ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠫᠠᠺᠢᠰᠲ᠋ᠠᠨ᠎ᠤ ᠺᠠᠢ᠌ᠫᠦ᠋ ᠮᠤᠵᠢ᠎ᠳᠤ ᠪᠡᠶ᠎ᠡ᠎ᠪᠠᠨ ᠬᠣᠣᠷᠯᠠᠬᠤ ᠮᠠᠶᠢᠭ᠎ᠤᠨ ᠳᠡᠯᠪᠡᠴᠢᠬᠦ ᠪᠥᠮᠪᠥᠭᠡ ᠵᠢᠨ ᠳᠠᠭ᠋ᠠᠷᠢᠯᠲᠠ ᠵᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ᠎ᠤ ᠶᠡᠷᠦᠩᠬᠡᠢ᠌ᠯᠡᠭᠴᠢ ᠠᠷᠸᠧᠢ᠎ᠳᠤ ᠲᠣᠬᠣᠨᠢᠭᠤᠯᠬᠤ ᠴᠠᠬᠢᠯᠭ᠋ᠠᠨ ᠴᠢᠮᠡᠭᠡ ᠶᠠᠪᠤᠭᠤᠯᠵᠠᠢ
ᠨᠡᠶ᠋ᠢᠲᠡᠯᠡᠭᠰᠡᠨ ᠴᠠᠭ᠄ 2023-08-02

      ᠯᠢ ᠴᠢᠶᠠᠩ ᠫᠠᠺᠢᠰᠲ᠋ᠠᠨ᠎ᠤ ᠶᠡᠷᠦᠩᠬᠡᠢ ᠰᠠᠢ᠌ᠳ ᠱᠠᠭᠪᠠᠽᠢ᠎ᠳᠤ ᠲᠣᠬᠣᠨᠢᠭᠤᠯᠬᠤ ᠴᠠᠬᠢᠯᠭ᠋ᠠᠨ ᠴᠢᠮᠡᠭᠡ ᠶᠠᠪᠤᠭᠤᠯᠵᠠᠢ

      ᠰᠢᠨᠬᠤᠸᠠ ᠬᠣᠷᠢᠶ᠎ᠠ ᠵᠢᠨ ᠪᠡᠭᠡᠵᠢᠩ᠎ᠤᠨ 8 ᠰᠠᠷ᠎ᠠ ᠵᠢᠨ 1᠎ᠤ ᠴᠠᠬᠢᠯᠭ᠋ᠠᠨ ᠮᠡᠳᠡᠭᠡ  8 ᠰᠠᠷ᠎ᠠ ᠵᠢᠨ 1᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠫᠠᠺᠢᠰᠲ᠋ᠠᠨ᠎ᠳᠤ ᠪᠡᠶ᠎ᠡ᠎ᠪᠠᠨ ᠬᠣᠣᠷᠯᠠᠬᠤ ᠮᠠᠶᠢᠭ᠎ᠤᠨ ᠳᠡᠯᠪᠡᠴᠢᠬᠦ ᠪᠥᠮᠪᠥᠭᠡ ᠵᠢᠨ ᠳᠠᠭ᠋ᠠᠷᠢᠯᠲᠠ ᠵᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ᠎ᠤ ᠶᠡᠷᠦᠩᠬᠡᠢ᠌ᠯᠡᠭᠴᠢ ᠠᠷᠸᠧᠢ᠎ᠳᠤ ᠲᠣᠬᠣᠨᠢᠭᠤᠯᠬᠤ ᠴᠠᠬᠢᠯᠭ᠋ᠠᠨ ᠴᠢᠮᠡᠭᠡ ᠶᠠᠪᠤᠭᠤᠯᠵᠠᠢ᠃

