ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠎ᠢ ᠡᠷᠬᠢᠯᠡᠨ ᠬᠤᠷᠠᠯᠳᠤᠭᠤᠯᠵᠤ
ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠴᠢᠨᠠᠷ ᠰᠠᠢ᠌ᠲᠠᠢ ᠬᠥᠭᠵᠢᠯᠲᠡ ᠵᠢ ᠭᠤᠢ᠌ᠪᠢᠰᠢ ᠦᠭᠡᠢ ᠠᠬᠢᠭᠤᠯᠬᠤ ᠬᠡᠷᠡᠭᠲᠡᠢ
ᠵᠠᠰᠠᠭ ᠵᠠᠬᠢᠷᠭ᠋ᠠᠨ᠎ᠤ ᠦᠷ᠎ᠡ ᠴᠢᠳᠠᠮᠵᠢ ᠵᠢ ᠶᠡᠬᠡ᠎ᠪᠠᠷ ᠳᠡᠭᠡᠭᠰᠢᠯᠡᠭᠦᠯᠵᠦ ᠡᠯ᠎ᠡ ᠵᠦᠢ᠍ᠯ᠎ᠤᠨ ᠡᠭᠦᠷᠭᠡ ᠵᠢ ᠪᠡᠶᠡᠯᠡᠭᠦᠯᠬᠦ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ
ᠰᠢᠨᠬᠤᠸᠠ ᠬᠣᠷᠢᠶᠠᠨ᠎ᠤ ᠪᠡᠭᠡᠵᠢᠩ᠎ᠤᠨ 8 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠴᠠᠬᠢᠯᠭ᠋ᠠᠨ ᠮᠡᠳᠡᠭᠡ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 8 ᠳ᠋ᠤᠭ᠋ᠠᠷ ᠰᠠᠷ᠎ᠠ ᠵᠢᠨ 16᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠣᠯᠣᠨ ᠠᠵᠤ ᠠᠬᠤᠢ ᠵᠢᠨ ᠠᠵᠢᠯ᠎ᠤᠨ ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠳᠠᠷᠠᠭ᠋ᠠᠴᠢ ᠵᠢᠨ ᠠᠯᠬᠤᠮ᠎ᠤᠨ ᠠᠵᠢᠯ ᠵᠶ᠋ᠠᠨ ᠰᠠᠢ᠌ᠲᠤᠷ ᠬᠢᠬᠦ ᠲᠤᠬᠠᠢ ᠲᠠᠬᠢᠨ ᠪᠠᠢ᠌ᠷᠢᠯᠠᠭᠤᠯᠵᠤ᠂ ᠲᠠᠬᠢᠨ ᠠᠬᠢᠭᠤᠯᠵᠤ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠪᠠ᠃
ᠯᠢ ᠴᠢᠶᠠᠩ᠂ ᠵᠢᠯ ᠡᠬᠢᠯᠡᠭᠰᠡᠨ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯᠯᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠠᠮᠲᠤ ᠵᠢᠨ ᠴᠢᠷᠮᠠᠢ᠌ᠯᠭ᠎ᠠ᠎ᠪᠠᠷ᠂ ᠮᠠᠨ᠎ᠤ ᠤᠯᠤᠰ᠎ᠤᠨ ᠠᠵᠤ ᠠᠬᠤᠢ ᠵᠢᠨ ᠠᠵᠢᠯᠯᠠᠭ᠋ᠠᠨ ᠶᠡᠷᠦᠩᠬᠡᠢ᠎ᠳᠤ᠎ᠪᠠᠨ ᠰᠠᠢ᠌ᠵᠢᠷᠠᠵᠤ᠂ ᠪᠦᠬᠦ ᠵᠢᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠰᠠᠢ᠌ᠨ ᠰᠠᠭᠤᠷᠢ ᠲᠠᠯᠪᠢᠵᠠᠢ᠃ ᠪᠢᠳᠡ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠨᠵᠢᠯᠡᠬᠦ ᠤᠬᠠᠭ᠋ᠠᠨᠴᠢ ᠮᠠᠭ᠋ᠠᠳᠯᠠᠯᠲᠠ ᠪᠠ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠᠯᠤᠭᠠ ᠦᠨᠡᠨ ᠬᠦ᠌ ᠨᠢᠭᠡᠳᠬᠡᠵᠦ᠂ ᠲᠣᠭᠲᠠᠭᠤᠨ᠎ᠤ ᠳᠤᠮᠳᠠ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠨ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠲᠣᠭᠲᠠᠯ ᠬᠦᠴᠦᠨ ᠵᠶ᠋ᠡᠨ ᠪᠠᠲᠤᠯᠠᠵᠤ᠂ ᠬᠦᠴᠦᠯᠡᠨ ᠴᠢᠷᠮᠠᠢ᠌ᠵᠤ᠂ ᠬᠣᠷᠸ᠎ᠠ ᠲᠣᠬᠢᠷᠠᠭᠤᠯᠭ᠎ᠠ ᠡᠵᠡᠮᠳᠡᠯ᠎ᠢ ᠤᠨᠢᠨ ᠳᠡᠭᠡᠷ᠎ᠡ᠎ᠨᠢ ᠡᠷᠴᠢᠮᠲᠡᠢ ᠬᠡᠷᠡᠭᠵᠢᠭᠦᠯᠵᠦ᠂ ᠡᠯ᠎ᠡ ᠲᠦᠷᠦᠯ᠎ᠤᠨ ᠲᠦᠷᠦ ᠵᠢᠨ ᠪᠣᠳᠣᠯᠭ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠬᠤ᠎ᠳᠤ ᠠᠵᠤ ᠠᠬᠤᠢ ᠵᠢᠨ ᠠᠵᠢᠯᠯᠠᠭ᠋ᠠᠨ᠎ᠤ ᠦᠷᠭᠦᠯᠵᠢᠯᠡᠨ ᠰᠠᠢ᠌ᠵᠢᠷᠠᠬᠤ᠂ ᠳᠣᠲᠣᠭ᠋ᠠᠳᠤ ᠬᠥᠳᠡᠯᠭᠡᠬᠦ ᠬᠦᠴᠦᠨ᠎ᠤ ᠦᠷᠭᠦᠯᠵᠢᠯᠡᠨ ᠴᠢᠩᠭ᠋ᠠᠷᠠᠬᠤ᠂ ᠨᠡᠢ᠌ᠭᠡᠮ᠎ᠤᠨ ᠵᠢᠱ᠌ᠢᠯᠲᠡ ᠵᠢᠨ ᠦᠷᠭᠦᠯᠵᠢᠯᠡᠨ ᠰᠠᠢ᠌ᠵᠢᠷᠠᠬᠤ᠂ ᠠᠶᠤᠯ ᠲᠦᠭᠰᠢᠭᠦᠷᠢ ᠵᠢᠨ ᠭᠡᠮ ᠰᠣᠭᠣᠭ᠎ᠢ ᠦᠷᠭᠦᠯᠵᠢᠯᠡᠨ ᠠᠷᠢᠯᠭ᠋ᠠᠬᠤ ᠵᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦ᠎ᠪᠠᠨ ᠪᠠᠲᠤᠳᠬᠠᠵᠤ ᠰᠠᠭᠤᠷᠢ᠎ᠪᠠᠨ ᠪᠡᠬᠢᠵᠢᠭᠦᠯᠬᠦ᠎ᠳᠤ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠲᠦᠷᠭᠡᠨ ᠪᠤᠢ ᠪᠣᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 8 ᠳ᠋ᠤᠭ᠋ᠠᠷ ᠰᠠᠷ᠎ᠠ ᠵᠢᠨ 16᠎ᠤ ᠡᠳᠦᠷ ᠪᠡᠭᠡᠵᠢᠩ᠎ᠳᠤ ᠲᠥᠷᠥ ᠵᠢᠠ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠢ ᠡᠷᠬᠢᠯᠡᠨ ᠬᠤᠷᠠᠯᠳᠤᠭᠤᠯᠪᠠ (ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ)
ᠯᠢ ᠴᠢᠶᠠᠩ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠦᠴᠦᠯᠡᠨ ᠥᠷᠭᠡᠳᠬᠡᠵᠦ᠂ ᠬᠡᠷᠡᠭᠯᠡᠭᠡ ᠵᠢ ᠥᠷᠭᠡᠳᠬᠡᠬᠦ᠂ ᠪᠡᠯᠡ ᠣᠷᠣᠭᠤᠯᠤᠯᠲᠠ ᠵᠢ ᠠᠬᠢᠭᠤᠯᠬᠤ ᠲᠦᠷᠦ ᠵᠢᠨ ᠪᠣᠳᠣᠯᠭ᠎ᠠ ᠵᠢᠨ ᠣᠷᠣᠨ ᠵᠠᠢ ᠵᠢ ᠦᠷᠭᠦᠯᠵᠢᠯᠡᠨ ᠥᠷᠭᠡᠳᠬᠡᠵᠦ᠂ ᠥᠷᠭᠡᠨ ᠬᠡᠮᠵᠢᠶᠡᠨ᠎ᠤ ᠬᠡᠷᠡᠭᠯᠡᠭᠡ ᠵᠢ ᠬᠥᠭᠵᠢᠭᠡᠵᠦ᠂ ᠠᠷᠠᠳ᠎ᠤᠨ ᠪᠡᠯᠡ ᠣᠷᠣᠭᠤᠯᠤᠯᠲᠠ ᠵᠢᠨ ᠢᠳᠡᠪᠬᠢᠵᠢᠯ᠎ᠢ ᠲᠠᠢ᠍ᠢ᠍ᠴᠢᠯᠠᠵᠤ᠂ ᠴᠢᠬᠤᠯᠠ ᠶᠡᠬᠡ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠰᠤᠳᠤᠯᠭ᠋ᠠᠨ ᠪᠠ ᠨᠥᠭᠡᠴᠡᠯᠡᠯᠲᠡ ᠵᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠬᠦᠴᠦᠯᠡᠨ ᠪᠠᠢ᠌ᠭᠤᠯᠵᠤ᠂ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠵᠢᠨ ᠬᠡᠯᠪᠡᠷᠢ᠎ᠪᠠᠷ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠬᠦ ᠵᠢ ᠲᠦᠷᠭᠡᠳᠬᠡᠵᠦ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠪᠦᠯᠦᠭᠵᠢᠯ᠎ᠤᠨ ᠬᠥᠭᠵᠢᠯᠲᠡ ᠵᠢ ᠶᠡᠬᠡ᠎ᠪᠠᠷ ᠠᠬᠢᠭᠤᠯᠵᠤ᠂ ᠦᠢ᠍ᠯᠡᠳᠬᠡᠯ᠎ᠤᠨ ᠦᠢ᠍ᠯᠡᠰ᠎ᠢ ᠲᠣᠭ᠋ᠠᠵᠢᠭᠤᠯᠤᠭᠰᠠᠨ ᠬᠡᠯᠪᠡᠷᠢ ᠲᠡᠢ᠌ᠰᠢ ᠬᠤᠪᠢᠷᠠᠭᠤᠯᠬᠤ ᠠᠯᠬᠤᠴᠠ ᠵᠢ ᠪᠦᠬᠦ ᠲᠠᠯ᠎ᠠ᠎ᠪᠠᠷ ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠨᠡᠭᠡᠭᠡᠯᠲᠡ ᠵᠢ ᠥᠷᠭᠡᠳᠬᠡᠬᠦ᠎ᠳᠤ ᠬᠦᠴᠦᠯᠡᠵᠦ᠂ ᠰᠢᠨ᠎ᠡ ᠡᠭᠡᠯᠵᠢ ᠵᠢᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠳᠡᠪᠰᠢᠭᠦᠯᠬᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠭᠠᠳᠠᠭ᠋ᠠᠳᠤ ᠠᠷᠠᠯᠵᠢᠶᠠᠨ᠎ᠤ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ ᠵᠢ ᠠᠬᠢᠭᠤᠯᠵᠤ᠂ ᠨᠡᠩ ᠶᠡᠬᠡ ᠡᠷᠴᠢᠮ ᠵᠶ᠋ᠡᠷ ᠭᠠᠳᠠᠭ᠋ᠠᠳᠤ ᠪᠡᠯᠡ ᠵᠢ ᠲᠠᠲᠠᠨ ᠠᠰᠢᠭᠯᠠᠬᠤ ᠬᠡᠷᠡᠭᠲᠡᠢ᠃ ᠣᠷᠣᠨ ᠪᠦᠰᠡ ᠬᠤᠳᠠ ᠬᠥᠳᠡᠭᠡ ᠵᠢᠨ ᠵᠣᠬᠢᠴᠠᠩᠭᠤᠢ ᠬᠥᠭᠵᠢᠯᠲᠡ ᠵᠢ ᠬᠦᠴᠦᠯᠡᠨ ᠠᠬᠢᠭᠤᠯᠵᠤ᠂ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠰᠢᠨ᠎ᠡ ᠬᠡᠯᠪᠡᠷᠢ ᠵᠢᠨ ᠬᠤᠳᠠ ᠪᠠᠯᠭ᠋ᠠᠰᠤᠵᠢᠯᠲᠠ ᠵᠢᠨ ᠪᠠᠢ᠌ᠯᠳᠤᠬᠤ ᠪᠣᠳᠣᠯᠭ᠎ᠠ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃ ᠬᠦᠨᠳᠦ ᠶᠡᠬᠡ ᠠᠶᠤᠯ ᠲᠦᠭᠰᠢᠭᠦᠷᠢ ᠵᠢ ᠬᠦᠴᠦᠯᠡᠨ ᠰᠡᠷᠭᠡᠢ᠌ᠯᠡᠵᠦ ᠠᠷᠢᠯᠭ᠋ᠠᠨ᠂ ᠬᠦᠴᠦᠲᠡᠢ᠂ ᠳᠢᠭᠯᠢᠮ᠎ᠲᠠᠢ᠂ ᠪᠦᠲᠦᠮᠵᠢᠲᠡᠢ᠎ᠪᠠᠷ ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠪᠣᠳᠠᠲᠠᠢ ᠠᠷᠢᠯᠭ᠋ᠠᠬᠤ ᠵᠢ ᠠᠬᠢᠭᠤᠯᠬᠤ ᠬᠡᠷᠡᠭᠲᠡᠢ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠵᠤ᠎ᠳᠤ ᠬᠦᠴᠦᠯᠡᠵᠦ᠂ ᠬᠦᠴᠢᠷᠳᠡᠯᠲᠡᠢ ᠤᠯᠠᠨ ᠲᠦᠮᠡᠨ᠎ᠢ ᠨᠡᠢ᠌ᠭᠡᠮ᠎ᠤᠨ ᠠᠪᠤᠷᠠᠨ ᠲᠤᠰᠠᠯᠠᠯᠲᠠ᠎ᠪᠠᠷ ᠳᠠᠭ᠋ᠠᠭ᠋ᠠᠨ ᠪᠠᠲᠤᠯᠠᠬᠤ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠤᠯᠠᠨ ᠠᠷᠭ᠎ᠠ᠎ᠪᠠᠷ ᠠᠵᠢᠯ ᠣᠯᠭᠣᠵᠤ ᠣᠷᠣᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ᠂ ᠭᠠᠮᠰᠢᠭ᠎ᠠᠴᠠ ᠠᠪᠤᠷᠠᠬᠤ ᠪᠠ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠬᠦᠴᠦᠯᠡᠨ ᠴᠢᠩᠭ᠋ᠠᠳᠬᠠᠵᠤ᠂ ᠭᠠᠮᠰᠢᠭ᠎ᠤᠨ ᠳᠠᠷᠠᠭ᠋ᠠᠬᠢ ᠰᠡᠷᠭᠦᠭᠡᠯᠲᠡ ᠵᠢ ᠦᠨᠡᠨ ᠬᠦ᠌ ᠰᠠᠢ᠌ᠲᠤᠷ ᠬᠢᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠠᠶᠤᠯ ᠲᠦᠭᠰᠢᠭᠦᠷᠢ ᠵᠢᠨ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠯᠢ ᠴᠢᠶᠠᠩ᠂ ᠵᠠᠰᠠᠭ ᠵᠠᠬᠢᠷᠭ᠋ᠠᠨ᠎ᠤ ᠦᠷ᠎ᠡ ᠴᠢᠳᠠᠮᠵᠢ ᠵᠢ ᠶᠡᠬᠡ᠎ᠪᠠᠷ ᠳᠡᠭᠡᠭᠰᠢᠯᠡᠭᠦᠯᠵᠦ᠂ ᠡᠯ᠎ᠡ ᠵᠦᠢ᠍ᠯ᠎ᠤᠨ ᠡᠭᠦᠷᠭᠡ ᠵᠢ ᠪᠡᠶᠡᠯᠡᠭᠦᠯᠬᠦ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ᠎ᠤᠳ ᠪᠦᠬᠦ ᠲᠠᠯ᠎ᠠ ᠵᠢᠨ ᠦᠵᠡᠯᠲᠡ᠎ᠪᠠᠨ ᠴᠢᠩᠭ᠋ᠠᠳᠬᠠᠵᠤ᠂ 《ᠤᠯᠤᠰ᠎ᠤᠨ ᠶᠡᠬᠡ ᠶᠠᠪᠤᠳᠠᠯ》᠎ᠢ ᠰᠡᠳᠬᠢᠯ᠎ᠳᠤ᠎ᠪᠠᠨ ᠪᠤᠳᠤᠵᠤ᠂ ᠠᠵᠢᠯ᠎ᠤᠨ ᠭᠠᠷᠳᠠᠴᠠ ᠵᠢ ᠣᠨᠣᠪᠴᠢᠲᠠᠢ ᠣᠯᠵᠤ᠂ ᠠᠵᠢᠯ᠎ᠤᠨ ᠰᠢᠨ᠎ᠡ ᠪᠠᠢ᠌ᠳᠠᠯ᠎ᠢ ᠪᠤᠢ ᠪᠣᠯᠭ᠋ᠠᠬᠤ ᠬᠡᠷᠡᠭᠲᠡᠢ᠃ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠬᠢᠵᠦ᠂ ᠵᠣᠬᠢᠴᠠᠯᠳᠤᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ 《ᠥᠨᠳᠥᠷ ᠪᠦᠲᠦᠮᠵᠢᠲᠡᠢ᠎ᠪᠠᠷ ᠨᠢᠭᠡ ᠶᠠᠪᠤᠳᠠᠯ᠎ᠢ ᠪᠦᠲᠦᠭᠡᠬᠦ》 ᠵᠢᠨ ᠲᠣᠭᠣᠷᠢᠨ᠎ᠳᠤ ᠬᠦᠴᠦ᠎ᠪᠠᠨ ᠬᠠᠮᠲᠤᠳᠬᠠᠨ ᠰᠢᠪᠲᠤᠯᠵᠤ᠂ ᠤᠯᠠᠨ ᠲᠦᠮᠡᠨ ᠪᠣᠯᠣᠨ ᠠᠵᠤ ᠠᠬᠤᠢ᠌ᠯᠠᠯ᠎ᠤᠨ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠲᠡᠢ᠃ ᠬᠡᠪᠰᠢᠮᠡᠯ ᠰᠡᠳᠬᠢᠬᠦᠢ᠎ᠪᠠᠨ ᠲᠠᠶᠠᠭᠳᠠᠵᠤ᠂ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠵᠤ᠂ ᠠᠵᠢᠯ᠎ᠤᠨ ᠴᠤᠪᠤᠷᠠᠯ ᠪᠣᠯᠣᠨ ᠠᠬᠢᠭᠤᠯᠬᠤ ᠠᠷᠭ᠎ᠠ᠎ᠪᠠᠨ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠲᠤᠷ ᠭᠦᠢ᠍ᠴᠡᠳᠬᠡᠵᠦ᠂ ᠬᠢᠨᠠᠨ ᠬᠠᠮᠢᠶᠠᠷᠬᠤ ᠪᠠ ᠦᠢ᠍ᠯᠡᠴᠢᠯᠡᠬᠦ᠂ ᠠᠮᠤᠷ ᠲᠦᠪᠰᠢᠨ᠎ᠢ ᠪᠠᠲᠤᠯᠠᠬᠤ ᠪᠠ ᠬᠥᠭᠵᠢᠯᠲᠡ ᠵᠢ ᠠᠬᠢᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠬᠥᠭᠵᠢᠯᠲᠡ ᠵᠢᠨ ᠲᠥᠯᠥᠭᠡ ᠢᠯᠡᠭᠦᠬᠡᠨ ᠠᠷᠭ᠎ᠠ ᠰᠦᠪᠡᠭᠴᠢᠯᠡᠵᠦ᠂ ᠠᠵᠤ ᠠᠬᠤᠢ᠌ᠯᠠᠯ᠎ᠳᠤ ᠢᠯᠡᠭᠦᠬᠡᠨ ᠬᠦᠴᠦᠨ ᠴᠢᠳᠠᠯ ᠵᠶ᠋ᠠᠨ ᠡᠷᠭᠦᠵᠦ᠂ ᠪᠦᠬᠦ ᠨᠡᠢ᠌ᠭᠡᠮ᠎ᠳᠤ ᠠᠵᠢᠯ ᠬᠢᠵᠦ ᠦᠢ᠍ᠯᠡᠰ ᠪᠣᠰᠬᠠᠬᠤ᠂ ᠬᠥᠭᠵᠢᠯᠲᠡ ᠵᠢ ᠬᠠᠮᠲᠤ᠎ᠪᠠᠷ ᠠᠬᠢᠭᠤᠯᠬᠤ ᠥᠳᠬᠡᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠦᠭᠦᠳᠡ ᠬᠤᠷᠠᠯ᠎ᠤᠨ ᠭᠡᠰᠢᠭᠦᠳ ᠬᠤᠷᠠᠯ᠎ᠳᠤ ᠣᠷᠣᠯᠴᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠤᠰᠤᠳ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠳ ᠬᠤᠷᠠᠯ᠎ᠳᠤ ᠰᠤᠯᠠ ᠣᠷᠣᠯᠴᠠᠪᠠ᠃ ᠡᠯ᠎ᠡ ᠮᠤᠵᠢ (ᠣᠷᠣᠨ᠂ ᠬᠣᠲᠠ) ᠵᠢᠨ ᠵᠠᠰᠠᠭ᠎ᠤᠨ ᠣᠷᠳᠣᠨ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠭᠣᠣᠯ ᠬᠠᠷᠢᠭᠤᠴᠠᠯᠭ᠋ᠠᠲᠠᠨ ᠸᠢᠳᠢᠣ᠋᠎ᠪᠠᠷ ᠲᠤᠬᠠᠢ ᠵᠢᠨ ᠭᠠᠵᠠᠷ᠎ᠲᠤ᠎ᠪᠠᠨ ᠬᠤᠷᠠᠯ᠎ᠳᠤ ᠰᠤᠯᠠ ᠣᠷᠣᠯᠴᠠᠪᠠ᠃