ᠰᠢᠨᠬᠤᠸᠠ ᠬᠣᠷᠢᠶ᠎ᠠ ᠵᠢᠨ ᠪᠡᠭᠡᠵᠢᠩ᠎ᠤᠨ 8 ᠰᠠᠷ᠎ᠠ ᠵᠢᠨ 17᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶ᠎ᠠ 8 ᠰᠠᠷ᠎ᠠ ᠵᠢᠨ 17᠎ᠤ ᠡᠳᠦᠷ ᠬᠤᠷᠠᠯ ᠬᠤᠷᠠᠯᠳᠤᠭᠤᠯᠵᠤ ᠂ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠭᠢᠨ ᠪᠦᠲᠦᠭᠡᠨ ᠪᠠᠢ᠌ᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ
ᠰᠢ ᠵᠢᠨ ᠫᠢᠩ ᠬᠤᠷᠠᠯ᠎ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ ᠃
ᠬᠤᠷᠠᠯ᠎ᠠᠴᠠ ᠂ 《ᠲᠤᠯᠤᠭ᠋ᠠᠨ ᠰᠠᠷ᠎ᠠ ᠵᠢᠨ ᠰᠡᠭᠦᠯᠴᠢ ᠨᠠᠢ᠍ᠮᠠᠨ ᠰᠠᠷ᠎ᠠ ᠵᠢᠨ ᠡᠬᠢ 》 ᠪᠣᠯ ᠦᠶᠡᠷ᠎ᠢ ᠰᠡᠷᠭᠡᠢ᠌ᠯᠡᠬᠦ ᠵᠠᠩᠭᠢᠯᠠᠭ᠎ᠠ ᠵᠢᠨ ᠬᠤᠭᠤᠴᠠᠭ᠎ᠠ ᠪᠣᠯᠣᠨ᠎ᠠ ᠂
ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ ᠂ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠤᠯᠤᠰ᠎ᠤᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠢ ᠵᠢᠯᠤᠭᠣᠳᠬᠤ ᠭᠠᠵᠠᠷ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠨ ᠂ ᠬᠦᠴᠦ᠎ᠪᠠᠨ ᠬᠠᠮᠲᠤᠳᠬᠠᠨ ᠬᠠᠮᠵᠢᠯᠴᠠᠵᠤ ᠂ ᠤᠯᠤᠰ᠎ᠤᠨ ᠶᠡᠷᠦᠩᠬᠡᠢ᠌ᠯᠡᠭᠰᠡᠨ ᠴᠢᠨᠠᠷᠲᠠᠢ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠩᠭᠢ ᠡᠮᠦᠨ᠎ᠡ᠎ᠨᠢ ᠭᠠᠪᠰᠢᠭ᠋ᠠᠢ᠌ᠯᠠᠵᠤ ᠂ ᠴᠢᠯᠦᠭᠡᠯᠡᠬᠦ ᠴᠡᠷᠢᠭ ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠪᠠᠴᠢᠮ ᠲᠤᠰᠠᠯᠠᠵᠤ ᠂ ᠲᠥᠪ᠎ᠤᠨ ᠠᠵᠤ ᠠᠬᠤᠢ᠌ᠯᠠᠯ ᠪᠣᠯᠣᠨ ᠨᠡᠢ᠌ᠭᠡᠮ᠎ᠤᠨ ᠬᠦᠴᠦᠨ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠵᠦ ᠂ ᠥᠷᠭᠡᠨ ᠤᠯᠠᠨ ᠠᠷᠠᠳ ᠲᠦᠮᠡᠨ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠥ ᠂ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠂ ᠭᠡᠷ ᠣᠷᠣᠨ ᠵᠢᠡᠨ ᠰᠠᠬᠢᠨ ᠬᠠᠮᠠᠭ᠋ᠠᠯᠠᠬᠤ ᠪᠠᠲᠤ ᠪᠡᠬᠢ ᠰᠡᠷᠭᠡᠢ᠌ᠯᠡᠯᠲᠡ ᠵᠢᠨ ᠱᠤᠭᠤᠮ᠎ᠢ ᠬᠠᠮᠲᠤ᠎ᠪᠠᠷ ᠪᠠᠢ᠌ᠭᠤᠯᠵᠤ ᠂ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠲᠡᠮᠡᠴᠡᠯ ᠴᠢᠬᠤᠯᠠ ᠶᠡᠬᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠠᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠣᠳᠣᠬᠠᠨ᠎ᠳᠤ ᠮᠠᠨ᠎ᠤ ᠤᠯᠤᠰ ᠮᠥᠨ ᠬᠦ᠌ ᠭᠣᠣᠯ ᠦᠶᠡᠷ᠎ᠤᠨ ᠬᠤᠭᠤᠴᠠᠭ᠋ᠠᠨ᠎ᠳᠤ ᠣᠷᠣᠰᠢᠵᠤ ᠂ ᠪᠦᠭᠦ ᠤᠯᠤᠰ᠎ᠤᠨ ᠣᠯᠠᠨ ᠭᠠᠵᠠᠷ᠎ᠲᠤ ᠰᠢᠷᠦᠭᠦᠨ ᠪᠣᠷᠣᠭ᠋ᠠᠨ ᠂ ᠦᠶᠡᠷ ᠤᠰᠤᠲᠤᠯ ᠂ ᠲᠠᠢ᠌ᠹᠧᠩ ᠰᠠᠯᠬᠢ ᠵᠡᠷᠭᠡ ᠭᠠᠮᠰᠢᠭ ᠮᠥᠨ ᠬᠦ᠌ ᠣᠯᠠᠨ ᠡᠭᠦᠰᠴᠦ ᠂ ᠵᠠᠷᠢᠮ ᠰᠠᠪᠠ ᠭᠠᠵᠠᠷ᠎ᠲᠤ ᠮᠥᠨ ᠬᠦ᠌ ᠦᠶᠡᠷ ᠤᠰᠤᠲᠤᠯ᠎ᠤᠨ ᠭᠠᠮᠰᠢᠭ᠎ᠤᠨ ᠲᠦᠭᠰᠢᠭᠦᠷᠢ ᠣᠷᠣᠰᠢᠵᠤ ᠂ ᠤᠮᠠᠷᠠᠲᠤ ᠣᠷᠣᠨ ᠂ ᠵᠡᠭᠦᠨ ᠬᠣᠢ᠌ᠲᠤ ᠵᠢᠨ ᠬᠡᠰᠡᠭ ᠠᠭᠤᠯᠠᠷᠬᠠᠭ ᠣᠷᠣᠨ᠎ᠤ ᠬᠥᠷᠥᠰᠥ ᠰᠢᠷᠣᠢ ᠵᠢᠨ ᠤᠰᠤᠨ᠎ᠤ ᠠᠭᠤᠯᠤᠭᠳᠠᠴᠠ ᠨᠢᠭᠡᠨᠲᠡ ᠬᠠᠨᠤᠮᠠᠯ ᠬᠡᠮᠵᠢᠶᠡᠨ᠎ᠳᠤ ᠬᠦᠷᠴᠦ ᠂ ᠠᠭᠤᠯᠠᠨ ᠦᠶᠡᠷ᠎ᠤᠨ ᠭᠠᠮᠰᠢᠭ᠎ᠤᠨ ᠲᠦᠭᠰᠢᠭᠦᠷᠢ ᠥᠨᠳᠥᠷ ᠪᠠᠢ᠌ᠵᠤ ᠂ ᠮᠥᠨ ᠬᠦ᠌ ᠥᠴᠥᠬᠡᠨ ᠴᠦ᠍ ᠰᠤᠯᠠᠷᠠᠭᠤᠯᠵᠤ ᠪᠤᠯᠬᠤ ᠦᠭᠡᠢ ᠪᠠᠢ᠌ᠨ᠎ᠠ ᠃ ᠣᠨᠴᠠ ᠵᠠᠷᠢᠮ ᠭᠠᠵᠠᠷ ᠣᠷᠣᠨ᠎ᠳᠤ ᠭᠠᠩ ᠬᠠᠭᠰᠠᠷᠠᠭ᠋ᠠᠨ᠎ᠤ ᠪᠠᠢ᠌ᠳᠠᠯ ᠢᠯᠡᠷᠡᠭᠰᠡᠨ ᠪᠥᠭᠡᠳ ᠬᠡᠴᠡᠭᠦᠳᠡᠵᠦ ᠪᠠᠢ᠌ᠭ᠎ᠠ᠎ᠳᠤ ᠮᠥᠨ ᠬᠦ᠌ ᠬᠥᠩᠭᠡᠨ ᠬᠠᠭᠤᠮᠠᠭ᠋ᠠᠢ ᠬᠠᠨᠳᠤᠵᠤ ᠪᠤᠯᠬᠤ ᠦᠭᠡᠢ ᠃ ᠡᠯ᠎ᠡ ᠬᠣᠯᠪᠣᠭᠳᠠᠯ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ ᠵᠢᠨ᠎ᠬᠢᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠡᠷᠴᠢᠮ ᠵᠶ᠋ᠡᠨ ᠢᠮᠠᠭᠲᠠ ᠴᠢᠩᠭ᠋ᠠᠷᠠᠭᠤᠯᠵᠤ ᠂ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠢᠮᠠᠭᠲᠠ ᠲᠡᠷᠢᠭᠦᠨ ᠪᠠᠢ᠌ᠷᠢᠨ᠎ᠳᠤ ᠲᠠᠯᠪᠢᠵᠤ ᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ 》 ᠬᠠᠷᠢᠭᠤᠴᠠᠯᠭ᠋ᠠᠲᠤ ᠰᠡᠳᠬᠢᠯᠭᠡ᠎ᠪᠠᠷ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠢᠮᠠᠭᠲᠠ ᠬᠢᠨᠠᠭᠤᠷ ᠪᠣᠯᠭᠣᠮᠵᠢᠲᠠᠢ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠣᠨᠣᠴᠠᠲᠠᠢ᠎ᠪᠠᠷ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠲᠤᠨ ᠳᠠᠭ᠋ᠠᠵᠤ ᠂ ᠴᠠᠭ ᠠᠭᠤᠷ᠎ᠤᠨ ᠤᠷᠢᠳᠴᠢᠯᠠᠨ ᠰᠡᠷᠡᠮᠵᠢᠯᠡᠭᠦᠯᠭᠦ ᠬᠢᠭᠡᠳ ᠭᠠᠮᠰᠢᠭ᠎ᠢ ᠤᠷᠢᠳᠴᠢᠯᠠᠨ ᠮᠡᠳᠡᠭᠡᠯᠡᠬᠦ ᠵᠢᠨ ᠬᠠᠮᠲᠤᠷᠠᠨ ᠬᠥᠳᠡᠯᠦᠯᠴᠡᠬᠦ ᠵᠢ ᠤᠯᠠᠮ ᠴᠢᠨᠠᠭᠰᠢᠳᠠ ᠴᠢᠩᠭ᠋ᠠᠳᠬᠠᠵᠤ ᠂ ᠭᠠᠮᠰᠢᠭ᠎ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠭᠦ ᠵᠢ ᠲᠣᠪᠤᠢ᠌ᠯᠭ᠋ᠠᠨ ᠂ ᠴᠡᠭ ᠴᠡᠭ ᠵᠢᠡᠷ ᠬᠠᠷᠠᠭ᠋ᠠᠯᠵᠠᠭᠤᠯᠤᠨ ᠣᠨᠣᠴᠠᠲᠠᠢ᠎ᠪᠠᠷ ᠤᠷᠢᠳᠴᠢᠯᠠᠨ ᠮᠡᠳᠡᠭᠡᠯᠡᠬᠦ ᠪᠠ ᠲᠡᠷᠡ ᠳᠠᠷᠤᠢ᠎ᠳᠤ᠎ᠨᠢ ᠰᠢᠨᠡᠳᠬᠡᠬᠦ ᠵᠢ ᠰᠠᠢ᠌ᠲᠤᠷ ᠬᠢᠵᠦ ᠂ ᠤᠷᠢᠳᠴᠢᠯᠠᠨ ᠰᠡᠷᠡᠮᠵᠢᠯᠡᠭᠦᠯᠭᠦ ᠵᠢᠨ ᠴᠢᠭᠯᠡᠯᠲᠦ ᠴᠢᠨᠠᠷ᠎ᠢ ᠴᠢᠩᠭ᠋ᠠᠷᠠᠭᠤᠯᠤᠨ ᠂ ᠭᠠᠮᠰᠢᠭ᠎ᠤᠨ ᠰᠡᠷᠡᠮᠵᠢᠯᠡᠭᠦᠯᠤᠯ᠎ᠤᠨ 《ᠳᠠᠭᠤᠳᠠᠬᠤ ᠬᠠᠷᠢᠭᠤ ᠥᠭᠬᠦ 》 ᠵᠢ ᠦᠨᠳᠦᠰᠦᠨ ᠱᠠᠲᠤᠨ᠎ᠤ ᠦᠶᠡᠷ᠎ᠢ ᠰᠡᠷᠭᠡᠢ᠌ᠯᠡᠬᠦ ᠬᠠᠷᠢᠭᠤᠴᠠᠯᠭ᠋ᠠᠲᠠᠨ᠎ᠳᠤ ᠰᠢᠭᠤᠳ ᠬᠦᠷᠭᠡᠬᠦ ᠲᠣᠭᠲᠠᠴᠠ ᠵᠢ ᠨᠠᠢ᠌ᠳᠠᠪᠤᠷᠢᠵᠢᠭᠤᠯᠵᠤ ᠂ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠨ ᠬᠠᠮᠲᠤᠷᠠᠨ ᠬᠥᠳᠡᠯᠦᠯᠴᠡᠬᠦ ᠵᠢ ᠴᠢᠩᠭ᠋ᠠᠳᠬᠠᠨ ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠥᠰᠥᠯ᠎ᠤᠨ ᠠᠵᠢᠯᠯᠠᠭ᠋ᠠᠨ᠎ᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ ᠂ ᠠᠵᠢᠯ᠎ᠤᠨ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠬᠦ ᠬᠡᠷᠡᠭᠲᠡᠢ ᠃ ᠰᠡᠷᠭᠡᠢ᠌ᠯᠡᠯᠲᠡ ᠵᠢᠨ ᠭᠣᠣᠯᠳᠠᠯᠭ᠎ᠠ ᠵᠢ ᠳᠣᠪᠤᠢ᠌ᠯᠭ᠋ᠠᠵᠤ ᠂ ᠰᠠᠪᠠ ᠭᠠᠵᠠᠷ᠎ᠤᠨ ᠴᠢᠨᠠᠷᠲᠠᠢ ᠶᠡᠬᠡ ᠦᠶᠡᠷ ᠪᠣᠯ ᠦᠶᠡᠷ᠎ᠢ ᠰᠡᠷᠭᠡᠢ᠌ᠯᠡᠬᠦ ᠠᠵᠢᠯ᠎ᠤᠨ ᠢᠮᠠᠭᠲᠠ ᠵᠢᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠣᠨ᠎ᠠ ᠂ ᠭᠣᠣᠯ ᠮᠥᠷᠡᠨ᠎ᠤ ᠰᠠᠪᠠ ᠭᠠᠵᠠᠷ᠎ᠤᠨ ᠦᠶᠡᠷ᠎ᠢ ᠰᠡᠷᠭᠡᠢ᠌ᠯᠡᠵᠦ ᠲᠣᠬᠢᠷᠠᠭᠤᠯᠬᠤ ᠠᠵᠢᠯ᠎ᠢ ᠰᠠᠢ᠌ᠲᠤᠷ ᠲᠥᠯᠥᠪᠵᠢᠭᠦᠯᠵᠦ ᠂ ᠰᠠᠢ᠌ᠲᠤᠷ ᠨᠠᠢ᠌ᠳᠠᠪᠤᠷᠢᠵᠢᠭᠤᠯᠵᠤ ᠂ ᠪᠡᠯᠡᠳᠬᠡᠯ ᠲᠥᠰᠥᠯ ᠂ ᠡᠩᠨᠡᠭᠡ ᠂ ᠡᠳ᠋ ᠪᠣᠳᠠᠰ ᠪᠣᠯᠣᠨ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠡᠬᠢᠯᠡᠨ ᠬᠡᠷᠡᠭᠯᠡᠬᠦ ᠪᠡᠯᠡᠳᠬᠡᠯ᠎ᠢ ᠪᠦᠭᠦ ᠲᠠᠯ᠎ᠠ᠎ᠪᠠᠷ ᠰᠠᠢ᠌ᠲᠤᠷ ᠬᠢᠵᠦ ᠂ ᠶᠡᠬᠡ ᠭᠣᠣᠯ ᠮᠥᠷᠡᠨ᠎ᠤ ᠦᠶᠡᠷ᠎ᠢ ᠠᠮᠤᠷ ᠲᠦᠪᠰᠢᠨ ᠵᠶ᠋ᠡᠷ ᠥᠩᠭᠡᠷᠡᠭᠦᠯᠬᠦ ᠵᠢ ᠪᠠᠲᠤᠯᠠᠬᠤ ᠭᠡᠷᠡᠭᠲᠡᠶ ; ᠳᠤᠮᠳᠠ ᠪᠠᠭ᠎ᠠ ᠭᠣᠣᠯ ᠮᠥᠷᠡᠨ᠎ᠤ ᠦᠶᠡᠷ ᠂ ᠳᠤᠮᠳᠠ ᠪᠠᠭ᠎ᠠ ᠤᠰᠤᠨ ᠴᠥᠭᠦᠷᠥᠮ᠎ᠤᠨ ᠦᠶᠡᠷ᠎ᠤᠨ ᠬᠤᠭᠤᠴᠠᠭ᠎ᠠ ᠵᠢ ᠥᠩᠭᠡᠷᠡᠭᠦᠯᠬᠦ ᠂ ᠠᠭᠤᠯᠠᠨ ᠦᠶᠡᠷ ᠪᠣᠯᠣᠨ ᠭᠠᠵᠠᠷ᠎ᠤᠨ ᠭᠠᠮᠰᠢᠭ ᠂ ᠬᠤᠳᠠ ᠬᠥᠳᠡᠭᠡ ᠵᠢᠨ ᠤᠰᠤᠲᠤᠯ ᠵᠡᠷᠭᠡ ᠪᠠᠭᠤᠷᠠᠢ ᠭᠣᠭᠴᠣᠭ᠎ᠠ ᠵᠢᠨ ᠦᠶᠡᠷ᠎ᠢ ᠰᠡᠷᠭᠡᠢ᠌ᠯᠡᠵᠦ ᠠᠮᠤᠷ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠭᠡᠮ ᠰᠣᠭᠣᠭ᠎ᠢ ᠭᠠᠮᠰᠢᠭ ᠪᠤᠯᠬᠤ᠎ᠠᠴᠠ᠎ᠨᠢ ᠡᠮᠦᠨ᠎ᠡ ᠠᠷᠢᠯᠭ᠋ᠠᠬᠤ ᠭᠡᠷᠡᠭᠲᠡᠢ ; ᠦᠶᠡᠷ᠎ᠢ ᠰᠡᠷᠭᠡᠢ᠌ᠯᠡᠬᠦ ᠪᠠ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ ᠂ ᠭᠠᠩ ᠬᠠᠭᠰᠠᠷᠠᠭ᠋ᠠᠨ ᠤᠰᠤᠲᠤᠯ ᠵᠡᠷᠭᠡ᠎ᠪᠠᠷ ᠡᠭᠦᠰᠬᠦ ᠂ ᠭᠠᠩ ᠬᠠᠭᠰᠠᠷᠠᠭ᠋ᠠᠨ ᠤᠰᠤᠲᠤᠯ ᠲᠦᠷᠭᠡᠨ ᠬᠤᠪᠢᠷᠠᠬᠤ ᠵᠢ ᠴᠢᠩᠭ᠎ᠠ ᠰᠡᠷᠭᠡᠢ᠌ᠯᠡᠬᠦ ᠬᠡᠷᠡᠭᠲᠡᠢ ᠃ ᠡᠷᠡᠰ ᠰᠢᠭᠤᠷᠬᠠᠢ᠎ᠪᠠᠷ ᠰᠢᠯᠵᠢᠭᠦᠯᠦᠨ ᠠᠶᠤᠯ᠎ᠠᠴᠠ ᠵᠠᠢ᠌ᠯᠠᠭᠤᠯᠵᠤ ᠂ 《ᠠᠷᠪᠠ ᠤᠳᠠᠭ᠎ᠠ ᠰᠡᠷᠭᠡᠢ᠌ᠯᠡᠭᠡᠳ ᠶᠢᠰᠦ ᠤᠳᠠᠭ᠎ᠠ᠎ᠨᠢ ᠬᠣᠭᠣᠰᠤᠨ ᠪᠣᠯᠤᠭᠰᠠᠨ ᠴᠤ᠌ ᠰᠡᠷᠭᠡᠢ᠌ᠯᠡᠯᠲᠡ᠎ᠪᠠᠨ ᠠᠯᠳᠠᠵᠤ ᠪᠤᠯᠬᠤ ᠦᠭᠡᠢ 》᠂ ᠵᠠᠩᠭᠢᠯᠠᠭ᠎ᠠ ᠵᠢᠨ ᠦᠶ᠎ᠡ᠎ᠳᠤ ᠠᠶᠤᠯᠲᠠᠢ ᠭᠠᠵᠠᠷ ᠣᠷᠣᠨ᠎ᠤ ᠣᠯᠠᠨ ᠲᠦᠮᠡᠨ᠎ᠢ ᠰᠢᠯᠵᠢᠭᠦᠯᠦᠨ ᠵᠠᠢ᠌ᠯᠠᠭᠤᠯᠵᠤ ᠂ ᠬᠥᠮᠥᠰ᠎ᠢ ᠰᠢᠯᠵᠢᠭᠦᠯᠦᠨ ᠠᠶᠤᠯ᠎ᠠᠴᠠ ᠵᠠᠢ᠌ᠯᠠᠭᠤᠯᠬᠤ ᠪᠡᠯᠡᠳᠬᠡᠯ ᠲᠥᠰᠥᠯ᠎ᠢ ᠤᠯᠠᠮ ᠴᠢᠨᠠᠭᠰᠢᠳᠠ ᠨᠠᠷᠢᠯᠢᠭᠵᠢᠭᠤᠯᠵᠤ ᠂ ᠰᠢᠯᠵᠢᠭᠦᠯᠪᠡᠰᠦ ᠵᠣᠬᠢᠬᠤ ᠵᠢ᠎ᠨᠢ ᠪᠦᠭᠦᠨ᠎ᠢ ᠰᠢᠯᠵᠢᠭᠦᠯᠵᠦ ᠂ ᠰᠢᠯᠵᠢᠭᠦᠯᠪᠡᠰᠦ ᠵᠣᠬᠢᠬᠤ ᠵᠢ᠎ᠨᠢ ᠡᠷᠲᠡᠬᠡᠨ ᠰᠢᠯᠵᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠪᠦᠭᠦ ᠬᠦᠴᠦᠨ ᠵᠶ᠋ᠡᠷ ᠵᠶ᠋ᠡᠨ ᠠᠶᠤᠯ᠎ᠠᠴᠠ ᠠᠪᠤᠷᠠᠨ ᠲᠤᠰᠠᠯᠠᠵᠤ ᠂ ᠤᠯᠤᠰ᠎ᠤᠨ ᠶᠡᠷᠦᠩᠬᠡᠢ᠌ᠯᠡᠭᠰᠡᠨ ᠴᠢᠨᠠᠷᠲᠠᠢ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠠᠩᠭᠢ ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠂ ᠲᠥᠪ᠎ᠠᠴᠠ ᠬᠠᠮᠢᠶᠠᠷᠴᠤ ᠪᠠᠢ᠌ᠭ᠎ᠠ ᠠᠵᠤ ᠠᠬᠤᠢ᠌ᠯᠠᠯ ᠪᠣᠯᠣᠨ ᠨᠡᠢ᠌ᠭᠡᠮ᠎ᠤᠨ ᠠᠪᠤᠷᠠᠨ ᠲᠤᠰᠠᠯᠠᠬᠤ ᠬᠦᠴᠦᠨ ᠵᠡᠷᠭᠡ ᠡᠯ᠎ᠡ ᠲᠦᠷᠦᠯ᠎ᠤᠨ ᠠᠪᠤᠷᠠᠨ ᠲᠤᠰᠠᠯᠠᠬᠤ ᠬᠦᠴᠦᠨ᠎ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠂ ᠥᠨᠳᠥᠷ ᠪᠦᠲᠦᠮᠵᠢᠲᠡᠢ᠎ᠪᠠᠷ ᠠᠪᠤᠷᠠᠨ ᠲᠤᠰᠠᠯᠠᠬᠤ ᠂ ᠰᠢᠨᠵᠢᠯᠡᠬᠦ ᠤᠬᠠᠭ᠋ᠠᠨᠴᠢ᠎ᠪᠠᠷ ᠠᠪᠤᠷᠠᠨ ᠲᠤᠰᠠᠯᠠᠬᠤ ᠵᠢ ᠦᠨᠡᠨ ᠬᠦ᠌ ᠪᠠᠲᠤᠯᠠᠵᠤ ᠂ ᠪᠦᠭᠦ ᠬᠦᠴᠦᠨ ᠵᠶ᠋ᠡᠷ ᠵᠶ᠋ᠡᠨ ᠬᠠᠰᠢᠯᠭ᠎ᠠ ᠵᠢ ᠪᠡᠬᠢᠯᠡᠨ ᠠᠶᠤᠯ᠎ᠢ ᠠᠷᠢᠯᠭ᠋ᠠᠵᠤ ᠂ ᠬᠠᠰᠢᠭᠳᠠᠭᠰᠠᠨ ᠬᠥᠮᠥᠰ᠎ᠢ ᠪᠦᠭᠦ ᠬᠦᠴᠦᠨ ᠵᠶ᠋ᠡᠷ ᠵᠶ᠋ᠡᠨ ᠠᠪᠤᠷᠠᠵᠤ ᠂ ᠪᠠᠷ᠎ᠠ ᠰᠤᠷᠠᠭ ᠦᠭᠡᠢ ᠪᠣᠯᠤᠭᠰᠠᠨ ᠬᠥᠮᠥᠰ᠎ᠢ ᠪᠦᠭᠦ ᠬᠦᠴᠦᠨ ᠵᠶ᠋ᠡᠷ ᠵᠶ᠋ᠡᠨ ᠡᠷᠢᠨ ᠠᠪᠤᠷᠠᠵᠤ ᠂ ᠬᠥᠮᠥᠨ ᠬᠠᠷ᠎ᠠ ᠵᠢᠨ ᠡᠨᠳᠡᠯ ᠰᠢᠷᠬᠠᠲᠤᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠭᠡᠷᠡᠭᠲᠡᠢ ; ᠪᠠᠭᠤᠷᠠᠶ ᠬᠠᠰᠢᠯᠭ᠎ᠠ ᠂ ᠵᠠᠩᠭᠢᠯᠠᠭ᠎ᠠ ᠵᠢᠨ ᠬᠠᠰᠢᠯᠭ᠎ᠠ ᠵᠢ ᠤᠷᠢᠳᠴᠢᠯᠠᠨ ᠪᠡᠬᠢᠵᠢᠭᠦᠯᠦᠨ ᠳᠡᠭᠡᠭᠰᠢᠯᠡᠭᠦᠯᠵᠦ ᠂ ᠲᠤᠰᠬᠠᠢ ᠬᠦᠴᠦᠨ᠎ᠢ ᠲᠣᠬᠢᠷᠠᠭᠤᠯᠤᠨ ᠲᠠᠰᠤᠷᠠᠯᠲᠠ ᠦᠭᠡᠢ ᠲᠣᠭᠣᠷᠢᠨ ᠬᠠᠮᠠᠭ᠋ᠠᠯᠠᠵᠤ ᠲᠣᠭᠣᠷᠢᠨ ᠪᠠᠢ᠌ᠴᠠᠭ᠋ᠠᠵᠤ ᠂ ᠤᠰᠤ ᠣᠷᠭᠢᠯᠬᠤ ᠂ ᠬᠠᠰᠢᠯᠭ᠎ᠠ ᠰᠡᠳᠡᠷᠡᠭᠦ ᠵᠡᠷᠭᠡ ᠬᠦᠨᠳᠦ ᠶᠡᠬᠡ ᠲᠦᠭᠰᠢᠭᠦᠷᠢᠲᠦ ᠪᠠᠢ᠌ᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠵᠦ ᠂ ᠦᠶᠡᠷ᠎ᠢ ᠠᠮᠤᠷ ᠲᠦᠪᠰᠢᠨ ᠵᠶ᠋ᠡᠷ ᠥᠩᠭᠡᠷᠡᠭᠦᠯᠬᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ ᠃ ᠤᠯᠠᠨ ᠲᠦᠮᠡᠨ᠎ᠢ ᠵᠣᠬᠢᠰᠲᠠᠢ ᠲᠥᠪᠬᠢᠨᠡᠭᠦᠯᠵᠦ ᠂ ᠡᠨᠡ ᠤᠳᠠᠭ᠎ᠠ ᠵᠢᠨ ᠭᠠᠮᠰᠢᠭ᠎ᠤᠨ ᠬᠡᠪᠴᠢᠶ᠎ᠡ ᠥᠷᠭᠡᠨ ᠂ ᠦᠶᠡᠷ᠎ᠢ ᠲᠣᠭᠲᠠᠭ᠋ᠠᠬᠤ ᠣᠷᠣᠨ᠎ᠢ ᠡᠬᠢᠯᠡᠨ ᠬᠡᠷᠡᠭᠯᠡᠭᠰᠡᠨ᠎ᠨᠢ ᠤᠯᠠᠨ ᠂ ᠰᠢᠯᠵᠢᠭᠦᠯᠦᠨ ᠲᠥᠪᠬᠢᠨᠡᠭᠦᠯᠦᠭᠰᠡᠨ ᠤᠯᠠᠨ ᠲᠦᠮᠡᠨ᠎ᠨᠢ ᠤᠯᠠᠨ ᠪᠠᠢ᠌ᠵᠤ ᠂ ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠭᠠᠮᠰᠢᠭᠳᠠᠭᠰᠠᠨ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠰᠠᠢ᠌ᠲᠤᠷ ᠪᠠᠲᠤᠯᠠᠵᠤ ᠂ ᠣᠷᠴᠢᠨ ᠲᠣᠭᠣᠷᠢᠨ᠎ᠢ ᠠᠷᠢᠭᠤᠳᠬᠠᠬᠤ ᠪᠠ ᠡᠷᠡᠭᠦᠯ ᠬᠠᠮᠠᠭ᠋ᠠᠯᠠᠯ ᠬᠢᠵᠢᠭ᠎ᠢ ᠰᠡᠷᠭᠡᠢ᠌ᠯᠡᠬᠦ ᠠᠵᠢᠯ᠎ᠢ ᠰᠠᠢ᠌ᠲᠤᠷ ᠬᠢᠵᠦ ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠵᠢ ᠴᠢᠩᠭ᠋ᠠᠳᠬᠠᠵᠤ ᠂ ᠭᠠᠮᠰᠢᠭᠳᠠᠭᠰᠠᠨ ᠣᠷᠣᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠳᠠᠷᠤᠢ ᠲᠦᠷᠭᠡᠨ ᠰᠡᠷᠭᠦᠭᠡᠬᠦ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠭᠠᠮᠰᠢᠭ᠎ᠠᠴᠠ ᠠᠪᠤᠷᠠᠬᠤ ᠪᠡᠯᠡ ᠮᠥᠩᠭᠥ ᠵᠢ ᠰᠠᠢ᠌ᠲᠤᠷ ᠬᠡᠷᠡᠭᠯᠡᠵᠦ ᠂ ᠰᠡᠷᠭᠦᠭᠡᠨ ᠳᠠᠭᠢᠨ ᠪᠦᠲᠦᠭᠡᠨ ᠪᠠᠢ᠌ᠭᠤᠯᠬᠤ ᠵᠢ ᠲᠦᠷᠭᠡᠳᠬᠡᠵᠦ ᠂ ᠵᠠᠮ ᠬᠠᠷᠢᠯᠴᠠᠭ᠎ᠠ ᠂ ᠴᠢᠮᠡᠭᠡ ᠬᠣᠯᠪᠤᠭ᠎ᠠ ᠂ ᠴᠠᠭᠢᠯᠭ᠋ᠠᠨ ᠬᠦᠴᠦ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠵᠢ ᠱᠠᠯᠠᠪᠳᠠᠭᠤᠯᠤᠨ ᠰᠡᠯᠪᠢᠨ ᠵᠠᠰᠠᠵᠤ ᠂ ᠭᠠᠮᠰᠢᠭ᠎ᠲᠤ ᠡᠪᠳᠡᠭᠳᠡᠭᠰᠡᠨ ᠲᠠᠷᠢᠶᠠᠨ ᠭᠠᠵᠠᠷ ᠪᠣᠯᠣᠨ ᠲᠠᠷᠢᠶᠠᠯᠠᠩ᠎ᠤᠨ ᠲᠥᠬᠦᠭᠡᠷᠦᠮᠵᠢ ᠵᠢ ᠱᠠᠯᠠᠪᠳᠠᠭᠤᠯᠤᠨ ᠰᠡᠷᠭᠦᠭᠡᠨ ᠵᠠᠰᠠᠵᠤ ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠩᠭ᠋ᠠᠯᠭ᠎ᠠ ᠵᠢ ᠪᠠᠲᠤᠯᠠᠬᠤ ᠡᠷᠴᠢᠮ ᠵᠶ᠋ᠡᠨ ᠴᠢᠩᠭ᠋ᠠᠷᠠᠭᠤᠯᠵᠤ ᠂ ᠲᠠᠷᠢᠶᠠᠴᠢᠳ᠎ᠤᠨ ᠲᠠᠷᠢᠶᠠᠯᠠᠩ᠎ᠤᠨ ᠮᠡᠷᠭᠡᠵᠢᠯ᠎ᠤᠨ ᠵᠢᠯᠣᠭᠣᠳᠤᠯᠭ᠎ᠠ ᠵᠢ ᠴᠢᠩᠭ᠋ᠠᠳᠬᠠᠵᠤ ᠂ ᠲᠠᠷᠢᠶᠠᠴᠢᠳ᠎ᠢ ᠵᠣᠬᠢᠶᠠᠨ ᠪᠠᠢ᠌ᠭᠤᠯᠵᠤ ᠢᠳᠡᠪᠬᠢᠲᠡᠢ᠎ᠪᠠᠷ ᠨᠥᠬᠥᠨ ᠲᠠᠷᠢᠵᠤ ᠠᠪᠤᠷᠠᠨ ᠲᠤᠰᠠᠯᠠᠵᠤ ᠂ ᠲᠠᠷᠢᠶᠠᠯᠠᠩ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠠᠵᠢᠯ᠎ᠢ ᠰᠠᠢ᠌ᠲᠤᠷ ᠬᠢᠵᠦ ᠂ ᠲᠠᠷᠢᠶᠠᠯᠠᠩ᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠤ ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠃ ᠰᠤᠷᠭ᠋ᠠᠭᠤᠯᠢ ᠂ ᠡᠮᠨᠡᠯᠭᠡ ᠵᠢᠨ ᠬᠣᠷᠢᠶ᠎ᠠ ᠂ ᠨᠠᠰᠤᠲᠠᠨ᠎ᠢ ᠠᠰᠠᠷᠠᠬᠤ ᠬᠦᠷᠢᠶᠡᠯᠡᠩ ᠵᠡᠷᠭᠡ ᠤᠯᠠᠨ ᠨᠡᠢ᠌ᠲᠡ ᠵᠢᠨ ᠲᠥᠬᠦᠭᠡᠷᠦᠮᠵᠢ ᠵᠢ ᠰᠡᠷᠭᠦᠭᠡᠨ ᠲᠠᠭᠢᠨ ᠪᠠᠢ᠌ᠭᠤᠯᠬᠤ ᠠᠵᠢᠯ᠎ᠢ ᠲᠦᠷᠭᠡᠳᠬᠡᠨ ᠠᠬᠢᠭᠤᠯᠵᠤ ᠂ ᠭᠠᠮᠰᠢᠭᠳᠠᠭᠰᠠᠨ ᠰᠤᠷᠤᠬ᠍ᠴᠢᠳ᠎ᠤᠨ ᠴᠠᠭ᠎ᠲᠠᠭᠠᠨ ᠰᠤᠷᠭ᠋ᠠᠭᠤᠯᠢ ᠡᠬᠢᠯᠡᠵᠦ ᠰᠤᠷᠭ᠋ᠠᠭᠤᠯᠢ᠎ᠳᠠᠭᠠᠨ ᠪᠤᠴᠠᠬᠤ ᠵᠢ ᠪᠠᠲᠤᠯᠠᠬᠤ ᠬᠡᠷᠡᠭᠲᠡᠢ ᠃ ᠭᠠᠮᠰᠢᠭ᠎ᠲᠤ ᠡᠪᠳᠡᠭᠳᠡᠭᠰᠡᠨ ᠭᠡᠷ ᠪᠠᠢ᠌ᠰᠢᠩ᠎ᠢ ᠵᠠᠰᠠᠨ ᠰᠡᠷᠭᠦᠭᠡᠵᠦ ᠳᠠᠭᠢᠨ ᠪᠦᠲᠦᠭᠡᠨ ᠪᠠᠢ᠌ᠭᠤᠯᠬᠤ ᠠᠵᠢᠯ᠎ᠢ ᠦᠳᠲᠡᠷ ᠲᠦᠷᠭᠡᠨ ᠡᠬᠢᠯᠡᠭᠦᠯᠵᠦ ᠂ ᠭᠠᠮᠰᠢᠭᠳᠠᠭᠰᠠᠨ ᠣᠯᠠᠨ ᠲᠦᠮᠡᠨ᠎ᠤ ᠡᠪᠦᠯ ᠣᠷᠣᠬᠤ᠎ᠠᠴᠠ ᠡᠮᠦᠨ᠎ᠡ ᠭᠡᠷ᠎ᠲᠡᠭᠡᠨ ᠬᠠᠷᠢᠬᠤ ᠪᠤᠶᠤ ᠰᠢᠨ᠎ᠡ ᠣᠷᠣᠨ ᠰᠠᠭᠤᠴᠠ᠎ᠳᠤ ᠨᠡᠭᠦᠵᠦ ᠣᠷᠣᠬᠤ ᠂ ᠠᠮᠤᠷ ᠲᠦᠪᠰᠢᠨ ᠬᠠᠯᠠᠭᠤᠨ ᠳᠤᠯᠠᠭ᠋ᠠᠨ ᠡᠪᠦᠯᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠤᠭᠤᠳ ᠬᠠᠮᠢᠶ᠎ᠠ ᠪᠦᠬᠦᠢ ᠳᠡᠰ ᠳᠠᠷᠠᠭ᠋ᠠᠯᠠᠯ᠎ᠢ ᠰᠢᠯᠢᠳᠡᠭᠵᠢᠭᠦᠯᠦᠨ ᠳᠥᠭᠥᠮᠴᠢᠯᠡᠵᠦ ᠂ ᠭᠠᠮᠰᠢᠭᠳᠠᠭᠰᠠᠨ ᠭᠠᠵᠠᠷ ᠣᠷᠣᠨ᠎ᠳᠤ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠦᠵᠡᠭᠦᠯᠭᠦ ᠪᠠ ᠳᠠᠭ᠋ᠠᠳᠬᠠᠯ᠎ᠤᠨ ᠲᠥᠯᠥᠪᠦᠷᠢ ᠥᠭᠬᠦ ᠵᠢ ᠴᠢᠩᠭ᠋ᠠᠳᠬᠠᠬᠤ ᠵᠢᠨ ᠬᠠᠮᠲᠤ ᠲᠦᠭᠰᠢᠭᠦᠷᠢ ᠵᠢᠨ ᠳᠠᠯᠳᠠ ᠭᠡᠮ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠦᠷᠭᠦᠯᠵᠢᠯᠡᠨ ᠰᠠᠢ᠌ᠲᠤᠷ ᠬᠢᠵᠦ ᠂ ᠭᠠᠮᠰᠢᠭᠳᠠᠭᠰᠠᠨ ᠣᠯᠠᠨ ᠲᠦᠮᠡᠨ ᠪᠠ ᠡᠵᠡᠩᠨᠡᠯᠲᠡ ᠵᠢᠨ ᠭᠣᠣᠯ ᠴᠣᠭᠴᠠ ᠵᠢ ᠬᠠᠪᠰᠤᠷᠤᠨ ᠬᠦᠴᠢᠷ᠎ᠢ ᠳᠤᠭᠤᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃ ᠬᠤᠷᠠᠯ᠎ᠠᠴᠠ ᠂ ᠨᠠᠷᠢᠨ ᠬᠢᠨᠠᠮᠠᠭ᠋ᠠᠢ ᠵᠢᠭᠰᠠᠭ᠋ᠠᠨ ᠪᠠᠢ᠌ᠴᠠᠭ᠋ᠠᠵᠤ ᠳ᠋ᠦᠩᠨᠡᠵᠦ ᠂ ᠳᠤᠲᠠᠭᠤᠳᠠᠯ ᠵᠶ᠋ᠠᠨ ᠲᠦᠷᠭᠡᠨ ᠨᠥᠬᠥᠪᠦᠷᠢᠯᠡᠵᠦ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ ᠂ ᠮᠠᠨ᠎ᠤ ᠤᠯᠤᠰ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠴᠢᠳᠠᠪᠤᠷᠢ᠎ᠪᠠᠨ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ ᠃ ᠡᠯ᠎ᠡ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠵᠢᠯᠤᠭᠣᠳᠬᠤ ᠭᠠᠵᠠᠷ᠎ᠤᠨ ᠰᠢᠰᠲ᠋ᠧᠮ᠎ᠢ ᠴᠢᠨᠠᠭᠰᠢᠳᠠ ᠪᠠᠢ᠌ᠭᠤᠯᠤᠨ ᠬᠦᠴᠦᠷᠬᠡᠭᠵᠢᠭᠦᠯᠵᠦ ᠂ ᠲᠣᠬᠢᠷᠠᠭᠤᠯᠤᠨ ᠵᠢᠯᠤᠭᠣᠳᠬᠤ ᠂ ᠵᠥᠪᠳᠡᠯᠴᠡᠨ ᠰᠤᠳᠤᠯᠤᠨ ᠮᠠᠭ᠋ᠠᠳᠯᠠᠬᠤ ᠂ ᠲᠤᠬᠠᠢ᠌ᠯᠠᠭᠰᠠᠨ ᠠᠵᠢᠯ᠎ᠤᠨ ᠪᠠᠲᠤᠯᠠᠭ᠎ᠠ ᠵᠡᠷᠭᠡ ᠲᠤᠨᠤᠭ ᠲᠥᠬᠦᠭᠡᠷᠦᠮᠵᠢ ᠪᠠ ᠰᠢᠰᠲ᠋ᠧᠮ᠎ᠢ ᠲᠡᠭᠦᠯᠳᠡᠷᠵᠢᠭᠦᠯᠦᠨ ᠂ ᠳᠡᠭᠡᠳᠦ ᠳᠣᠣᠷᠠᠳᠤ ᠱᠠᠲᠤ ᠨᠡᠪᠲᠡᠷᠡᠯᠴᠡᠭᠰᠡᠨ ᠂ ᠨᠢᠭᠡ ᠴᠣᠭᠴᠠᠵᠢᠭᠤᠯᠤᠨ ᠠᠷᠭ᠋ᠠᠴᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠤᠯᠤᠰ᠎ᠤᠨ ᠣᠷᠣᠨ ᠪᠦᠰᠡ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠲᠥᠪ᠎ᠤᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠵᠢ ᠭᠦᠢ᠍ᠴᠡᠳᠬᠡᠬᠦ᠎ᠳᠤ ᠰᠠᠭᠤᠷᠢᠯᠠᠵᠤ ᠂ ᠣᠷᠣᠨ ᠪᠦᠰᠡ ᠵᠢᠨ ᠴᠢᠨᠠᠷᠲᠠᠢ ᠬᠦᠨᠳᠦ ᠶᠡᠬᠡ ᠪᠠᠢ᠌ᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠬᠡᠷᠡᠭᠴᠡᠭᠡ ᠵᠢ ᠲᠤᠪᠤᠢ᠌ᠯᠭ᠋ᠠᠵᠤ ᠂ ᠣᠷᠣᠨ ᠪᠦᠰᠡ ᠵᠢᠨ ᠠᠪᠤᠷᠠᠨ ᠲᠤᠰᠠᠯᠠᠬᠤ ᠵᠢᠩᠬᠢᠨᠢ ᠪᠠᠢ᠌ᠯᠳᠤᠭ᠋ᠠᠨ᠎ᠤ ᠴᠢᠳᠠᠪᠤᠷᠢ ᠵᠢ ᠲᠦᠷᠭᠡᠨ ᠪᠦᠷᠢᠯᠳᠦᠭᠦᠯᠬᠦ ᠬᠡᠷᠡᠭᠲᠡᠢ ᠃ ᠦᠨᠳᠦᠰᠦᠨ ᠱᠠᠲᠤᠨ᠎ᠤ ᠭᠠᠮᠰᠢᠭ᠎ᠢ ᠰᠡᠷᠭᠡᠢ᠌ᠯᠡᠵᠦ ᠠᠶᠤᠯ᠎ᠠᠴᠠ ᠵᠠᠢ᠌ᠯᠠᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ ᠂ ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ ᠂ ᠦᠨᠳᠦᠰᠦᠨ ᠱᠠᠲᠤᠨ᠎ᠤ ᠶᠡᠷᠦᠩᠬᠡᠢ᠌ᠯᠡᠭᠰᠡᠨ ᠴᠢᠨᠠᠷᠲᠠᠢ ᠪᠠᠴᠢᠮ ᠪᠠᠢ᠌ᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ ᠵᠢᠷᠤᠮᠵᠢᠭᠤᠯᠵᠤ ᠂ ᠭᠠᠮᠰᠢᠭ᠎ᠢ ᠰᠡᠷᠭᠡᠢ᠌ᠯᠡᠬᠦ ᠭᠣᠣᠯᠳᠠᠯᠭ᠎ᠠ᠎ᠲᠠᠢ ᠣᠷᠣᠨ ᠪᠦᠰᠡ ᠪᠣᠯᠣᠨ ᠠᠶᠤᠯ ᠲᠦᠭᠰᠢᠭᠦᠷᠢ ᠶᠡᠬᠡᠲᠡᠢ ᠰᠢᠶᠠᠩ ᠪᠠᠯᠭ᠋ᠠᠰᠤ ᠂ ᠲᠣᠰᠬᠣᠨ ᠳᠤᠭᠤᠢ᠌ᠯᠠᠩ᠎ᠳᠤ ᠴᠢᠬᠤᠯᠠ ᠪᠦᠬᠦᠢ ᠲᠣᠨᠣᠭᠯᠠᠯ ᠲᠣᠬᠢᠷᠠᠭᠤᠯᠤᠨ ᠥᠭᠴᠦ ᠂ ᠦᠨᠳᠦᠰᠦᠨ ᠱᠠᠲᠤᠨ᠎ᠤ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ ᠃ ᠰᠠᠪᠠ ᠭᠠᠵᠠᠷ ᠢᠯᠠᠩᠭᠤᠶ᠎ᠠ ᠤᠮᠠᠷᠠᠲᠤ ᠣᠷᠣᠨ᠎ᠤ ᠭᠣᠣᠯ ᠪᠤᠯᠬᠤ ᠭᠣᠣᠯ ᠮᠥᠷᠡᠨ᠎ᠤ ᠰᠠᠪᠠ ᠭᠠᠵᠠᠷ᠎ᠤᠨ ᠦᠶᠡᠷ᠎ᠢ ᠰᠡᠷᠭᠡᠢ᠌ᠯᠡᠬᠦ ᠢᠨᠵᠧᠨᠧᠷᠢᠩ᠎ᠤᠨ ᠰᠢᠰᠲ᠋ᠧᠮ᠎ᠢ ᠲᠦᠷᠭᠡᠳᠬᠡᠨ ᠲᠡᠭᠦᠯᠳᠡᠷᠵᠢᠭᠦᠯᠵᠦ ᠂ ᠦᠶᠡᠷ᠎ᠢ ᠲᠣᠭᠲᠠᠭ᠋ᠠᠬᠤ ᠣᠷᠣᠨ᠎ᠤ ᠠᠮᠤᠷ ᠲᠦᠪᠰᠢᠨ᠎ᠤ ᠪᠠᠢ᠌ᠭᠤᠯᠤᠯᠲᠠ ᠪᠣᠯᠣᠨ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠵᠤ ᠂ ᠰᠡᠷᠭᠡᠢ᠌ᠯᠡᠨ ᠬᠣᠷᠢᠭᠯᠠᠬᠤ ᠴᠢᠳᠠᠪᠤᠷᠢ᠎ᠪᠠᠨ ᠪᠦᠬᠦᠢ᠌ᠯᠡ ᠴᠣᠭᠴᠠ᠎ᠪᠠᠷ᠎ᠨᠢ ᠳᠡᠭᠡᠭᠰᠢᠯᠡᠭᠦᠯᠭᠦ ᠬᠡᠷᠡᠭᠲᠡᠢ ᠃ ᠬᠤᠳᠠ ᠵᠢᠨ ᠦᠶᠡᠷ᠎ᠢ ᠰᠡᠷᠭᠡᠢ᠌ᠯᠡᠵᠦ ᠤᠰᠤᠲᠤᠯ᠎ᠢ ᠵᠠᠯᠠᠬᠤ ᠴᠢᠳᠠᠪᠤᠷᠢ ᠵᠢᠨ ᠲᠥᠯᠦᠪᠵᠢᠭᠦᠯᠭᠡ ᠪᠣᠯᠣᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂ ᠬᠤᠳᠠ ᠵᠢᠨ ᠤᠰᠤ ᠵᠠᠯᠠᠬᠤ ᠬᠣᠭᠣᠯᠠᠢ ᠵᠢᠨ ᠲᠣᠣᠷ ᠵᠡᠷᠭᠡ ᠰᠠᠭᠤᠷᠢ ᠲᠥᠬᠦᠭᠡᠷᠦᠮᠵᠢ ᠵᠢᠨ ᠠᠵᠢᠯᠯᠠᠭ᠋ᠠᠨ᠎ᠤ ᠴᠢᠳᠠᠪᠤᠷᠢ ᠵᠢ ᠰᠢᠨᠡᠳᠬᠡᠨ ᠳᠡᠭᠡᠭᠰᠢᠯᠡᠭᠦᠯᠵᠦ ᠂ ᠭᠣᠣᠯ᠎ᠤᠨ ᠬᠡᠪᠡᠯᠢ ᠵᠢᠨ ᠤᠰᠤᠲᠤᠯ᠎ᠢ ᠵᠠᠯᠠᠬᠤ ᠢᠨᠵᠧᠨᠧᠷᠢᠩ᠎ᠲᠠᠢ ᠪᠦᠲᠦᠮᠵᠢᠲᠡᠢ ᠵᠣᠯᠭ᠋ᠠᠭᠤᠯᠵᠤ ᠂ ᠬᠤᠳᠠ ᠵᠢᠨ ᠭᠣᠣᠯ ᠤᠰᠤ ᠵᠠᠯᠠᠬᠤ ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠨᠠᠭᠰᠢᠳᠠ ᠨᠠᠢ᠌ᠳᠠᠪᠤᠷᠢᠵᠢᠭᠤᠯᠵᠤ ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠢᠯᠠᠩᠭᠤᠶ᠎ᠠ ᠭᠣᠣᠯ ᠤᠳᠤᠷᠢᠳᠬᠤ ᠺᠠᠳ᠋ᠷᠴᠤᠳ ᠡᠮᠦᠨ᠎ᠡ ᠹᠷᠣᠨᠲ᠎ᠲᠤ ᠣᠴᠢᠵᠤ ᠵᠢᠯᠣᠭᠣᠳᠤᠨ ᠂ ᠡᠯ᠎ᠡ ᠬᠠᠮᠢᠶ᠎ᠠ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ᠎ᠨᠦᠭᠦᠳ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠡᠩᠨᠡᠭᠡ ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠴᠤᠴᠠᠯᠲᠠ ᠦᠭᠡᠢ ᠤᠷᠤᠭᠰᠢᠯᠠᠵᠤ ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠲᠠᠢ᠌ᠴᠢᠨ ᠪᠡᠬᠢᠯᠡᠯᠲᠡ ᠵᠢᠨ ᠦᠢ᠍ᠯᠡᠳᠦᠯ ᠪᠠ ᠬᠣᠰᠢᠭᠤᠴᠢ ᠵᠢᠱ᠌ᠢᠶᠡᠴᠢ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ ᠂ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠡᠮᠦᠨ᠎ᠡ ᠹᠷᠣᠨᠲ᠎ᠲᠤ ᠬᠦᠨᠳᠦ ᠡᠭᠦᠷᠭᠡ ᠵᠢ ᠡᠭᠦᠷᠭᠡᠯᠡᠵᠦ ᠂ ᠬᠣᠰᠢᠭᠤᠴᠢ ᠪᠣᠯᠵᠤ ᠂ ᠲᠦᠷᠦᠭᠦᠯᠡᠨ ᠠᠵᠢᠯᠯᠠᠵᠤ ᠂ ᠠᠷᠠᠳ ᠲᠦᠮᠡᠨ᠎ᠳᠤ ᠴᠢᠩᠭ᠎ᠠ ᠲᠦᠰᠢᠭᠯᠡᠵᠦ ᠂ ᠨᠠᠮ᠎ᠤᠨ ᠤᠯᠤᠰ ᠲᠥᠷᠥ ᠵᠢᠨ ᠳᠠᠪᠠᠭᠤᠯᠢᠭ ᠂ ᠵᠣᠬᠢᠶᠠᠨ ᠪᠠᠢ᠌ᠭᠤᠯᠤᠯᠲᠠ ᠵᠢᠨ ᠳᠠᠪᠠᠭᠤᠯᠢᠭ ᠂ ᠣᠯᠠᠨ ᠲᠦᠮᠡᠨ᠎ᠲᠠᠢ ᠨᠢᠭᠲᠠ ᠬᠠᠷᠢᠯᠴᠠᠬᠤ ᠳᠠᠪᠠᠭᠤᠯᠢᠭ ᠵᠢᠡᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠪᠠ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠭᠢᠨ ᠪᠦᠲᠦᠭᠡᠨ ᠪᠠᠢ᠌ᠭᠤᠯᠬᠤ ᠬᠦᠴᠦᠷᠬᠡᠭ ᠶᠡᠬᠡ ᠤᠯᠤᠰ ᠲᠥᠷᠥ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ ᠂ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠭᠦ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ ᠃