ᠰᠢᠨᠬᠤᠸᠠ ᠬᠣᠷᠢᠶ᠎ᠠ ᠵᠢᠨ ᠪᠡᠭᠡᠵᠢᠩ᠎ᠤᠨ 8 ᠰᠠᠷ᠎ᠠ ᠵᠢᠨ 20᠎ᠤ ᠴᠠᠬᠢᠯᠭ᠋ᠠᠨ ᠮᠡᠳᠡᠭᠡ ᠣᠢ᠌ᠷ᠎ᠠ᠎ᠳᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠮᠧᠷᠢᠺᠠ ᠵᠢᠨ ᠸᠠᠰᠢᠩᠲ᠋ᠤᠨ ᠵᠧᠦ ᠵᠢᠨ 《ᠠᠮᠧᠷᠢᠺᠠ ᠳᠤᠮᠳᠠᠳᠤ ᠵᠢᠨ ᠵᠠᠯᠠᠭᠤᠴᠤᠳ ᠪᠠᠭ᠋ᠠᠴᠤᠳ ᠰᠣᠷᠣᠭᠴᠢᠳ᠎ᠤᠨ ᠰᠣᠯᠢᠯᠴᠠᠭ᠋ᠠᠨ᠎ᠤ ᠨᠡᠢ᠌ᠭᠡᠮᠯᠢᠭ》 ᠪᠣᠯᠣᠨ ᠡᠯ᠎ᠡ ᠡᠲᠡᠭᠡᠳ᠎ᠤᠨ ᠨᠥᠬᠥᠷᠰᠡᠭ ᠬᠥᠮᠥᠰ᠎ᠲᠤ ᠬᠠᠷᠢᠭᠤ ᠵᠠᠬᠢᠳᠠᠯ ᠢᠯᠡᠭᠡᠪᠡ᠃
ᠰᠢ ᠵᠢᠨ ᠫᠢᠩ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠨ ᠬᠦᠰᠡᠯ ᠡᠷᠡᠮᠡᠯᠵᠡᠯ ᠠᠷᠠᠳ ᠲᠦᠮᠡᠨ᠎ᠳᠤ ᠪᠣᠢ᠂ ᠰᠠᠭᠤᠷᠢᠨ᠎ᠢ ᠠᠷᠠᠳ᠎ᠤᠨ ᠳᠤᠮᠳᠠ ᠪᠣᠢ᠂ ᠢᠷᠡᠭᠡᠳᠦᠢ᠎ᠨᠢ ᠵᠠᠯᠠᠭᠤᠴᠤᠳ᠎ᠲᠤ ᠪᠣᠢ᠃ ᠳᠤᠮᠳᠠᠳᠤ ᠠᠮᠧᠷᠢᠺᠠ ᠵᠢᠨ ᠨᠡᠩ ᠣᠯᠠᠨ ᠵᠠᠯᠠᠭᠤᠴᠤᠳ᠎ᠲᠤ ᠬᠠᠷᠢᠯᠴᠠᠨ ᠣᠢ᠌ᠯᠠᠭ᠋ᠠᠯᠴᠠᠵᠤ ᠬᠠᠷᠢᠯᠴᠠᠨ ᠳᠣᠲᠣᠨᠣᠴᠢᠯᠠᠵᠤ᠂ ᠭᠠᠷ ᠭᠠᠷ ᠵᠶ᠋ᠠᠨ ᠬᠣᠯᠪᠣᠨ ᠬᠠᠮᠲᠤ᠎ᠪᠠᠷ ᠤᠷᠤᠭᠰᠢᠯᠠᠵᠤ᠂ ᠬᠣᠶᠠᠷ ᠤᠯᠤᠰ᠎ᠤᠨ ᠨᠥᠬᠥᠷᠯᠡᠯ᠎ᠤᠨ ᠰᠢᠨ᠎ᠡ ᠨᠢᠭᠡ ᠦᠶ᠎ᠡ ᠵᠢᠨ ᠡᠯᠴᠢᠨ ᠪᠣᠯᠵᠤ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠨ ᠬᠥᠭᠵᠢᠯᠲᠡ᠎ᠳᠤ ᠦᠷᠭᠦᠯᠵᠢᠯᠡᠨ ᠬᠥᠳᠡᠯᠭᠡᠬᠦ ᠬᠦᠴᠦᠨ ᠨᠡᠮᠡᠷᠢᠯᠡᠬᠦ ᠵᠢ ᠬᠦᠰᠡᠵᠦ ᠪᠠᠢ᠌ᠨ᠎ᠠ᠃ 《ᠠᠮᠧᠷᠢᠺᠠ ᠳᠤᠮᠳᠠᠳᠤ ᠵᠢᠨ ᠵᠠᠯᠠᠭᠤᠴᠤᠳ ᠪᠠᠭ᠋ᠠᠴᠤᠳ ᠰᠣᠷᠣᠭᠴᠢᠳ᠎ᠤᠨ ᠰᠣᠯᠢᠯᠴᠠᠭ᠋ᠠᠨ ᠤ ᠨᠡᠢ᠌ᠭᠡᠮᠯᠢᠭ》 ᠪᠣᠯᠣᠨ ᠡᠯ᠎ᠡ ᠡᠲᠡᠭᠡᠳ᠎ᠤᠨ ᠨᠠᠢ᠌ᠵᠠ ᠨᠠᠷ᠎ᠤᠨ ᠳᠤᠮᠳᠠᠳᠤ ᠠᠮᠧᠷᠢᠺᠠ ᠵᠢᠨ ᠵᠠᠯᠠᠭᠤᠴᠤᠳ᠎ᠤᠨ ᠨᠥᠬᠥᠷᠰᠡᠭ ᠶᠠᠪᠤᠯᠴᠠᠭ᠎ᠠ ᠵᠢᠴᠢ ᠬᠣᠶᠠᠷ ᠤᠯᠤᠰ᠎ᠤᠨ ᠬᠠᠷᠢᠯᠴᠠᠭ᠎ᠠ ᠵᠢᠨ ᠲᠣᠭᠲᠠᠭᠤᠨ ᠬᠥᠭᠵᠢᠯᠲᠡ᠎ᠳᠤ ᠦᠷᠭᠦᠯᠵᠢᠯᠡᠨ ᠬᠤᠪᠢ ᠨᠡᠮᠡᠷᠢ᠎ᠪᠠᠨ ᠦᠵᠡᠭᠦᠯᠬᠦ ᠵᠢ ᠢᠲᠡᠭᠡᠵᠦ ᠪᠠᠢ᠌ᠨ᠎ᠠ ᠭᠡᠵᠦ ᠴᠢᠬᠤᠯᠠᠴᠢᠯᠠᠪᠠ᠃
ᠲᠦᠷᠦᠭᠦᠬᠡᠨ᠂ ᠠᠮᠧᠷᠢᠺᠠ ᠵᠢᠨ ᠸᠠᠰᠢᠩᠲ᠋ᠣᠨ ᠵᠧᠦ ᠵᠢᠨ 《ᠠᠮᠧᠷᠢᠺᠠ ᠳᠤᠮᠳᠠᠳᠤ ᠵᠢᠨ ᠵᠠᠯᠠᠭᠤᠴᠤᠳ ᠪᠠᠭ᠋ᠠᠴᠤᠳ ᠰᠣᠷᠣᠭᠴᠢᠳ᠎ᠤᠨ ᠰᠣᠯᠢᠯᠴᠠᠭ᠋ᠠᠨ᠎ᠤ ᠨᠡᠢ᠌ᠭᠡᠮᠯᠢᠭ》 ᠪᠣᠯᠣᠨ ᠡᠯ᠎ᠡ ᠡᠲᠡᠭᠡᠳ᠎ᠤᠨ ᠨᠥᠬᠥᠷᠰᠡᠭ ᠬᠥᠮᠥᠰ ᠲᠡᠷᠢᠭᠦᠯᠡᠭᠴᠢ ᠰᠢ ᠵᠢᠨ ᠫᠢᠩ᠎ᠳᠤ ᠵᠠᠬᠢᠳᠠᠯ ᠢᠯᠡᠭᠡᠵᠦ᠂ ᠳᠤᠮᠳᠠᠳᠤ ᠤᠯᠤᠰ ᠳᠡᠯᠡᠬᠡᠢ ᠵᠢᠨ ᠣᠶᠤᠲᠠᠳ᠎ᠤᠨ ᠵᠣᠨ᠎ᠤ ᠤᠯᠠᠷᠢᠯ᠎ᠤᠨ ᠲᠠᠮᠢᠷ᠎ᠤᠨ ᠴᠤᠭᠯᠠᠭ᠋ᠠᠨ ᠪᠣᠯᠣᠨ ᠠᠽᠢᠶ᠎ᠠ ᠲᠢᠪ᠎ᠤᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠬᠦ ᠵᠢ ᠵᠥᠩᠨᠡᠵᠦ ᠳᠤᠮᠳᠠᠳᠤ ᠠᠮᠧᠷᠢᠺᠠ ᠵᠢᠨ ᠵᠠᠯᠠᠭᠤᠴᠤᠳ᠎ᠤᠨ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠲᠠᠰᠤᠷᠠᠯᠲᠠ ᠦᠭᠡᠢ ᠴᠢᠩᠭ᠋ᠠᠳᠬᠠᠬᠤ᠎ᠪᠠᠷ ᠴᠢᠷᠮᠠᠢ᠌ᠨ᠎ᠠ ᠭᠡᠵᠦ ᠢᠯᠡᠳᠬᠡᠵᠡᠢ᠃