ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠠᠩᠬᠠᠳᠠᠭᠴᠢ ᠪᠦᠭᠦ ᠤᠯᠤᠰ᠎ᠤᠨ ᠠᠮᠢ ᠠᠬᠤᠢ ᠵᠢᠨ ᠡᠳᠦᠷ᠎ᠤᠨ ᠲᠠᠰᠢᠷᠠᠮ ᠵᠶ᠋ᠠᠷ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠪᠦᠭᠦ ᠨᠡᠢ᠌ᠭᠡᠮ ᠵᠶ᠋ᠡᠷ ᠵᠶ᠋ᠡᠨ ᠬᠥᠳᠡᠯᠦᠯᠴᠡᠵᠦ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠤ ᠢᠳᠡᠪᠬᠢᠲᠡᠢ ᠳᠠᠮᠵᠢᠭᠤᠯᠤᠭᠴᠢ ᠪᠠ ᠵᠢᠱ᠌ᠢᠶᠡᠴᠢ ᠦᠢ᠍ᠯᠡᠳᠦᠯᠭᠡᠵᠢᠭᠦᠯᠦᠭᠴᠢ ᠪᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2023-08-16

      ᠳ᠋ᠢᠩ ᠰᠢᠤᠸᠠᠢ ᠰᠢᠶᠠᠩ ᠭᠣᠣᠯ ᠲᠠᠯᠠᠪᠠᠢ ᠵᠢᠨ ᠠᠵᠢᠯᠯᠠᠭ᠎ᠠ ᠵᠢᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠵᠠᠢ

      ᠠᠩᠬᠠᠳᠠᠭᠴᠢ ᠪᠦᠭᠦ ᠤᠯᠤᠰ᠎ᠤᠨ ᠠᠮᠢ ᠠᠬᠤᠢ ᠵᠢᠨ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠢᠬᠤᠯᠠ ᠵᠢᠭ᠋ᠠᠪᠤᠷᠢ ᠥᠭᠴᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ᠎ᠲᠠᠢ ᠬᠣᠯᠪᠣᠭᠳᠠᠬᠤ ᠦᠨᠳᠦᠰᠦᠨ ᠶᠡᠬᠡ ᠪᠣᠳᠣᠯᠭ᠎ᠠ ᠮᠥᠨ᠂ ᠨᠠᠮ᠎ᠤᠨ ᠡᠭᠦᠷᠭᠡ ᠬᠠᠷᠢᠭᠤᠴᠠᠯᠭ᠎ᠠ ᠵᠣᠷᠢᠯᠲᠠ᠎ᠲᠠᠢ ᠬᠣᠯᠪᠣᠭᠳᠠᠬᠤ ᠴᠢᠬᠤᠯᠠ ᠶᠡᠬᠡ ᠤᠯᠤᠰ ᠲᠦᠷᠦ ᠵᠢᠨ ᠠᠰᠠᠭᠤᠳᠠᠯ ᠮᠥᠨ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠲᠠᠢ ᠬᠣᠯᠪᠣᠭᠳᠠᠬᠤ ᠴᠢᠬᠤᠯᠠ ᠶᠡᠬᠡ ᠨᠡᠢ᠌ᠭᠡᠮ᠎ᠤᠨ ᠠᠰᠠᠭᠤᠳᠠᠯ ᠮᠥᠨ᠃ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠰᠢᠨ᠎ᠡ ᠠᠶᠠᠨ᠎ᠳᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠡᠨ ᠪᠠᠲᠤᠯᠠᠵᠤ᠂ ᠴᠢᠨᠠᠷ ᠰᠠᠢ᠌ᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭ᠋ᠠᠯᠠᠯᠲᠠ ᠵᠢ ᠵᠡᠷᠭᠡ᠎ᠪᠠᠷ ᠠᠬᠢᠭᠤᠯᠬᠤ ᠵᠢ ᠴᠢᠬᠤᠯᠠᠴᠢᠯᠠᠵᠤ᠂ 《ᠬᠣᠣᠰ ᠨᠡᠭᠦᠷᠡᠰᠦᠲᠥ᠋ᠷᠥᠭᠴᠢ》 ᠵᠢᠨ ᠠᠵᠢᠯ ᠵᠶ᠋ᠠᠷ ᠵᠢᠯᠣᠭᠣᠳᠤᠮᠵᠢ ᠪᠤᠯᠭ᠋ᠠᠵᠤ᠂ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠢ ᠠᠯᠬᠤᠮ ᠠᠯᠬᠤᠮ ᠵᠶ᠋ᠠᠷ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠣᠣᠰ ᠡᠵᠡᠮᠳᠡᠯ ᠲᠡᠢ᠌ᠰᠢ ᠬᠤᠪᠢᠷᠠᠭᠤᠯᠬᠤ ᠵᠢ ᠠᠬᠢᠭᠤᠯᠵᠤ᠂ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ ᠪᠣᠯᠣᠨ ᠠᠮᠢᠳᠤᠷᠠᠯ᠎ᠤᠨ ᠠᠷᠭ᠎ᠠ ᠭᠡᠯᠪᠡᠷᠢ ᠵᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠯᠭ᠋ᠠᠨ ᠬᠤᠪᠢᠷᠠᠭᠤᠯᠬᠤ ᠵᠢ ᠦᠷᠭᠦᠯᠵᠢᠯᠡᠨ ᠠᠬᠢᠭᠤᠯᠵᠤ᠂ ᠬᠥᠮᠥᠨ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠲᠦᠷᠭᠡᠨ ᠠᠬᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠵᠢᠨ ᠫᠢᠩ᠂ ᠪᠦᠭᠦ ᠨᠡᠢ᠌ᠭᠡᠮ ᠵᠶ᠋ᠡᠷ ᠵᠶ᠋ᠡᠨ ᠬᠥᠳᠡᠯᠦᠯᠴᠡᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠤ ᠢᠳᠡᠪᠬᠢᠲᠡᠢ ᠳᠠᠮᠵᠢᠭᠤᠯᠤᠭᠴᠢ ᠪᠠ ᠵᠢᠱ᠌ᠢᠶᠡᠴᠢ ᠦᠢ᠍ᠯᠡᠳᠦᠯᠭᠡᠵᠢᠭᠦᠯᠦᠭᠴᠢ ᠪᠣᠯᠵᠤ᠂ ᠪᠡᠶᠡᠴᠢᠯᠡᠨ ᠭᠦᠢ᠍ᠴᠡᠳᠬᠡᠵᠦ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠯ ᠴᠢᠷᠮᠠᠢ᠌ᠯᠭ᠎ᠠ ᠭᠠᠷᠭ᠋ᠠᠵᠤ᠂ ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠳᠡᠯᠡᠬᠡᠢ ᠶᠢᠷᠲᠢᠨᠴᠦ ᠵᠢ ᠬᠠᠮᠲᠤ᠎ᠪᠠᠷ ᠪᠦᠲᠦᠭᠡᠨ ᠪᠠᠢ᠌ᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠭᠦ ᠵᠢ ᠬᠦᠰᠡᠪᠡ᠃

      ᠪᠦᠭᠦ ᠤᠯᠤᠰ᠎ᠤᠨ ᠠᠩᠬᠠᠳᠠᠭᠴᠢ ᠠᠮᠢ ᠠᠬᠤᠢ ᠵᠢᠨ ᠡᠳᠦᠷ᠎ᠤᠨ ᠭᠣᠣᠯ ᠲᠠᠯᠠᠪᠠᠢ ᠵᠢᠨ ᠠᠵᠢᠯᠯᠠᠭ᠎ᠠ 15᠎ᠤ ᠡᠳᠦᠷ ᠵᠧᠵᠢᠶᠠᠩ ᠮᠤᠵᠢ ᠵᠢᠨ ᠬᠤᠵᠸᠦ ᠬᠣᠲᠠ᠎ᠳᠤ ᠶᠠᠪᠤᠭᠳᠠᠪᠠ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢ᠌ᠳ ᠳ᠋ᠢᠩ ᠰᠢᠤᠸᠠᠢ ᠰᠢᠶᠠᠩ ᠡᠭᠢᠯᠡᠯᠲᠡ ᠵᠢᠨ ᠶᠣᠰᠣᠯᠠᠯ᠎ᠳᠤ ᠣᠷᠣᠯᠴᠠᠵᠤ᠂ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃ ᠳ᠋ᠢᠩ ᠰᠢᠤᠸᠠᠢ ᠰᠢᠶᠠᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ᠎ᠳᠤ ᠬᠣᠯᠪᠣᠭᠳᠠᠬᠤ ᠦᠨᠳᠦᠰᠦᠨ ᠶᠡᠬᠡ ᠪᠣᠳᠣᠯᠭ᠎ᠠ ᠪᠤᠯᠭ᠋ᠠᠵᠤ᠂ ᠠᠯᠢ ᠤᠯᠠᠨ ᠡᠭᠦᠳᠦᠯᠲᠡ ᠵᠢᠨ ᠴᠢᠨᠠᠷᠲᠠᠢ ᠠᠵᠢᠯ᠎ᠢ ᠥᠷᠨᠢᠭᠦᠯᠵᠦ᠂ ᠵᠣᠷᠢᠭ᠎ᠤᠨ ᠶᠡᠬᠡ᠂ ᠡᠷᠴᠢᠮ᠎ᠤᠨ ᠶᠡᠬᠡ᠂ ᠦᠷ᠎ᠡ ᠪᠦᠲᠦᠮᠵᠢ ᠵᠢᠨ ᠶᠡᠬᠡ᠎ᠪᠠᠷ ᠵᠶ᠋ᠡᠨ ᠤᠷᠢᠳ ᠡᠮᠦᠨ᠎ᠡ ᠪᠠᠢ᠌ᠭ᠎ᠠ ᠦᠭᠡᠢ ᠶᠤᠮ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠠᠮᠵᠢᠯᠲᠠ ᠪᠦᠲᠦᠮᠵᠢ᠎ᠨᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠰᠢᠨ᠎ᠡ ᠴᠠᠭ ᠦᠶ᠎ᠡ ᠵᠢᠨ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ᠎ᠤ ᠢᠯᠡᠷᠬᠡᠢ ᠪᠡᠯᠭᠡ ᠲᠡᠮᠳᠡᠭ ᠪᠣᠯᠵᠠᠢ᠃ ᠰᠢᠨ᠎ᠡ ᠴᠠᠭ ᠦᠶ᠎ᠡ ᠰᠢᠨ᠎ᠡ ᠠᠶᠠᠨ᠎ᠳᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠵᠢ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠴᠢᠨᠠᠷ ᠰᠠᠢ᠌ᠲᠠᠢ ᠠᠮᠢ ᠠᠬᠤᠢ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠵᠤ᠂ ᠬᠥᠮᠥᠨ ᠪᠠ ᠪᠠᠢ᠌ᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠲᠦᠷᠭᠡᠨ ᠠᠬᠢᠭᠤᠯᠬᠤ ᠬᠡᠷᠡᠭᠲᠡᠢ᠃ ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠴᠥᠬᠥᠷᠡᠰᠢ ᠦᠭᠡᠢ ᠰᠠᠢ᠌ᠲᠤᠷ ᠬᠢᠵᠦ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠢ᠌ᠲᠤᠷ ᠬᠢᠵᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠭᠡᠷᠡᠭᠲᠡᠢ; ᠪᠤᠭᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠪᠠᠷ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠬᠦ ᠦᠨᠳᠦᠰᠦᠨ᠎ᠠᠴᠠ᠎ᠨᠢ ᠵᠠᠰᠠᠬᠤ ᠠᠷᠭ᠎ᠠ ᠪᠣᠳᠣᠯᠭ᠎ᠠ ᠪᠤᠯᠭ᠋ᠠᠬᠤ ᠵᠢ ᠪᠠᠷᠢᠮᠲᠠᠯᠠᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠣᠷᠣᠨ ᠵᠠᠢ ᠵᠢᠨ ᠪᠠᠢ᠌ᠷᠢᠰᠢᠯ᠂ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ᠂ ᠠᠮᠢᠳᠤᠷᠠᠯ᠎ᠤᠨ ᠠᠷᠭ᠎ᠠ ᠭᠡᠯᠪᠡᠷᠢ ᠵᠢ ᠲᠦᠷᠭᠡᠨ ᠪᠦᠷᠢᠯᠳᠦᠭᠦᠯᠬᠦ ᠭᠡᠷᠡᠭᠳᠠᠢ; ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠬᠦᠴᠦᠯᠡᠨ ᠳᠡᠭᠡᠭᠰᠢᠯᠡᠭᠦᠯᠭᠦ ᠭᠡᠷᠡᠭᠳᠠᠢ; ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠠᠬᠢᠭᠤᠯᠵᠤ᠂ ᠬᠥᠭᠵᠢᠯᠲᠡ ᠵᠢᠨ ᠳᠤᠮᠳᠠ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠳᠤᠮᠳᠠ ᠨᠡᠩ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ ᠭᠡᠷᠡᠭᠳᠠᠢ; ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠦᠷᠭᠦᠯᠵᠢᠯᠡᠨ ᠠᠬᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠬᠦ ᠬᠡᠷᠡᠭᠲᠡᠢ᠃ ᠪᠦᠭᠦ ᠤᠯᠤᠰ᠎ᠤᠨ ᠠᠮᠢ ᠠᠬᠤᠢ ᠵᠢᠨ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ᠎ᠪᠠᠷ ᠠᠵᠠ ᠲᠣᠭᠢᠶᠠᠯ ᠪᠤᠯᠭ᠋ᠠᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠤᠯᠠᠨ ᠲᠦᠮᠡᠨᠴᠢᠯᠡᠭᠰᠡᠨ ᠳᠠᠮᠵᠢᠭᠤᠯᠭ᠎ᠠ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ᠂ ᠪᠦᠭᠦ ᠨᠡᠢ᠌ᠭᠡᠮ᠎ᠤᠨ ᠠᠮᠢ ᠠᠬᠤᠢ ᠵᠢᠨ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠵᠦ᠂ ᠪᠦᠭᠦ ᠠᠷᠠᠳ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠵᠡᠯ ᠰᠠᠨᠠᠭ᠋ᠠᠨ᠎ᠤ ᠤᠬᠠᠮᠰᠠᠷ ᠪᠣᠯᠣᠨ ᠠᠵᠢᠯᠯᠠᠭ᠋ᠠᠨ᠎ᠤ ᠤᠬᠠᠮᠰᠠᠷ᠎ᠢ ᠴᠢᠩᠭ᠋ᠠᠳᠬᠠᠵᠤ᠂ ᠬᠥᠮᠥᠨ ᠪᠦᠭᠦᠨ᠂ ᠶᠠᠪᠤᠳᠠᠯ ᠪᠦᠭᠦᠨ᠂ ᠴᠠᠭ ᠢᠮᠠᠭᠲᠠ᠂ ᠭᠠᠵᠠᠷ ᠪᠣᠯᠭ᠋ᠠᠨ᠎ᠳᠤ ᠠᠮᠢ ᠠᠬᠤᠢ ᠵᠢᠨ ᠪᠣᠯᠪᠠᠰᠤᠨ᠎ᠢ ᠡᠷᠭᠢᠮᠯᠡᠭᠦ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃

      2023 ᠣᠨ᠎ᠤ 6 ᠰᠠᠷ᠎ᠠ ᠵᠢᠨ 28᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠤᠷᠪᠠᠳᠤᠭ᠋ᠠᠷ ᠬᠤᠷᠠᠯ᠎ᠠᠴᠠ ᠲᠣᠭᠲᠠᠭ᠋ᠠᠯ᠎ᠢ ᠪᠠᠲᠤᠯᠠᠵᠤ᠂ 8 ᠰᠠᠷ᠎ᠠ ᠵᠢᠨ 15᠎ᠤ ᠡᠳᠦᠷ᠎ᠢ ᠪᠦᠭᠦ ᠤᠯᠤᠰ᠎ᠤᠨ ᠠᠮᠢ ᠠᠬᠤᠢ ᠵᠢᠨ ᠡᠳᠦᠷ ᠪᠤᠯᠭ᠋ᠠᠬᠤ᠎ᠪᠠᠷ ᠲᠣᠭᠲᠠᠪᠠ᠃ ᠠᠩᠬᠠᠳᠠᠭᠴᠢ ᠪᠦᠭᠦ ᠤᠯᠤᠰ᠎ᠤᠨ ᠠᠮᠢ ᠠᠬᠤᠢ ᠵᠢᠨ ᠡᠳᠦᠷ᠎ᠤᠨ ᠭᠣᠣᠯ ᠲᠠᠯᠠᠪᠠᠢ ᠵᠢᠨ ᠠᠵᠢᠯᠯᠠᠭ᠎ᠠ ᠵᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ᠎ᠬᠢᠨ ᠲᠥᠪ᠎ᠤᠨ ᠤᠬᠠᠭᠤᠯᠬᠤ ᠬᠡᠯᠲᠡᠰ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ ᠰᠠᠯᠠᠭ᠎ᠠ ᠮᠥᠴᠢᠷ ᠪᠣᠯᠣᠨ ᠵᠧᠵᠢᠶᠠᠩ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠡᠷᠭᠢᠯᠡᠵᠦ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ᠎ᠪᠠᠷ ᠭᠣᠣᠯ ᠰᠡᠳᠦᠪ ᠵᠢᠡᠨ ᠪᠣᠯᠭ᠋ᠠᠵᠠᠢ᠃

      (ᠰᠢᠨᠬᠤᠸᠠ ᠬᠣᠷᠢᠶ᠎ᠠ ᠵᠢᠨ ᠬᠠᠩᠵᠧᠦ ᠵᠢᠨ 8 ᠰᠠᠷ᠎ᠠ ᠵᠢᠨ 15᠎ᠤ ᠴᠠᠭᠢᠯᠭ᠋ᠠᠨ ᠮᠡᠳᠡᠭᠡ)

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠯᠤᠰ ᠵᠢᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠷᠠᠭᠤᠯ ᠳᠠᠷᠳᠠᠩ ᠵᠠᠮ ᠮᠥᠨ》
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠎ᠢ ᠡᠷᠬᠢᠯᠡᠨ ᠬᠤᠷᠠᠯᠳᠤᠭᠤᠯᠪᠠ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠭᠢᠨ ᠪᠦᠲᠦᠭᠡᠨ ᠪᠠᠢ᠌ᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠰᠢ ᠵᠢᠨ ᠫᠢᠩ ᠠᠮᠧᠷᠢᠺᠠ ᠵᠢᠨ ᠸᠠᠰᠢᠩᠲ᠋ᠤᠨ ᠵᠧᠦ ᠵᠢᠨ 《ᠠᠮᠧᠷᠢᠺᠠ ᠳᠤᠮᠳᠠᠳᠤ ᠵᠢᠨ ᠵᠠᠯᠠᠭᠤᠴᠤᠳ ᠪᠠᠭ᠋ᠠᠴᠤᠳ ᠰᠣᠷᠣᠭᠴᠢᠳ᠎ᠤᠨ ᠰᠣᠯᠢᠯᠴᠠᠭ᠋ᠠᠨ᠎ᠤ ᠨᠡᠢ᠌ᠭᠡᠮᠯᠢᠭ》 ᠪᠣᠯᠣᠨ ᠡᠯ᠎ᠡ ᠡᠲᠡᠭᠡᠳ᠎ᠤᠨ ᠨᠥᠬᠥᠷᠰᠡᠭ ᠬᠥᠮᠥᠰ᠎ᠲᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠡᠮᠦᠨᠡᠲᠦ ᠠᠹᠷᠢᠺᠠ ᠵᠢᠨ ᠳ᠋ᠸᠷᠪᠠᠨ ᠪᠠᠢ᠌ᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠺᠦᠩᠽᠢ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠪᠡ
 
            