ᠰᠢᠨᠬᠤᠸᠠ ᠬᠣᠷᠢᠶ᠎ᠠ ᠵᠢᠨ ᠨᠠᠢ᠌ᠷᠤᠪᠢ ᠵᠢᠨ 8 ᠰᠠᠷ᠎ᠠ ᠵᠢᠨ 14᠎ᠤ ᠴᠠᠭᠢᠯᠭ᠋ᠠᠨ ᠮᠡᠳᠡᠭᠡ 14᠎ᠤ ᠡᠳᠦᠷ ᠂ 《 ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ 》 ᠭᠡᠬᠦ ᠨᠣᠮ᠎ᠤᠨ ᠨᠢᠭᠡᠳᠦᠭᠡᠷ ᠪᠣᠳᠢ ᠵᠢᠨ ᠰᠸᠠᠾᠢᠯᠢ ᠬᠡᠯᠡᠨ᠎ᠤ ᠬᠡᠪᠯᠡᠯ᠎ᠤᠨ ᠠᠩᠬ᠎ᠠ ᠲᠠᠷᠬᠠᠭ᠋ᠠᠬᠤ ᠶᠣᠰᠣᠯᠠᠯ ᠵᠢᠴᠢ ᠳᠤᠮᠳᠠᠳᠤ ᠺᠸᠨᠢᠶᠠ ᠵᠢᠨ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠰᠤᠳᠤᠯᠤᠨ ᠶᠠᠷᠢᠯᠴᠠᠬᠤ ᠬᠤᠷᠠᠯ ᠺᠸᠨᠢᠶᠠ ᠵᠢᠨ ᠨᠡᠢ᠌ᠰᠯᠡᠯ ᠨᠠᠢ᠌ᠷᠤᠪᠢᠳᠤ ᠶᠠᠪᠤᠭᠳᠠᠪᠠ ᠃
ᠳᠤᠮᠳᠠᠳᠤ ᠺᠸᠨᠢᠶᠠ ᠵᠢᠨ ᠬᠤᠷᠠᠯ᠎ᠳᠤ ᠣᠷᠣᠯᠴᠠᠬᠰᠠᠨ ᠬᠦᠨᠳᠦᠲᠦ ᠵᠣᠴᠢᠳ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠳ ᠂ 《 ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ 》 ᠭᠡᠬᠦ ᠨᠣᠮ᠎ᠨᠢ ᠲᠡᠷᠢᠭᠦᠯᠡᠭᠴᠢ ᠰᠢ ᠵᠢᠨ ᠫᠢᠩ᠎ᠤᠨ ᠲᠦᠷᠦ ᠵᠢ ᠵᠠᠰᠠᠬᠤ ᠠᠷᠭ᠎ᠠ ᠪᠣᠳᠣᠯᠭ᠎ᠠ ᠵᠢ ᠲᠥᠪᠯᠡᠷᠡᠭᠦᠯᠦᠨ ᠲᠤᠰᠬᠠᠵᠤ ᠂ ᠳᠤᠮᠳᠠᠳᠤ ᠤᠯᠤᠰ᠎ᠤᠨ ᠬᠥᠭᠵᠢᠯᠲᠡ ᠵᠢᠨ ᠣᠯᠣᠭᠰᠠᠨ ᠠᠮᠵᠢᠯᠲᠠ ᠪᠣᠯᠣᠨ ᠲᠤᠷᠰᠢᠯᠭ᠎ᠠ᠎ᠨᠢ ᠺᠸᠨᠢᠶᠠ ᠵᠢ ᠪᠠᠭᠲᠠᠭ᠋ᠠᠭᠰᠠᠨ ᠥᠷᠭᠡᠨ ᠤᠯᠠᠨ ᠬᠥᠭᠵᠢᠵᠦ ᠪᠠᠢ᠌ᠭ᠎ᠠ ᠤᠯᠤᠰ᠎ᠲᠤ ᠠᠰᠢᠭᠲᠠᠢ ᠲᠣᠯᠢᠯᠠᠯ ᠬᠠᠩᠭ᠋ᠠᠵᠠᠢ ᠃ 《 ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ 》 ᠭᠡᠬᠦ ᠨᠣᠮ᠎ᠤᠨ ᠨᠢᠭᠡᠳᠦᠭᠡᠷ ᠪᠣᠳᠢ ᠵᠢᠨ ᠰᠸᠠᠾᠢᠯᠢ ᠬᠡᠯᠡᠨ᠎ᠤ ᠬᠡᠪᠯᠡᠯ ᠬᠡᠪᠯᠡᠭᠳᠡᠭᠰᠡᠨ᠎ᠨᠢ ᠬᠣᠶᠠᠷ ᠤᠯᠤᠰ᠎ᠤᠨ ᠬᠡᠪᠯᠡᠯ᠎ᠤᠨ ᠡᠲᠡᠭᠡᠳ ᠂ ᠣᠷᠴᠢᠭᠤᠯᠭ᠎ᠠ ᠵᠢᠨ ᠡᠲᠡᠭᠡᠳ᠎ᠤᠨ᠎ᠬᠢᠨ᠎ᠤ ᠬᠦᠴᠦ᠎ᠪᠠᠨ ᠬᠠᠮᠲᠤᠳᠬᠠᠨ ᠬᠠᠮᠲᠤᠷᠠᠨ ᠠᠵᠢᠯᠯᠠᠭᠰᠠᠨ᠎ᠤ ᠴᠢᠬᠤᠯᠠ ᠦᠷ᠎ᠡ ᠪᠦᠲᠦᠭᠡᠯ ᠪᠤᠯᠬᠤ ᠪᠥᠭᠡᠳ ᠪᠠᠰᠠ ᠳᠤᠮᠳᠠᠳᠤ ᠺᠸᠨᠢᠶᠠ ᠵᠢᠨ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠷᠰᠢᠯᠭ᠎ᠠ᠎ᠪᠠᠨ ᠰᠣᠯᠢᠯᠴᠠᠵᠤ ᠬᠠᠷᠢᠯᠴᠠᠨ ᠲᠣᠯᠢᠯᠠᠭᠰᠠᠨᠤ ᠠᠮᠢᠳᠤᠯᠢᠭ ᠭᠡᠷᠡᠴᠢ ᠪᠣᠯᠣᠨ᠎ᠠ ᠃ ᠰᠢᠨ᠎ᠡ ᠨᠣᠮ᠎ᠢ ᠬᠡᠪᠯᠡᠨ ᠲᠠᠷᠬᠠᠭ᠋ᠠᠭᠰᠠᠨ᠎ᠨᠢ ᠠᠹᠷᠢᠺᠠ ᠲᠢᠪ᠎ᠤᠨ ᠤᠩᠰᠢᠭᠴᠢᠳ᠎ᠤᠨ ᠳᠤᠮᠳᠠᠳᠤ ᠤᠯᠤᠰ᠎ᠤᠨ ᠵᠠᠮ᠎ᠤᠨ ᠲᠡᠦᠬᠡ ᠵᠢᠨ ᠭᠦᠨ ᠳᠠᠪᠬᠤᠷᠭ᠎ᠠ ᠪᠠ ᠰᠣᠶᠣᠯ᠎ᠤᠨ ᠰᠠᠭᠤᠷᠢ ᠵᠢ ᠲᠠᠨᠢᠵᠤ ᠣᠢ᠌ᠯᠠᠭ᠋ᠠᠵᠤ ᠂ ᠳᠤᠮᠳᠠᠳᠤ ᠤᠯᠤᠰ᠎ᠤᠨ ᠡᠪ ᠬᠠᠮᠲᠤ ᠨᠠᠮ ᠬᠡᠨ᠎ᠤ ᠲᠥᠯᠥᠭᠡ ᠪᠠᠢ᠌ᠬᠤ ᠂ ᠬᠡᠨ᠎ᠳᠤ ᠲᠦᠰᠢᠭᠯᠡᠬᠦ ᠲᠦᠷᠦ ᠪᠠᠷᠢᠬᠤ ᠣᠢ᠌ᠯᠠᠭ᠋ᠠᠭᠳᠠᠬᠤᠨ ᠵᠢᠴᠢ ᠨᠡᠩ ᠰᠠᠢ᠌ᠨ ᠰᠠᠢ᠌ᠬᠠᠨ ᠳᠡᠯᠡᠬᠡᠢ ᠶᠢᠷᠲᠢᠨᠴᠦ ᠵᠢ ᠪᠠᠢ᠌ᠭᠤᠯᠬᠤ ᠳᠤᠮᠳᠠᠳᠤ ᠤᠯᠤᠰ᠎ᠤᠨ ᠤᠶᠤᠨ ᠤᠬᠠᠭ᠋ᠠᠨ᠎ᠢ ᠲᠠᠨᠢᠵᠤ ᠣᠢ᠌ᠯᠠᠭ᠋ᠠᠬᠤ ᠵᠢ ᠠᠬᠢᠭᠤᠯᠬᠤ ᠪᠣᠯᠣᠨ᠎ᠠ ᠭᠡᠵᠦ ᠦᠵᠡᠵᠡᠭᠡᠪᠡ ᠃
ᠬᠤᠷᠠᠯ᠎ᠳᠤ ᠣᠷᠣᠯᠴᠠᠬᠰᠠᠨ ᠬᠦᠨᠳᠦᠲᠦ ᠵᠣᠴᠢᠳ ᠂ ᠡᠨᠡ ᠵᠢᠯ ᠪᠣᠯ ᠳᠤᠮᠳᠠᠳᠤ ᠺᠸᠨᠢᠶᠠ ᠵᠢᠨ ᠭᠠᠳᠠᠭ᠋ᠠᠳᠤ ᠬᠠᠷᠢᠯᠴᠠᠭ᠎ᠠ ᠪᠠᠢ᠌ᠭᠤᠯᠤᠭᠰᠠᠨ 60 ᠵᠢᠯ᠎ᠤᠨ ᠤᠢ ᠪᠣᠯᠣᠨ᠎ᠠ ᠂ ᠬᠣᠶᠠᠷ ᠲᠠᠯ᠎ᠠ᠎ᠪᠠᠷ ᠵᠶ᠋ᠠᠨ ᠡᠨᠡ ᠤᠳᠠᠭ᠎ᠠ ᠵᠢᠨ ᠠᠵᠢᠯᠯᠠᠭ᠎ᠠ᠎ᠪᠠᠷ ᠠᠵᠠ ᠲᠣᠭᠢᠶᠠᠯ ᠪᠤᠯᠭ᠋ᠠᠵᠤ ᠂ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠭᠦᠨᠵᠡᠭᠡᠢ᠌ᠷᠡᠭᠦᠯᠵᠦ ᠂ ᠤᠯᠠᠮᠵᠢᠯᠠᠯᠲᠤ ᠨᠥᠬᠥᠷᠯᠡᠯ ᠵᠶ᠋ᠡᠨ ᠠᠬᠢᠭᠤᠯᠵᠤ ᠂ ᠳᠤᠮᠳᠠᠳᠤ ᠺᠸᠨᠢᠶᠠ ᠵᠢᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠪᠠᠢ᠌ᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ ᠃
ᠠᠩᠬ᠎ᠠ ᠲᠠᠷᠬᠠᠭ᠋ᠠᠬᠤ ᠶᠣᠰᠣᠯᠠᠯ ᠳᠡᠭᠡᠷ᠎ᠡ ᠳᠤᠮᠳᠠᠳᠤ ᠺᠸᠨᠢᠶᠠ ᠵᠢᠨ ᠬᠦᠨᠳᠦᠲᠦ ᠵᠣᠴᠢᠳ ᠬᠠᠮᠲᠤ᠎ᠪᠠᠷ 《 ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ 》 ᠭᠡᠬᠦ ᠨᠣᠮ᠎ᠤᠨ ᠨᠢᠭᠡᠳᠦᠭᠡᠷ ᠪᠣᠳᠢ ᠵᠢᠨ ᠰᠸᠠᠾᠢᠯᠢ ᠬᠡᠯᠡᠨ᠎ᠤ ᠬᠡᠪᠯᠡᠯ᠎ᠤᠨ ᠰᠢᠨ᠎ᠡ ᠨᠣᠮ᠎ᠤᠨ ᠬᠥᠰᠢᠭᠡ ᠵᠢ ᠰᠡᠬᠦᠵᠦ ᠂ ᠳᠤᠮᠳᠠᠳᠤ ᠤᠯᠤᠰ᠎ᠤᠨ᠎ᠬᠢᠨ ᠺᠸᠨᠢᠶᠠ ᠵᠢᠨ ᠲᠠᠯ᠎ᠠ᠎ᠳᠤ ᠰᠢᠨ᠎ᠡ ᠨᠣᠮ ᠪᠡᠯᠡᠭᠯᠡᠪᠡ ᠃
