ᠰᠢ ᠵᠢᠨ ᠫᠢᠩ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠤᠨ ᠬᠡᠷᠡᠭ ᠡᠷᠭᠢᠯᠡᠭᠴᠢᠳ᠎ᠤᠨ ᠬᠤᠷᠠᠯ᠎ᠤᠨ ᠬᠣᠷᠢᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠳᠤ ᠣᠷᠣᠯᠴᠠᠬᠰᠡᠨ ᠪᠥᠭᠡᠳ ᠴᠢᠬᠤᠯᠠ ᠶᠠᠷᠢᠶ᠎ᠠ ᠲᠠᠯᠪᠢᠪᠠ
ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠪᠦᠯᠬᠦᠮᠳᠡᠨ ᠬᠠᠮᠵᠢᠯᠴᠠᠬᠤ ᠵᠢ ᠪᠠᠷᠢᠮᠲᠠᠯᠠᠨ ᠳᠡᠯᠡᠬᠡᠢ ᠵᠢᠨ ᠡᠩᠬᠡ ᠲᠠᠢ᠌ᠪᠤᠩ ᠬᠢᠭᠡᠳ ᠬᠥᠭᠵᠢᠯᠲᠡ ᠵᠢ ᠬᠠᠮᠠᠭ᠋ᠠᠯᠠᠬᠤ᠎ᠳᠤ ᠨᠡᠩ ᠤᠯᠠᠨ ᠲᠣᠬᠲᠠᠭ᠋ᠠᠯᠲᠤ ᠴᠢᠨᠠᠷ ᠪᠠ ᠢᠳᠡᠪᠬᠢ ᠬᠦᠴᠦᠨ ᠨᠡᠮᠡᠷᠢᠯᠡᠶ᠎ᠡ ᠭᠡᠵᠦ ᠴᠢᠬᠤᠯᠠᠴᠢᠯᠠᠵᠠᠢ
ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 4᠎ᠤ ᠴᠠᠭᠢᠯᠭ᠋ᠠᠨ ᠮᠡᠳᠡᠭᠡ ᠤᠯᠤᠰ᠎ᠤᠨ ᠲᠡᠷᠢᠭᠦᠯᠡᠭᠴᠢ ᠰᠢ ᠵᠢᠨ ᠫᠢᠩ 7 ᠰᠠᠷ᠎ᠠ ᠵᠢᠨ 4᠎ᠤ ᠦᠳᠡ ᠵᠢᠨ ᠬᠣᠢ᠌ᠨ᠎ᠠ ᠪᠡᠭᠡᠵᠢᠩ᠎ᠳᠤ ᠸᠢᠳᠢᠤ᠋ ᠭᠡᠯᠪᠡᠷᠢ᠎ᠪᠠᠷ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠤᠨ ᠬᠡᠷᠡᠭ ᠡᠷᠭᠢᠯᠡᠭᠴᠢᠳ᠎ᠤᠨ ᠬᠤᠷᠠᠯ᠎ᠤᠨ ᠬᠣᠷᠢᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠳᠤ ᠣᠷᠣᠯᠴᠠᠬᠰᠠᠨ ᠪᠥᠭᠡᠳ 《 ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠪᠦᠯᠬᠦᠮᠳᠡᠨ ᠬᠠᠮᠵᠢᠯᠴᠠᠬᠤ ᠵᠢ ᠪᠠᠷᠢᠮᠲᠠᠯᠠᠵᠤ ᠨᠡᠩ ᠶᠡᠬᠡ ᠬᠥᠭᠵᠢᠯᠲᠡ ᠵᠢ ᠪᠡᠶᠡᠯᠡᠭᠦᠯᠦᠶ᠎ᠡ 》 ᠭᠡᠬᠦ ᠰᠡᠳᠦᠪ ᠵᠶ᠋ᠡᠷ ᠴᠢᠬᠤᠯᠠ ᠶᠠᠷᠢᠶ᠎ᠠ ᠲᠠᠯᠪᠢᠪᠠ ᠃

7 ᠰᠠᠷ᠎ᠠ ᠵᠢᠨ 4᠎ᠤ ᠦᠳᠡ ᠵᠢᠨ ᠬᠣᠢ᠌ᠨ᠎ᠠ ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠸᠢᠳᠢᠤ᠋ ᠭᠡᠯᠪᠡᠷᠢ᠎ᠪᠠᠷ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠤᠨ ᠬᠡᠷᠡᠭ ᠡᠷᠭᠢᠯᠡᠭᠴᠢᠳ᠎ᠤᠨ ᠬᠤᠷᠠᠯ᠎ᠤᠨ ᠬᠣᠷᠢᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠳᠤ ᠣᠷᠣᠯᠴᠠᠬᠰᠠᠨ ᠪᠥᠭᠡᠳ 《 ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠪᠦᠯᠬᠦᠮᠳᠡᠨ ᠬᠠᠮᠵᠢᠯᠴᠠᠬᠤ ᠵᠢ ᠪᠠᠷᠢᠮᠲᠠᠯᠠᠵᠤ ᠨᠡᠩ ᠶᠡᠬᠡ ᠬᠥᠭᠵᠢᠯᠲᠡ ᠵᠢ ᠪᠡᠶᠡᠯᠡᠭᠦᠯᠦᠶ᠎ᠡ 》 ᠭᠡᠬᠦ ᠰᠡᠳᠦᠪ ᠵᠶ᠋ᠡᠷ ᠴᠢᠬᠤᠯᠠ ᠶᠠᠷᠢᠶ᠎ᠠ ᠲᠠᠯᠪᠢᠪᠠ ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠯᠢ ᠰᠢᠤᠸᠠᠢ ᠷᠧᠨ ᠰᠡᠭᠦᠳᠡᠷᠯᠡᠪᠡ

7 ᠰᠠᠷ᠎ᠠ ᠵᠢᠨ 4᠎ᠤ ᠦᠳᠡ ᠵᠢᠨ ᠬᠣᠢ᠌ᠨ᠎ᠠ ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠸᠢᠳᠢᠤ᠋ ᠭᠡᠯᠪᠡᠷᠢ᠎ᠪᠠᠷ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠤᠨ ᠬᠡᠷᠡᠭ ᠡᠷᠭᠢᠯᠡᠭᠴᠢᠳ᠎ᠤᠨ ᠬᠤᠷᠠᠯ᠎ᠤᠨ ᠬᠣᠷᠢᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠳᠤ ᠣᠷᠣᠯᠴᠠᠬᠰᠠᠨ ᠪᠥᠭᠡᠳ 《 ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠪᠦᠯᠬᠦᠮᠳᠡᠨ ᠬᠠᠮᠵᠢᠯᠴᠠᠬᠤ ᠵᠢ ᠪᠠᠷᠢᠮᠲᠠᠯᠠᠵᠤ ᠨᠡᠩ ᠶᠡᠬᠡ ᠬᠥᠭᠵᠢᠯᠲᠡ ᠵᠢ ᠪᠡᠶᠡᠯᠡᠭᠦᠯᠦᠶ᠎ᠡ 》 ᠭᠡᠬᠦ ᠰᠡᠳᠦᠪ ᠵᠶ᠋ᠡᠷ ᠴᠢᠬᠤᠯᠠ ᠶᠠᠷᠢᠶ᠎ᠠ ᠲᠠᠯᠪᠢᠪᠠ ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠱᠧᠨ ᠬᠤᠩ ᠰᠡᠭᠦᠳᠡᠷᠯᠡᠪᠡ
ᠰᠢ ᠵᠢᠨ ᠫᠢᠩ ᠂ ᠪᠢ 10 ᠵᠢᠯ᠎ᠤᠨ ᠡᠮᠦᠨ᠎ᠡ ᠂ ᠳᠡᠯᠡᠬᠡᠢ ᠵᠢᠨ ᠬᠤᠪᠢᠷᠠᠯᠲᠠ ᠂ ᠴᠠᠭ ᠦᠶ᠎ᠡ ᠵᠢᠨ ᠬᠤᠪᠢᠷᠠᠯᠲᠠ ᠂ ᠲᠡᠦᠬᠡ ᠵᠢᠨ ᠬᠤᠪᠢᠷᠠᠯᠲᠠ ᠵᠢᠨ ᠡᠮᠦᠨ᠎ᠡ ᠂ ᠬᠥᠮᠥᠨ ᠲᠥᠷᠥᠯᠬᠢᠲᠡᠨ ᠨᠢᠭᠡ ᠪᠥᠮᠪᠥᠷᠴᠡᠭ ᠲᠣᠰᠬᠣᠨ᠎ᠳᠤ ᠠᠮᠢᠳᠤᠷᠠᠵᠤ ᠂ ᠤᠯᠠᠮ᠎ᠠᠴᠠ ᠤᠯᠠᠮ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠵᠤ ᠪᠠᠢ᠌ᠨ᠎ᠠ ᠭᠡᠵᠦ ᠳᠤᠷᠠᠳᠴᠠᠢ ᠃ 10 ᠵᠢᠯ᠎ᠤᠨ ᠲᠤᠷᠰᠢ ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠳᠡᠯᠡᠬᠡᠢ ᠨᠡᠢ᠌ᠲᠡ᠎ᠪᠠᠷ ᠵᠶ᠋ᠡᠨ ᠥᠷᠭᠡᠨ ᠵᠶ᠋ᠡᠷ ᠮᠡᠳᠡᠷᠡᠨ ᠳᠡᠮᠵᠢᠵᠦ ᠂ ᠣᠢ᠌ᠯᠠᠭ᠋ᠠᠭᠳᠠᠬᠤᠨ᠎ᠢ ᠶᠠᠭ ᠦᠢ᠍ᠯᠡ ᠠᠵᠢᠯᠯᠠᠭ᠎ᠠ ᠪᠣᠯᠭ᠋ᠠᠨ ᠬᠤᠪᠢᠷᠠᠭᠤᠯᠵᠤ ᠂ ᠠᠯᠤᠰ᠎ᠤᠨ ᠲᠥᠰᠥᠪ᠎ᠢ ᠪᠣᠳᠠᠲᠤ ᠠᠬᠤᠢ ᠪᠣᠯᠭ᠋ᠠᠨ ᠬᠤᠪᠢᠷᠠᠭᠤᠯᠵᠤ ᠪᠠᠢ᠌ᠨ᠎ᠠ ᠃ ᠡᠨᠡ ᠬᠦ᠌ ᠶᠠᠪᠤᠴᠠ᠎ᠳᠤ ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠴᠠᠭ ᠦᠶ᠎ᠡ ᠵᠢᠨ ᠡᠮᠦᠨ᠎ᠡ ᠡᠩᠨᠡᠭᠡᠨ᠎ᠳᠤ ᠶᠠᠪᠤᠵᠤ ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ ᠂ 《 ᠱᠠᠩᠬᠠᠢ ᠵᠢᠨ ᠵᠣᠷᠢᠭ ᠰᠠᠨᠠᠭ᠎ᠠ》 ᠵᠢ ᠪᠠᠳᠠᠷᠠᠭᠤᠯᠵᠤ ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠪᠠ ᠃ ᠪᠢᠳᠡ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠳᠤᠭᠤᠯᠬᠤ ᠰᠢᠯᠢᠳᠡᠭ ᠤᠯᠠᠮᠵᠢᠯᠠᠯ᠎ᠢ ᠪᠠᠷᠢᠮᠲᠠᠯᠠᠵᠤ ᠂ ᠲᠣᠰ ᠲᠣᠰ᠎ᠤᠨ ᠭᠣᠣᠯᠯᠠᠬᠤ ᠠᠰᠢᠭ ᠲᠤᠰᠠ᠎ᠪᠠᠨ ᠬᠠᠮᠠᠭ᠋ᠠᠯᠠᠬᠤ ᠵᠢ ᠡᠷᠡᠰ ᠳᠡᠮᠵᠢᠵᠦ ᠂ ᠲᠣᠰ ᠲᠣᠰ᠎ᠤᠨ ᠵᠶ᠋ᠠᠨ ᠬᠥᠭᠵᠢᠨ ᠮᠠᠨᠳᠤᠬᠤ ᠵᠠᠮ ᠳᠡᠭᠡᠷᠡᠬᠢ ᠢᠲᠡᠭᠡᠭᠦᠰᠢᠲᠡᠢ ᠬᠠᠨᠢᠲᠠᠨ ᠪᠤᠯᠵᠠᠶ ; ᠪᠢᠳᠡ ᠬᠠᠮᠲᠤ ᠵᠢᠨ ᠂ ᠶᠡᠷᠦᠩᠬᠡᠢ᠌ᠯᠡᠭᠰᠡᠨ ᠂ ᠬᠠᠮᠲᠤᠷᠠᠯᠴᠠᠭᠰᠠᠨ ᠂ ᠦᠷᠭᠦᠯᠵᠢᠯᠡᠬᠦ ᠠᠮᠤᠷ ᠲᠦᠪᠰᠢᠨ᠎ᠤ ᠦᠵᠡᠯᠲᠡ ᠵᠢ ᠦᠢ᠍ᠯᠡᠳᠦᠯᠭᠡᠵᠢᠭᠦᠯᠵᠦ ᠂ ᠡᠯ᠎ᠡ ᠲᠠᠯ᠎ᠠ ᠵᠢᠨ᠎ᠬᠢᠨ᠎ᠤ ᠠᠮᠤᠷ ᠲᠦᠪᠰᠢᠨ᠎ᠤ ᠲᠤᠬᠠᠢ ᠵᠦᠢ ᠵᠣᠬᠢᠰᠲᠠᠢ ᠠᠩᠬᠠᠷᠤᠯ᠎ᠢ ᠬᠠᠷᠠᠭ᠋ᠠᠯᠵᠠᠨ ᠂ ᠡᠯ᠎ᠡ ᠲᠦᠷᠦᠯ᠎ᠤᠨ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ᠎ᠤ ᠰᠢᠯᠭ᠋ᠠᠯᠲᠠ ᠵᠢ ᠨᠢᠭᠡᠳᠦᠯᠲᠡᠢ ᠲᠥᠯᠥᠪᠵᠢᠭᠦᠯᠦᠨ ᠠᠷᠭ᠋ᠠᠴᠠᠭ᠋ᠠᠵᠤ ᠂ ᠭᠠᠵᠠᠷ ᠣᠷᠣᠨ᠎ᠤ ᠡᠩᠬᠡ ᠲᠠᠢ᠌ᠪᠤᠩ ᠪᠠ ᠠᠮᠤᠷ ᠲᠦᠪᠰᠢᠨ᠎ᠢ ᠬᠠᠮᠲᠤ᠎ᠪᠠᠷ ᠰᠠᠬᠢᠨ ᠬᠠᠮᠠᠭ᠋ᠠᠯᠠᠪᠠ ; ᠪᠢᠳᠡ ᠰᠢᠨ᠎ᠡ ᠵᠢ ᠡᠭᠦᠳᠬᠦ ᠂ ᠵᠣᠬᠢᠴᠠᠩᠭᠤᠢ ᠂ ᠪᠣᠬᠢᠷᠳᠤᠯ ᠦᠭᠡᠢ ᠂ ᠨᠡᠭᠡᠭᠡᠯᠲᠡᠲᠤ ᠂ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ ᠂ ᠡᠯ᠎ᠡ ᠤᠯᠤᠰ᠎ᠤᠨ᠎ᠬᠢᠨ᠎ᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠰᠠᠨᠠᠭ᠋ᠠᠴᠢᠯᠠᠭᠠᠯᠤᠭᠠ ᠵᠣᠯᠭ᠋ᠠᠭᠤᠯᠵᠤ ᠂ ᠡᠯ᠎ᠡ ᠤᠯᠤᠰ᠎ᠤᠨ ᠠᠵᠤ ᠠᠬᠤᠢ ᠵᠢᠨ ᠬᠠᠮᠵᠢᠯᠴᠠᠵᠤ ᠬᠣᠯᠪᠣᠯᠳᠤᠨ ᠬᠥᠭᠵᠢᠬᠦ ᠵᠢ ᠠᠭᠢᠭᠤᠯᠪᠠ ; ᠪᠢᠳᠠ ᠡᠶᠡᠯᠳᠡᠭ ᠬᠥᠷᠰᠢ ᠵᠢᠨ ᠨᠥᠭᠦᠷᠰᠡᠭ ᠬᠠᠷᠢᠯᠴᠠᠭ᠋ᠠᠨ᠎ᠤ ᠵᠣᠷᠢᠭ ᠰᠠᠨᠠᠭ᠎ᠠ ᠵᠢ ᠤᠯᠠᠮᠵᠢᠯᠠᠵᠤ ᠂ ᠪᠣᠯᠪᠠᠰᠤᠨ ᠡᠷᠬᠡ ᠲᠡᠭᠰᠢ ᠬᠠᠷᠢᠯᠴᠠᠨ ᠲᠣᠯᠢᠳᠠᠬᠤ ᠂ ᠶᠠᠷᠢᠯᠴᠠᠭ᠎ᠠ ᠬᠢᠬᠦ ᠪᠠᠭᠲᠠᠭ᠋ᠠᠮᠵᠢᠲᠠᠢ ᠪᠠᠢ᠌ᠬᠤ ᠵᠢ ᠪᠠᠷᠢᠮᠲᠠᠯᠠᠵᠤ ᠂ ᠠᠳᠠᠯᠢ ᠪᠤᠰᠤ ᠪᠣᠯᠪᠠᠰᠤᠨ ᠨᠠᠢ᠌ᠷᠠᠮᠳᠠᠯ ᠵᠶ᠋ᠠᠷ ᠵᠡᠷᠭᠡᠴᠡᠨ ᠣᠷᠣᠰᠢᠵᠤ ᠂ ᠡᠶ᠎ᠡ ᠵᠣᠬᠢᠴᠠᠩᠭᠤᠢ᠎ᠪᠠᠷ ᠵᠡᠷᠭᠡᠴᠡᠨ ᠣᠷᠣᠰᠢᠬᠤ ᠵᠢ ᠰᠠᠨᠠᠭ᠋ᠠᠴᠢᠯᠠᠪᠠ ; ᠪᠢᠳᠡ ᠤᠯᠠᠨ ᠤᠯᠤᠰ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠵᠤ ᠂ ᠡᠵᠡᠷᠬᠡᠬᠦ ᠦᠵᠡᠯ ᠡᠵᠡᠷᠬᠡᠭ ᠶᠣᠰᠣ ᠪᠠᠯᠠᠮᠠᠳ ᠠᠵᠢᠯᠯᠠᠭ᠎ᠠ ᠵᠢ ᠡᠰᠡᠷᠭᠦᠴᠡᠵᠦ ᠂ ᠶᠠᠷᠢᠯᠴᠠᠭ᠎ᠠ ᠬᠢᠬᠦ᠎ᠠᠴᠠ ᠪᠢᠰᠢ ᠡᠰᠡᠷᠭᠦᠴᠡᠯᠳᠦᠬᠦ ᠦᠭᠡᠢ ᠂ ᠬᠠᠨᠢᠲᠠᠨ ᠪᠤᠯᠬᠤ᠎ᠠᠴᠠ ᠪᠢᠰᠢ ᠬᠣᠯᠪᠤᠭ᠎ᠠ ᠪᠠᠢ᠌ᠭᠤᠯᠬᠤ ᠦᠭᠡᠢ ᠬᠠᠨᠢᠲᠠᠨ᠎ᠤ ᠬᠠᠷᠢᠯᠴᠠᠭ᠎ᠠ ᠵᠢ ᠪᠠᠢ᠌ᠭᠤᠯᠵᠤ ᠂ ᠳᠡᠯᠡᠬᠡᠢ ᠵᠢᠨ ᠡᠩᠬᠡ ᠲᠠᠢ᠌ᠪᠤᠩ ᠲᠣᠭᠲᠠᠭᠤᠨ᠎ᠢ ᠬᠠᠮᠠᠭ᠋ᠠᠯᠠᠬᠤ ᠳᠠᠪᠰᠢᠩᠭᠤᠢ ᠬᠦᠴᠦᠨ᠎ᠢ ᠪᠤᠵᠠᠭ᠋ᠠᠢ᠌ᠷᠠᠭᠤᠯᠵᠠᠢ ᠭᠡᠵᠦ ᠵᠢᠭ᠋ᠠᠵᠤ ᠭᠠᠷᠭ᠋ᠠᠪᠠ ᠃ ᠰᠢ ᠵᠢᠨ ᠫᠢᠩ ᠂ ᠣᠳᠣᠬᠠᠨ᠎ᠤ ᠳᠡᠯᠡᠬᠡᠢ ᠶᠢᠷᠲᠢᠨᠴᠦ ᠤᠷᠪᠠᠭ᠋ᠠᠨ ᠬᠥᠷᠪᠡᠭᠡᠨ ᠬᠤᠪᠢᠷᠠᠯᠲᠠ ᠶᠡᠬᠡᠲᠡᠢ ᠪᠠᠢ᠌ᠵᠤ ᠂ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠳᠴᠦ ᠂ ᠬᠥᠮᠥᠨ ᠲᠥᠷᠥᠯᠬᠢᠲᠡᠨ᠎ᠤ ᠨᠡᠢ᠌ᠭᠡᠮ ᠤᠷᠢᠳ ᠡᠮᠦᠨ᠎ᠡ ᠪᠠᠢ᠌ᠭ᠎ᠠ ᠦᠭᠡᠢ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠨ᠎ᠠ ᠃ ᠪᠦᠯᠬᠦᠮᠳᠡᠬᠦ ᠦᠦ ᠡᠰᠡᠬᠦᠯ᠎ᠡ ᠬᠠᠭ᠋ᠠᠴᠠᠬᠤ ᠦᠦ ? ᠨᠠᠢ᠌ᠷᠠᠮᠳᠠᠬᠤ ᠦᠦ ᠡᠰᠡᠬᠦᠯ᠎ᠡ ᠮᠥᠷᠭᠥᠯᠳᠦᠬᠦ ᠦᠦ ? ᠬᠠᠮᠲᠤᠷᠠᠯᠴᠠᠬᠤ ᠤᠤ ᠡᠰᠡᠬᠦᠯ᠎ᠡ ᠡᠰᠡᠷᠭᠦᠴᠡᠯᠳᠦᠬᠦ ᠦᠦ ? ᠭᠡᠳᠡᠭ᠎ᠨᠢ ᠳᠠᠬᠢᠨᠲᠠ ᠴᠠᠭ ᠦᠶ᠎ᠡ ᠵᠢᠨ ᠠᠰᠠᠭᠤᠯᠲᠠ ᠪᠣᠯᠪᠠ ᠃ ᠮᠢᠨᠤ ᠬᠠᠷᠢᠭᠤᠯᠲᠠ ᠪᠣᠯ ᠂ ᠡᠯ᠎ᠡ ᠤᠯᠤᠰ᠎ᠤᠨ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠤ ᠬᠥᠭᠡᠭᠡᠴᠡᠯᠳᠦᠯ ᠮᠥᠨ ᠂ ᠡᠩᠬᠡ ᠲᠠᠢ᠌ᠪᠤᠩ ᠂ ᠬᠥᠭᠵᠢᠯᠲᠡ ᠂ ᠬᠠᠮᠲᠤᠷᠠᠯᠴᠠᠭ᠎ᠠ ᠂ ᠬᠠᠮᠲᠤ᠎ᠪᠠᠷ ᠠᠰᠢᠭ ᠭᠦᠷᠳᠡᠭᠦ ᠴᠠᠭ ᠦᠶ᠎ᠡ ᠵᠢᠨ ᠤᠷᠤᠰᠬᠠᠯ ᠬᠣᠷᠢᠭᠯᠠᠭᠳᠠᠰᠢ ᠦᠭᠡᠢ ᠶᠤᠮ ᠃ ᠪᠢᠳᠡ ᠴᠠᠭ ᠦᠶ᠎ᠡ᠎ᠠᠴᠠ ᠣᠯᠭᠣᠭᠰᠠᠨ ᠬᠦᠨᠳᠦ ᠡᠭᠦᠷᠭᠡ ᠵᠢ ᠡᠭᠦᠷᠭᠡᠯᠡᠵᠦ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠂ ᠪᠦᠯᠬᠦᠮᠳᠡᠨ ᠬᠠᠮᠵᠢᠯᠴᠠᠬᠤ ᠵᠢ ᠪᠠᠷᠢᠮᠲᠠᠯᠠᠵᠤ ᠂ ᠳᠡᠯᠡᠬᠡᠢ ᠵᠢᠨ ᠡᠩᠬᠡ ᠲᠠᠢ᠌ᠪᠤᠩ ᠬᠢᠭᠡᠳ ᠬᠥᠭᠵᠢᠯᠲᠡ ᠵᠢ ᠬᠠᠮᠠᠭ᠋ᠠᠯᠠᠬᠤ᠎ᠳᠤ ᠨᠡᠩ ᠤᠯᠠᠨ ᠲᠣᠬᠲᠠᠭ᠋ᠠᠯᠲᠤ ᠴᠢᠨᠠᠷ ᠪᠣᠯᠣᠨ ᠢᠳᠡᠪᠬᠢ ᠬᠦᠴᠦᠨ ᠨᠡᠮᠡᠷᠢᠯᠡᠬᠦ ᠬᠡᠷᠡᠭᠲᠡᠢ ᠃
ᠨᠢᠭᠡᠳᠦᠭᠡᠷ᠎ᠲᠤ ᠂ ᠵᠥᠪ ᠴᠢᠭᠯᠡᠯ᠎ᠢ ᠪᠠᠲᠤ ᠡᠵᠡᠮᠳᠡᠵᠦ ᠂ ᠪᠦᠯᠬᠦᠮᠳᠡᠯ ᠢᠲᠡᠭᠡᠯᠴᠡᠭᠡ᠎ᠪᠠᠨ ᠴᠢᠩᠭ᠋ᠠᠳᠬᠠᠶ᠎ᠠ ᠃ ᠪᠢᠳᠡ ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ ᠵᠢ ᠪᠠᠭᠲᠠᠭ᠋ᠠᠵᠤ ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ ᠂ ᠡᠯ᠎ᠡ ᠵᠦᠢ᠍ᠯ᠎ᠤᠨ ᠬᠠᠷᠰᠢ ᠰᠠᠭ᠋ᠠᠳ᠎ᠢ ᠠᠷᠢᠯᠭ᠋ᠠᠳᠠᠭ ᠯᠠ ᠶᠤᠮ ᠪᠣᠯ ᠡᠯ᠎ᠡ ᠪᠦᠷᠢᠯᠳᠦᠭᠦᠨ ᠤᠯᠤᠰ᠎ᠤᠨ ᠠᠮᠤᠷ ᠲᠦᠪᠰᠢᠨ ᠪᠠ ᠬᠥᠭᠵᠢᠯᠲᠡ ᠵᠢᠨ ᠠᠰᠢᠭ ᠲᠤᠰᠠ ᠵᠢ ᠰᠠᠢ᠌ᠲᠤᠷ ᠬᠠᠮᠠᠭ᠋ᠠᠯᠠᠵᠤ ᠂ ᠰᠠᠢ᠌ᠲᠤᠷ ᠪᠡᠶᠡᠯᠡᠭᠦᠯᠵᠦ ᠴᠢᠳᠠᠨ᠎ᠠ ᠭᠡᠳᠡᠭ᠎ᠢ ᠪᠣᠳᠠᠲᠤ ᠶᠠᠪᠤᠳᠠᠯ ᠭᠡᠷᠡᠴᠢᠯᠡᠪᠡ ᠃ ᠪᠠᠢ᠌ᠯᠳᠤᠬᠤ ᠪᠣᠳᠣᠯᠭ᠎ᠠ ᠵᠢᠨ ᠣᠯᠣᠯᠴᠠᠭ᠎ᠠ ᠪᠣᠯᠣᠨ ᠬᠠᠮᠵᠢᠯᠴᠠᠭ᠎ᠠ᠎ᠪᠠᠨ ᠴᠢᠩᠭ᠋ᠠᠳᠬᠠᠵᠤ ᠂ ᠶᠠᠷᠢᠯᠴᠠᠭ᠎ᠠ᠎ᠪᠠᠷ ᠵᠥᠷᠢᠯᠳᠦᠭᠡᠨ ᠵᠶ᠋ᠡᠨ ᠠᠷᠢᠯᠭ᠋ᠠᠵᠤ ᠂ ᠬᠠᠮᠲᠤᠷᠠᠯᠴᠠᠭ᠎ᠠ᠎ᠪᠠᠷ ᠥᠷᠢᠰᠦᠯᠳᠦᠭᠡᠨ᠎ᠢ ᠳᠠᠪᠠᠵᠤ ᠂ ᠲᠤᠰ ᠲᠤᠰ᠎ᠤᠨ ᠵᠶ᠋ᠠᠨ ᠭᠣᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠢ᠌ᠭ᠎ᠠ ᠴᠢᠬᠤᠯᠠ ᠶᠡᠬᠡ ᠠᠰᠠᠭᠤᠳᠠᠯ᠎ᠢ ᠦᠨᠡᠨ ᠬᠦ᠌ ᠭᠦᠨᠳᠦᠳᠭᠡᠵᠦ ᠂ ᠲᠤᠰ ᠲᠤᠰ᠎ᠤᠨ ᠵᠶ᠋ᠠᠨ ᠬᠥᠭᠵᠢᠯ ᠮᠠᠨᠳᠤᠯ᠎ᠢ ᠪᠡᠶᠡᠯᠡᠭᠦᠯᠬᠦ ᠵᠢ ᠡᠷᠡᠰ ᠳᠡᠮᠵᠢᠶ᠎ᠠ ᠃ ᠭᠠᠵᠠᠷ ᠣᠷᠣᠨ᠎ᠤ ᠪᠦᠬᠦᠯᠢ ᠴᠣᠭᠴᠠ ᠪᠠ ᠠᠯᠤᠰ ᠭᠡᠲᠦ ᠵᠢᠨ ᠠᠰᠢᠭ ᠲᠤᠰᠠ᠎ᠠᠴᠠ ᠡᠭᠦᠰᠴᠦ ᠂ ᠭᠠᠳᠠᠭ᠋ᠠᠳᠤ ᠲᠥᠷᠥ ᠵᠢᠨ ᠪᠣᠳᠣᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠨ ᠲᠣᠭᠲᠠᠭ᠋ᠠᠵᠤ ᠂ ᠲᠣᠰ ᠤᠯᠤᠰ᠎ᠤᠨ ᠵᠶ᠋ᠠᠨ ᠬᠥᠭᠵᠢᠯᠲᠡ ᠳᠠᠪᠰᠢᠯᠲᠠ ᠵᠢᠨ ᠢᠷᠡᠭᠡᠳᠦᠢ ᠬᠤᠪᠢ ᠵᠠᠶᠠᠭ᠎ᠠ ᠵᠢ ᠥᠪᠡᠷ᠎ᠤᠨ ᠭᠠᠷ᠎ᠲᠠᠭᠠᠨ ᠪᠠᠲᠤ ᠡᠵᠡᠮᠳᠡᠶ᠎ᠡ ᠃
ᠬᠣᠶᠠᠳᠤᠭ᠋ᠠᠷ᠎ᠲᠤ ᠂ ᠭᠠᠵᠠᠷ ᠣᠷᠣᠨ᠎ᠤ ᠡᠩᠬᠡ ᠲᠠᠢ᠌ᠪᠤᠩ᠎ᠢ ᠬᠠᠮᠠᠭ᠋ᠠᠯᠠᠵᠤ ᠂ ᠬᠠᠮᠲᠤ ᠵᠢᠨ ᠠᠮᠤᠷ ᠲᠦᠪᠰᠢᠨ᠎ᠢ ᠪᠠᠲᠤᠯᠠᠶ᠎ᠠ ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠵᠤ ᠂ ᠶᠠᠷᠢᠯᠴᠠᠭ᠎ᠠ ᠵᠥᠪᠳᠡᠯᠴᠡᠭᠡ᠎ᠪᠠᠷ ᠳᠠᠮᠵᠢᠭᠤᠯᠤᠨ ᠤᠯᠤᠰ᠎ᠤᠨ ᠬᠣᠭᠣᠷᠣᠨᠳᠣᠭᠢ ᠵᠥᠷᠢᠯᠳᠦᠭᠡᠨ ᠵᠥᠷᠢᠴᠡᠯ᠎ᠢ ᠰᠢᠢ᠍ᠳᠪᠦᠷᠢᠯᠡᠬᠦ ᠵᠢ ᠪᠠᠷᠢᠮᠲᠠᠯᠠᠵᠤ ᠂ ᠳᠡᠯᠡᠬᠡᠢ ᠵᠢᠨ ᠪᠠ ᠭᠠᠵᠠᠷ ᠣᠷᠣᠨ᠎ᠤ ᠬᠠᠯᠠᠮᠰᠢᠯ ᠠᠰᠠᠭᠤᠳᠠᠯ᠎ᠢ ᠤᠯᠤᠰ ᠲᠦᠷᠦ ᠵᠢᠨ ᠠᠷᠭ᠎ᠠ᠎ᠪᠠᠷ ᠰᠢᠢ᠍ᠳᠪᠦᠷᠢᠯᠡᠬᠦ ᠵᠢ ᠠᠬᠢᠭᠤᠯᠵᠤ ᠂ ᠭᠠᠵᠠᠷ ᠣᠷᠣᠨ᠎ᠤ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠨ᠎ᠡ ᠃ ᠲᠤᠰ ᠵᠣᠬᠢᠶᠠᠨ ᠪᠠᠢ᠌ᠭᠤᠯᠤᠯᠲᠠ ᠵᠢᠨ ᠠᠮᠤᠷ ᠲᠦᠪᠰᠢᠨ᠎ᠤ ᠬᠠᠮᠲᠤᠷᠠᠯᠴᠠᠭ᠎ᠠ ᠵᠢᠨ ᠲᠦᠪᠰᠢᠨ᠎ᠢ ᠳᠡᠭᠡᠭᠰᠢᠯᠡᠭᠦᠯᠵᠦ ᠂ 《 ᠵᠡᠭᠦᠨ ᠲᠦᠷᠺᠰᠲ᠋ᠠᠨ 》 ᠵᠡᠷᠭᠡ 《 ᠭᠤᠷᠪᠠᠨ ᠵᠦᠢ᠍ᠯ᠎ᠤᠨ ᠬᠦᠴᠦᠨ 》 ᠂ ᠬᠣᠣᠷᠲᠤ ᠡᠳ᠋᠎ᠢ ᠨᠢᠭᠤᠴᠠ᠎ᠪᠠᠷ ᠠᠷᠠᠯᠵᠢᠶᠠᠯᠠᠬᠤ ᠂ ᠰᠦᠯᠵᠢᠶ᠎ᠡ ᠪᠣᠯᠣᠨ ᠤᠯᠤᠰ ᠠᠯᠤᠰᠯᠠᠭᠰᠠᠨ ᠵᠣᠬᠢᠶᠠᠨ ᠪᠠᠢ᠌ᠭᠤᠯᠤᠯᠲᠠ᠎ᠲᠠᠢ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠂ ᠳ᠋ᠠᠢ᠌ᠲ᠋ᠠ ᠵᠢᠨ ᠠᠮᠤᠷ ᠲᠦᠪᠰᠢᠨ ᠂ ᠠᠮᠢᠳᠤ ᠪᠣᠳᠠᠰ᠎ᠤᠨ ᠠᠮᠤᠷ ᠲᠦᠪᠰᠢᠨ ᠂ ᠰᠠᠨᠰᠠᠷ ᠣᠷᠴᠢᠯᠠᠩ᠎ᠤᠨ ᠠᠮᠤᠷ ᠲᠦᠪᠰᠢᠨ ᠵᠡᠷᠭᠡ ᠤᠯᠠᠮᠵᠢᠯᠠᠯᠲᠤ ᠪᠤᠰᠤ ᠠᠮᠤᠷ ᠲᠦᠪᠰᠢᠨ᠎ᠤ ᠬᠦᠷᠢᠶᠡᠨ᠎ᠤ ᠬᠠᠮᠲᠤᠷᠠᠯᠴᠠᠭ᠎ᠠ᠎ᠪᠠᠨ ᠥᠷᠭᠡᠳᠬᠡᠶ᠎ᠡ ᠃ ᠠᠹᠭ᠋ᠠᠨᠢᠰᠲ᠋ᠠᠨ᠎ᠤ ᠬᠥᠷᠰᠢ ᠤᠯᠤᠰ᠎ᠤᠳ᠎ᠤᠨ ᠵᠣᠬᠢᠴᠠᠭᠤᠯᠤᠨ ᠬᠠᠮᠲᠤᠷᠠᠯᠴᠠᠬᠤ ᠲᠣᠭᠲᠠᠴᠠ ᠵᠡᠷᠭᠡ ᠲᠠᠪᠴᠠᠩ᠎ᠤᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ ᠂ ᠠᠹᠭ᠋ᠠᠨᠢᠰᠲ᠋ᠠᠨ᠎ᠤ ᠨᠠᠢ᠌ᠷᠠᠮᠳᠠᠯ ᠵᠶ᠋ᠠᠷ ᠲᠠᠭᠢᠨ ᠪᠠᠢ᠌ᠭᠤᠯᠬᠤ ᠵᠠᠮ ᠵᠶ᠋ᠠᠷ ᠵᠠᠮᠨᠠᠬᠤ ᠵᠢ ᠠᠬᠢᠭᠤᠯᠤᠶ᠎ᠠ ᠃
ᠭᠤᠷᠪᠠᠳᠤᠭ᠋ᠠᠷ᠎ᠲᠤ ᠂ ᠪᠣᠳᠠᠲᠠᠢ ᠵᠢ ᠡᠷᠭᠢᠮᠯᠡᠭᠦ ᠬᠠᠮᠲᠤᠷᠠᠯᠴᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠠᠵᠤ ᠠᠬᠤᠢ ᠵᠢᠨ ᠰᠡᠷᠭᠦᠯᠲᠡ ᠵᠢ ᠲᠦᠷᠭᠡᠳᠬᠡᠶ᠎ᠡ ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠵᠤ ᠂ ᠠᠵᠤ ᠠᠬᠤᠢ ᠵᠢᠨ ᠳᠡᠯᠡᠬᠡᠢ᠌ᠵᠢᠯᠲᠡ ᠵᠢᠨ ᠵᠥᠪ ᠴᠢᠭᠯᠡᠯ᠎ᠢ ᠪᠠᠷᠢᠮᠲᠠᠯᠠᠵᠤ ᠂ ᠬᠠᠮᠠᠭ᠋ᠠᠯᠠᠬᠤ ᠦᠵᠡᠯ ᠂ ᠭᠠᠭᠴᠠ ᠲᠠᠯ᠎ᠠ ᠵᠢᠨ ᠵᠠᠯᠬᠠᠭ᠋ᠠᠯᠢ ᠡᠰᠡᠷᠭᠦᠴᠡᠵᠦ ᠂ ᠤᠯᠤᠰ᠎ᠤᠨ ᠠᠮᠤᠷ ᠲᠦᠪᠰᠢᠨ᠎ᠤ ᠤᠬᠠᠭᠳᠠᠬᠤᠨ᠎ᠢ ᠨᠢᠭᠡᠳᠬᠡᠵᠦ ᠂ 《 ᠬᠡᠷᠡᠮ ᠪᠣᠰᠬᠠᠨ ᠪᠡᠬᠢᠯᠡᠯᠲᠡ ᠪᠠᠢ᠌ᠭᠤᠯᠬᠤ 》 ᠂ 《 ᠬᠠᠷᠢᠯᠴᠠᠭ᠎ᠠ᠎ᠪᠠᠨ ᠲᠠᠰᠤᠯᠬᠤ 》 ᠵᠢ ᠡᠰᠡᠷᠭᠦᠴᠡᠵᠦ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢᠨ 《 ᠪᠤᠭᠤᠷᠰᠤᠬ 》᠎ᠢ ᠪᠤᠵᠠᠭ᠋ᠠᠢ᠌ᠷᠠᠭᠤᠯᠵᠤ ᠂ ᠬᠥᠭᠵᠢᠯᠲᠡ ᠵᠢᠨ ᠦᠷ᠎ᠡ ᠪᠦᠲᠦᠭᠡᠯ᠎ᠢ ᠡᠯ᠎ᠡ ᠤᠯᠤᠰ᠎ᠤᠨ ᠠᠷᠠᠳ ᠲᠦᠮᠡᠨ᠎ᠳᠤ ᠨᠡᠩ ᠤᠯᠠᠨ ᠨᠡᠩ ᠡᠷᠬᠡ ᠲᠡᠭᠰᠢ᠎ᠪᠠᠷ ᠬᠦᠷᠲᠡᠭᠡᠬᠦ᠎ᠪᠠᠷ ᠴᠢᠷᠮᠠᠢ᠌ᠨ᠎ᠠ ᠃ ᠡᠯ᠎ᠡ ᠲᠠᠯ᠎ᠠ ᠵᠢᠨ᠎ᠬᠢᠨ᠎ᠤ ᠭᠤᠷᠪᠠᠳᠤᠭ᠋ᠠᠷ ᠬᠤᠭᠤᠴᠠᠭ᠋ᠠᠨ᠎ᠤ 《 ᠨᠢᠭᠡ ᠪᠦᠰᠡ ᠨᠢᠭᠡ ᠵᠠᠮ 》᠎ᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠶᠠᠷᠢᠶᠠᠨ᠎ᠤ ᠲᠠᠪᠴᠠᠩ᠎ᠳᠤ ᠣᠷᠣᠯᠴᠠᠵᠤ ᠂ ᠳᠡᠯᠡᠬᠡᠢ ᠳ᠋ᠠᠬᠢᠨ᠎ᠳᠤ ᠪᠤᠶᠠᠨ ᠦᠢ᠍ᠯᠡᠳᠬᠦ ᠡᠨᠡ ᠬᠦ᠌ ᠵᠢᠷᠭ᠋ᠠᠯ᠎ᠤᠨ ᠵᠠᠮ᠎ᠢ ᠬᠠᠮᠲᠤ᠎ᠪᠠᠷ ᠨᠡᠩ ᠥᠷᠭᠡᠨ ᠨᠡᠩ ᠬᠤᠯᠠ ᠳᠡᠪᠢᠰᠬᠦ ᠵᠢ ᠪᠠᠶᠠᠷᠯᠠᠨ ᠤᠭᠲᠤᠵᠤ ᠪᠠᠢ᠌ᠨ᠎ᠠ ᠃ ᠳᠤᠮᠳᠠᠳᠤ ᠤᠯᠤᠰ᠎ᠤᠨ᠎ᠬᠢᠨ ᠲᠤᠰ ᠵᠣᠬᠢᠶᠠᠨ ᠪᠠᠢ᠌ᠭᠤᠯᠤᠯᠲᠠ ᠵᠢᠨ ᠤᠯᠤᠰ᠎ᠤᠳ᠎ᠤᠨ ᠲᠤᠰ ᠤᠯᠤᠰ᠎ᠤᠨ ᠵᠣᠭᠣᠰ ᠵᠢᠨᠷ ᠲᠠᠰᠤᠯᠤᠨ ᠪᠤᠳᠤᠬᠤ ᠬᠡᠮᠵᠢᠶ᠎ᠡ᠎ᠪᠠᠨ ᠥᠷᠭᠡᠳᠬᠡᠵᠦ ᠂ ᠲᠤᠰ ᠵᠣᠬᠢᠶᠠᠨ ᠪᠠᠢ᠌ᠭᠤᠯᠤᠯᠲᠠ ᠵᠢᠨ ᠨᠡᠭᠡᠭᠡᠨ ᠬᠥᠭᠵᠢᠭᠦᠯᠦᠯᠲᠡ ᠵᠢᠨ ᠪᠠᠩᠬᠢ ᠪᠠᠢ᠌ᠭᠤᠯᠬᠤ ᠵᠢ ᠠᠬᠢᠭᠤᠯᠬᠤ ᠵᠢ ᠰᠠᠨᠠᠭᠤᠯᠵᠤ ᠪᠠᠢ᠌ᠨ᠎ᠠ ᠃
ᠳᠥᠷᠪᠡᠳᠦᠭᠡᠷ᠎ᠲᠤ ᠂ ᠰᠣᠯᠢᠯᠴᠠᠭ᠎ᠠ ᠲᠣᠯᠢᠳᠠᠯ ᠵᠶ᠋ᠠᠨ ᠴᠢᠩᠭ᠋ᠠᠳᠬᠠᠵᠤ ᠂ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠤᠶ᠎ᠠ ᠃ ᠳᠤᠮᠳᠠᠳᠤ ᠤᠯᠤᠰ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠬᠠᠮᠲᠤ᠎ᠪᠠᠷ ᠨᠠᠢ᠌ᠳᠠᠪᠤᠷᠢᠵᠢᠭᠤᠯᠵᠤ ᠂ ᠠᠳᠠᠯᠢ ᠪᠤᠰᠤ ᠪᠣᠯᠪᠠᠰᠤᠨ ᠪᠠᠭᠲᠠᠭ᠋ᠠᠮᠵᠢᠲᠠᠢ ᠬᠠᠮᠲᠤ᠎ᠪᠠᠷ ᠣᠷᠣᠰᠢᠬᠤ ᠵᠢ ᠠᠬᠢᠭᠤᠯᠵᠤ ᠂ ᠡᠯ᠎ᠡ ᠤᠯᠤᠰ᠎ᠤᠨ ᠠᠷᠠᠳ ᠲᠦᠮᠡᠨ᠎ᠤ ᠬᠠᠷᠢᠯᠴᠠᠨ ᠣᠢ᠌ᠯᠠᠭ᠋ᠠᠯᠴᠠᠵᠤ ᠬᠠᠷᠢᠯᠴᠠᠨ ᠳᠣᠲᠣᠨᠣ ᠪᠠᠢ᠌ᠬᠤ ᠵᠢ ᠠᠬᠢᠭᠤᠯᠬᠤ ᠵᠢ ᠪᠠᠶᠠᠷᠯᠠᠨ ᠤᠭᠲᠤᠵᠤ ᠪᠠᠢ᠌ᠨ᠎ᠠ ᠃ ᠰᠤᠷᠭ᠋ᠠᠨ ᠬᠥᠮᠦᠵᠢᠯ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠂ ᠰᠣᠶᠣᠯ ᠂ ᠡᠷᠡᠭᠦᠯ ᠬᠠᠮᠠᠭ᠋ᠠᠯᠠᠯ ᠂ ᠪᠡᠶ᠎ᠡ ᠵᠢᠨ ᠲᠠᠮᠢᠷ ᠂ ᠵᠠᠭᠤᠴᠢᠯᠠᠭᠤᠷ ᠵᠡᠷᠭᠡ ᠬᠦᠷᠢᠶᠡᠨ᠎ᠤ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠦᠶᠡ ᠃ ᠢᠷᠡᠬᠦ 3 ᠵᠢᠯ᠎ᠳᠤ ᠂ ᠳᠤᠮᠳᠠᠳᠤ ᠤᠯᠤᠰ ᠲᠤᠰ ᠵᠣᠬᠢᠶᠠᠨ ᠪᠠᠢ᠌ᠭᠤᠯᠤᠯᠲᠠ ᠵᠢᠨ ᠤᠯᠤᠰ᠎ᠤᠳ᠎ᠲᠤ ᠤᠯᠠᠨ ᠤᠯᠤᠰ᠎ᠤᠨ ᠬᠢᠲᠠᠳ ᠬᠡᠯᠡᠨ᠎ᠤ ᠪᠠᠭᠰᠢ ᠵᠢᠨ 1000 ᠰᠤᠷᠤᠯᠭ᠎ᠠ ᠵᠢᠨ ᠱᠠᠩᠨᠠᠯ᠎ᠤᠨ ᠮᠥᠩᠭᠥ ᠵᠢᠨ ᠣᠷᠣᠨ ᠲᠣᠭ᠎ᠠ ᠪᠣᠯᠣᠨ 《 ᠬᠢᠲᠠᠳ ᠬᠡᠯᠡᠨ᠎ᠤ ᠬᠥᠭᠥᠷᠭᠡ 》 ᠵᠢᠨ 3000 ᠵᠤᠰᠠᠯᠠᠩ᠎ᠤᠨ ᠣᠷᠣᠨ ᠲᠣᠭ᠎ᠠ ᠬᠠᠩᠭ᠋ᠠᠵᠤ ᠂ 100 ᠵᠠᠯᠠᠭᠤ ᠰᠢᠨᠵᠢᠯᠡᠬᠦ ᠤᠬᠠᠭ᠋ᠠᠨᠲᠠᠨ᠎ᠢ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠣᠯᠢᠯᠴᠠᠭ᠎ᠠ᠎ᠳᠤ ᠤᠷᠢᠵᠤ ᠣᠷᠣᠯᠴᠠᠭᠤᠯᠤᠨ᠎ᠠ ᠃
ᠲᠠᠪᠤᠳᠤᠭ᠋ᠠᠷ᠎ᠲᠤ ᠂ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ ᠂ ᠪᠦᠭᠦ ᠪᠥᠮᠪᠥᠷᠴᠡᠭ᠎ᠤᠨ ᠵᠠᠰᠠᠯᠲᠠ ᠵᠢ ᠲᠡᠭᠦᠯᠳᠡᠷᠵᠢᠭᠦᠯᠦᠶ᠎ᠡ ᠃ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠵᠤ ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠪᠠᠷ ᠭᠣᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠠ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠵᠢᠷᠤᠮ᠎ᠢ ᠡᠷᠡᠰ ᠬᠠᠮᠠᠭ᠋ᠠᠯᠠᠵᠤ ᠂ ᠡᠵᠡᠷᠬᠡᠬᠦ ᠦᠵᠡᠯ ᠪᠠ ᠬᠦᠴᠦᠷᠬᠡᠭᠯᠡᠯ᠎ᠤᠨ ᠤᠯᠤᠰ ᠲᠦᠷᠦ ᠵᠢ ᠡᠰᠡᠷᠭᠦᠴᠡᠵᠦ ᠂ ᠪᠦᠭᠦ ᠪᠥᠮᠪᠥᠷᠴᠡᠭ᠎ᠤᠨ ᠵᠠᠰᠠᠯᠲᠠ ᠵᠢ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ ᠵᠶ᠋ᠡᠷ ᠬᠥᠭᠵᠢᠬᠦ ᠵᠢ ᠠᠬᠢᠭᠤᠯᠵᠤ ᠂ ᠡᠷᠬᠡ ᠵᠢᠨ ᠲᠥᠪ ᠭᠣᠣᠯᠴᠢ ᠂ ᠲᠣᠭᠢᠶᠠᠯ᠎ᠤᠨ ᠡᠷᠬᠡ ᠲᠡᠭᠰᠢ ᠂ ᠳᠦᠷᠢᠮ᠎ᠤᠨ ᠡᠷᠬᠡ ᠲᠡᠭᠰᠢ ᠵᠢ ᠲᠠᠰᠤᠷᠠᠯᠳᠠ ᠦᠭᠡᠢ ᠠᠬᠢᠭᠤᠯᠬᠤ ᠬᠠᠮᠲᠤ ᠵᠢᠨ ᠴᠢᠷᠮᠠᠢ᠌ᠯᠭ᠎ᠠ ᠳᠣᠣᠷᠠᠬᠢ ᠬᠥᠮᠥᠨ ᠲᠥᠷᠥᠯᠬᠢᠲᠡᠨ᠎ᠤ ᠨᠡᠢ᠌ᠭᠡᠮ᠎ᠤᠨ ᠣᠳᠣᠬᠢᠴᠢᠯᠠᠯᠲᠠ ᠵᠢ ᠠᠬᠢᠭᠤᠯᠵᠤ ᠂ ᠬᠠᠮᠲᠤ᠎ᠪᠠᠷ ᠳᠡᠯᠡᠬᠡᠢ ᠵᠢᠨ ᠡᠩᠬᠡ ᠲᠠᠢ᠌ᠪᠤᠩ᠎ᠤᠨ ᠪᠦᠲᠦᠭᠡᠨ ᠪᠠᠢ᠌ᠭᠤᠯᠤᠭᠴᠢ ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠬᠤᠪᠢ ᠨᠡᠮᠡᠷᠢ ᠦᠵᠡᠭᠦᠯᠦᠭᠴᠢ ᠂ ᠤᠯᠠᠨ ᠤᠯᠤᠰ᠎ᠤᠨ ᠡᠮᠬᠢ ᠵᠢᠷᠤᠮ᠎ᠤᠨ ᠬᠠᠮᠠᠭ᠋ᠠᠯᠠᠭᠴᠢ ᠪᠣᠯᠣᠶ᠎ᠠ ᠭᠡᠵᠦ ᠴᠢᠬᠤᠯᠠᠴᠢᠯᠠᠪᠠ ᠃
ᠰᠢ ᠵᠢᠨ ᠫᠢᠩ ᠂ ᠣᠳᠣᠬᠠᠨ᠎ᠳᠤ ᠂ ᠳᠤᠮᠳᠠᠳᠤ ᠤᠯᠤᠰ᠎ᠤᠨ ᠠᠷᠠᠳ ᠲᠦᠮᠡᠨ ᠶᠠᠭ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠪᠠᠢ᠌ᠨ᠎ᠠ ᠃ ᠪᠢᠳᠡ ᠳᠤᠷᠠᠲᠠᠶ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠠᠮᠵᠢᠯᠲᠠ ᠪᠦᠲᠦᠮᠵᠢ᠎ᠪᠠᠷ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠤᠯᠤᠰ᠎ᠤᠳ᠎ᠢ ᠪᠠᠭᠲᠠᠭ᠋ᠠᠭᠰᠠᠨ ᠳᠡᠯᠡᠬᠡᠢ ᠵᠢᠨ ᠡᠯ᠎ᠡ ᠤᠯᠤᠰ᠎ᠲᠤ ᠰᠢᠨ᠎ᠡ ᠬᠥᠭᠵᠢᠯᠲᠡ ᠵᠢᠨ ᠠᠵᠠ ᠲᠣᠭᠢᠶᠠᠯ ᠬᠠᠩᠭ᠋ᠠᠵᠤ ᠂ ᠨᠡᠩ ᠰᠠᠢ᠌ᠨ ᠰᠠᠢ᠌ᠬᠠᠨ ᠳᠡᠯᠡᠬᠡᠢ ᠶᠢᠷᠲᠢᠨᠴᠦ ᠵᠢ ᠪᠠᠢ᠌ᠭᠤᠯᠬᠤ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ ᠃
ᠰᠢ ᠵᠢᠨ ᠫᠢᠩ ᠬᠠᠮᠤᠭ᠎ᠤᠨ ᠰᠡᠭᠦᠯ᠎ᠳᠤ ᠂ ᠶᠡᠬᠡ ᠶᠣᠰᠣ ᠠᠨ᠎ᠤ ᠭᠠᠵᠠᠷᠳᠠᠬᠤ ᠦᠭᠡᠢ ᠂ ᠵᠥᠪ ᠵᠠᠮᠳᠤᠷ ᠭᠠᠭᠴᠠᠭ᠋ᠠᠷᠳᠠᠬᠤ ᠦᠭᠡᠢ ᠃ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠤᠳᠤ ᠵᠢᠨ ᠴᠠᠭ ᠦᠶ᠎ᠡ ᠵᠢᠨ ᠤᠷᠤᠰᠬᠠᠯ᠎ᠢ ᠲᠠᠭ᠋ᠠᠵᠤ ᠂ ᠬᠥᠮᠥᠨ ᠲᠥᠷᠥᠯᠬᠢᠲᠡᠨ᠎ᠤ ᠲᠠᠪᠰᠢᠯᠳᠠ ᠵᠢᠨ ᠴᠢᠭᠯᠡᠯ᠎ᠳᠤ ᠨᠡᠢ᠌ᠴᠡᠨ ᠤᠷᠤᠭᠰᠢᠯᠠᠪᠠᠯ ᠯᠠᠪᠲᠠᠢ ᠪᠢᠳᠡᠨ᠎ᠤ ᠬᠠᠮᠲᠤ ᠵᠢᠨ ᠴᠢᠷᠮᠠᠢ᠌ᠯᠭ᠎ᠠ ᠳᠣᠣᠷ᠎ᠠ ᠲᠠᠰᠤᠷᠠᠯᠳᠠ ᠦᠭᠡᠢ ᠬᠥᠭᠵᠢᠨ ᠪᠤᠵᠠᠭ᠋ᠠᠢ᠌ᠷᠠᠵᠤ ᠴᠢᠳᠠᠨ᠎ᠠ ᠭᠡᠵᠦ ᠴᠢᠬᠤᠯᠠᠴᠢᠯᠠᠪᠠ ᠃
ᠬᠤᠷᠠᠯ᠎ᠳᠤ ᠣᠷᠣᠯᠴᠠᠬᠰᠠᠨ ᠤᠳᠤᠷᠢᠳᠬᠤ ᠬᠥᠮᠥᠰ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ᠎ᠳᠤ ᠣᠯᠣᠭᠰᠠᠨ ᠢᠯᠡᠳᠲᠡ ᠠᠮᠵᠢᠯᠲᠠ ᠪᠦᠲᠦᠮᠵᠢ ᠵᠢ ᠢᠳᠡᠪᠬᠢᠲᠡᠢ ᠦᠨᠡᠯᠡᠵᠦ ᠂ ᠢᠷᠡᠨᠤᠬᠢᠨᠤ 《 ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠶᠡᠬᠡ ᠭᠡᠷ ᠪᠦᠯᠢ 》᠎ᠳᠤ ᠵᠢᠩᠬᠢᠨᠢ᠎ᠪᠠᠷ ᠣᠷᠣᠯᠴᠠᠬᠰᠠᠨᠢ ᠪᠠᠶᠠᠷᠯᠠᠨ ᠤᠭᠲᠤᠵᠤ ᠂ ᠪᠸᠯᠤᠷᠦ᠋ᠰᠢᠶ᠎ᠠ ᠵᠢᠨ᠎ᠬᠢᠨ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ᠎ᠳᠤ ᠣᠷᠣᠬᠤ ᠲᠡᠰ ᠳᠠᠷᠠᠭ᠋ᠠᠯᠠᠯ ᠵᠶ᠋ᠠᠨ ᠲᠦᠷᠭᠡᠨ ᠪᠡᠶᠡᠯᠡᠭᠦᠯᠬᠦ ᠵᠢ ᠬᠦᠰᠡᠨ ᠬᠦᠯᠢᠶᠡᠵᠦ ᠪᠠᠢ᠌ᠨ᠎ᠠ ᠭᠡᠵᠦ ᠢᠯᠡᠳᠬᠡᠪᠡ ᠃ ᠡᠯ᠎ᠡ ᠲᠠᠯ᠎ᠠ ᠵᠢᠨ᠎ᠬᠢᠨ ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠲᠠᠰᠤᠷᠠᠯᠳᠡ ᠦᠭᠡᠢ ᠪᠤᠵᠠᠭ᠋ᠠᠢ᠌ᠷᠠᠵᠤ ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠲᠠᠰᠤᠷᠠᠯᠳᠡ ᠦᠭᠡᠢ ᠳᠡᠭᠡᠭᠰᠢᠯᠡᠵᠦ ᠂ ᠡᠶᠡᠯᠳᠡᠭ ᠬᠥᠷᠰᠢ ᠵᠢᠨ ᠨᠥᠭᠦᠷᠰᠡᠭ ᠬᠠᠷᠢᠯᠴᠠᠭ᠎ᠠ᠎ᠪᠠᠨ ᠭᠦᠨᠵᠡᠭᠡᠢ᠌ᠷᠡᠭᠦᠯᠬᠦ ᠂ ᠪᠦᠷᠢᠯᠳᠦᠭᠦᠨ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠬᠤ ᠂ ᠭᠠᠵᠠᠷ ᠣᠷᠣᠨ ᠪᠣᠯᠣᠨ ᠳᠡᠯᠡᠬᠡᠢ ᠵᠢᠨ ᠥᠨᠢ ᠤᠳᠠᠭ᠋ᠠᠨ᠎ᠤ ᠡᠩᠬᠡ ᠲᠠᠢ᠌ᠪᠤᠩ ᠪᠣᠯᠣᠨ ᠲᠣᠭᠲᠠᠭᠤᠨ᠎ᠢ ᠠᠬᠢᠭᠤᠯᠬᠤ ᠂ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠦ ᠂ ᠬᠠᠷᠢᠯᠴᠠᠨ ᠢᠲᠡᠭᠡᠯᠴᠡᠬᠦ ᠂ ᠡᠷᠬᠡ ᠲᠡᠭᠰᠢ ᠶᠠᠷᠢᠯᠴᠠᠭ᠎ᠠ ᠬᠢᠬᠦ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠬᠦ ᠵᠢᠨ ᠬᠡᠪ ᠳᠠᠭᠤᠷᠢᠶᠠᠯ ᠪᠣᠯᠵᠠᠢ ᠃ 《 ᠱᠠᠩᠬᠠᠢ ᠵᠢᠨ ᠵᠣᠷᠢᠭ ᠰᠠᠨᠠᠭ᠎ᠠ 》 ᠵᠢ ᠴᠢᠨᠠᠭᠰᠢᠳᠠ ᠪᠠᠳᠠᠷᠠᠭᠤᠯᠵᠤ ᠂ ᠣᠢ᠌ᠯᠠᠭ᠋ᠠᠯᠴᠠᠭ᠎ᠠ ᠬᠠᠮᠵᠢᠯᠴᠠᠭ᠎ᠠ᠎ᠪᠠᠨ ᠨᠡᠮᠡᠭᠳᠡᠭᠦᠯᠵᠦ ᠂ ᠭᠠᠵᠠᠷ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠎ᠠ ᠵᠢ ᠠᠬᠢᠭᠤᠯᠵᠤ ᠂ ᠦᠵᠡᠯ ᠤᠬᠠᠮᠰᠠᠷ᠎ᠤᠨ ᠭᠡᠯᠪᠡᠷᠢ ᠵᠢᠨ ᠡᠰᠡᠷᠭᠦᠴᠡᠯᠳᠦᠯ᠎ᠢ ᠡᠰᠡᠷᠭᠦᠴᠡᠵᠦ ᠂ ᠬᠠᠭ᠋ᠠᠴᠠᠭᠤᠯᠬᠤ ᠪᠠ ᠭᠠᠳᠠᠭᠤᠷᠴᠢᠯᠠᠬᠤ ᠵᠢ ᠡᠰᠡᠷᠭᠦᠴᠡᠪᠡᠯ ᠵᠣᠬᠢᠨ᠎ᠠ ᠃ ᠭᠠᠵᠠᠷ ᠣᠷᠣᠨ᠎ᠤ ᠬᠣᠯᠪᠣᠯᠳᠤᠨ ᠨᠡᠪᠲᠡᠷᠡᠯᠴᠡᠬᠦ ᠪᠠ ᠶᠡᠬᠡ ᠵᠠᠮ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂ 《 ᠨᠢᠭᠡ ᠪᠦᠰᠡ ᠨᠢᠭᠡ ᠵᠠᠮ 》 ᠤᠨ ᠰᠠᠨᠠᠭ᠋ᠠᠴᠢᠯᠠᠭ᠎ᠠ ᠵᠢ ᠡᠸᠦ᠋ᠷᠦᠫᠡ ᠠᠽᠢᠶ᠎ᠠ ᠵᠢᠨ ᠠᠵᠤ ᠠᠬᠤᠢ ᠵᠢᠨ ᠬᠣᠯᠪᠤᠭ᠎ᠠ ᠵᠢᠨ ᠪᠦᠲᠦᠭᠡᠨ ᠪᠠᠢ᠌ᠭᠤᠯᠤᠯᠲᠠ᠎ᠲᠠᠢ ᠵᠣᠯᠭ᠋ᠠᠭᠤᠯᠬᠤ ᠵᠢ ᠳᠡᠮᠵᠢᠵᠦ ᠂ ᠠᠵᠤ ᠠᠬᠤᠢ ᠠᠷᠠᠯᠵᠢᠶ᠎ᠠ ᠂ ᠮᠥᠩᠭᠥᠨ ᠭᠦᠢ᠍ᠯᠭᠡᠭᠡᠨ ᠂ ᠡᠨᠧᠷᠭᠢ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠂ ᠲᠣᠭ᠋ᠠᠴᠢᠯᠠᠭᠰᠠᠨ ᠠᠵᠤ ᠠᠬᠤᠢ ᠂ ᠰᠣᠶᠣᠯ ᠢᠷᠭᠡᠨᠰᠢᠯ ᠵᠡᠷᠭᠡ ᠬᠦᠷᠢᠶᠡᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ ᠂ ᠭᠠᠷ ᠬᠣᠯᠪᠣᠨ ᠠᠮᠤ ᠪᠤᠳᠠᠭ᠎ᠠ ᠂ ᠡᠨᠧᠷᠭᠢ ᠵᠢᠨ ᠬᠢᠮᠤᠷᠠᠯ ᠵᠢᠴᠢ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠠᠷᠭ᠋ᠠᠴᠠᠭ᠋ᠠᠶ᠎ᠠ ᠃ ᠰᠦᠷᠳᠡᠭᠦᠯᠬᠦ ᠦᠵᠡᠯ ᠵᠡᠷᠭᠡ 《 ᠭᠤᠷᠪᠠᠨ ᠵᠦᠢ᠍ᠯ᠎ᠤᠨ ᠬᠦᠴᠦᠨ 》᠎ᠳᠤ ᠬᠠᠮᠲᠤ᠎ᠪᠠᠷ ᠴᠣᠬᠢᠯᠲᠠ ᠥᠭᠴᠦ ᠂ ᠭᠠᠵᠠᠷ ᠣᠷᠣᠨ᠎ᠤ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠶ᠎ᠠ ᠃ ᠵᠢᠩᠬᠢᠨᠢ ᠤᠯᠠᠨ ᠲᠠᠯᠠᠲᠤ ᠦᠵᠡᠯ᠎ᠢ ᠪᠠᠷᠢᠮᠲᠠᠯᠠᠵᠤ ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠭᠣᠣᠯᠯᠠᠬᠤ ᠦᠢ᠍ᠯᠡᠳᠦᠯ ᠵᠶ᠋ᠡᠨ ᠪᠠᠳᠠᠷᠠᠭᠤᠯᠬᠤ ᠵᠢ ᠳᠡᠮᠵᠢᠵᠦ ᠂ ᠪᠦᠭᠦ ᠪᠥᠮᠪᠥᠷᠴᠡᠭ᠎ᠤᠨ ᠵᠠᠰᠠᠯᠲᠠ ᠵᠢ ᠴᠢᠩᠭ᠋ᠠᠳᠬᠠᠶ᠎ᠠ ᠭᠡᠵᠦ ᠢᠯᠡᠳᠬᠡᠵᠡᠭᠡᠪᠡ ᠃
