《ᠦᠨᠡᠨ 》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠢ᠌ᠲᠡᠯᠡᠪᠡ
ᠰᠢᠨᠬᠤᠸᠠ ᠬᠣᠷᠢᠶ᠎ᠠ ᠵᠢᠨ ᠪᠡᠭᠡᠵᠢᠩ᠎ᠤᠨ 8 ᠰᠠᠷ᠎ᠠ ᠵᠢᠨ 15᠎ᠤ ᠴᠠᠭᠢᠯᠭ᠋ᠠᠨ ᠮᠡᠳᠡᠭᠡ 8 ᠰᠠᠷ᠎ᠠ ᠵᠢᠨ 16᠎ᠤ ᠡᠳᠦᠷ ᠬᠡᠪᠯᠡᠭᠳᠡᠬᠦ 16 ᠳ᠋ᠤᠭ᠋ᠠᠷ ᠬᠤᠭᠤᠴᠠᠭ᠋ᠠᠨ᠎ᠤ 《ᠦᠨᠡᠨ 》 ᠰᠡᠳᠬᠦᠯ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠯᠤᠰ ᠵᠢᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠷᠠᠭᠤᠯ ᠳᠠᠷᠳᠠᠩ ᠵᠠᠮ ᠮᠥᠨ 》 ᠭᠡᠬᠦ ᠴᠢᠬᠤᠯᠠ ᠵᠣᠬᠢᠶᠠᠯ᠎ᠢ ᠨᠡᠢ᠌ᠲᠡᠯᠡᠪᠡ ᠃
ᠵᠣᠬᠢᠶᠠᠯ᠎ᠳᠤ ᠂ ᠨᠢᠭᠡ ᠤᠯᠤᠰ ᠣᠳᠣᠬᠢᠴᠢᠯᠠᠯᠲᠠ ᠲᠡᠢ᠌ᠰᠢ ᠤᠷᠤᠭᠰᠢᠯᠠᠬᠤ᠎ᠳᠤ ᠣᠳᠣᠬᠢᠴᠢᠯᠠᠯᠲᠠ ᠵᠢᠨ ᠡᠩ᠎ᠤᠨ ᠵᠢᠮ᠎ᠡ ᠶᠣᠰᠣ ᠵᠢ ᠵᠢᠷᠤᠮᠯᠠᠬᠤ ᠪᠥᠭᠡᠳ ᠨᠡᠩ ᠴᠤ᠌ ᠲᠤᠰ ᠤᠯᠤᠰ᠎ᠤᠨ ᠵᠶ᠋ᠠᠨ ᠪᠣᠳᠠᠲᠤ ᠪᠠᠢ᠌ᠳᠠᠯ᠎ᠲᠠᠢ ᠨᠡᠢ᠌ᠴᠡᠵᠦ ᠂ ᠲᠤᠰ ᠤᠯᠤᠰ᠎ᠤᠨ ᠵᠶ᠋ᠠᠨ ᠣᠨᠴᠠᠯᠢᠭ᠎ᠲᠠᠢ ᠪᠠᠢ᠌ᠬᠤ ᠬᠡᠷᠡᠭᠲᠡᠢ ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠡᠯ᠎ᠡ ᠤᠯᠤᠰ᠎ᠤᠨ ᠣᠳᠣᠬᠢᠴᠢᠯᠠᠯᠲᠠ ᠵᠢᠨ ᠬᠠᠮᠲᠤ ᠵᠢᠨ ᠣᠨᠴᠠᠯᠢᠭ᠎ᠲᠠᠢ ᠪᠥᠭᠡᠳ ᠨᠡᠩ ᠴᠤ᠌ ᠥᠪᠡᠷ᠎ᠤᠨ ᠤᠯᠤᠰ᠎ᠤᠨ ᠪᠠᠢ᠌ᠳᠠᠯ᠎ᠳᠠᠭᠠᠨ ᠰᠠᠭᠤᠷᠢᠯᠠᠭᠰᠠᠨ ᠢᠯᠡ ᠲᠣᠳᠣ ᠣᠨᠴᠠᠯᠢᠭ᠎ᠲᠠᠢ ᠶᠤᠮ ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ 5 ᠲᠠᠯ᠎ᠠ ᠵᠢᠨ ᠳᠤᠮᠳᠠᠳᠤ ᠤᠯᠤᠰ᠎ᠤᠨ ᠣᠨᠴᠠᠯᠢᠭ᠎ᠢ ᠲᠣᠳᠣᠷᠬᠠᠢ ᠬᠤᠷᠢᠶᠠᠩᠭᠤᠢ᠌ᠯᠠᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠎ᠢ ᠭᠦᠨᠵᠡᠭᠡᠢ ᠢᠯᠡᠷᠡᠭᠦᠯᠪᠡ ᠃ ᠡᠨᠡ᠎ᠨᠢ ᠤᠨᠤᠯ᠎ᠤᠨ ᠬᠤᠷᠢᠶᠠᠩᠭᠤᠢ᠌ᠯᠠᠯ ᠪᠤᠯᠬᠤ ᠪᠥᠭᠡᠳ ᠪᠠᠰᠠ ᠴᠤ᠌ ᠦᠢ᠍ᠯᠡᠳᠦᠯᠭᠡ ᠵᠢᠨ ᠱᠠᠭ᠋ᠠᠷᠳᠠᠯᠭ᠎ᠠ ᠪᠠᠢ᠌ᠵᠤ ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠰᠠᠷᠠᠭᠤᠯ ᠳᠠᠷᠳᠠᠩ ᠵᠠᠮ᠎ᠢ ᠵᠢᠭ᠋ᠠᠵᠤ ᠥᠭᠴᠡᠢ ᠭᠡᠵᠦ ᠴᠢᠬᠤᠯᠠᠴᠢᠯᠠᠪᠠ ᠃
ᠵᠣᠬᠢᠶᠠᠯ᠎ᠳᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠳᠤᠮᠳᠠᠳᠤ ᠤᠯᠤᠰ᠎ᠤᠨ ᠣᠨᠴᠠᠯᠢᠭ᠎ᠢ ᠠᠮᠵᠢᠯᠲᠠ᠎ᠲᠠᠢ ᠦᠢ᠍ᠯᠡᠳᠦᠯᠭᠡ ᠪᠣᠯᠭ᠋ᠠᠨ ᠬᠤᠪᠢᠷᠠᠭᠤᠯᠵᠤ ᠂ ᠢᠯᠡ ᠲᠣᠳᠣ ᠣᠨᠴᠠᠯᠢᠭ᠎ᠢ ᠥᠪᠡᠷᠮᠢᠴᠡ ᠳᠠᠪᠠᠭᠤᠯᠢᠭ ᠪᠣᠯᠭ᠋ᠠᠨ ᠬᠤᠪᠢᠷᠠᠭᠤᠯᠬᠤ᠎ᠳᠤ ᠬᠠᠲᠠᠭᠤᠵᠢᠯᠲᠠᠢ ᠴᠢᠷᠮᠠᠢ᠌ᠯᠭ᠎ᠠ ᠭᠠᠷᠭ᠋ᠠᠬᠤ ᠬᠡᠷᠡᠭᠲᠡᠢ ᠃ ᠨᠢᠭᠡᠳᠦᠭᠡᠷ᠎ᠲᠤ ᠂ ᠬᠥᠮᠥᠨ ᠠᠮᠠ ᠵᠢᠨ ᠬᠡᠪᠴᠢᠶ᠎ᠡ ᠵᠢᠨ ᠯᠤᠲᠤ ᠶᠡᠬᠡ ᠣᠳᠣᠬᠢᠴᠢᠯᠠᠯᠲᠠ ᠪᠣᠯᠣᠨ᠎ᠠ ᠃ ᠡᠨᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠢᠯᠡᠷᠬᠡᠢ ᠣᠨᠴᠠᠯᠢᠭ ᠮᠥᠨ ᠃ ᠳᠤᠮᠳᠠᠳᠤ ᠤᠯᠤᠰ᠎ᠤᠨ 14 ᠳ᠋ᠦᠩᠰᠢᠭᠤᠷ ᠭᠠᠷᠤᠢ ᠬᠥᠮᠥᠨ ᠠᠮᠠ ᠪᠦᠬᠦᠯᠢ ᠴᠣᠭᠴᠠ᠎ᠪᠠᠷ ᠵᠶ᠋ᠠᠨ ᠣᠳᠣᠬᠢᠴᠢᠯᠠᠯᠲᠠ᠎ᠳᠤ ᠣᠷᠣᠵᠤ ᠂ ᠬᠡᠪᠴᠢᠶ᠎ᠡ᠎ᠨᠢ ᠤᠳᠤ ᠵᠢᠨ ᠬᠥᠭᠵᠢᠭᠰᠡᠨ ᠤᠯᠤᠰ᠎ᠤᠨ ᠬᠥᠮᠥᠨ ᠠᠮᠠ ᠵᠢᠨ ᠨᠡᠢ᠌ᠯᠡᠪᠦᠷᠢ᠎ᠠᠴᠠ ᠳᠠᠪᠠᠵᠤ ᠂ ᠣᠳᠣᠬᠢᠴᠢᠯᠠᠯᠲᠠ ᠵᠢᠨ ᠳᠡᠯᠡᠬᠡᠢ ᠵᠢᠨ ᠪᠠᠢ᠌ᠷᠢᠰᠢᠯ᠎ᠢ ᠲᠤᠢ᠌ᠯ᠎ᠤᠨ ᠶᠡᠬᠡ᠎ᠪᠠᠷ ᠬᠤᠪᠢᠷᠠᠭᠤᠯᠬᠤ ᠪᠣᠯᠣᠨ᠎ᠠ ᠃ ᠡᠨᠡ ᠪᠣᠯ ᠬᠥᠮᠥᠨ ᠲᠥᠷᠥᠯᠬᠢᠲᠡᠨ᠎ᠤ ᠲᠡᠦᠬᠡᠨ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠬᠡ ᠣᠳᠣᠬᠢᠴᠢᠯᠠᠯᠲᠠ ᠪᠤᠯᠬᠤ ᠪᠥᠭᠡᠳ ᠪᠠᠰᠠ ᠴᠤ᠌ ᠬᠦᠴᠢᠷᠳᠡᠯ ᠵᠶ᠋ᠡᠷ ᠬᠠᠮᠤᠭ᠎ᠤᠨ ᠶᠡᠬᠡ ᠣᠳᠣᠬᠢᠴᠢᠯᠠᠯᠲᠠ ᠮᠥᠨ ᠃ ᠪᠢᠳᠡ ᠠᠰᠠᠭᠤᠳᠠᠯ᠎ᠢ ᠪᠣᠳᠣᠯᠬᠢᠯᠠᠬᠤ ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠂ ᠠᠵᠢᠯ ᠶᠠᠪᠤᠳᠠᠯ ᠬᠢᠬᠦ᠎ᠳᠡᠭᠡᠨ ᠡᠩ ᠲᠡᠷᠢᠭᠦᠨ᠎ᠳᠤ ᠬᠥᠮᠥᠨ ᠠᠮᠠ ᠵᠢᠨ ᠰᠠᠭᠤᠷᠢ ᠲᠣᠭ᠎ᠠ ᠵᠢᠨ ᠠᠰᠠᠭᠤᠳᠠᠯ᠎ᠢ ᠪᠣᠳᠣᠯᠬᠢᠯᠠᠵᠤ ᠂ ᠮᠠᠨ᠎ᠤ ᠤᠯᠤᠰ᠎ᠤᠨ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠲᠦᠪᠰᠢᠨ᠎ᠤ ᠵᠥᠷᠢᠶ᠎ᠡ ᠶᠡᠬᠡ ᠪᠠᠢ᠌ᠬᠤ ᠵᠡᠷᠭᠡ ᠪᠣᠳᠠᠲᠤ ᠪᠠᠢ᠌ᠳᠠᠯ᠎ᠢ ᠪᠣᠳᠣᠯᠬᠢᠯᠠᠵᠤ ᠂ ᠶᠡᠬᠡ ᠵᠢ ᠰᠠᠨᠠᠭ᠋ᠠᠷᠬᠠᠵᠤ ᠪᠤᠯᠬᠤ ᠦᠭᠡᠢ ᠪᠥᠭᠡᠳ ᠪᠠᠰᠠ ᠬᠠᠭᠤᠴᠢᠨ ᠵᠶ᠋ᠠᠨ ᠪᠠᠷᠢᠮᠲᠠᠯᠠᠵᠤ ᠪᠤᠯᠬᠤ ᠦᠭᠡᠢ ᠂ ᠲᠡᠦᠬᠡ ᠵᠢᠨ ᠬᠦᠯᠢᠴᠡᠩᠭᠦᠢ ᠣᠪᠣᠷ᠎ᠢ ᠪᠠᠷᠢᠮᠲᠠᠯᠠᠵᠤ ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠂ ᠠᠯᠬᠤᠮ ᠲᠠᠷᠠᠭ᠎ᠠ᠎ᠲᠠᠢ᠎ᠪᠠᠷ ᠤᠷᠤᠭᠰᠢᠯᠠᠬᠤ ᠂ ᠦᠷᠭᠦᠯᠵᠢᠯᠡᠨ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ ᠃ ᠬᠣᠶᠠᠳᠤᠭ᠋ᠠᠷ᠎ᠲᠤ ᠂ ᠪᠦᠭᠦ ᠠᠷᠠᠳ ᠲᠦᠮᠡᠨ᠎ᠢ ᠬᠠᠮᠲᠤ᠎ᠪᠠᠷ ᠪᠠᠶᠠᠵᠢᠭᠤᠯᠬᠤ ᠣᠳᠣᠬᠢᠴᠢᠯᠠᠯᠲᠠ ᠮᠥᠨ ᠃ ᠡᠨᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠮᠥᠨ ᠴᠢᠨᠠᠷ᠎ᠤᠨ ᠣᠨᠴᠠᠯᠢᠭ ᠪᠤᠯᠬᠤ ᠪᠥᠭᠡᠳ ᠪᠠᠰᠠ ᠴᠤ᠌ ᠥᠷᠥᠨᠡᠳᠠᠬᠢᠨ᠎ᠤ ᠣᠳᠣᠬᠢᠴᠢᠯᠠᠯᠲᠠ᠎ᠠᠴᠠ ᠢᠯᠭ᠋ᠠᠭᠳᠠᠬᠤ ᠢᠯᠡᠷᠬᠡᠢ ᠰᠢᠨᠵᠢ ᠲᠡᠮᠳᠡᠭ ᠮᠥᠨ ᠃ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂ 《ᠪᠤᠭᠣᠷᠰᠣᠭ 》 ᠢ ᠰᠠᠢ᠌ᠲᠤᠷ ᠬᠢᠵᠦ ᠶᠡᠬᠡ ᠬᠢᠬᠦ ᠵᠢᠨ ᠬᠠᠮᠲᠤ ᠂ 《ᠪᠤᠭᠣᠷᠰᠣᠭ 》 ᠢ ᠤᠯᠠᠮ ᠴᠢᠨᠠᠭᠰᠢᠳᠠ ᠰᠠᠢ᠌ᠲᠤᠷ ᠬᠤᠪᠢᠶᠠᠵᠤ ᠂ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠦᠭᠦ ᠠᠷᠠᠳ ᠲᠦᠮᠡᠨ᠎ᠳᠤ ᠨᠡᠩ ᠤᠯᠠᠨ ᠨᠡᠩ ᠡᠷᠬᠡ ᠲᠡᠭᠰᠢ᠎ᠪᠠᠷ ᠬᠦᠷᠲᠡᠭᠡᠵᠦ ᠂ ᠬᠣᠶᠠᠷ ᠲᠤᠢ᠌ᠯ ᠲᠡᠢ᠌ᠰᠢ ᠵᠠᠳᠠᠷᠠᠬᠤ ᠵᠢ ᠡᠷᠡᠰ ᠰᠡᠷᠭᠡᠢ᠌ᠯᠡᠬᠦ ᠬᠡᠷᠡᠭᠲᠡᠢ ᠃ ᠭᠤᠷᠪᠠᠳᠤᠭ᠋ᠠᠷ᠎ᠲᠤ ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ ᠃ ᠡᠳ᠋ ᠪᠣᠳᠠᠰ ᠡᠯᠪᠡᠭ ᠳᠡᠯᠪᠡᠭ ᠪᠠᠢ᠌ᠬᠤ ᠪᠥᠭᠡᠳ ᠪᠠᠰᠠ ᠤᠶᠤᠨ ᠰᠠᠨᠠᠭ᠎ᠠ ᠡᠯᠪᠡᠭ ᠪᠠᠶᠠᠯᠢᠭ ᠪᠠᠢ᠌ᠬᠤ ᠬᠡᠷᠡᠭᠲᠡᠢ ᠂ ᠡᠨᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠡᠷᠬᠢᠮ ᠳᠡᠭᠡᠳᠦ ᠬᠥᠭᠡᠭᠡᠴᠡᠯᠳᠦᠯ ᠮᠥᠨ ᠃ ᠬᠣᠶᠠᠷ ᠲᠠᠯ᠎ᠠ ᠵᠢ ᠠᠳᠬᠤᠬᠤ ᠂ ᠬᠣᠶᠠᠷ ᠲᠠᠯ᠎ᠠ ᠵᠢ ᠴᠥᠮ ᠴᠢᠩᠭ᠎ᠠ ᠠᠳᠬᠤᠬᠤ ᠵᠢ ᠪᠠᠷᠢᠮᠲᠠᠯᠠᠵᠤ ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠢ ᠬᠠᠷᠢᠯᠴᠠᠨ ᠵᠣᠬᠢᠴᠠᠯᠳᠤᠭᠤᠯᠵᠤ ᠂ ᠬᠠᠷᠢᠯᠴᠠᠨ ᠠᠬᠢᠭᠤᠯᠬᠤ ᠬᠡᠷᠡᠭᠲᠡᠢ ᠃ ᠬᠦᠴᠦᠷᠬᠡᠭ ᠶᠡᠬᠡ ᠨᠢᠭᠲᠠᠷᠠᠯ᠎ᠤᠨ ᠬᠦᠴᠦᠨ ᠪᠠ ᠬᠥᠲᠥᠯᠥᠨ ᠳᠠᠭ᠋ᠠᠭᠤᠯᠬᠤ ᠬᠦᠴᠦᠨ᠎ᠲᠠᠢ ᠨᠡᠢ᠌ᠭᠡᠮ ᠵᠢᠷᠤᠮ᠎ᠤᠨ ᠦᠵᠡᠯ ᠤᠬᠠᠮᠰᠠᠷ᠎ᠤᠨ ᠭᠡᠯᠪᠡᠷᠢ ᠵᠢ ᠪᠠᠢ᠌ᠭᠤᠯᠵᠤ ᠂ ᠠᠷᠠᠳ ᠲᠦᠮᠡᠨ᠎ᠤ ᠤᠶᠤᠨ᠎ᠤ ᠶᠢᠷᠲᠢᠨᠴᠦ ᠵᠢ ᠲᠠᠰᠤᠷᠠᠯᠲᠠ ᠦᠭᠡᠢ ᠪᠠᠶᠠᠯᠢᠭᠵᠢᠭᠤᠯᠤᠨ ᠂ ᠪᠦᠭᠦ ᠨᠡᠢ᠌ᠭᠡᠮ᠎ᠤᠨ ᠪᠣᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠵᠦ ᠂ ᠬᠥᠮᠥᠨ᠎ᠤ ᠪᠦᠭᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ ᠃ ᠳᠥᠷᠪᠡᠳᠦᠭᠡᠷ᠎ᠲᠤ ᠂ ᠬᠥᠮᠥᠨ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ ᠃ ᠪᠠᠢ᠌ᠭ᠋ᠠᠯᠢ ᠵᠢ ᠬᠦᠨᠳᠦᠳᠬᠡᠬᠦ ᠂ ᠪᠠᠢ᠌ᠭ᠋ᠠᠯᠢ᠎ᠲᠠᠢ ᠵᠣᠬᠢᠴᠠᠬᠤ ᠂ ᠪᠠᠢ᠌ᠭ᠋ᠠᠯᠢ ᠵᠢ ᠬᠠᠮᠠᠭ᠋ᠠᠯᠠᠬᠤ ᠂ ᠬᠥᠮᠥᠨ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠠᠬᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠢᠯᠡ ᠲᠣᠳᠣ ᠣᠨᠴᠠᠯᠢᠭ ᠮᠥᠨ ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠨ ᠦᠢ᠍ᠯᠡᠳᠦᠯᠭᠡᠵᠢᠭᠦᠯᠵᠦ ᠂ ᠴᠢᠨᠠᠷ ᠰᠠᠢ᠌ᠲᠠᠢ ᠠᠮᠢ ᠠᠬᠤᠢ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠢ ᠃ ᠲᠠᠪᠤᠳᠤᠭ᠋ᠠᠷ᠎ᠲᠤ ᠂ ᠡᠩᠬᠡ ᠲᠠᠢ᠌ᠪᠤᠩ ᠬᠥᠭᠵᠢᠯᠲᠡ ᠵᠢᠨ ᠵᠠᠮ ᠵᠶ᠋ᠠᠷ ᠵᠠᠮᠨᠠᠬᠤ ᠣᠳᠣᠬᠢᠴᠢᠯᠠᠯᠲᠠ ᠮᠥᠨ ᠃ ᠡᠩᠬᠡ ᠲᠠᠢ᠌ᠪᠤᠩ ᠬᠥᠭᠵᠢᠯᠲᠡ ᠵᠢ ᠪᠠᠷᠢᠮᠲᠠᠯᠠᠵᠤ ᠂ ᠳᠡᠯᠡᠬᠡᠢ ᠵᠢᠨ ᠡᠩᠬᠡ ᠲᠠᠢ᠌ᠪᠤᠩ ᠪᠣᠯᠣᠨ ᠬᠥᠭᠵᠢᠯᠲᠡ ᠵᠢ ᠡᠷᠡᠰ ᠬᠠᠮᠠᠭ᠋ᠠᠯᠠᠬᠤ ᠳᠤᠮᠳᠠ ᠲᠤᠰ ᠪᠡᠶ᠎ᠡ ᠵᠢᠨ ᠬᠥᠭᠵᠢᠯᠲᠡ᠎ᠪᠠᠨ ᠡᠷᠢᠯᠬᠢᠯᠡᠵᠦ ᠂ ᠲᠤᠰ ᠪᠡᠶ᠎ᠡ ᠵᠢᠨ ᠬᠥᠭᠵᠢᠯᠲᠡ᠎ᠪᠠᠷ ᠵᠶ᠋ᠡᠨ ᠳᠡᠯᠡᠬᠡᠢ ᠵᠢᠨ ᠡᠩᠬᠡ ᠲᠠᠢ᠌ᠪᠤᠩ ᠪᠣᠯᠣᠨ ᠬᠥᠭᠵᠢᠯᠲᠡ ᠵᠢ ᠨᠡᠩ ᠰᠠᠢ᠌ᠲᠤᠷ ᠬᠠᠮᠠᠭ᠋ᠠᠯᠠᠵᠤ ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠣᠪᠣᠢ᠌ᠮ᠎ᠠ ᠣᠨᠴᠠᠯᠢᠭ ᠪᠣᠯᠣᠨ᠎ᠠ ᠃ ᠪᠢᠳᠡ ᠡᠩᠬᠡ ᠲᠠᠢ᠌ᠪᠤᠩ ᠂ ᠬᠥᠭᠵᠢᠯᠲᠡ ᠂ ᠬᠠᠮᠲᠤᠷᠠᠯᠴᠠᠬᠤ ᠂ ᠬᠠᠮᠲᠤ᠎ᠪᠠᠷ ᠠᠰᠢᠭ ᠭᠦᠷᠲᠡᠭᠦ ᠲᠤᠭ᠎ᠢ ᠢᠮᠠᠭᠲᠠ ᠥᠨᠳᠥᠷ ᠮᠠᠨᠳᠤᠭᠤᠯᠵᠤ ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠲᠡᠭᠦ ᠨᠡᠭᠡᠭᠡᠯᠲᠡᠲᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ ᠂ ᠵᠢᠩᠬᠢᠨᠢ ᠣᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ ᠂ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠥᠷᠲᠡᠭ᠎ᠢ ᠪᠠᠳᠠᠷᠠᠭᠤᠯᠵᠤ ᠂ ᠬᠥᠮᠥᠨ ᠲᠥᠷᠥᠯᠬᠢᠲᠡᠨ᠎ᠤ ᠡᠩᠬᠡ ᠲᠠᠢ᠌ᠪᠤᠩ ᠪᠠ ᠬᠥᠭᠵᠢᠯᠲᠡ᠎ᠳᠤ ᠨᠡᠩ ᠶᠡᠬᠡ ᠬᠤᠪᠢ ᠨᠡᠮᠡᠷᠢ ᠦᠵᠡᠭᠦᠯᠭᠦ᠎ᠪᠠᠷ ᠴᠢᠷᠮᠠᠢ᠌ᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠵᠣᠬᠢᠶᠠᠯ᠎ᠳᠤ ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢ ᠂ ᠪᠢᠳᠡ ᠬᠡᠳᠦᠨ ᠠᠷᠪᠠᠨ ᠵᠢᠯ᠎ᠤᠨ ᠴᠠᠭ᠎ᠢ ᠬᠡᠷᠡᠭᠰᠡᠨ ᠥᠷᠥᠨᠡᠳᠠᠬᠢᠨ᠎ᠤ ᠬᠥᠭᠵᠢᠭᠰᠡᠨ ᠤᠯᠤᠰ᠎ᠤᠳ᠎ᠤᠨ ᠬᠡᠳᠦᠨ ᠵᠠᠭᠤᠨ ᠵᠢᠯ᠎ᠤᠨ ᠶᠠᠪᠤᠵᠤ ᠢᠷᠡᠭᠰᠡᠨ ᠠᠵᠤ ᠦᠢ᠍ᠯᠡᠳᠪᠦᠷᠢᠵᠢᠯᠲᠡ ᠵᠢᠨ ᠶᠠᠪᠤᠴᠠ ᠵᠢ ᠪᠡᠶᠡᠯᠡᠭᠦᠯᠵᠦ ᠂ ᠠᠵᠤ ᠠᠬᠤᠢ ᠵᠢᠨ ᠲᠦᠷᠭᠡᠨ ᠬᠥᠭᠵᠢᠯᠲᠡ ᠪᠣᠯᠣᠨ ᠨᠡᠢ᠌ᠭᠡᠮ᠎ᠤᠨ ᠤᠷᠳᠤ ᠬᠤᠭᠤᠴᠠᠭ᠋ᠠᠨ᠎ᠤ ᠲᠣᠭᠲᠠᠭᠤᠨ ᠪᠠᠢ᠌ᠳᠠᠯ᠎ᠤᠨ ᠭᠠᠢ᠌ᠬᠠᠮᠰᠢᠭ᠎ᠢ ᠡᠭᠦᠳᠴᠦ ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠥᠷᠭᠡᠨ ᠠᠭᠤᠳᠠᠮ ᠠᠯᠤᠰ ᠢᠷᠡᠭᠡᠳᠦᠢ ᠵᠢ ᠨᠡᠭᠡᠭᠡᠨ ᠥᠭᠴᠡᠢ ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠤᠷᠤᠭᠰᠢᠲᠠᠢ ᠶᠠᠪᠤᠭᠳᠠᠵᠤ ᠳᠡᠢ᠌ᠯᠤᠨᠠ ᠂ ᠲᠣᠭᠲᠠᠭᠤᠨ ᠶᠠᠪᠤᠭᠳᠠᠵᠤ ᠳᠡᠢ᠌ᠯᠤᠨᠠ ᠂ ᠲᠡᠷᠡ ᠪᠣᠯ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠴᠤᠷ᠎ᠤᠨ ᠭᠠᠭᠴᠠ ᠵᠥᠪ ᠵᠠᠮ ᠮᠥᠨ ᠭᠡᠳᠡᠭ᠎ᠢ ᠦᠢ᠍ᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ ᠃