      ᠰᠢ ᠵᠢᠨ ᠫᠢᠩ᠂ ᠡᠷᠬᠢᠮ ᠤᠯᠤᠰ᠎ᠤᠨ ᠺᠠᠢ᠌ᠫᠦ᠋ ᠮᠤᠵᠢ᠎ᠳᠤ ᠪᠡᠶ᠎ᠡ᠎ᠪᠠᠨ ᠬᠣᠣᠷᠯᠠᠬᠤ ᠮᠠᠶᠢᠭ᠎ᠤᠨ ᠳᠡᠯᠪᠡᠷᠡᠯᠲᠡ ᠵᠢᠨ ᠳᠠᠭ᠋ᠠᠷᠢᠯᠲᠠ ᠵᠢᠨ ᠬᠡᠷᠡᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠡᠨᠳᠡᠵᠦ ᠰᠢᠷᠬᠠᠲᠤᠭᠰᠠᠨ᠎ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠤ ᠡᠮᠦᠨ᠎ᠡ᠎ᠠᠴᠠ ᠡᠨᠳᠡᠭᠰᠡᠳ᠎ᠢ ᠭᠦᠨ ᠡᠮᠭᠡᠨᠢᠨ ᠭᠠᠰᠢᠭᠤᠳᠠᠵᠤ ᠪᠠᠢ᠌ᠬᠤ᠎ᠪᠠᠨ ᠢᠯᠡᠳᠬᠡᠵᠦ᠂ ᠡᠨᠳᠡᠭᠰᠡᠳ᠎ᠤᠨ ᠭᠡᠷ ᠪᠦᠯᠢ ᠪᠣᠯᠣᠨ ᠰᠢᠷᠬᠠᠲᠤᠭᠰᠠᠳ᠎ᠢ ᠴᠢᠩ ᠰᠡᠳᠬᠢᠯ᠎ᠠᠴᠠ᠎ᠪᠠᠨ ᠲᠣᠬᠣᠨᠢᠭᠤᠯᠵᠤ ᠪᠠᠢ᠌ᠨ᠎ᠠ ᠭᠡᠵᠦ ᠢᠯᠡᠳᠬᠡᠪᠡ᠃

      ᠰᠢ ᠵᠢᠨ ᠫᠢᠩ᠂ ᠳᠤᠮᠳᠠᠳᠤ ᠤᠯᠤᠰ ᠠᠯᠢᠪᠠ ᠬᠡᠯᠪᠡᠷᠢ ᠵᠢᠨ ᠰᠦᠷᠳᠡᠭᠦᠯᠬᠦ ᠦᠵᠡᠯ᠎ᠢ ᠡᠰᠡᠷᠭᠦᠴᠡᠵᠦ᠂ ᠡᠨᠡ ᠤᠳᠠᠭ᠎ᠠ ᠵᠢᠨ ᠳᠠᠭ᠋ᠠᠷᠢᠯᠲᠠ ᠵᠢᠨ ᠬᠡᠷᠡᠭ᠎ᠢ ᠴᠢᠩᠭ᠎ᠠ ᠵᠢᠮᠡᠯᠡᠨ ᠪᠤᠷᠤᠭᠤᠰᠢᠶᠠᠵᠤ᠂ ᠫᠠᠺᠢᠰᠲ᠋ᠠᠨ᠎ᠤ ᠤᠯᠤᠰ᠎ᠤᠨ ᠰᠦᠷᠳᠡᠭᠦᠯᠦᠯ᠎ᠢ ᠡᠰᠡᠷᠭᠦᠴᠡᠬᠦ ᠠᠵᠢᠯᠯᠠᠭ᠋ᠠᠨ᠎ᠤ ᠲᠥᠯᠥᠪᠯᠡᠭᠡ ᠵᠢ ᠦᠷᠭᠦᠯᠵᠢᠯᠡᠨ ᠡᠷᠡᠰ ᠳᠡᠮᠵᠢᠵᠦ᠂ ᠲᠣᠰ ᠭᠠᠵᠠᠷ ᠣᠷᠣᠨ ᠵᠢᠴᠢ ᠳᠡᠯᠡᠬᠡᠢ ᠵᠢᠨ ᠡᠩᠬᠡ ᠲᠠᠢ᠌ᠪᠤᠩ ᠠᠮᠤᠷ ᠲᠦᠪᠰᠢᠨ᠎ᠢ ᠬᠠᠮᠲᠤ᠎ᠪᠠᠷ ᠬᠠᠮᠠᠭ᠋ᠠᠯᠠᠨ᠎ᠠ ᠭᠡᠵᠦ ᠴᠢᠬᠤᠯᠠᠴᠢᠯᠠᠪᠠ᠃