ᠪᠦᠷᠢᠯᠳᠦᠭᠦᠨ ᠤᠯᠤᠰ᠎ᠤᠳ᠎ᠤᠨ ᠤᠳᠤᠷᠢᠳᠬᠤ ᠬᠥᠮᠥᠰ 《 ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠤᠨ ᠬᠡᠷᠡᠭ ᠡᠷᠭᠢᠯᠡᠭᠴᠢᠳ᠎ᠤᠨ ᠬᠤᠷᠠᠯ᠎ᠤᠨ ᠰᠢᠨ᠎ᠡ ᠳ᠋ᠸᠯᠢ ᠵᠢᠨ ᠲᠤᠩᠬᠠᠭ 》᠎ᠲᠤ ᠭᠠᠷᠤᠨ ᠦᠰᠦᠭ ᠵᠢᠷᠤᠭᠰᠠᠨ ᠪᠥᠭᠡᠳ ᠨᠡᠢ᠌ᠲᠡᠯᠡᠵᠦ ᠂ ᠬᠡᠲᠦᠷᠡᠮᠡᠬᠡᠢ ᠬᠠᠮᠲᠤᠷᠠᠯᠴᠠᠭ᠎ᠠ᠎ᠳᠤ ᠴᠣᠬᠢᠯᠲᠠ ᠥᠭᠬᠦ ᠲᠤᠬᠠᠢ ᠢᠯᠡᠷᠬᠡᠢ᠌ᠯᠡᠯᠲᠡ ᠂ ᠲᠣᠭ᠋ᠠᠴᠢᠯᠠᠯᠳᠠ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠬᠦᠷᠢᠶᠡᠨ᠎ᠤ ᠬᠠᠮᠲᠤᠷᠠᠯᠴᠠᠭ᠎ᠠ ᠵᠢᠨ ᠲᠤᠬᠠᠢ ᠢᠯᠡᠷᠬᠡᠢ᠌ᠯᠡᠯᠲᠡ ᠵᠢ ᠬᠠᠮᠲᠤ᠎ᠪᠠᠷ ᠨᠡᠢ᠌ᠲᠡᠯᠡᠵᠦ ᠂ ᠢᠷᠠᠨ᠎ᠳᠤ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠤᠯᠤᠰ᠎ᠤᠳ᠎ᠤᠨ ᠪᠠᠢ᠌ᠷᠢ ᠰᠠᠭᠤᠷᠢ ᠣᠯᠭᠣᠬᠤ ᠲᠤᠬᠠᠢ ᠂ ᠪᠸᠯᠤᠷᠦ᠋ᠰᠢᠶ᠎ᠠ ᠵᠢᠨ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ᠎ᠳᠤ ᠣᠷᠣᠬᠤ ᠠᠯᠪᠠᠨ ᠵᠢᠷᠤᠮ᠎ᠤᠨ ᠡᠭᠦᠷᠭᠡ ᠵᠢᠨ ᠲᠤᠬᠠᠢ ᠰᠠᠨᠠᠭᠤᠯᠤᠮᠵᠢ ᠵᠢᠨ ᠪᠢᠴᠢᠭ ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ 2030 ᠣᠨ ᠪᠤᠯᠲᠠᠯᠠᠭᠢ ᠠᠵᠤ ᠠᠬᠤᠢ ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠲᠤᠬᠠᠢ ᠰᠢᠢ᠍ᠳᠪᠦᠷᠢᠨᠦᠭᠦᠳᠢ ᠵᠥᠪᠰᠢᠶᠡᠷᠡᠪᠡ ᠃
ᠬᠤᠷᠠᠯ᠎ᠠᠴᠠ ᠂ ᠺᠠᠽᠠᠬᠰᠲ᠋ᠠᠨᠢ 2023 ᠣᠨ᠎ᠠᠴᠠ 2024 ᠣᠨ ᠪᠤᠯᠲᠠᠯᠠᠭᠢ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠵᠢᠵᠢᠭᠦᠷ ᠲᠡᠷᠢᠭᠦᠯᠡᠭᠴᠢ ᠤᠯᠤᠰ ᠪᠤᠯᠭ᠋ᠠᠬᠤ᠎ᠪᠠᠷ ᠲᠣᠭᠲᠠᠪᠠ ᠃
ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠡᠨᠡᠳᠬᠡᠭ᠎ᠤᠨ ᠶᠡᠷᠦᠩᠬᠡᠢ ᠰᠠᠢ᠌ᠳ ᠮᠦᠸᠸᠳᠢ ᠬᠤᠷᠠᠯ᠎ᠢ ᠡᠷᠭᠢᠯᠡᠵᠦ ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠭᠦᠨ ᠤᠯᠤᠰ ᠪᠤᠯᠬᠤ ᠺᠠᠽᠠᠬᠰᠲ᠋ᠠᠨ᠎ᠤ ᠶᠡᠷᠦᠩᠬᠡᠢ᠌ᠯᠡᠭᠴᠢ ᠲᠦᠸᠸᠺᠠᠶᠸᠹ ᠂ ᠺᠢᠷᠭᠢᠽᠰᠲ᠋ᠠᠨ᠎ᠤ ᠶᠡᠷᠦᠩᠬᠡᠢ᠌ᠯᠡᠭᠴᠢ ᠵᠠᠫᠠᠯᠤᠹ ᠂ ᠫᠠᠺᠢᠰᠲ᠋ᠠᠨ᠎ᠤ ᠶᠡᠷᠦᠩᠬᠡᠢ ᠰᠠᠢ᠌ᠳ ᠱᠠᠬ᠍ᠪᠠᠽᠢ ᠂ ᠣᠷᠣᠰ᠎ᠤᠨ ᠶᠡᠷᠦᠩᠬᠡᠢ᠌ᠯᠡᠭᠴᠢ ᠫᠦᠲ᠋ᠢᠨ ᠂ ᠲᠠᠵᠢᠺᠰᠲ᠋ᠠᠨ᠎ᠤ ᠶᠡᠷᠦᠩᠬᠡᠢ᠌ᠯᠡᠭᠴᠢ ᠯᠠᡁᠸᠮᠸᠩ ᠂ ᠦᠽᠪᠸᠺᠰᠲ᠋ᠠᠨ᠎ᠤ ᠶᠡᠷᠦᠩᠬᠡᠢ᠌ᠯᠡᠭᠴᠢ ᠮᠢᠷᠵᠢᠶᠤᠶᠸᠹ ᠂ ᠠᠵᠢᠭᠯᠠᠭᠴᠢ ᠤᠯᠤᠰ ᠪᠸᠯᠤᠷᠦ᠋ᠰᠢᠶ᠎ᠠ ᠵᠢᠨ ᠶᠡᠷᠦᠩᠬᠡᠢ᠌ᠯᠡᠭᠴᠢ ᠯᠦᠺᠠᠱᠸᠨ᠋ᠺᠸ ᠂ ᠢᠷᠠᠨ᠎ᠤ ᠶᠡᠷᠦᠩᠬᠡᠢ᠌ᠯᠡᠭᠴᠢ ᠯᠠᠢ᠌ᠰᠢ ᠂ ᠮᠣᠩᠭᠣᠯ ᠤᠯᠤᠰ᠎ᠤᠨ ᠶᠡᠷᠦᠩᠬᠡᠢ᠌ᠯᠡᠭᠴᠢ ᠬᠦᠷᠡᠯᠰᠦ᠋ᠬᠡ ᠂ ᠲᠡᠷᠢᠭᠦᠯᠡᠭᠴᠢ ᠤᠯᠤᠰ᠎ᠤᠨ ᠵᠣᠴᠢᠨ ᠲᠦᠷᠺᠮᠸᠨ᠋ᠰᠲ᠋ᠠᠨ᠎ᠤ ᠶᠡᠷᠦᠩᠬᠡᠢ᠌ᠯᠡᠭᠴᠢ ᠪᠸᠷᠳᠢᠮᠦ᠋ᠬᠠᠨᠮᠸᠳᠦᠹ ᠵᠢᠴᠢ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠨᠠᠷᠢᠨ ᠪᠢᠴᠢᠭ᠎ᠤᠨ ᠳᠠᠷᠤᠭ᠎ᠠ ᠭᠦᠲᠸᠯᠸᠢ᠌ᠰ ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠨᠠᠷᠢᠨ ᠪᠢᠴᠢᠭ᠎ᠤᠨ ᠳᠠᠷᠤᠭ᠎ᠠ ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠭᠠᠵᠠᠷ ᠣᠷᠣᠨ᠎ᠤ ᠰᠦᠷᠳᠡᠭᠦᠯᠦᠯ᠎ᠢ ᠡᠰᠡᠷᠭᠦᠴᠡᠬᠦ ᠪᠠᠢ᠌ᠭᠤᠯᠤᠮᠵᠢ ᠵᠢᠨ ᠭᠦᠢ᠍ᠴᠡᠳᠬᠡᠬᠦ ᠵᠥᠪᠯᠡᠯ᠎ᠤᠨ ᠡᠷᠭᠢᠯᠡᠭᠴᠢ ᠵᠡᠷᠭᠡ ᠤᠯᠠᠨ ᠤᠯᠤᠰ᠎ᠤᠨ ᠪᠠ ᠭᠠᠵᠠᠷ ᠣᠷᠣᠨ᠎ᠤ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ ᠃
ᠼᠠᠢ ᠴᠢ ᠂ ᠸᠠᠩ ᠢ ᠨᠠᠷ ᠬᠤᠷᠠᠯ᠎ᠳᠤ ᠣᠷᠣᠯᠴᠠᠵᠠᠢ ᠃