ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠭᠤᠷᠪᠠᠳᠤᠭ᠋ᠠᠷ ᠬᠤᠭᠤᠴᠠᠭ᠋ᠠᠨ᠎ᠤ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠤᠨ ᠶᠠᠷᠢᠯᠴᠠᠭ᠋ᠠᠨ᠎ᠤ ᠬᠤᠷᠠᠯ ᠵᠢᠴᠢ ᠠᠩᠬᠠᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠬᠢᠲᠠᠳᠴᠢ ᠡᠷᠳᠡᠮᠲᠡᠳ᠎ᠤᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2023-07-05

      7 ᠰᠠᠷ᠎ᠠ ᠵᠢᠨ 3᠎ᠤ ᠡᠳᠦᠷ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠭᠤᠷᠪᠠᠳᠤᠭ᠋ᠠᠷ ᠬᠤᠭᠤᠴᠠᠭ᠋ᠠᠨ᠎ᠤ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠤᠨ ᠶᠠᠷᠢᠯᠴᠠᠭ᠋ᠠᠨ᠎ᠤ ᠬᠤᠷᠠᠯ ᠵᠢᠴᠢ ᠠᠩᠬᠠᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠬᠢᠲᠠᠳᠴᠢ ᠡᠷᠳᠡᠮᠲᠡᠳ᠎ᠤᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ᠃

      ᠰᠢ ᠵᠢᠨ ᠫᠢᠩ᠂ ᠬᠥᠮᠥᠨ ᠲᠥᠷᠥᠯᠬᠢᠲᠡᠨ᠎ᠤ ᠲᠡᠦᠬᠡ ᠵᠢᠨ ᠤᠷᠳᠤ ᠠᠬᠢᠴᠠ ᠳᠤᠮᠳᠠ᠂ ᠳᠡᠯᠡᠬᠡᠢ ᠵᠢᠨ ᠦᠨᠳᠦᠰᠦᠲᠡᠨ᠎ᠨᠦᠭᠦᠳ ᠲᠤᠰ ᠪᠡᠶ᠎ᠡ ᠵᠢᠨ ᠣᠨᠴᠠᠯᠢᠭ ᠪᠣᠯᠣᠨ ᠰᠢᠨᠵᠢ ᠲᠡᠮᠳᠡᠭ ᠪᠦᠬᠦᠢ ᠪᠣᠯᠪᠠᠰᠤᠨ᠎ᠢ ᠡᠭᠦᠳᠪᠡ᠃ ᠠᠳᠠᠯᠢ ᠪᠤᠰᠤ ᠪᠣᠯᠪᠠᠰᠤᠨ᠎ᠤ ᠬᠣᠭᠣᠷᠣᠨᠳᠤ ᠡᠷᠬᠡ ᠲᠡᠭᠰᠢ᠎ᠪᠠᠷ ᠰᠣᠯᠢᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ᠎ᠨᠢ ᠬᠥᠮᠥᠨ ᠲᠥᠷᠥᠯᠬᠢᠲᠡᠨ᠎ᠤ ᠴᠠᠭ ᠦᠶ᠎ᠡ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠬᠠᠮᠲᠤ ᠵᠢᠨ ᠬᠥᠭᠵᠢᠯᠲᠡ ᠵᠢ ᠪᠡᠶᠡᠯᠡᠭᠦᠯᠬᠦ᠎ᠳᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠵᠢᠯᠣᠭᠣᠳᠤᠮᠵᠢ ᠬᠠᠩᠭ᠋ᠠᠬᠤ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃

      ᠰᠢ ᠵᠢᠨ ᠫᠢᠩ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠡᠩᠬᠡ ᠲᠠᠢ᠌ᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠭᠡᠬᠦ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠥᠷᠲᠡᠭ᠎ᠢ ᠪᠠᠳᠠᠷᠠᠭᠤᠯᠵᠤ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠵᠤ᠂ ᠪᠣᠯᠪᠠᠰᠤᠨ᠎ᠤ ᠰᠣᠯᠢᠯᠴᠠᠭ᠎ᠠ᠎ᠪᠠᠷ ᠪᠣᠯᠪᠠᠰᠤᠨ᠎ᠤ ᠵᠠᠪᠰᠠᠷᠳᠠᠯ᠎ᠢ ᠢᠯᠡᠨ ᠳᠠᠪᠠᠵᠤ᠂ ᠪᠣᠯᠪᠠᠰᠤᠨ᠎ᠤ ᠲᠣᠯᠢᠳᠠᠯ ᠵᠢᠨᠷ ᠪᠣᠯᠪᠠᠰᠤᠨ᠎ᠤ ᠮᠥᠷᠭᠦᠯᠳᠦᠭᠡᠨ᠎ᠢ ᠢᠯᠡᠨ ᠳᠠᠪᠠᠵᠤ᠂ ᠪᠣᠯᠪᠠᠰᠤᠨ᠎ᠤ ᠪᠠᠭᠲᠠᠭ᠋ᠠᠮᠵᠢ᠎ᠪᠠᠷ ᠪᠣᠯᠪᠠᠰᠤᠨ᠎ᠤ ᠳᠠᠪᠠᠭᠤᠯᠢᠭ᠎ᠢ ᠢᠯᠡᠨ ᠳᠠᠪᠠᠵᠤ᠂ ᠭᠠᠷ ᠬᠣᠯᠪᠣᠨ ᠬᠥᠮᠥᠨ ᠲᠥᠷᠥᠯᠬᠢᠲᠡᠨ᠎ᠤ ᠪᠣᠯᠪᠠᠰᠤᠨ᠎ᠤ ᠳᠠᠪᠰᠢᠯᠲᠠ ᠵᠢ ᠠᠬᠢᠭᠤᠯᠤᠨ᠎ᠠ᠃ ᠡᠯ᠎ᠡ ᠤᠯᠤᠰ᠎ᠤᠨ ᠬᠢᠲᠠᠳᠴᠢ ᠡᠷᠳᠡᠮᠲᠡᠳ ᠳᠤᠮᠳᠠᠳᠤ ᠭᠠᠳᠠᠭ᠋ᠠᠳᠤ ᠵᠢᠨ ᠪᠣᠯᠪᠠᠰᠤᠨ᠎ᠤ ᠠᠭᠤᠰᠤᠯᠴᠠᠨ ᠨᠡᠪᠲᠡᠷᠡᠯᠴᠡᠬᠦ ᠡᠯᠴᠢ ᠪᠣᠯᠤᠭᠰᠠᠨ᠎ᠤ ᠬᠤᠪᠢ᠎ᠳᠤ᠂ ᠳᠤᠮᠳᠠᠳᠤ ᠭᠠᠳᠠᠭ᠋ᠠᠳᠤ ᠵᠢᠨ ᠰᠣᠶᠣᠯ᠎ᠢ ᠨᠡᠪᠲᠡᠷᠡᠯᠴᠡᠭᠦᠯᠬᠦ᠂ ᠣᠢ᠌ᠯᠠᠭ᠋ᠠᠯᠴᠠᠭ᠎ᠠ ᠨᠥᠬᠥᠷᠯᠡᠯ ᠬᠠᠮᠲᠤᠷᠠᠯᠴᠠᠭ᠎ᠠ ᠵᠢ ᠵᠤᠵᠠᠭ᠋ᠠᠳᠬᠠᠬᠤ᠎ᠳᠤ ᠨᠡᠩ ᠢᠳᠡᠪᠬᠢᠲᠡᠢ ᠴᠢᠷᠮᠠᠢ᠌ᠯᠭ᠎ᠠ ᠭᠠᠷᠭ᠋ᠠᠬᠤ ᠵᠢ ᠬᠦᠰᠡᠵᠦ ᠪᠠᠢ᠌ᠨ᠎ᠠ ᠭᠡᠵᠦ ᠴᠢᠬᠤᠯᠠᠴᠢᠯᠠᠪᠠ᠃

      ᠭᠤᠷᠪᠠᠳᠤᠭ᠋ᠠᠷ ᠬᠤᠭᠤᠴᠠᠭ᠋ᠠᠨ᠎ᠤ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠤᠨ ᠶᠠᠷᠢᠯᠴᠠᠭ᠋ᠠᠨ᠎ᠤ ᠬᠤᠷᠠᠯ ᠵᠢᠴᠢ ᠠᠩᠬᠠᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠬᠢᠲᠠᠳᠴᠢ ᠡᠷᠳᠡᠮᠲᠡᠳ᠎ᠤᠨ ᠶᠡᠬᠡ ᠬᠤᠷᠠᠯ᠎ᠢ ᠳᠤᠮᠳᠠᠳᠤ ᠤᠯᠤᠰ᠎ᠤᠨ ᠤᠯᠠᠨ ᠤᠯᠤᠰ᠎ᠤᠨ ᠰᠣᠯᠢᠯᠴᠠᠭ᠋ᠠᠨ᠎ᠤ ᠨᠡᠢ᠌ᠭᠡᠮᠯᠢᠭ᠎ᠠᠴᠠ ᠭᠣᠣᠯᠯᠠᠨ ᠡᠷᠭᠢᠯᠡᠵᠦ᠂ 3᠎ᠤ ᠡᠳᠦᠷ ᠪᠡᠭᠡᠵᠢᠩ᠎ᠳᠤ ᠡᠬᠢᠯᠡᠵᠦ᠂ ᠭᠣᠣᠯ ᠰᠡᠳᠦᠪ᠎ᠨᠢ 《ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠵᠤ᠂ ᠭᠠᠷ ᠬᠣᠯᠪᠣᠨ ᠣᠳᠣᠬᠢᠴᠢᠯᠠᠯᠲᠠ ᠵᠢᠨ ᠰᠢᠨ᠎ᠡ ᠵᠢᠷᠤᠭ ᠲᠥᠰᠥᠪ᠎ᠢ ᠵᠢᠷᠤᠭᠯᠠᠶ᠎ᠠ》 ᠪᠣᠯᠣᠨ᠎ᠠ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 3᠎ᠤ ᠴᠠᠭᠢᠯᠭ᠋ᠠᠨ ᠮᠡᠳᠡᠭᠡ)

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠤᠨ ᠬᠡᠷᠡᠭ ᠡᠷᠭᠢᠯᠡᠭᠴᠢᠳ᠎ᠤᠨ ᠬᠤᠷᠠᠯ᠎ᠤᠨ ᠬᠣᠷᠢᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠳᠤ ᠣᠷᠣᠯᠴᠠᠬᠰᠡᠨ ᠪᠥᠭᠡᠳ ᠴᠢᠬᠤᠯᠠ ᠶᠠᠷᠢᠶ᠎ᠠ ᠲᠠᠯᠪᠢᠪᠠ
ᠰᠢ ᠵᠢᠨ ᠫᠢᠩ ᠨᠠᠨᠵᠢᠩ᠎ᠤᠨ ᠬᠢᠨᠠᠨ ᠪᠣᠳᠣᠯᠲᠠ ᠵᠢᠨ ᠶᠡᠬᠡ ᠰᠤᠷᠭ᠋ᠠᠭᠤᠯᠢ ᠵᠢᠨ ᠬᠢᠨᠠᠨ ᠪᠤᠳᠤᠬᠤ ᠲᠤᠰᠬᠠᠢ ᠮᠡᠷᠭᠡᠵᠢᠯ᠎ᠤᠨ ᠠᠰᠫᠢᠷᠠᠨᠲ᠎ᠤᠨ ᠣᠯᠠᠨ ᠤᠯᠤᠰ᠎ᠤᠨ ᠠᠩᠭᠢ᠎ᠳᠤ ᠰᠤᠷᠤᠯᠴᠠᠵᠤ ᠪᠠᠢ᠌ᠭ᠎ᠠ ᠭᠠᠳᠠᠭ᠋ᠠᠳᠤ ᠵᠢᠨ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠳᠤ ᠴᠢᠬᠤᠯᠠ ᠵᠢᠭ᠋ᠠᠪᠤᠷᠢ ᠥᠭᠴᠦ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ ᠵᠥᠪᠳᠡᠯᠴᠡᠵᠦ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ᠎ᠢ ᠰᠠᠢ᠌ᠲᠤᠷ ᠬᠢᠵᠦ ᠠᠷᠠᠳ ᠲᠦᠮᠡᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠦᠨᠡᠨ ᠬᠦ᠌ ᠲᠡᠷᠢᠭᠦᠨ᠎ᠳᠤ ᠲᠠᠯᠪᠢᠵᠤ ᠡᠯ᠎ᠡ ᠲᠥᠷᠥᠯ᠎ᠤᠨ ᠬᠣᠬᠢᠷᠠᠯ᠎ᠢ ᠬᠠᠮᠤᠭ᠎ᠤᠨ ᠳᠣᠣᠷ᠎ᠠ ᠬᠡᠮᠵᠢᠶᠡᠨ᠎ᠳᠤ ᠭᠦᠷᠲᠡᠯ᠎ᠡ ᠪᠠᠭᠤᠷᠠᠭᠤᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠱᠠᠭ᠋ᠠᠷᠳᠠᠪᠠ
ᠰᠢ ᠵᠢᠨ ᠫᠢᠩ ᠳᠤᠮᠳᠠᠳᠤ ᠠᠨᠭ᠌ᠭ᠍ᠯᠢ ᠵᠢᠨ ᠠᠷᠠᠯᠵᠢᠶᠠᠨ᠎ᠤ 《ᠮᠥᠰᠥ ᠬᠠᠭ᠋ᠠᠯᠬᠤ ᠠᠶᠠᠯᠠᠯ》᠎ᠤᠨ 70 ᠵᠢᠯ᠎ᠤᠨ ᠤᠢ ᠵᠢᠨ ᠠᠵᠢᠯᠯᠠᠭ᠎ᠠ᠎ᠳᠤ ᠪᠠᠶᠠᠷ᠎ᠤᠨ ᠵᠠᠬᠢᠳᠠᠯ ᠢᠯᠡᠭᠡᠪᠡ
ᠰᠢ ᠵᠢᠨ ᠫᠢᠩ ᠵᠢᠶᠠᠩᠰᠤ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠳᠤᠮᠳᠠ ᠬᠣᠰᠢᠭᠤᠷᠠᠨ ᠵᠢᠱ᠌ᠢᠶ᠎ᠡ ᠦᠵᠡᠭᠦᠯᠵᠦ 《ᠬᠦᠴᠦᠷᠬᠡᠭ ᠪᠠᠶᠠᠨ ᠴᠢᠨᠡᠭᠡᠯᠢᠭ ᠦᠵᠡᠰᠬᠦᠯᠡᠩᠲᠦ ᠰᠠᠢ᠌ᠬᠠᠨ ᠪᠣᠯᠪᠠᠰᠤᠨ》 ᠰᠢᠨ᠎ᠡ ᠵᠢᠶᠠᠩᠰᠤ ᠵᠢᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
 
            