ᠰᠢᠨᠬᠤᠸᠠ ᠬᠣᠷᠢᠶ᠎ᠠ ᠵᠢᠨ ᠪᠡᠭᠡᠵᠢᠩ᠎ᠤᠨ 8 ᠰᠠᠷ᠎ᠠ ᠵᠢᠨ 2᠎ᠤᠨ ᠴᠠᠬᠢᠯᠭ᠋ᠠᠨ ᠮᠡᠳᠡᠭᠡ 《ᠰᠢ ᠵᠢᠨ ᠫᠢᠩ᠎ᠤᠨ ᠵᠣᠬᠢᠶᠠᠯ ᠪᠦᠲᠦᠭᠡᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ᠂ ᠬᠣᠶᠠᠳᠤᠭ᠋ᠠᠷ ᠪᠣᠳᠢ ᠵᠢᠨ ᠮᠣᠩᠭᠣᠯ ᠬᠡᠯᠡ᠂ ᠲᠥᠪᠡᠳ ᠬᠡᠯᠡ᠂ ᠤᠢ᠌ᠭᠤᠷ ᠬᠡᠯᠡ᠂ ᠬᠠᠰᠠᠭ ᠬᠡᠯᠡ᠂ ᠰᠣᠯᠣᠩᠭᠣᠰ ᠬᠡᠯᠡ᠂ ᠢ ᠬᠡᠯᠡ᠂ ᠵᠤᠸᠠᠩ ᠬᠡᠯᠡ ᠵᠡᠷᠭᠡ ᠳᠣᠯᠣᠭ᠋ᠠᠨ ᠦᠨᠳᠦᠰᠦᠲᠡᠨ᠎ᠤ ᠬᠡᠯᠡᠨ᠎ᠤ ᠬᠡᠪᠯᠡᠯ᠎ᠢ ᠨᠢᠭᠡᠨᠲᠡ ᠣᠷᠴᠢᠭᠤᠯᠤᠨ ᠳᠠᠭᠤᠰᠬᠠᠵᠤ᠂ ᠣᠢ᠌ᠷ᠎ᠠ᠎ᠳᠤ ᠪᠥᠬᠥ ᠤᠯᠤᠰ᠎ᠲᠤ ᠬᠡᠪᠯᠡᠭᠦᠯᠦᠨ ᠲᠠᠷᠬᠠᠭ᠋ᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠤᠯᠭᠤᠷ ᠪᠢᠴᠢᠭ ᠨᠠᠢ᠌ᠷᠠᠭᠤᠯᠬᠤ ᠵᠥᠪᠯᠡᠯ᠎ᠤᠨ ᠨᠠᠢ᠌ᠷᠠᠭᠤᠯᠤᠭᠰᠠᠨ 《ᠰᠢ ᠵᠢᠨ ᠫᠢᠩ᠎ᠤᠨ ᠵᠣᠬᠢᠶᠠᠯ ᠪᠦᠲᠦᠭᠡᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ᠂ ᠬᠣᠶᠠᠳᠤᠭ᠋ᠠᠷ ᠪᠣᠳᠢ ᠵᠢ 2023 ᠣᠨ᠎ᠤ 4 ᠰᠠᠷ᠎ᠠ᠎ᠳᠤ ᠠᠷᠠᠳ᠎ᠤᠨ ᠬᠡᠪᠯᠡᠯ᠎ᠤᠨ ᠬᠣᠷᠢᠶ᠎ᠠ᠎ᠠᠴᠠ ᠬᠡᠪᠯᠡᠭᠦᠯᠪᠡ᠃ ᠨᠠᠮ᠎ᠤᠨ ᠲᠥᠪ ᠬᠣᠷᠢᠶ᠎ᠠ ᠵᠢᠨ ᠤᠬᠠᠭᠤᠯᠬᠤ ᠬᠡᠯᠲᠡᠰ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠵᠣᠬᠢᠴᠠᠭᠤᠯᠭ᠎ᠠ ᠳᠣᠣᠷ᠎ᠠ᠂ ᠳᠤᠮᠳᠠᠳᠤ ᠤᠯᠤᠰ᠎ᠤᠨ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠲᠣᠪᠴᠢᠶ᠎ᠠ ᠪᠥᠬᠥ ᠤᠯᠤᠰ᠎ᠤᠨ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠡᠩᠨᠡᠭᠡ ᠵᠢ ᠵᠣᠬᠢᠶᠠᠨ ᠪᠠᠢ᠌ᠭᠤᠯᠵᠤ᠂ 2023 ᠣᠨ᠎ᠤ 7 ᠰᠠᠷ᠎ᠠ ᠵᠢᠨ ᠳᠣᠯᠣᠭ᠋ᠠᠨ ᠲᠥᠷᠥᠯ᠎ᠤᠨ ᠦᠨᠳᠦᠰᠦᠲᠡᠨ᠎ᠤ ᠬᠡᠯᠡᠨ᠎ᠤ ᠬᠡᠪᠯᠡᠯ᠎ᠤᠨ 《ᠰᠢ ᠵᠢᠨ ᠫᠢᠩ᠎ᠤᠨ ᠵᠣᠬᠢᠶᠠᠯ ᠪᠦᠲᠦᠭᠡᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ᠂ ᠬᠣᠶᠠᠳᠤᠭ᠋ᠠᠷ ᠪᠣᠳᠢ ᠵᠢᠨ ᠣᠷᠴᠢᠭᠤᠯᠭ᠎ᠠ ᠵᠢᠨ ᠠᠵᠢᠯ᠎ᠢ ᠪᠡᠶᠡᠯᠡᠭᠦᠯᠪᠡ᠃ 《ᠰᠢ ᠵᠢᠨ ᠫᠢᠩ᠎ᠤᠨ ᠵᠣᠬᠢᠶᠠᠯ ᠪᠦᠲᠦᠭᠡᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ᠂ ᠬᠣᠶᠠᠳᠤᠭ᠋ᠠᠷ ᠪᠣᠳᠢ ᠵᠢᠨ ᠦᠨᠳᠦᠰᠦᠲᠡᠨ᠎ᠤ ᠬᠡᠯᠡᠨ᠎ᠤ ᠬᠡᠪᠯᠡᠯ᠎ᠢ ᠬᠡᠪᠯᠡᠭᠦᠯᠦᠨ ᠲᠠᠷᠬᠠᠭ᠋ᠠᠭᠰᠠᠨ᠎ᠨᠢ ᠪᠥᠬᠥ ᠤᠯᠤᠰ᠎ᠤᠨ ᠥᠷᠭᠡᠨ ᠣᠯᠠᠨ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠂ ᠣᠯᠠᠨ ᠲᠦᠮᠡᠨ᠎ᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠣᠷᠣᠯᠴᠠᠨ ᠲᠤᠭᠤᠰᠢᠯᠠᠭᠤᠯᠬᠤ ᠵᠢ ᠯᠠᠪᠲᠠᠢ ᠤᠯᠠᠮ ᠴᠢᠨᠠᠭᠰᠢᠳᠠ ᠠᠬᠢᠭᠤᠯᠵᠤ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠤᠬᠠᠮᠰᠠᠷ᠎ᠠᠴᠠ᠎ᠪᠠᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠭᠦᠯᠬᠦ ᠪᠣᠯᠣᠨ᠎ᠠ᠃
《ᠰᠢ ᠵᠢᠨ ᠫᠢᠩ᠎ᠤᠨ ᠵᠣᠬᠢᠶᠠᠯ ᠪᠦᠲᠦᠭᠡᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ᠂ ᠬᠣᠶᠠᠳᠤᠭ᠋ᠠᠷ ᠪᠣᠳᠢ ᠵᠢᠨ ᠮᠣᠩᠭᠣᠯ ᠬᠡᠯᠡ᠂ ᠲᠥᠪᠡᠳ ᠬᠡᠯᠡ᠂ ᠤᠢ᠌ᠭᠤᠷ ᠬᠡᠯᠡ᠂ ᠬᠠᠰᠠᠭ ᠬᠡᠯᠡ᠂ ᠰᠣᠯᠣᠩᠭᠣᠰ ᠬᠡᠯᠡᠨ᠎ᠤ ᠬᠡᠪᠯᠡᠯ᠎ᠢ ᠦᠨᠳᠦᠰᠦᠲᠡᠨ᠎ᠤ ᠬᠡᠪᠯᠡᠯ᠎ᠤᠨ ᠬᠣᠷᠢᠶ᠎ᠠ᠎ᠠᠴᠠ ᠬᠡᠪᠯᠡᠭᠦᠯᠦᠨ ᠲᠠᠷᠬᠠᠭ᠋ᠠᠪᠠ; ᠢ ᠬᠡᠯᠡ᠂ ᠵᠤᠸᠠᠩ ᠬᠡᠯᠡᠨ᠎ᠤ ᠬᠡᠪᠯᠡᠯ᠎ᠢ ᠦᠨᠳᠦᠰᠦᠲᠡᠨ᠎ᠤ ᠬᠡᠪᠯᠡᠯ᠎ᠤᠨ ᠬᠣᠷᠢᠶ᠎ᠠ ᠲᠣᠰ ᠲᠣᠰ ᠰᠧᠴᠤᠸᠠᠨ᠎ᠤ ᠦᠨᠳᠦᠰᠦᠲᠡᠨ᠎ᠤ ᠬᠡᠪᠯᠡᠯ᠎ᠤᠨ ᠬᠣᠷᠢᠶ᠎ᠠ᠂ ᠭᠤᠸᠠᠩᠰᠢ ᠵᠢᠨ ᠦᠨᠳᠦᠰᠦᠲᠡᠨ᠎ᠤ ᠬᠡᠪᠯᠡᠯ᠎ᠤᠨ ᠬᠣᠷᠢᠶ᠎ᠠ᠎ᠲᠠᠢ ᠬᠠᠮᠲᠤᠷᠠᠵᠤ ᠬᠡᠪᠯᠡᠭᠦᠯᠦᠨ ᠲᠠᠷᠬᠠᠭ᠋ᠠᠪᠠ᠃