯᠵᠢᠯᠡᠵᠦ ᠴᠢᠳᠠᠭᠰᠠᠨ᠎ᠨᠢ ᠮᠢᠩ ᠤᠯᠤᠰ᠎ᠤᠨ ᠦᠶ᠎ᠡ᠎ᠠᠴᠠ ᠡᠬᠢᠯᠡᠨ 《ᠨᠣᠶᠠᠳ ᠪᠠ ᠠᠷᠠᠳ ᠬᠠᠮᠲᠤ᠎ᠪᠠᠷ ᠣᠭᠲᠣᠯᠬᠤ ᠵᠢ ᠴᠠᠭ᠋ᠠᠵᠠᠯᠠᠬᠤ》᠂ 《ᠮᠣᠳᠣ ᠵᠢ ᠲᠤᠰᠢᠶᠠᠵᠤ ᠲᠠᠮᠠᠭ᠎ᠠ ᠵᠢ ᠲᠤᠰᠢᠶᠠᠬᠤ》 ᠵᠡᠷᠭᠡ ᠳᠦᠷᠢᠮ᠎ᠢ ᠨᠡᠢ᠌ᠲᠡᠯᠡᠨ ᠬᠡᠷᠡᠭᠵᠢᠭᠦᠯᠦᠭᠰᠡᠨ᠎ᠠᠴᠠ ᠪᠣᠯᠤᠭᠰᠠᠨ ᠶᠤᠮ᠂ ᠤᠳᠤ ᠪᠤᠯᠳᠠᠯ᠎ᠠ ᠦᠷᠭᠦᠯᠵᠢᠯᠡᠵᠥ᠂ ᠵᠠᠩᠰᠢᠯ ᠪᠣᠯᠵᠤ ᠴᠢᠳᠠᠭᠰᠠᠨ᠎ᠨᠢ ᠨᠠᠩ ᠴᠤ᠌ ᠲᠤᠬᠠᠢ ᠵᠢᠨ ᠭᠠᠵᠠᠷ᠎ᠤᠨ ᠠᠷᠠᠳ ᠲᠦᠮᠡᠨ᠎ᠤ ᠦᠶ᠎ᠡ ᠵᠢᠨ ᠦᠶ᠎ᠡ᠎ᠳᠡᠭᠡᠨ ᠬᠠᠮᠲᠤ᠎ᠪᠠᠷ ᠬᠠᠮᠠᠭ᠋ᠠᠯᠠᠭᠰᠠᠨ᠎ᠠᠴᠠ ᠪᠣᠯᠤᠭᠰᠠᠨ ᠶᠤᠮ᠃ ᠡᠨᠡ᠎ᠨᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠳᠬᠤᠬᠤ᠎ᠳᠤ ᠡᠷᠬᠡᠪᠰᠢ ᠳᠦᠷᠢᠮ᠎ᠤᠨ ᠪᠣᠷᠣ ᠲᠥᠯᠥᠪ᠎ᠢ ᠰᠠᠢ᠌ᠲᠤᠷ ᠪᠠᠢ᠌ᠭᠤᠯᠵᠤ᠂ ᠳᠦᠷᠢᠮ᠎ᠤᠨ ᠬᠡᠷᠡᠭᠵᠢᠭᠦᠯᠦᠯᠲᠡ ᠵᠢ ᠰᠠᠢ᠌ᠲᠤᠷ ᠠᠳᠬᠤᠬᠤ ᠵᠢᠨ ᠬᠠᠮᠲᠤ ᠥᠷᠭᠡᠨ ᠣᠯᠠᠨ ᠠᠷᠠᠳ ᠲᠦᠮᠡᠨ᠎ᠤ ᠢᠳᠡᠪᠬᠢᠵᠢᠯ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠭᠦᠢ᠍ᠴᠡᠳ ᠳᠠᠢ᠌ᠴᠢᠯᠠᠵᠤ᠂ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ ᠭᠡᠳᠡᠭ᠎ᠢ ᠪᠢᠳᠡᠨ᠎ᠳᠤ ᠰᠡᠩᠬᠡᠷᠡᠭᠦᠯᠦᠭᠰᠡᠨ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ ᠮᠣᠷᠳᠠᠬᠤᠠᠴᠠᠪᠠᠨ ᠡᠮᠦᠨ᠎ᠡ᠂ ᠲᠡᠷᠡ ᠲᠤᠬᠠᠢ ᠵᠢᠨ ᠭᠠᠵᠠᠷ᠎ᠤᠨ ᠬᠠᠷᠢᠭᠤᠴᠠᠯᠭ᠋ᠠᠲᠠᠨ ᠨᠥᠬᠥᠳ᠎ᠲᠤ᠂ ᠡᠷᠲᠡᠨ᠎ᠤ ᠮᠣᠳᠣ ᠨᠡᠷᠡᠳᠦ ᠮᠣᠳᠣ ᠵᠢ ᠰᠠᠢ᠌ᠲᠤᠷ ᠬᠠᠮᠠᠭ᠋ᠠᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠠᠢ᠌ᠲᠤᠷ ᠤᠯᠠᠮᠵᠢᠯᠠᠨ ᠵᠠᠯᠭ᠋ᠠᠮᠵᠢᠯᠠᠬᠤ ᠬᠡᠷᠡᠭᠲᠡᠢ ᠭᠡᠵᠦ ᠵᠠᠬᠢᠪᠠ᠃
ᠳ᠋ᠧᠶᠠᠩ ᠬᠣᠲᠠ ᠵᠢᠨ ᠭᠤᠸᠠᠩ ᠬᠠᠨ ᠬᠣᠲᠠ ᠵᠢᠨ ᠪᠠᠷᠠᠭᠤᠨ ᠬᠣᠢ᠌ᠨᠠᠬᠢ᠎ᠳᠠᠬᠢ ᠶᠠ ᠽᠢ ᠾᠧ ᠭᠣᠣᠯ᠎ᠤᠨ ᠡᠮᠦᠨ᠎ᠡ ᠬᠥᠪᠡᠭᠡᠨ᠎ᠳᠤ ᠪᠠᠢ᠌ᠷᠢᠯᠠᠭ᠎ᠠ ᠰᠠᠨ ᠰᠢᠩ ᠳ᠋ᠦᠢ ᠵᠢᠨ ᠪᠠᠭᠤᠷᠢ᠎ᠨᠢ ᠬᠡᠳᠦᠨ ᠮᠢᠩᠭ᠋ᠠᠨ ᠵᠢᠯ᠎ᠤᠨ ᠡᠮᠦᠨᠡᠬᠢ ᠡᠷᠲᠡᠨ᠎ᠤ ᠱᠤ᠌ ᠤᠯᠤᠰ᠎ᠤᠨ ᠪᠣᠯᠪᠠᠰᠤᠨ᠎ᠤ ᠳᠦᠷᠰᠦ ᠪᠠᠢ᠌ᠳᠠᠯ ᠪᠠ ᠬᠥᠭᠵᠢᠯᠲᠡ ᠵᠢᠨ ᠲᠦᠪᠰᠢᠨ᠎ᠢ ᠲᠥᠯᠥᠭᠡᠯᠡᠵᠦ᠂ ᠠᠳᠠᠯᠢ ᠬᠤᠭᠤᠴᠠᠭ᠋ᠠᠨ᠎ᠤ ᠬᠥᠬᠡᠮᠥ᠋ᠷᠡᠨ᠎ᠤ ᠰᠠᠪᠠ ᠭᠠᠵᠠᠷ᠎ᠤᠨ ᠰᠣᠶᠣᠯ᠎ᠤᠨ ᠠᠭᠤᠯᠤᠭᠳᠠᠬᠤᠨ ᠵᠶ᠋ᠠᠷ ᠬᠠᠮᠤᠭ᠎ᠤᠨ ᠪᠠᠶᠠᠯᠢᠭ᠂ ᠲᠠᠯᠠᠪᠠᠶ᠎ᠪᠠᠷ ᠬᠠᠮᠤᠭ᠎ᠤᠨ ᠶᠡᠬᠡ ᠨᠡᠢ᠌ᠰᠯᠡᠯ᠎ᠤᠨ ᠪᠠᠭᠤᠷᠢ ᠪᠣᠯᠣᠨ᠎ᠠ᠃ 26᠎ᠤ ᠦᠳᠡ ᠵᠢᠨ ᠬᠣᠢ᠌ᠨ᠎ᠠ᠂ ᠰᠢ ᠵᠢᠨ ᠫᠢᠩ ᠰᠠᠨ ᠰᠢᠩ ᠳ᠋ᠦᠢ ᠮᠦᠽᠧᠢ ᠵᠢᠨ ᠰᠢᠨ᠎ᠡ ᠣᠷᠳᠣᠨ᠎ᠳᠤ ᠬᠦᠷᠴᠦ᠂ 《ᠡᠷᠡᠨ ᠵᠠᠭᠤᠨ᠎ᠤ ᠵᠡᠭᠦᠳᠦ》᠂ 《ᠰᠡᠬᠦᠢ᠌ᠨ ᠰᠦᠨᠳᠡᠷᠯᠡᠭᠰᠡᠨ ᠸᠠᠩᠲᠤ ᠨᠡᠢ᠌ᠰᠯᠡᠯ》᠂ 《ᠲᠡᠭᠷᠢ ᠭᠠᠵᠠᠷ ᠬᠥᠮᠥᠨ ᠰᠠᠬᠢᠭᠤᠯᠰᠤᠨ》 ᠵᠡᠷᠭᠡ ᠳᠡᠯᠭᠡᠨ ᠦᠵᠡᠭᠦᠯᠭᠡ ᠵᠢ ᠲᠣᠭᠣᠷᠢᠨ ᠦᠵᠡᠵᠦ᠂ ᠰᠠᠨ ᠰᠢᠩ ᠳ᠋ᠦᠢ ᠵᠢᠨ ᠪᠠᠭᠤᠷᠢ ᠵᠢ ᠠᠭᠤᠳᠠᠯᠤᠭᠰᠠᠨ ᠥᠩᠭᠡᠷᠡᠯᠲᠡ ᠪᠣᠯᠣᠨ ᠡᠷᠲᠡᠨ᠎ᠤ ᠱᠤ᠌ ᠤᠯᠤᠰ᠎ᠤᠨ ᠪᠣᠯᠪᠠᠰᠤᠨ᠎ᠤ ᠦᠷ᠎ᠡ ᠪᠦᠲᠦᠭᠡᠯ᠎ᠢ ᠣᠢ᠌ᠯᠠᠭ᠋ᠠᠪᠠ᠃ ᠰᠠᠨ ᠰᠢᠩ ᠳ᠋ᠦᠢ ᠮᠦᠽᠧᠢ ᠵᠢᠨ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠰᠡᠷᠭᠦᠭᠡᠬᠦ ᠣᠷᠳᠣᠨ ᠳᠣᠲᠣᠷ᠎ᠠ᠂ ᠰᠢ ᠵᠢᠨ ᠫᠢᠩ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠰᠡᠷᠭᠦᠭᠡᠬᠦ ᠠᠵᠢᠯ᠎ᠤᠨ ᠲᠣᠭᠣᠷᠢᠭ᠎ᠲᠤ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠰᠡᠷᠭᠦᠭᠡᠬᠦ ᠠᠵᠢᠯ᠎ᠤᠨ ᠶᠠᠪᠤᠴᠠ ᠵᠢᠨ ᠨᠠᠷᠢᠨ ᠵᠦᠢ᠍ᠯᠡᠰ ᠪᠣᠯᠣᠨ ᠬᠠᠮᠤᠭ᠎ᠤᠨ ᠰᠢᠨ᠎ᠡ ᠮᠡᠷᠭᠡᠵᠢᠯ᠎ᠢ ᠨᠠᠷᠢᠨ ᠬᠢᠨᠠᠮᠠᠭ᠋ᠠᠢ ᠪᠠᠢ᠌ᠴᠠᠭ᠋ᠠᠨ ᠦᠵᠡᠵᠦ᠂ ᠲᠤᠬᠠᠢ ᠵᠢᠨ ᠲᠠᠯᠠᠪᠠᠢ ᠵᠢᠨ ᠠᠵᠢᠯᠲᠠᠳ᠎ᠲᠠᠢ ᠳᠣᠲᠣᠨᠣ᠎ᠪᠠᠷ ᠶᠠᠷᠢᠯᠴᠠᠪᠠ᠃ ᠰᠢ ᠵᠢᠨ ᠫᠢᠩ᠂ ᠰᠠᠨ ᠰᠢᠩ ᠳ᠋ᠦᠢ ᠵᠢᠨ ᠪᠠᠭᠤᠷᠢ ᠵᠢᠨ ᠬᠠᠭᠤᠴᠢ ᠰᠤᠳᠤᠯᠤᠯ᠎ᠤᠨ ᠦᠷ᠎ᠡ ᠪᠦᠲᠦᠭᠡᠯ ᠳᠡᠯᠡᠬᠡᠢ ᠳ᠋ᠠᠬᠢᠨ᠎ᠳᠤ ᠠᠯᠳᠠᠷᠰᠢᠵᠤ᠂ ᠲᠦᠷᠪᠡᠨ ᠮᠢᠩᠭ᠎ᠠ ᠭᠠᠷᠤᠢ ᠵᠢᠯ᠎ᠤᠨ ᠡᠮᠦᠨᠡᠬᠢ ᠪᠣᠯᠪᠠᠰᠤᠨ᠎ᠤ ᠦᠷ᠎ᠡ ᠪᠦᠲᠦᠭᠡᠯ᠎ᠢ ᠢᠯᠡᠷᠡᠭᠦᠯᠵᠦ᠂ ᠳᠤᠮᠳᠠᠳᠤ ᠵᠢᠨ ᠪᠣᠯᠪᠠᠰᠤᠨ᠎ᠤ ᠤᠯᠠᠨ ᠡᠰᠢᠵᠢᠵᠦ ᠨᠢᠭᠡ ᠴᠣᠭᠴᠠᠵᠢᠭᠰᠠᠨ᠂ ᠡᠷᠲᠡᠨ᠎ᠤ ᠱᠤ᠌ ᠤᠯᠤᠰ᠎ᠤᠨ ᠪᠣᠯᠪᠠᠰᠤᠨ ᠪᠣᠯᠣᠨ ᠳᠤᠮᠳᠠᠳᠤ ᠣᠷᠣᠨ᠎ᠤ ᠪᠣᠯᠪᠠᠰᠤᠨ᠎ᠤ ᠬᠠᠷᠢᠯᠴᠠᠨ ᠨᠥᠯᠥᠭᠡᠯᠡᠭᠰᠡᠨ ᠵᠡᠷᠭᠡ ᠲᠠᠯ᠎ᠠ᠎ᠪᠠᠷ ᠨᠡᠩ ᠬᠦᠴᠦᠲᠡᠢ ᠬᠠᠭᠤᠴᠢ ᠰᠤᠳᠤᠯᠤᠯ᠎ᠤᠨ ᠪᠣᠳᠠᠲᠤ ᠭᠡᠷᠡᠴᠢᠯᠡᠯ ᠬᠠᠩᠭ᠋ᠠᠵᠠᠢ᠃ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠰᠡᠷᠭᠦᠭᠡᠬᠦ ᠪᠣᠯ ᠤᠷᠳᠤ ᠬᠤᠭᠤᠴᠠᠭ᠋ᠠᠨ᠎ᠤ ᠡᠭᠦᠷᠭᠡ ᠮᠥᠨ᠂ ᠤᠯᠤᠰ᠎ᠤᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠴᠢᠩᠭ᠎ᠠ ᠨᠢᠮᠪᠠᠢ ᠤᠷᠠᠨ ᠲᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠢᠭᠡ ᠨᠢᠭᠡ ᠶᠠᠪᠤᠳᠠᠯ ᠵᠶ᠋ᠠᠷ ᠬᠢᠵᠦ᠂ ᠤᠳᠠᠭ᠋ᠠᠨ ᠳᠠᠭ᠋ᠠᠭ᠋ᠠᠮᠠᠭ᠋ᠠᠢ ᠵᠢᠳᠬᠦᠯ ᠴᠢᠷᠮᠠᠢ᠌ᠯᠭ᠎ᠠ ᠭᠠᠷᠭ᠋ᠠᠵᠤ᠂ ᠨᠡᠩ ᠶᠡᠬᠡ ᠠᠮᠵᠢᠯᠲᠠ ᠭᠠᠷᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠠᠴᠠ ᠰᠠᠨ ᠰᠢᠩ ᠳ᠋ᠦᠢ ᠮᠦᠽᠧᠢ ᠵᠢᠨ ᠰᠢᠨ᠎ᠡ ᠣᠷᠳᠣᠨ ᠪᠠᠢ᠌ᠭᠤᠯᠤᠭᠳᠠᠵᠤ ᠠᠰᠢᠭᠯᠠᠯᠲᠠ᠎ᠳᠤ ᠣᠷᠣᠭᠰᠠᠨ᠎ᠳᠤ ᠬᠠᠯᠠᠭᠤᠨ ᠪᠠᠶᠠᠷ ᠬᠦᠷᠭᠡᠵᠦ᠂ ᠥᠷᠭᠡᠨ ᠤᠯᠠᠨ ᠬᠠᠭᠤᠴᠢ ᠰᠤᠳᠤᠯᠤᠭᠴᠢᠳ᠎ᠲᠤ ᠴᠢᠩ ᠰᠡᠳᠬᠢᠯ᠎ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠢ᠌ᠬᠤ᠎ᠪᠠᠨ ᠢᠯᠡᠳᠬᠡᠪᠡ!
27᠎ᠤ ᠦᠳᠡ ᠵᠢᠨ ᠡᠮᠦᠨ᠎ᠡ᠂ ᠰᠢ ᠵᠢᠨ ᠫᠢᠩ ᠰᠸᠴᠤᠸᠠᠨ ᠮᠤᠵᠢ ᠵᠢᠨ ᠨᠠᠮ᠎ᠤᠨ ᠬᠣᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠰᠸᠴᠤᠸᠠᠨ᠎ᠤ ᠡᠯ᠎ᠡ ᠵᠦᠢ᠍ᠯ᠎ᠤᠨ ᠠᠵᠢᠯ᠎ᠤᠨ ᠠᠮᠵᠢᠯᠲᠠ ᠵᠢ ᠨᠤᠲᠠᠯᠠᠵᠤ᠂ ᠰᠸᠴᠤᠸᠠᠨᠤᠬᠢᠨᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠠᠬᠢᠭᠤᠯᠬᠤ ᠲᠠᠯ᠎ᠠ᠎ᠪᠠᠷ ᠵᠡᠷᠭᠡ᠎ᠪᠠᠷ ᠬᠦᠴᠦᠯᠡᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠢ ᠪᠠᠢ᠌ᠭᠤᠯᠬᠤ ᠲᠠᠯ᠎ᠠ᠎ᠪᠠᠷ ᠣᠨᠣᠴᠠᠲᠠᠢ ᠬᠦᠴᠦᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠠᠯ᠎ᠠ᠎ᠪᠠᠷ ᠪᠦᠭᠦ ᠲᠠᠯ᠎ᠠ᠎ᠪᠠᠷ ᠬᠦᠴᠦᠯᠡᠵᠦ᠂ ᠬᠥᠬᠡᠮᠥ᠋ᠷᠡᠨ ᠬᠠᠳᠤᠨ ᠭᠣᠣᠯ᠎ᠤᠨ ᠳᠡᠭᠡᠳᠦ ᠤᠷᠤᠰᠬᠠᠯ᠎ᠤᠨ ᠠᠮᠢ ᠠᠬᠤᠢ ᠵᠢᠨ ᠬᠠᠯᠬᠠᠪᠴᠢ ᠵᠢ ᠪᠠᠲᠤ ᠪᠡᠬᠢ ᠴᠣᠭᠴᠠᠯᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠲᠦᠭᠡᠢ ᠭᠡᠵᠦ ᠬᠦᠰᠡᠪᠡ᠃
ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠰᠢᠨ᠎ᠡ ᠬᠦᠷᠢᠶ᠎ᠡ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠎ᠢ ᠪᠤᠢ ᠪᠤᠯᠭ᠋ᠠᠬᠤ ᠪᠣᠯ ᠶᠡᠬᠡ ᠬᠠᠨᠳᠤᠰᠢ ᠪᠤᠯᠬᠤ ᠪᠥᠭᠡᠳ ᠪᠠᠰᠠ ᠴᠤ᠌ ᠴᠢᠨᠠᠷ ᠰᠠᠢ᠌ᠲᠠᠢ ᠬᠥᠭᠵᠢᠯᠲᠡ ᠵᠢᠨ ᠲᠤᠯᠭ᠋ᠠᠮ ᠱᠠᠭ᠋ᠠᠷᠳᠠᠯᠭ᠎ᠠ ᠮᠥᠨ᠂ ᠡᠷᠬᠡᠪᠰᠢ ᠰᠢᠨ᠎ᠡ ᠵᠢ ᠡᠭᠦᠳᠬᠦ ᠢᠯᠠᠩᠭᠤᠶ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠦᠰᠢᠭᠯᠡᠨ ᠬᠥᠳᠡᠯᠭᠡᠬᠦ ᠬᠦᠴᠦᠨ᠎ᠤ ᠬᠤᠪᠢᠰᠤᠯᠲᠠ ᠪᠣᠯᠣᠨ ᠬᠥᠳᠡᠯᠭᠡᠬᠦ ᠡᠨᠧᠷᠭᠢ ᠵᠢᠨ ᠰᠣᠯᠢᠭᠳᠠᠯ᠎ᠢ ᠪᠡᠶᠡᠯᠡᠭᠦᠯᠬᠦ ᠬᠡᠷᠡᠭᠲᠡᠢ᠃ ᠰᠸᠴᠤᠸᠠᠨ ᠶᠡᠬᠡ ᠳᠡᠭᠡᠳᠦ ᠰᠤᠷᠭ᠋ᠠᠭᠤᠯᠢ ᠪᠣᠯᠣᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠤᠯᠠᠨ᠂ ᠰᠢᠨ᠎ᠡ ᠵᠢ ᠡᠭᠦᠳᠬᠦ ᠴᠢᠳᠠᠪᠤᠷᠢᠲᠠᠨ ᠲᠥᠪᠯᠡᠷᠡᠭᠰᠡᠨ ᠳᠠᠪᠠᠭᠤᠯᠢᠭ ᠪᠣᠯᠣᠨ ᠠᠵᠤ ᠦᠢ᠍ᠯᠡᠰ᠎ᠤᠨ ᠰᠢᠰᠲᠸᠮ ᠨᠡᠯᠢᠶᠡᠳ ᠲᠡᠭᠦᠯᠳᠡᠷᠵᠢᠭᠰᠡᠨ᠂ ᠠᠵᠤ ᠦᠢ᠍ᠯᠡᠰ᠎ᠤᠨ ᠰᠠᠭᠤᠷᠢ ᠵᠤᠵᠠᠭ᠋ᠠᠨ ᠪᠠᠢ᠌ᠭ᠎ᠠ ᠳᠠᠪᠠᠭᠤᠯᠢᠭ ᠵᠶ᠋ᠠᠨ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠲᠠᠯ᠎ᠠ᠎ᠪᠠᠷ ᠵᠡᠷᠭᠡ᠎ᠪᠠᠷ ᠬᠦᠴᠦᠯᠡᠬᠦ ᠬᠡᠷᠡᠭᠲᠡᠢ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠵᠦ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠴᠦᠨ ᠪᠠ ᠡᠬᠢ ᠪᠠᠶᠠᠯᠢᠭ᠎ᠢ ᠢᠳᠡᠪᠬᠢᠲᠡᠢ ᠵᠣᠯᠭ᠋ᠠᠯᠳᠤᠭᠤᠯᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠪᠠᠢ᠌ᠷᠢᠰᠢᠯ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠢᠭᠡ ᠪᠦᠯᠦᠭ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠬᠦᠴᠢᠷ ᠠᠰᠠᠭᠤᠳᠠᠯ᠎ᠢ ᠴᠢᠷᠮᠠᠢ᠌ᠨ ᠰᠢᠢ᠍ᠳᠪᠦᠷᠢᠯᠡᠵᠦ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠰᠢᠨ᠎ᠡ ᠵᠢ ᠡᠭᠦᠳᠬᠦ ᠥᠨᠳᠥᠷᠯᠢᠭ᠎ᠢ ᠬᠦᠴᠦᠯᠡᠨ ᠴᠣᠭᠴᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠰᠸᠴᠤᠸᠠᠨ ᠪᠣᠯ ᠮᠠᠨ᠎ᠤ ᠤᠯᠤᠰ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠥᠷᠥᠴᠡ ᠭᠠᠵᠠᠷ ᠮᠥᠨ᠂ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ ᠢᠯᠠᠩᠭᠤᠶ᠎ᠠ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠳᠤᠮᠳᠠ ᠥᠪᠡᠷᠮᠢᠴᠡ ᠪᠥᠭᠡᠳ ᠴᠢᠬᠤᠯᠠ ᠪᠠᠢ᠌ᠷᠢ ᠰᠠᠭᠤᠷᠢ᠎ᠲᠠᠢ᠃ ᠦᠢ᠍ᠯᠡᠳᠬᠦ ᠦᠢ᠍ᠯᠡᠰ᠎ᠤᠨ ᠥᠪᠡᠷᠮᠢᠴᠡ ᠳᠠᠪᠠᠭᠤᠯᠢᠭ᠎ᠲᠤ ᠲᠦᠰᠢᠭᠯᠡᠨ᠂ ᠤᠯᠤᠰ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ᠎ᠳᠤ ᠢᠳᠡᠪᠬᠢᠲᠡᠢ ᠦᠢ᠍ᠯᠡᠴᠢᠯᠡᠵᠦ᠂ ᠵᠡᠭᠦᠨ ᠬᠡᠰᠡᠭ᠎ᠤᠨ ᠲᠡᠯᠡᠶ ᠳᠠᠭ᠋ᠠᠤ ᠭᠠᠵᠠᠷ ᠣᠷᠣᠨ᠎ᠤ ᠠᠵᠤ ᠦᠢ᠍ᠯᠡᠰ᠎ᠤᠨ ᠰᠢᠨ᠎ᠡ ᠪᠠᠢ᠌ᠷᠢᠰᠢᠭᠤᠯᠤᠯᠲᠠᠯᠤᠭᠠ ᠴᠢᠨᠠᠷ ᠰᠠᠢ᠌ᠲᠠᠢ ᠵᠣᠯᠭ᠋ᠠᠭᠤᠯᠬᠤ ᠬᠡᠷᠡᠭᠲᠡᠢ᠃ ᠣᠨᠴᠠᠯᠢᠭᠲᠤ ᠳᠠᠪᠠᠭᠤᠯᠢᠭ ᠠᠵᠤ ᠦᠢ᠍ᠯᠡᠰ ᠪᠣᠯᠣᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠬᠦ᠎ᠪᠠᠷ ᠭᠣᠣᠯ ᠰᠢᠪᠲᠤᠯᠤᠯᠲᠠ ᠵᠢᠨ ᠴᠢᠭᠯᠡᠯ ᠪᠤᠯᠭ᠋ᠠᠵᠤ᠂ ᠤᠯᠠᠮᠵᠢᠯᠠᠯᠲᠤ ᠠᠵᠤ ᠦᠢ᠍ᠯᠡᠰ᠎ᠢ ᠲᠦᠷᠭᠡᠨ ᠥᠭᠡᠷᠡᠴᠢᠯᠡᠨ ᠳᠡᠭᠡᠭᠰᠢᠯᠡᠭᠦᠯᠵᠦ᠂ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠢ᠌ᠷᠢᠯᠠᠭᠤᠯᠵᠤ᠂ ᠲᠣᠭ᠋ᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠸᠴᠤᠸᠠᠨ᠎ᠤ ᠣᠨᠴᠠᠯᠢᠭ ᠪᠣᠯᠣᠨ ᠳᠠᠪᠠᠭᠤᠯᠢᠭ᠎ᠲᠠᠢ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠬᠤ ᠬᠡᠷᠡᠭᠲᠡᠢ᠃ ᠰᠢᠨ᠎ᠡ ᠭᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠪᠠᠢ᠌ᠭᠤᠯᠵᠤ᠂ ᠤᠰᠤ ᠰᠠᠯᠬᠢ ᠭᠡᠷᠡᠯ ᠤᠰᠤᠲᠥ᠋ᠷᠥᠭᠴᠢ ᠪᠠᠢ᠌ᠭ᠋ᠠᠯᠢ ᠵᠢᠨ ᠰᠢᠲᠠᠮᠠᠬᠠᠢ ᠬᠡᠢ ᠵᠡᠷᠭᠡ ᠤᠯᠠᠨ ᠡᠨᠧᠷᠭᠢ ᠵᠢᠨ ᠬᠠᠷᠢᠯᠴᠠᠨ ᠨᠥᠬᠥᠪᠦᠷᠢᠯᠡᠬᠦ ᠬᠥᠭᠵᠢᠯᠲᠡ ᠵᠢ ᠠᠬᠢᠭᠤᠯᠬᠤ ᠬᠡᠷᠡᠭᠲᠡᠢ᠃ ᠠᠮᠤ ᠪᠤᠳᠠᠭ᠎ᠠ ᠪᠣᠯᠣᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠵᠡᠷᠭᠡ ᠵᠢᠨ ᠦᠢ᠍ᠯᠡᠳᠪᠦᠷᠢᠯᠡᠯ ᠬᠠᠩᠭ᠋ᠠᠯᠭ᠎ᠠ ᠵᠢ ᠴᠢᠩᠭ᠋ᠠᠳᠬᠠᠵᠤ᠂ ᠤᠯᠤᠰ᠎ᠤᠨ ᠴᠢᠬᠤᠯᠠ ᠠᠩᠬᠠᠨ᠎ᠤ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠪᠠᠢ᠌ᠯᠳᠤᠬᠤ ᠪᠣᠳᠣᠯᠭ᠎ᠠ ᠵᠢᠨ ᠰᠠᠭᠤᠷᠢᠨ᠎ᠢ ᠪᠠᠢ᠌ᠭᠤᠯᠬᠤ ᠬᠡᠷᠡᠭᠲᠡᠢ᠃ 《ᠰᠸᠴᠤᠸᠠᠨ ᠴᠦᠩᠴᠢᠩ ᠨᠢᠭᠡ ᠬᠥᠯᠭᠡ ᠰᠢᠲᠠᠷ᠎ᠠ ᠮᠡᠲᠦ ᠪᠠᠢ᠌ᠬᠤ》 ᠵᠢ ᠪᠠᠷᠢᠮᠲᠠᠯᠠᠵᠤ᠂ ᠴᠧᠩᠳᠦ᠋ ᠴᠦᠩᠴᠢᠩ᠎ᠤᠨ ᠣᠷᠣᠨ ᠪᠦᠰᠡ ᠵᠢᠨ ᠬᠠᠮᠵᠢᠯᠴᠠᠨ ᠬᠥᠭᠵᠢᠬᠦ ᠵᠢ ᠴᠢᠩᠭ᠋ᠠᠳᠬᠠᠵᠤ᠂ ᠪᠠᠷᠠᠭᠤᠨᠰᠢ ᠨᠡᠭᠡᠭᠡᠯᠲᠡ ᠬᠢᠬᠦ ᠪᠠᠢ᠌ᠯᠳᠤᠬᠤ ᠪᠣᠳᠣᠯᠭ᠎ᠠ ᠵᠢᠨ ᠥᠨᠳᠥᠷᠯᠢᠭ ᠪᠠ ᠣᠯᠠᠨ ᠤᠯᠤᠰ᠎ᠤᠨ ᠥᠷᠢᠰᠦᠯᠳᠦᠭᠡᠨ᠎ᠳᠤ ᠣᠷᠤᠯᠴᠠᠬᠤ ᠰᠢᠨ᠎ᠡ ᠰᠠᠭᠤᠷᠢᠨ᠎ᠢ ᠪᠠᠢ᠌ᠭᠤᠯᠵᠤ᠂ ᠪᠠᠷᠠᠭᠤᠨ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠳᠠᠢ᠌ᠴᠢᠯᠠᠬᠤ ᠴᠢᠬᠤᠯᠠ ᠨᠡᠮᠡᠭᠳᠡᠯ᠎ᠤᠨ ᠲᠤᠢ᠌ᠯ ᠪᠠ ᠰᠢᠨ᠎ᠡ ᠬᠥᠳᠡᠯᠭᠡᠬᠦ ᠬᠦᠴᠦᠨ᠎ᠤ ᠡᠬᠢ ᠰᠤᠷᠪᠤᠯᠵᠢ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠰᠢᠪᠲᠤᠯᠤᠭᠰᠠᠨ ᠳᠠᠢ᠌ᠯᠠᠯᠳᠤᠭ᠋ᠠᠨ᠎ᠤ ᠦᠷ᠎ᠡ ᠪᠦᠲᠦᠭᠡᠯ᠎ᠢ ᠪᠡᠬᠢᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠰᠸᠴᠤᠸᠠᠨ᠎ᠢ ᠵᠠᠰᠠᠬᠤ ᠰᠸᠴᠤᠸᠠᠨ᠎ᠢ ᠮᠠᠨᠳᠤᠭᠤᠯᠬᠤ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠠᠮᠤ ᠪᠤᠳᠠᠭ᠎ᠠ᠂ ᠠᠮᠢᠳᠤ ᠭᠠᠬᠠᠢ᠂ ᠲᠣᠰᠣᠯᠢᠭ ᠲᠠᠷᠢᠮᠠᠯ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢ ᠨᠡᠩ ᠰᠠᠢ᠌ᠲᠤᠷ ᠡᠭᠦᠷᠭᠡᠯᠡᠬᠦ ᠬᠡᠷᠡᠭᠲᠡᠢ᠃ ᠦᠷ᠎ᠡ ᠪᠠ ᠲᠠᠷᠢᠶᠠᠨ ᠭᠠᠵᠠᠷ ᠬᠣᠶᠠᠷ ᠴᠢᠬᠤᠯᠠ ᠵᠦᠢ᠍ᠯ᠎ᠢ ᠠᠳᠬᠤᠵᠤ᠂ ᠰᠠᠢ᠌ᠨ ᠡᠭᠦᠯᠳᠡᠷ ᠪᠠ ᠰᠠᠢ᠌ᠨ ᠲᠠᠷᠢᠶ᠎ᠠ ᠵᠢ ᠢᠵᠢ ᠪᠦᠷᠢᠳᠦᠭᠦᠯᠬᠦ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠨᠠᠩ ᠥᠨᠳᠥᠷ ᠲᠦᠪᠰᠢᠨ ᠪᠦᠬᠦᠢ 《ᠲᠡᠭᠷᠢ ᠵᠢᠨ ᠬᠡᠰᠢᠭᠲᠦ ᠠᠮᠤ ᠵᠢᠨ ᠰᠠᠩ》 ᠪᠠᠢ᠌ᠭᠤᠯᠬᠤ ᠬᠡᠷᠡᠭᠲᠡᠢ᠃ ᠠᠵᠤ ᠦᠢ᠍ᠯᠡᠰ᠎ᠤᠨ ᠬᠥᠭᠵᠢᠯᠲᠡ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠂ ᠬᠥᠳᠡᠭᠡ ᠲᠣᠰᠬᠣᠨ᠎ᠤ ᠵᠠᠰᠠᠯᠲᠠ ᠵᠡᠷᠭᠡ ᠲᠠᠯ᠎ᠠ᠎ᠪᠠᠷ᠂ ᠤᠯᠠᠨ ᠲᠦᠮᠡᠨ᠎ᠤ ᠲᠤᠰᠬᠠᠯ ᠴᠢᠩᠭ᠎ᠠ᠂ ᠠᠳᠬᠤᠵᠤ ᠳᠡᠢ᠌ᠯᠭᠦ᠂ ᠬᠡᠳᠦᠨ ᠵᠢᠯ ᠠᠳᠬᠤᠪᠠᠯ ᠦᠷ᠎ᠡ ᠪᠦᠲᠦᠮᠵᠢ ᠣᠯᠵᠤ ᠳᠡᠢ᠌ᠯᠭᠦ ᠬᠡᠳᠦᠨ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠬᠢ ᠪᠠᠶᠠᠯᠢᠭ᠎ᠢ ᠲᠥᠪᠯᠡᠷᠡᠭᠦᠯᠵᠦ᠂ ᠲᠦᠷᠭᠡᠨ ᠰᠢᠪᠲᠤᠯᠤᠯᠲᠠ ᠭᠠᠷᠭ᠋ᠠᠵᠤ᠂ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ᠎ᠢ ᠪᠦᠷᠢᠯᠳᠦᠭᠦᠯᠬᠦ ᠬᠡᠷᠡᠭᠲᠡᠢ᠃ ᠵᠧᠵᠢᠶᠠᠩ᠎ᠤᠨ 《ᠮᠢᠩᠭ᠋ᠠᠨ ᠲᠤᠰᠬᠤᠨ ᠵᠶ᠋ᠠᠷ ᠵᠢᠱ᠌ᠢᠶ᠎ᠡ ᠦᠵᠡᠭᠦᠯᠵᠦ ᠲᠦᠮᠡᠨ ᠲᠤᠰᠬᠤᠨ᠎ᠢ ᠵᠠᠰᠠᠬᠤ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠵᠢᠵᠢᠭ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠰᠢᠨᠲᠠᠷᠠᠰᠢ ᠦᠭᠡᠢ ᠴᠢᠷᠮᠠᠢ᠌ᠵᠤ᠂ ᠤᠳᠠᠭ᠋ᠠᠨ ᠳᠠᠭ᠋ᠠᠭ᠋ᠠᠮᠠᠭ᠋ᠠᠢ ᠪᠠᠷᠢᠮᠲᠠᠯᠠᠬᠤ ᠬᠡᠷᠡᠭᠲᠡᠢ᠃ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠥᠭᠡᠷᠡᠴᠢᠯᠡᠯᠲᠡ᠎ᠳᠤ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠰᠠᠬᠢᠬᠤ ᠬᠡᠷᠡᠭᠲᠡᠢ᠃ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠰᠢᠯᠵᠢᠭᠦᠯᠬᠦ ᠪᠣᠭᠣᠮᠲᠠ ᠵᠢ ᠴᠢᠩᠭ᠎ᠠ ᠠᠳᠬᠤᠵᠤ᠂ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠰᠢᠯᠵᠢᠭᠦᠯᠬᠦ ᠲᠣᠭᠢᠶᠠᠯ᠎ᠢ ᠠᠰᠢᠭᠯᠠᠨ 《ᠲᠠᠷᠢᠶᠠᠯᠠᠩ᠎ᠤᠨ ᠪᠤᠰᠤ ᠪᠤᠯᠭ᠋ᠠᠵᠤ》 ᠪᠤᠯᠬᠤ ᠦᠭᠡᠢ᠃ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠬᠤᠳᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠤᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡ ᠵᠢᠨ ᠬᠤᠳᠠ ᠬᠥᠳᠡᠭᠡ ᠵᠢᠨ ᠲᠡᠩᠴᠡᠭᠦᠷᠢ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠰᠸᠴᠤᠸᠠᠨ ᠪᠣᠯ ᠬᠥᠬᠡᠮᠥ᠋ᠷᠡᠨ᠎ᠤ ᠳᠡᠭᠡᠳᠦ ᠤᠷᠤᠰᠬᠠᠯ᠎ᠤᠨ ᠴᠢᠬᠤᠯᠠ ᠤᠰᠤᠨ᠎ᠤ ᠡᠬᠢ ᠰᠤᠷᠪᠤᠯᠵᠢ ᠵᠢᠨ ᠬᠠᠳᠠᠭ᠋ᠠᠯᠠᠮᠵᠢ ᠵᠢᠨ ᠭᠠᠵᠠᠷ ᠮᠥᠨ᠂ ᠬᠠᠳᠤᠨ ᠭᠣᠣᠯ᠎ᠤᠨ ᠳᠡᠭᠡᠳᠦ ᠤᠷᠤᠰᠬᠠᠯ᠎ᠤᠨ ᠴᠢᠬᠤᠯᠠ ᠤᠰᠤᠨ᠎ᠤ ᠡᠬᠢ ᠰᠤᠷᠪᠤᠯᠵᠢ ᠵᠢᠨ ᠨᠥᠬᠥᠪᠦᠷᠢ ᠣᠷᠣᠨ ᠮᠥᠨ᠂ ᠪᠠᠰᠠ ᠴᠤ᠌ ᠪᠦᠭᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠭᠣᠣᠯᠳᠠᠯᠭ᠎ᠠ᠎ᠲᠠᠢ ᠭᠠᠵᠠᠷ ᠣᠷᠣᠨ ᠮᠥᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠰᠠᠢ᠌ᠲᠤᠷ ᠬᠢᠬᠦ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠬᠠᠮᠢᠶᠠᠷᠤᠨ ᠡᠵᠡᠮᠳᠡᠬᠦ ᠪᠠ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠤᠯᠤᠰ᠎ᠤᠨ ᠴᠡᠴᠡᠷᠯᠢᠭ ᠵᠶ᠋ᠡᠷ ᠭᠣᠣᠯ ᠴᠣᠭᠴᠠ ᠪᠤᠯᠭ᠋ᠠᠬᠰᠠᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠲᠦᠷᠭᠡᠨ ᠪᠠᠢ᠌ᠭᠤᠯᠬᠤ ᠬᠡᠷᠡᠭᠲᠡᠢ᠃ ᠲᠠᠯ᠎ᠠ ᠨᠤᠲᠤᠭ ᠣᠶ ᠰᠢᠭᠤᠢ ᠭᠣᠣᠯ ᠮᠥᠷᠡᠨ ᠨᠠᠭᠤᠷ ᠴᠥᠭᠦᠷᠥᠮ ᠨᠤᠭᠤ ᠭᠠᠵᠠᠷ᠎ᠢ ᠠᠮᠤᠷᠵᠢᠭᠤᠯᠤᠨ ᠲᠡᠩᠬᠡᠷᠡᠭᠦᠯᠬᠦ ᠵᠢ ᠬᠡᠷᠡᠭᠵᠢᠭᠦᠯᠬᠦ ᠬᠡᠷᠡᠭᠲᠡᠢ᠃ ᠠᠵᠤ ᠦᠢ᠍ᠯᠡᠰ᠎ᠤᠨ ᠪᠦᠲᠦᠴᠡ᠂ ᠡᠨᠧᠷᠭᠢ ᠵᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠵᠢ ᠲᠦᠷᠭᠡᠨ ᠲᠣᠬᠢᠷᠠᠭᠤᠯᠤᠨ ᠰᠢᠯᠢᠳᠡᠭᠵᠢᠭᠦᠯᠵᠦ᠂ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠭᠡᠯᠪᠡᠷᠢ ᠵᠢ ᠢᠳᠡᠪᠬᠢᠲᠡᠢ ᠰᠠᠨᠠᠭ᠋ᠠᠴᠢᠯᠠᠬᠤ ᠬᠡᠷᠡᠭᠲᠡᠢ᠃ ᠨᠡᠩ ᠥᠨᠳᠥᠷ ᠪᠠᠷᠢᠮᠵᠢᠶ᠎ᠠ᠎ᠪᠠᠷ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠢᠳᠡᠪᠬᠢᠲᠡᠢ ᠬᠠᠢ᠌ᠨ ᠰᠦᠪᠡᠭᠴᠢᠯᠡᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠰᠸᠴᠤᠸᠠᠨ ᠪᠣᠯ ᠪᠠᠢ᠌ᠭ᠋ᠠᠯᠢ ᠵᠢᠨ ᠭᠠᠮᠰᠢᠭ ᠤᠯᠠᠨ ᠡᠭᠦᠰᠳᠡᠭ ᠭᠠᠵᠠᠷ ᠮᠥᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠦᠴᠦᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠯᠳᠦᠭᠦᠯᠵᠦ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠴᠢᠳᠠᠪᠤᠷᠢ᠎ᠪᠠᠨ ᠰᠢᠰᠲ᠋ᠧᠮ᠎ᠲᠠᠢ ᠳᠡᠭᠡᠭᠰᠢᠯᠡᠭᠦᠯᠭᠦ ᠬᠡᠷᠡᠭᠲᠡᠢ᠃ 7᠂ 8 ᠰᠠᠷ᠎ᠠ᠎ᠳᠤ ᠬᠥᠬᠡᠮᠥ᠋ᠷᠡᠨ᠎ᠤ ᠰᠠᠪᠠ ᠭᠠᠵᠠᠷ ᠦᠶᠡᠷ᠎ᠤᠨ ᠭᠣᠣᠯ ᠬᠤᠭᠤᠴᠠᠭ᠋ᠠᠨ᠎ᠳᠤ ᠣᠷᠣᠵᠤ᠂ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠷᠭ᠋ᠠᠴᠠᠭ᠋ᠠᠬᠤ ᠪᠡᠯᠡᠳᠬᠡᠯ ᠠᠵᠢᠯ᠎ᠢ ᠰᠠᠢ᠌ᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭ᠋ᠠᠨᠴᠢ᠎ᠪᠠᠷ ᠭᠠᠮᠰᠢᠭ᠎ᠠᠴᠠ ᠠᠪᠤᠷᠠᠵᠤ᠂ ᠡᠭᠦᠰᠦᠮᠡᠯ ᠭᠠᠮᠰᠢᠭ ᠭᠠᠷᠬᠤ᠎ᠠᠴᠠ ᠰᠡᠷᠭᠡᠢ᠌ᠯᠡᠵᠦ᠂ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠣᠬᠢᠷᠠᠬᠤ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠠᠯᠢ ᠲᠦᠷᠭᠡᠨ ᠵᠶ᠋ᠡᠷ ᠰᠡᠷᠭᠦᠭᠡᠬᠦ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠭᠡᠮ ᠰᠣᠭᠣᠭ᠎ᠢ ᠪᠦᠭᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠬᠦᠨᠳᠦ ᠣᠨᠴᠠ ᠶᠡᠬᠡ ᠠᠶᠤᠯᠭᠦᠢ ᠦᠢ᠍ᠯᠡᠳᠪᠦᠷᠢᠯᠡᠯ᠎ᠤᠨ ᠡᠨᠳᠡᠯ ᠭᠠᠷᠬᠤ ᠵᠢ ᠡᠷᠡᠰ ᠰᠡᠷᠭᠡᠢ᠌ᠯᠡᠨ ᠬᠣᠷᠢᠭᠯᠠᠵᠤ᠂ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠨᠢᠭᠡᠳᠦᠭᠡᠷ ᠪᠦᠯᠦᠭ᠎ᠤᠨ ᠭᠣᠣᠯ ᠰᠡᠳᠦᠪᠲᠦ ᠬᠥᠮᠦᠵᠢᠯ ᠵᠥᠪᠭᠡᠨ ᠰᠠᠷ᠎ᠠ ᠭᠠᠷᠤᠢ ᠵᠢᠨ ᠬᠤᠭᠤᠴᠠᠭ᠎ᠠ ᠦᠯᠡᠳᠡᠵᠦ ᠪᠠᠢ᠌ᠨ᠎ᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠲᠥᠪ ᠬᠣᠷᠢᠶ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠰᠠᠢ᠌ᠨ ᠵᠶ᠋ᠠᠷ ᠡᠬᠢᠯᠡᠭᠦᠯᠵᠦ ᠰᠠᠢ᠌ᠨ ᠵᠶ᠋ᠠᠷ ᠲᠡᠭᠦᠰᠬᠡᠵᠦ᠂ ᠢᠮᠠᠭᠲᠠ ᠬᠢᠨᠠᠮᠠᠭ᠋ᠠᠢ ᠪᠠᠢ᠌ᠵᠤ᠂ ᠡᠷᠬᠡᠪᠰᠢ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠤᠨ ᠪᠣᠳᠠᠲᠤ ᠦᠷ᠎ᠡ ᠪᠦᠲᠦᠮᠵᠢ᠎ᠳᠤ ᠰᠢᠨᠵᠢᠯᠡᠬᠦ ᠤᠬᠠᠭ᠋ᠠᠨᠴᠢ᠂ ᠪᠤᠰᠤᠳᠴᠢ ᠦᠨᠡᠯᠡᠯᠲᠡ ᠬᠢᠬᠦ ᠬᠡᠷᠡᠭᠲᠡᠢ᠃ ᠤᠨᠤᠯ᠎ᠤᠨ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠰᠢᠯᠭ᠋ᠠᠬᠤ᠎ᠳᠤ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠢ ᠰᠡᠳᠬᠢᠯ᠎ᠳᠡᠭᠡᠨ ᠬᠠᠳᠠᠩᠰᠢᠭᠤᠯᠤᠨ ᠦᠢ᠍ᠯᠡᠳᠦᠯᠭᠡᠵᠢᠭᠦᠯᠦᠭᠰᠡᠨ ᠡᠰᠡᠬᠦ᠂ ᠨᠠᠮ᠎ᠤᠨ ᠭᠡᠰᠢᠭᠦᠨ ᠺᠠᠳ᠋ᠷ᠎ᠤᠨ ᠰᠠᠢ᠌ᠨ ᠰᠡᠳᠬᠢᠵᠦ ᠴᠢᠳᠠᠮᠠᠭ᠋ᠠᠢ ᠬᠡᠷᠡᠭᠯᠡᠭᠰᠡᠨ ᠡᠰᠡᠬᠦ ᠵᠢ ᠦᠵᠡᠬᠦ ᠭᠡᠷᠡᠭᠲᠡᠢ; ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠮᠵᠢ ᠵᠢ ᠰᠢᠯᠭ᠋ᠠᠨ ᠪᠠᠢ᠌ᠴᠠᠭ᠋ᠠᠬᠤ᠎ᠳᠠᠭᠠᠨ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢ ᠲᠣᠳᠣᠷᠬᠠᠢ ᠣᠢ᠌ᠯᠠᠭ᠋ᠠᠭᠰᠠᠨ ᠡᠰᠡᠬᠦ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠭᠰᠡᠨ ᠡᠰᠡᠬᠦ ᠵᠢ ᠦᠵᠡᠬᠦ ᠬᠡᠷᠡᠭᠲᠡᠢ; ᠬᠥᠭᠵᠢᠯᠲᠡ ᠵᠢ ᠠᠬᠢᠭᠤᠯᠤᠭᠰᠠᠨ ᠦᠷ᠎ᠡ ᠪᠦᠲᠦᠮᠵᠢ ᠵᠢ ᠰᠢᠯᠭ᠋ᠠᠬᠤ᠎ᠳᠤ᠂ ᠴᠢᠨᠠᠷ ᠰᠠᠢ᠌ᠲᠠᠢ ᠬᠥᠭᠵᠢᠯᠲᠡ ᠰᠢᠨ᠎ᠡ ᠰᠢᠪᠲᠤᠯᠤᠯᠲᠠ᠎ᠲᠠᠢ ᠪᠠᠢ᠌ᠬᠤ ᠡᠰᠡᠬᠦ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠰᠢᠨ᠎ᠡ ᠳᠡᠭᠡᠭᠰᠢᠯᠡᠯᠲᠡ᠎ᠲᠠᠢ ᠪᠠᠢ᠌ᠬᠤ ᠡᠰᠡᠬᠦ ᠵᠢ ᠦᠵᠡᠬᠦ ᠭᠡᠷᠡᠭᠲᠡᠢ; ᠴᠡᠭᠴᠡᠯᠡᠨ ᠰᠠᠢ᠌ᠵᠢᠷᠠᠭᠤᠯᠤᠭᠰᠠᠨᠢ ᠰᠢᠯᠭ᠋ᠠᠨ ᠪᠠᠢ᠌ᠴᠠᠭ᠋ᠠᠭᠰᠠᠨ ᠦᠷ᠎ᠡ ᠪᠦᠲᠦᠮᠵᠢ ᠵᠢ ᠰᠢᠯᠭ᠋ᠠᠬᠤ᠎ᠳᠤ᠂ ᠠᠰᠠᠭᠤᠳᠠᠯ᠎ᠤᠨ ᠵᠠᠩᠭᠢᠯᠠᠭ᠎ᠠ ᠵᠢ ᠣᠨᠣᠪᠴᠢᠲᠠᠢ ᠡᠷᠢᠵᠦ ᠣᠯᠣᠭᠰᠠᠨ ᠡᠰᠡᠬᠦ᠂ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠭᠰᠠᠨ᠎ᠨᠢ ᠣᠷᠣᠨ ᠪᠠᠢ᠌ᠷᠢ᠎ᠳᠠᠭᠠᠨ ᠭᠦᠷᠦᠭᠰᠡᠨ ᠡᠰᠡᠬᠦ ᠵᠢ ᠦᠵᠡᠬᠦ ᠭᠡᠷᠡᠭᠲᠠᠢ; ᠺᠠᠳ᠋ᠷ᠎ᠤᠨ ᠡᠩᠨᠡᠭᠡ ᠵᠢ ᠬᠥᠮᠥᠵᠢᠭᠦᠯᠵᠦ ᠴᠡᠭᠴᠡᠯᠡᠭᠰᠡᠨ ᠦᠷ᠎ᠡ ᠪᠦᠲᠦᠮᠵᠢ ᠵᠢ ᠰᠢᠯᠭ᠋ᠠᠬᠤ᠎ᠳᠤ᠂ ᠦᠵᠡᠯ ᠰᠠᠨᠠᠭ᠋ᠠᠨ᠎ᠤ ᠲᠠᠯ᠎ᠠ᠎ᠪᠠᠷ ᠴᠡᠪᠡᠷ ᠪᠤᠰᠤ ᠪᠠᠢ᠌ᠬᠤ ᠪᠠ ᠵᠣᠬᠢᠶᠠᠨ ᠪᠠᠢ᠌ᠭᠤᠯᠤᠯᠲᠠ ᠵᠢᠨ ᠲᠠᠯ᠎ᠠ᠎ᠪᠠᠷ ᠴᠡᠪᠡᠷ ᠪᠤᠰᠤ ᠪᠠᠢ᠌ᠬᠤ ᠦᠵᠡᠭᠳᠡᠯ᠎ᠢ ᠵᠠᠯᠠᠷᠠᠭᠤᠯᠤᠭᠰᠠᠨ ᠡᠰᠡᠬᠦ᠂ ᠤᠯᠤᠰ ᠲᠦᠷᠦ ᠵᠢᠨ ᠭᠡᠮ ᠰᠣᠭᠣᠭ᠎ᠢ ᠠᠷᠢᠯᠭ᠋ᠠᠭᠰᠠᠨ ᠡᠰᠡᠬᠦ ᠵᠢ ᠦᠵᠡᠬᠦ ᠬᠡᠷᠡᠭᠲᠡᠢ᠃ ᠦᠷ᠎ᠡ ᠪᠦᠲᠦᠮᠵᠢ ᠵᠢ ᠦᠨᠡᠯᠡᠬᠦ᠎ᠳᠤ ᠪᠣᠳᠠᠲᠤ ᠶᠠᠪᠤᠳᠠᠯ ᠵᠶ᠋ᠠᠷ ᠦᠭᠡ ᠬᠡᠯᠡᠵᠦ᠂ ᠡᠭᠦᠳᠡ᠎ᠪᠠᠨ ᠨᠡᠭᠡᠭᠡᠵᠦ ᠦᠨᠡᠯᠡᠬᠦ ᠵᠢ ᠠᠳᠬᠤᠵᠤ᠂ ᠤᠯᠠᠨ ᠲᠦᠮᠡᠨ ᠵᠶ᠋ᠡᠷ ᠦᠨᠡᠯᠡᠭᠦᠯᠵᠦ᠂ ᠪᠤᠰᠤᠳᠴᠢ ᠪᠥᠭᠡᠳ ᠦᠨᠡᠨ ᠪᠣᠳᠠᠲᠠᠢ ᠦᠨᠡᠯᠡᠬᠦ ᠵᠢ ᠪᠠᠲᠤᠯᠠᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠮᠵᠢ ᠵᠢ ᠦᠨᠡᠯᠡᠬᠦ᠎ᠳᠤ᠂ ᠮᠠᠰᠢ ᠴᠢᠬᠤᠯᠠ ᠨᠢᠭᠡ ᠲᠠᠯ᠎ᠠ᠎ᠨᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠦᠲᠦᠮᠵᠢᠲᠡᠢ ᠰᠢᠢ᠍ᠳᠪᠦᠷᠢᠯᠡᠭᠳᠡᠭᠰᠡᠨ ᠡᠰᠡᠬᠦ ᠵᠢ ᠦᠵᠡᠨ᠎ᠡ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠵᠦᠢ᠍ᠯ᠎ᠢ ᠨᠢᠭᠡ ᠤᠳᠠᠭ᠎ᠠ ᠪᠠᠢ᠌ᠴᠠᠭ᠋ᠠᠨ ᠦᠵᠡᠵᠦ᠂ ᠦᠨᠳᠦᠰᠦ ᠰᠤᠷᠪᠤᠯᠵᠢ ᠵᠢ᠎ᠨᠢ ᠵᠠᠳᠠᠯᠵᠤ᠂ ᠡᠪᠡᠳᠴᠢᠨ᠎ᠳᠤ᠎ᠨᠢ ᠲᠠᠭ᠋ᠠᠷᠠᠭᠤᠯᠤᠨ ᠡᠮ ᠥᠭᠴᠦ᠂ ᠦᠨᠡᠨ ᠬᠦ᠌ ᠪᠣᠳᠠᠲᠤ ᠦᠷ᠎ᠡ ᠪᠦᠲᠦᠮᠵᠢ ᠭᠠᠷᠭ᠋ᠠᠬᠤ ᠬᠡᠷᠡᠭᠲᠡᠢ᠃ ᠤᠳᠤᠷᠢᠳᠬᠤ ᠪᠠᠭ᠎ᠤᠨ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠢᠵᠦ᠂ ᠰᠤᠷᠤᠯᠴᠠᠬᠤ ᠪᠠᠢ᠌ᠴᠠᠭ᠋ᠠᠬᠤ ᠵᠠᠯᠠᠷᠠᠭᠤᠯᠬᠤ᠎ᠲᠠᠢ ᠤᠶᠠᠯᠳᠤᠭᠤᠯᠤᠨ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ ᠬᠠᠨᠵᠢᠶᠠᠩ ᠮᠥᠷᠡᠨ᠎ᠤ ᠰᠠᠪᠠ ᠭᠠᠵᠠᠷ᠎ᠤᠨ ᠲᠡᠦᠬᠡ ᠰᠣᠶᠣᠯ᠎ᠤᠨ ᠤᠯᠠᠮᠵᠢᠯᠠᠯ ᠪᠣᠯᠣᠨ ᠠᠮᠢ ᠠᠬᠤᠢ ᠵᠢᠨ ᠬᠠᠮᠠᠭ᠋ᠠᠯᠠᠯᠲᠠ ᠵᠢ ᠲᠤᠢ᠌ᠯ ᠵᠶ᠋ᠠᠷ ᠬᠠᠯᠠᠮᠵᠢᠯᠠᠪᠠ᠃ 7 ᠰᠠᠷ᠎ᠠ ᠵᠢᠨ 29᠎ᠤ ᠡᠳᠦᠷ᠂ ᠰᠢ ᠵᠢᠨ ᠫᠢᠩ ᠪᠡᠭᠡᠵᠢᠩ᠎ᠳᠤ ᠪᠤᠴᠠᠬᠤ ᠵᠠᠮ᠎ᠳᠠᠭᠠᠨ ᠭᠠᠯᠲᠤ ᠲᠡᠷᠭᠡᠨ᠎ᠠᠴᠠ ᠪᠠᠭᠤᠵᠤ᠂ ᠱᠠᠨᠰᠢ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ ᠵᠤᠤ ᠢ ᠳ᠋ᠧ᠂ ᠮᠤᠵᠢ ᠵᠢᠨ ᠳᠠᠷᠤᠭ᠎ᠠ ᠵᠤᠤ ᠭᠠᠩ᠎ᠤᠨ ᠪᠠᠷ᠎ᠠ ᠪᠤᠯᠤᠯᠭ᠎ᠠ᠎ᠪᠠᠷ ᠬᠠᠨᠵᠦ᠋ᠩ ᠬᠤᠳᠠ᠎ᠳᠤ ᠰᠢᠨᠵᠢᠯᠡᠨ ᠪᠠᠢ᠌ᠴᠠᠭ᠋ᠠᠪᠠ᠃ ᠰᠢ ᠵᠢᠨ ᠫᠢᠩ ᠬᠠᠨᠵᠦ᠋ᠩ ᠬᠣᠲᠠ ᠵᠢᠨ ᠮᠦᠽᠧᠢ ᠵᠢᠨ ᠬᠣᠯᠪᠣᠭᠳᠠᠯ ᠪᠦᠬᠦᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠭᠦᠯᠭᠡ ᠵᠢ ᠲᠣᠭᠣᠷᠢᠨ ᠦᠵᠡᠵᠦ᠂ ᠬᠠᠨᠵᠦ᠋ᠩ᠎ᠤᠨ ᠲᠡᠦᠬᠡ ᠰᠣᠶᠣᠯ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠪᠠᠢ᠌ᠳᠠᠯ᠎ᠢ ᠣᠢ᠌ᠯᠠᠭ᠋ᠠᠪᠠ᠃ ᠲᠡᠷᠡ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠨᠢ ᠭᠡᠷᠡᠯ ᠰᠠᠴᠤᠷᠠᠩᠭᠤᠢ ᠪᠣᠯᠪᠠᠰᠤᠨ᠎ᠢ ᠠᠴᠢᠶᠠᠯᠠᠵᠤ᠂ ᠲᠡᠦᠬᠡ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ᠂ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠠᠭ᠋ᠠᠯᠠᠵᠤ ᠪᠠᠢ᠌ᠳᠠᠭ᠃ ᠮᠦᠽᠧᠢ ᠵᠢᠨ ᠬᠥᠮᠥᠨ ᠲᠥᠷᠥᠯᠬᠢᠲᠡᠨ᠎ᠤ ᠪᠣᠯᠪᠠᠰᠤᠨ᠎ᠢ ᠬᠠᠮᠠᠭ᠋ᠠᠯᠠᠬᠤ᠂ ᠤᠯᠠᠮᠵᠢᠯᠠᠬᠤ᠂ ᠰᠤᠳᠤᠯᠬᠤ᠂ ᠳᠡᠯᠭᠡᠨ ᠦᠵᠡᠭᠦᠯᠭᠦ ᠴᠢᠬᠤᠯᠠ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠳᠤᠮᠳᠠᠳᠤ ᠵᠢᠨ ᠰᠣᠶᠣᠯ᠎ᠢ ᠰᠠᠢ᠌ᠲᠤᠷ ᠬᠠᠮᠠᠭ᠋ᠠᠯᠠᠬᠤ ᠪᠥᠭᠡᠳ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠠᠮᠢᠯᠠᠭᠤᠯᠵᠤ᠂ ᠳᠤᠮᠳᠠᠳᠤ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠥᠷᠭᠡᠳᠬᠡᠬᠦ ᠬᠡᠷᠡᠭᠲᠡᠢ᠃ ᠬᠠᠨᠵᠦ᠋ᠩ᠎ᠤᠨ ᠲᠠᠩᠰᠠᠨ ᠭᠦᠷᠦᠮᠡᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠨᠢ ᠶᠡᠬᠡᠳᠡ ᠠᠯᠳᠠᠷᠰᠢᠵᠠᠢ᠂ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠢ᠌ᠷᠠᠭᠤᠯᠵᠤ᠂ ᠣᠯᠠᠨ ᠲᠦᠮᠡᠨ᠎ᠢ ᠨᠠᠩ ᠰᠠᠢ᠌ᠲᠤᠷ ᠳᠠᠢ᠌ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠮᠦᠽᠧᠢ᠎ᠠᠴᠠ ᠰᠠᠯᠬᠤ ᠦᠶ᠎ᠡ᠎ᠳᠤ᠂ ᠣᠢ᠌ᠷ᠎ᠠ ᠬᠠᠪᠢ ᠵᠢᠨ ᠨᠤᠲᠤᠭ᠎ᠤᠨ ᠠᠬ᠎ᠠ ᠳᠡᠭᠦᠦ ᠨᠠᠷ ᠬᠦᠷᠦᠯᠴᠡᠨ ᠢᠷᠡᠵᠦ 《ᠶᠡᠷᠦᠩᠬᠡᠢ ᠱᠦᠵᠢ ᠰᠠᠢ᠌ᠨ ᠪᠠᠢ᠌ᠨ᠎ᠠ ᠦᠦ》 ᠭᠡᠵᠦ ᠬᠠᠯᠠᠭᠤᠨ ᠵᠶ᠋ᠠᠷ ᠪᠠᠶᠠᠷᠯᠠᠯᠳᠤᠨ ᠬᠠᠰᠬᠢᠷᠴᠤ ᠪᠠᠢ᠌ᠯ᠎ᠠ᠃ ᠰᠢ ᠵᠢᠨ ᠫᠢᠩ ᠤᠯᠠᠨ ᠲᠦᠮᠡᠨ᠎ᠳᠤ᠂ ᠪᠢ 2008 ᠣᠨ᠎ᠤ ᠸᠧᠨᠴᠤᠸᠠᠨᠤ ᠶᠡᠬᠡ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠦᠶ᠎ᠡ᠎ᠳᠤ ᠬᠠᠨᠵᠦ᠋ᠩ᠎ᠳᠤ ᠢᠷᠡᠵᠦ ᠥᠩᠭᠡᠷᠡᠵᠡᠢ᠂ ᠡᠳᠡᠭᠡᠷ ᠵᠢᠯ᠎ᠤᠳ᠎ᠲᠤ ᠪᠢ ᠡᠨᠳᠡᠬᠢ ᠵᠢ ᠰᠡᠳᠬᠢᠯ᠎ᠳᠡᠭᠡᠨ ᠪᠤᠳᠤᠬᠰᠠᠭ᠋ᠠᠷ ᠢᠷᠡᠵᠠᠢ᠃ ᠡᠨᠡ ᠤᠳᠠᠭ᠎ᠠ᠂ ᠡᠨᠳᠡᠬᠢ ᠬᠥᠭᠵᠢᠯᠲᠡ ᠬᠤᠪᠢᠷᠠᠯᠲᠠ ᠮᠠᠰᠢ ᠶᠡᠬᠡ᠂ ᠬᠤᠳᠠ ᠴᠤ᠌ ᠡᠮᠬᠢ ᠳᠢᠭᠯᠢᠮ᠎ᠲᠠᠢ ᠪᠠᠢ᠌ᠬᠤ ᠵᠢ ᠦᠵᠡᠭᠡᠳ ᠮᠠᠰᠢ ᠪᠠᠶᠠᠷᠯᠠᠵᠤ ᠪᠤᠢ ᠭᠡᠵᠦ ᠬᠡᠯᠡᠪᠡ᠃ ᠲᠡᠷᠡ ᠤᠯᠠᠨ᠎ᠤ ᠠᠵᠢᠯ ᠦᠢ᠍ᠯᠡᠰ ᠰᠠᠢ᠌ᠨ᠂ ᠠᠮᠢᠳᠤᠷᠠᠯ ᠰᠠᠢ᠌ᠨ᠂ ᠭᠡᠷ ᠪᠦᠯᠢ ᠵᠣᠯ ᠵᠢᠷᠭ᠋ᠠᠯ᠎ᠲᠠᠢ ᠪᠠᠢ᠌ᠬᠤ ᠵᠢ ᠬᠦᠰᠡᠨ ᠵᠥᠩᠨᠡᠪᠡ᠃
ᠠᠶᠠᠨ ᠵᠠᠮ᠎ᠳᠠᠭᠠᠨ᠂ ᠰᠢ ᠵᠢᠨ ᠫᠢᠩ ᠬᠠᠨᠵᠢᠶᠠᠩ᠎ᠤᠨ ᠬᠠᠨᠵᠦ᠋ᠩ ᠬᠤᠳᠠ ᠵᠢᠨ ᠬᠡᠰᠡᠭ᠎ᠲᠤ ᠪᠠᠢ᠌ᠷᠢᠯᠠᠭ᠎ᠠ ᠲᠢᠶᠠᠨ ᠬᠠᠨ ᠨᠤᠭᠤ ᠭᠠᠵᠠᠷ᠎ᠤᠨ ᠴᠡᠴᠡᠷᠯᠢᠭ ᠵᠶ᠋ᠡᠷ ᠰᠢᠨᠵᠢᠯᠡᠨ ᠪᠠᠢ᠌ᠴᠠᠭ᠋ᠠᠵᠤ᠂ ᠡᠨᠳᠡ ᠪᠣᠯ ᠬᠤᠳᠠ ᠵᠢᠨ ᠠᠷᠠᠳ᠎ᠤᠨ 《ᠵᠣᠯ ᠵᠢᠷᠭ᠋ᠠᠯ᠎ᠤᠨ ᠬᠦᠷᠢᠶᠡᠯᠡᠩ》 ᠮᠥᠨ ᠭᠡᠵᠦ ᠮᠠᠭᠲᠠᠨ ᠰᠠᠢ᠌ᠰᠢᠶᠠᠪᠠ᠃ ᠰᠢ ᠵᠢᠨ ᠫᠢᠩ᠂ ᠬᠠᠨᠵᠢᠶᠠᠩ ᠮᠥᠷᠡᠨ ᠵᠢᠴᠢ ᠲᠡᠭᠦᠨ᠎ᠤ ᠰᠠᠯᠪᠤᠷᠢ ᠤᠷᠤᠰᠬᠠᠯ ᠪᠣᠯ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠤᠨ ᠭᠣᠣᠯ ᠪᠤᠯᠬᠤ ᠤᠰᠤᠨ᠎ᠤ ᠡᠬᠢ ᠰᠤᠷᠪᠤᠯᠵᠢ ᠲᠥᠪᠯᠡᠷᠡᠭᠰᠡᠨ ᠣᠷᠣᠨ ᠪᠠ ᠬᠠᠩᠭ᠋ᠠᠯᠭ᠎ᠠ ᠵᠢᠨ ᠭᠠᠵᠠᠷ ᠪᠣᠯᠣᠨ᠎ᠠ᠂ ᠡᠨᠡ ᠬᠦ᠌ ᠣᠷᠣᠨ ᠪᠦᠰᠡ ᠵᠢᠨ ᠨᠤᠭᠤ ᠭᠠᠵᠠᠷ᠎ᠤᠨ ᠡᠬᠢ ᠪᠠᠶᠠᠯᠢᠭ᠎ᠢ ᠰᠠᠢ᠌ᠲᠤᠷ ᠬᠠᠮᠠᠭ᠋ᠠᠯᠠᠬᠤ ᠬᠠᠷᠢᠭᠤᠴᠠᠯᠭ᠎ᠠ ᠬᠦᠨᠳᠦ ᠶᠡᠬᠡ᠂ ᠠᠴᠢ ᠬᠣᠯᠪᠣᠭᠳᠠᠯ ᠭᠦᠨ ᠭᠦᠨᠵᠡᠭᠡᠢ ᠶᠤᠮ᠃ ᠠᠮᠢ ᠠᠬᠤᠢ ᠵᠢᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ᠎ᠨᠢ ᠪᠠᠢ᠌ᠭ᠋ᠠᠯᠢ᠎ᠲᠠᠢ ᠵᠣᠬᠢᠴᠠᠵᠤ᠂ ᠨᠤᠭᠤ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠤᠨ ᠪᠦᠬᠦᠯᠢ ᠴᠣᠭᠴᠠ ᠵᠢᠨ ᠴᠢᠨᠠᠷᠲᠠᠢ ᠬᠠᠮᠠᠭ᠋ᠠᠯᠠᠯᠲᠠ ᠪᠠ ᠰᠢᠰᠲ᠋ᠧᠮᠲᠦ ᠴᠢᠨᠠᠷᠲᠠᠢ ᠰᠡᠷᠭᠦᠭᠡᠯᠲᠡ ᠵᠢ ᠴᠢᠩᠭ᠋ᠠᠳᠬᠠᠵᠤ᠂ ᠠᠮᠢ ᠠᠬᠤᠢ ᠵᠢᠨ ᠬᠠᠮᠠᠭ᠋ᠠᠯᠠᠯᠲᠠ ᠬᠢᠭᠡᠳ ᠦᠢ᠍ᠯᠡᠳᠪᠦᠷᠢᠯᠡᠯ ᠠᠮᠢᠳᠤᠷᠠᠯ᠎ᠤᠨ ᠠᠭᠤᠰᠤᠯᠴᠠᠯ᠎ᠢ ᠠᠬᠢᠭᠤᠯᠵᠤ᠂ ᠣᠷᠴᠢᠨ ᠲᠣᠭᠣᠷᠢᠨ ᠭᠣᠶᠣ ᠰᠠᠢ᠌ᠬᠠᠨ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠵᠢᠭᠤᠯᠴᠢᠯᠠᠬᠤ᠎ᠳᠤ ᠲᠣᠬᠢᠷᠠᠮᠵᠢᠲᠠᠢ ᠠᠮᠢ ᠠᠬᠤᠢ ᠵᠢᠨ ᠬᠣᠲᠠ ᠵᠢ ᠴᠢᠷᠮᠠᠢ᠌ᠨ ᠪᠦᠲᠦᠭᠡᠨ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ᠃
ᠯᠢ ᠭᠠᠨ ᠵᠢᠶᠧ᠂ ᠾᠧ ᠯᠢ ᠹᠧᠩ ᠵᠢᠴᠢ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠵᠤ᠂ ᠭᠣᠣᠯ ᠰᠡᠳᠦᠪᠲᠦ ᠬᠥᠮᠦᠵᠢᠯ᠎ᠤᠨ ᠲᠥᠪ᠎ᠤᠨ ᠠᠷᠪᠠᠨ ᠬᠣᠶᠠᠳᠤᠭ᠋ᠠᠷ ᠵᠢᠯᠤᠭᠣᠳᠬᠤ ᠳᠤᠭᠤᠢ᠌ᠯᠠᠩ᠎ᠤᠨ ᠬᠠᠷᠢᠭᠤᠴᠠᠯᠭ᠋ᠠᠲᠠᠨ ᠨᠥᠬᠥᠳ ᠬᠠᠷᠢᠭᠤ ᠮᠡᠳᠡᠭᠦᠯᠦᠯᠲᠡ ᠵᠢᠨ ᠬᠤᠷᠠᠯ᠎ᠳᠤ ᠣᠷᠣᠯᠴᠠᠪᠠ᠃
(ᠰᠢᠨᠬᠤᠸᠠ ᠬᠣᠷᠢᠶ᠎ᠠ ᠵᠢᠨ ᠰᠸᠴᠤᠸᠠᠨ᠎ᠤ ᠴᠧᠩᠳᠦ᠋ \ ᠱᠠᠨᠰᠢ ᠵᠢᠨ ᠬᠠᠨᠵᠦ᠋ᠩ᠎ᠤᠨ 7 ᠰᠠᠷ᠎ᠠ ᠵᠢᠨ 29᠎ᠤ ᠴᠠᠭᠢᠯᠭ᠋ᠠᠨ ᠮᠡᠳᠡᠭᠡ)