      ᠲᠣᠰ ᠡᠳᠦᠷ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢ᠌ᠳ ᠯᠢ ᠴᠢᠶᠠᠩ ᠫᠠᠺᠢᠰᠲ᠋ᠠᠨ᠎ᠤ ᠶᠡᠷᠦᠩᠬᠡᠢ ᠰᠠᠢ᠌ᠳ ᠱᠠᠭᠪᠠᠽᠢ᠎ᠳᠤ ᠲᠣᠬᠣᠨᠢᠭᠤᠯᠬᠤ ᠴᠠᠬᠢᠯᠭ᠋ᠠᠨ ᠴᠢᠮᠡᠭᠡ ᠶᠠᠪᠤᠭᠤᠯᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠰᠢ ᠵᠢᠨ ᠫᠢᠩ᠎ᠤᠨ ᠵᠣᠬᠢᠶᠠᠯ ᠪᠦᠲᠦᠭᠡᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ ᠬᠣᠶᠠᠳᠤᠭ᠋ᠠᠷ ᠪᠣᠳᠢ ᠵᠢᠨ ᠦᠨᠳᠦᠰᠦᠲᠡᠨ᠎ᠤ ᠬᠡᠯᠡᠨ᠎ᠤ ᠬᠡᠪᠯᠡᠯ᠎ᠢ ᠬᠡᠪᠯᠡᠨ ᠲᠠᠷᠬᠠᠭ᠋ᠠᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠠᠢ
《ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠨᠢᠭᠡᠳᠦᠭᠡᠷ ᠪᠣᠳᠢ ᠵᠢᠨ ᠰᠸᠠᠾᠢᠯᠢ ᠬᠡᠯᠡᠨ᠎ᠤ ᠬᠡᠪᠯᠡᠯ᠎ᠤᠨ ᠠᠩᠬ᠎ᠠ ᠲᠠᠷᠬᠠᠭ᠋ᠠᠬᠤ ᠶᠣᠰᠣᠯᠠᠯ ᠵᠢᠴᠢ ᠳᠤᠮᠳᠠᠳᠤ ᠺᠸᠨᠢᠶᠠ ᠵᠢᠨ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠰᠤᠳᠤᠯᠤᠨ ᠶᠠᠷᠢᠯᠴᠠᠬᠤ ᠬᠤᠷᠠᠯ ᠨᠠᠢ᠌ᠷᠤᠪᠢ᠎ᠳᠤ ᠶᠠᠪᠤᠭᠳᠠᠪᠠ
ᠰᠢ ᠵᠢᠨ ᠫᠢᠩ ᠠᠩᠬᠠᠳᠠᠭᠴᠢ ᠪᠦᠭᠦ ᠤᠯᠤᠰ᠎ᠤᠨ ᠠᠮᠢ ᠠᠬᠤᠢ ᠵᠢᠨ ᠡᠳᠦᠷ᠎ᠤᠨ ᠲᠠᠰᠢᠷᠠᠮ ᠵᠶ᠋ᠠᠷ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠪᠦᠭᠦ ᠨᠡᠢ᠌ᠭᠡᠮ ᠵᠶ᠋ᠡᠷ ᠵᠶ᠋ᠡᠨ ᠬᠥᠳᠡᠯᠦᠯᠴᠡᠵᠦ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠤ ᠢᠳᠡᠪᠬᠢᠲᠡᠢ ᠳᠠᠮᠵᠢᠭᠤᠯᠤᠭᠴᠢ ᠪᠠ ᠵᠢᠱ᠌ᠢᠶᠡᠴᠢ ᠦᠢ᠍ᠯᠡᠳᠦᠯᠭᠡᠵᠢᠭᠦᠯᠦᠭᠴᠢ ᠪᠤᠯᠬᠤ ᠬᠡᠷᠡᠭᠲᠡᠢ
《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠯᠤᠰ ᠵᠢᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠷᠠᠭᠤᠯ ᠳᠠᠷᠳᠠᠩ ᠵᠠᠮ ᠮᠥᠨ》
 
            