《 ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ 》 ᠭᠡᠬᠦ ᠨᠣᠮ᠎ᠤᠨ ᠨᠢᠭᠡᠳᠦᠭᠡᠷ ᠪᠣᠳᠢ ᠵᠢᠨ ᠰᠸᠠᠾᠢᠯᠢ ᠬᠡᠯᠡᠨ᠎ᠤ ᠬᠡᠪᠯᠡᠯ᠎ᠢ ᠭᠠᠳᠠᠭ᠋ᠠᠳᠤ ᠬᠡᠯᠡᠨ᠎ᠤ ᠬᠡᠪᠯᠡᠯ᠎ᠤᠨ ᠬᠣᠷᠢᠶ᠎ᠠ ᠪᠣᠯᠣᠨ ᠺᠸᠨᠢᠶᠠ ᠵᠢᠨ ᠤᠳᠬ᠎ᠠ ᠵᠣᠬᠢᠶᠠᠯ᠎ᠤᠨ ᠲᠣᠪᠴᠢᠶ᠎ᠠ᠎ᠠᠴᠠ ᠬᠠᠮᠲᠤᠷᠠᠨ ᠣᠷᠴᠢᠭᠤᠯᠤᠨ ᠬᠡᠪᠯᠡᠭᠦᠯᠵᠡᠢ ᠃ ᠣᠳᠣᠬᠠᠨ ᠪᠤᠯᠲᠠᠯ᠎ᠠ ᠂ 《 ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ 》 ᠭᠡᠬᠦ ᠨᠣᠮ᠎ᠤᠨ ᠨᠢᠭᠡᠳᠦᠭᠡᠷ ᠪᠣᠳᠢ ᠵᠢ ᠨᠢᠭᠡᠨᠲᠡ 37 ᠲᠦᠷᠦᠯ᠎ᠤᠨ ᠬᠡᠯᠡ᠎ᠪᠠᠷ ᠣᠷᠴᠢᠭᠤᠯᠤᠨ ᠬᠡᠪᠯᠡᠭᠦᠯᠵᠦ ᠂ 180 ᠭᠠᠷᠤᠢ ᠤᠯᠤᠰ ᠪᠠ ᠭᠠᠵᠠᠷ ᠣᠷᠣᠨ᠎ᠳᠤ ᠲᠠᠷᠬᠠᠭ᠋ᠠᠪᠠ ᠃
ᠲᠥᠪ᠎ᠤᠨ ᠤᠬᠠᠭᠤᠯᠬᠤ ᠬᠡᠯᠲᠡᠰ᠎ᠤᠨ ᠬᠠᠷᠢᠭᠤᠴᠠᠯᠭ᠋ᠠᠲᠠᠨ ᠂ ᠺᠸᠨᠢᠶᠠ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢ᠌ᠳ᠎ᠤᠨ ᠶᠠᠮᠤᠨ᠎ᠤ ᠬᠠᠷᠢᠭᠤᠴᠠᠯᠭ᠋ᠠᠲᠠᠨ ᠂ ᠺᠸᠨᠢᠶᠠ ᠵᠢᠨ ᠲᠠᠯ᠎ᠠ ᠵᠢᠨ ᠳᠡᠭᠡᠳᠦ ᠵᠡᠷᠭᠡ ᠵᠢᠨ ᠤᠯᠤᠰ ᠲᠦᠷᠦ ᠵᠢᠨ ᠴᠢᠬᠤᠯᠠ ᠬᠥᠮᠥᠰ ᠂ ᠲᠦᠷᠦ ᠵᠢᠨ ᠨᠠᠮ᠎ᠤᠨ ᠤᠳᠤᠷᠢᠳᠤᠭᠴᠢ ᠂ ᠵᠠᠭᠤᠴᠢᠯᠠᠭᠤᠷ ᠂ ᠤᠶᠤᠨ᠎ᠤ ᠬᠥᠮᠥᠷᠭᠡ ᠵᠢᠨ ᠲᠥᠯᠥᠭᠡᠯᠡᠭᠴᠢ ᠵᠡᠷᠭᠡ ᠡᠯ᠎ᠡ ᠡᠲᠡᠭᠡᠳ᠎ᠤᠨ 500 ᠰᠢᠬᠠᠮ ᠬᠥᠮᠥᠨ ᠠᠩᠬ᠎ᠠ ᠲᠠᠷᠬᠠᠭ᠋ᠠᠬᠤ ᠶᠣᠰᠣᠯᠠᠯ ᠪᠣᠯᠣᠨ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠵᠠᠢ ᠃
ᠲᠣᠰ ᠤᠳᠠᠭ᠋ᠠᠨ᠎ᠤ ᠠᠵᠢᠯᠯᠠᠭ᠎ᠠ ᠵᠢ ᠳᠤᠮᠳᠠᠳᠤ ᠤᠯᠤᠰ᠎ᠤᠨ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠤ ᠠᠯᠪᠠᠨ ᠭᠡᠷ᠎ᠠᠴᠠ ᠵᠢᠯᠤᠭᠣᠳᠴᠤ ᠂ ᠺᠸᠨᠢᠶᠠ ᠵᠢᠨ ᠤᠳᠬ᠎ᠠ ᠵᠣᠬᠢᠶᠠᠯ᠎ᠤᠨ ᠲᠣᠪᠴᠢᠶ᠎ᠠ ᠂ ᠳᠤᠮᠳᠠᠳᠤ ᠤᠯᠤᠰ᠎ᠤᠨ ᠭᠠᠳᠠᠭ᠋ᠠᠳᠤ ᠬᠡᠯᠡᠨ᠎ᠤ ᠬᠡᠪᠯᠡᠨ ᠲᠠᠷᠬᠠᠭ᠋ᠠᠯᠲᠠ ᠵᠢᠨ ᠦᠢ᠍ᠯᠡᠰ᠎ᠤᠨ ᠲᠣᠪᠴᠢᠶ᠎ᠠ ᠂ ᠳᠤᠮᠳᠠᠳᠤ ᠤᠯᠤᠰ᠎ᠤᠨ ᠺᠸᠨᠢᠶᠠ᠎ᠳᠤ ᠰᠠᠭᠤᠭ᠎ᠠ ᠡᠯᠴᠢᠨ ᠰᠠᠢ᠌ᠳ᠎ᠤᠨ ᠶᠠᠮᠤᠨ ᠬᠠᠮᠲᠤᠷᠠᠨ ᠡᠷᠭᠢᠯᠡᠪᠡ ᠃
ᠲᠤᠬᠠᠢ ᠵᠢᠨ ᠡᠳᠦᠷ ᠂ ᠳᠤᠮᠳᠠᠳᠤ ᠺᠸᠨᠢᠶᠠ ᠵᠢᠨ ᠬᠣᠯᠪᠣᠭᠳᠠᠯ ᠪᠦᠬᠦᠢ ᠲᠠᠯ᠎ᠠ ᠵᠢᠨ᠎ᠬᠢᠨ ᠪᠠᠰᠠ 2023 《 ᠠᠹᠷᠢᠺᠠ ᠲᠢᠪ᠎ᠤᠨ ᠬᠠᠨᠢᠲᠠᠨ 》 ᠵᠠᠭᠤᠴᠢᠯᠠᠭᠤᠷ᠎ᠤᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ ᠂ ᠺᠸᠨᠢᠶᠠ ᠵᠢᠨ ᠳᠤᠮᠳᠠᠳᠤ ᠤᠯᠤᠰ᠎ᠤᠨ ᠺᠢᠨᠣ᠋ ᠵᠢᠨ ᠨᠠᠢ᠌ᠷ ᠵᠡᠷᠭᠡ ᠠᠯᠢ ᠤᠯᠠᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠡᠷᠭᠢᠯᠡᠵᠡᠢ ᠃