ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠶᠡᠷᠦᠩᠬᠡᠢ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ
ᠣᠳᠣᠬᠠᠨ᠎ᠤ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠭᠰᠠᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠠᠷᠠᠭ᠋ᠠᠴᠢ ᠵᠢᠨ ᠠᠯᠬᠤᠮ᠎ᠤᠨ ᠦᠶᠡᠷ᠎ᠢ ᠰᠡᠷᠭᠡᠢ᠌ᠯᠡᠵᠦ ᠠᠶᠤᠯ ᠭᠠᠮᠰᠢᠭ᠎ᠠᠴᠠ ᠠᠪᠤᠷᠠᠬᠤ᠂ ᠣᠯᠠᠨ ᠲᠦᠮᠡᠨ᠎ᠤ ᠠᠮᠢᠳᠤᠷᠠᠯ᠎ᠢ ᠪᠠᠲᠤᠯᠠᠬᠤ ᠪᠠ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠬᠢᠨ ᠪᠠᠶ᠋ᠢᠭᠤᠯᠬᠤ ᠠᠵᠢᠯ᠎ᠢ ᠰᠠᠢ᠌ᠲᠤᠷ ᠬᠢᠬᠦ ᠠᠷᠭ᠎ᠠ ᠬᠡᠮᠵᠢᠶ᠎ᠡ ᠵᠢ ᠶᠠᠷᠢᠯᠴᠠᠨ ᠰᠤᠳᠤᠯᠪᠠ
ᠰᠢᠨᠬᠤᠸᠠ ᠬᠣᠷᠢᠶᠠᠨ᠎ᠤ ᠪᠡᠭᠡᠵᠢᠩ᠎ᠤᠨ 8 ᠳ᠋ᠤᠭ᠋ᠠᠷ ᠰᠠᠷ᠎ᠠ ᠵᠢᠨ 8᠎ᠤ ᠴᠠᠬᠢᠯᠭ᠋ᠠᠨ ᠮᠡᠳᠡᠭᠡ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 8 ᠳ᠋ᠤᠭ᠋ᠠᠷ ᠰᠠᠷ᠎ᠠ ᠵᠢᠨ 8᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠳᠣᠬᠠᠨ᠎ᠤ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠠᠷᠠᠭ᠋ᠠᠴᠢ ᠵᠢᠨ ᠠᠯᠬᠤᠮ᠎ᠤᠨ ᠦᠶᠡᠷ᠎ᠢ ᠰᠡᠷᠭᠡᠢ᠌ᠯᠡᠵᠦ ᠠᠶᠤᠯ ᠭᠠᠮᠰᠢᠭ᠎ᠠᠴᠠ ᠠᠪᠤᠷᠠᠬᠤ᠂ ᠤᠯᠠᠨ ᠲᠦᠮᠡᠨ᠎ᠤ ᠠᠮᠢᠳᠤᠷᠠᠯ᠎ᠢ ᠪᠠᠲᠤᠯᠠᠬᠤ ᠪᠠ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠬᠢᠨ ᠪᠠᠢ᠌ᠭᠤᠯᠬᠤ ᠠᠵᠢᠯ᠎ᠢ ᠰᠠᠢ᠌ᠲᠤᠷ ᠬᠢᠬᠦ ᠠᠷᠭ᠎ᠠ ᠬᠡᠮᠵᠢᠶ᠎ᠡ ᠵᠢ ᠶᠠᠷᠢᠯᠴᠠᠨ ᠰᠤᠳᠤᠯᠪᠠ᠃
ᠬᠤᠷᠠᠯ᠎ᠠᠴᠠ᠂ ᠣᠢ᠌ᠷ᠎ᠠ ᠵᠢᠨ ᠬᠤᠭᠤᠴᠠᠭ᠋ᠠᠨ᠎ᠳᠤ ᠲᠠᠢ᠌ᠹᠧᠩ ᠰᠠᠯᠬᠢ ᠪᠠ ᠰᠢᠷᠦᠭᠦᠨ ᠪᠣᠷᠣᠭ᠋ᠠᠨ᠎ᠤ ᠨᠥᠯᠥᠭᠡ᠎ᠪᠠᠷ᠂ ᠬᠡᠰᠡᠭ ᠭᠠᠵᠠᠷ ᠣᠷᠣᠨ ᠬᠦᠨᠳᠦ ᠨᠣᠴᠢᠲᠠᠢ ᠦᠶᠡᠷ ᠤᠰᠤᠲᠤᠯ᠎ᠤᠨ ᠭᠠᠮᠰᠢᠭ᠎ᠲᠤ ᠳᠠᠭ᠋ᠠᠷᠢᠭᠳᠠᠵᠤ᠂ ᠨᠠᠮ᠎ᠤᠨ ᠲᠥᠪ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠵᠢᠨ ᠫᠢᠩ ᠡᠯ᠎ᠡ ᠭᠠᠵᠠᠷ᠎ᠤᠨ ᠭᠠᠮᠰᠢᠭᠳᠠᠭᠰᠠᠨ ᠣᠯᠠᠨ ᠲᠦᠮᠡᠨ᠎ᠢ ᠢᠮᠠᠭᠲᠠ ᠰᠠᠨᠠᠭ᠋ᠠᠯᠵᠠᠵᠤ᠂ ᠣᠯᠠᠨ ᠤᠳᠠᠭ᠎ᠠ ᠴᠢᠬᠤᠯᠠ ᠵᠢᠭ᠋ᠠᠪᠤᠷᠢ ᠭᠠᠷᠭ᠋ᠠᠵᠤ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠵᠢᠯᠤᠭᠣᠳᠴᠤ᠂ ᠠᠶᠤᠯ ᠭᠠᠮᠰᠢᠭ᠎ᠠᠴᠠ ᠠᠪᠤᠷᠠᠬᠤ᠂ ᠵᠠᠪᠳᠤᠨ ᠵᠠᠰᠠᠵᠤ ᠰᠡᠷᠭᠦᠭᠡᠬᠦ᠂ ᠢᠯᠠᠩᠭᠤᠶ᠎ᠠ ᠭᠠᠮᠰᠢᠭᠳᠠᠭᠰᠠᠨ ᠣᠯᠠᠨ ᠲᠦᠮᠡᠨ᠎ᠤ ᠠᠮᠢᠳᠤᠷᠠᠯ᠎ᠤᠨ ᠪᠠᠲᠤᠯᠠᠭ᠎ᠠ ᠵᠢ ᠦᠷᠭᠦᠯᠵᠢᠯᠡᠨ ᠰᠠᠢ᠌ᠲᠤᠷ ᠬᠢᠬᠦ ᠵᠡᠷᠭᠡ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠠᠵᠢᠯ᠎ᠢ ᠰᠠᠢ᠌ᠲᠤᠷ ᠬᠢᠬᠦ᠎ᠳᠤ ᠦᠨᠳᠦᠰᠦᠨ ᠵᠢᠷᠤᠮᠯᠠᠯ ᠪᠠ ᠬᠦᠴᠦᠷᠬᠡᠭ ᠶᠡᠬᠡ ᠬᠥᠳᠡᠯᠭᠡᠬᠦ ᠬᠦᠴᠦᠨ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠣᠳᠣᠬᠠᠨ᠎ᠳᠤ ᠦᠶᠡᠷ᠎ᠤᠨ ᠬᠤᠭᠤᠴᠠᠭ᠎ᠠ ᠮᠥᠨᠴᠦ ᠥᠩᠭᠡᠷᠡᠭᠡᠳᠦᠢ ᠪᠠᠢ᠌ᠭᠰᠠᠭ᠋ᠠᠷ᠂ ᠰᠡᠭᠦᠯᠴᠢ ᠵᠢᠨ ᠬᠤᠭᠤᠴᠠᠭ᠋ᠠᠨ᠎ᠳᠤ ᠲᠠᠢ᠌ᠹᠧᠩ ᠰᠠᠯᠬᠢ ᠬᠠᠭᠤᠷᠠᠢ᠎ᠪᠠᠷ ᠳᠠᠭ᠋ᠠᠷᠢᠨ ᠭᠠᠷᠴᠤ᠂ ᠬᠡᠰᠡᠭ ᠭᠠᠵᠠᠷ᠎ᠲᠤ ᠰᠢᠷᠦᠭᠦᠨ ᠪᠣᠷᠣᠭ᠋ᠠᠨ ᠣᠷᠣᠬᠤ ᠪᠣᠯᠣᠯᠴᠠᠭ᠎ᠠ ᠪᠠᠰᠠ ᠪᠠᠢ᠌ᠵᠤ᠂ ᠭᠠᠮᠰᠢᠭ᠎ᠠᠴᠠ ᠠᠪᠤᠷᠠᠬᠤ ᠪᠠ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠬᠢᠨ ᠪᠠᠶ᠋ᠢᠭᠤᠯᠬᠤ ᠡᠭᠦᠷᠭᠡ ᠬᠦᠨᠳᠦ ᠪᠠᠢ᠌ᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠬᠦ ᠪᠠ ᠠᠶᠤᠯ ᠭᠠᠮᠰᠢᠭ᠎ᠠᠴᠠ ᠠᠪᠤᠷᠠᠬᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠣᠯᠣᠨ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠦᠬᠦ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠢ᠃ ᠶᠡᠬᠡ ᠦᠶᠡᠷ᠎ᠲᠠᠢ ᠲᠡᠮᠡᠴᠡᠬᠦ᠂ ᠶᠡᠬᠡ ᠠᠶᠤᠯ᠎ᠠᠴᠠ ᠠᠪᠤᠷᠠᠬᠤ᠎ᠳᠤ ᠰᠠᠭᠤᠷᠢᠯᠠᠵᠤ᠂ ᠰᠤᠳᠤᠯᠤᠨ ᠮᠠᠭ᠋ᠠᠳᠯᠠᠵᠤ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠣᠷᠣᠨ ᠪᠠᠢ᠌ᠷᠢ ᠵᠢ ᠴᠢᠩᠭ᠎ᠠ ᠠᠩᠬᠠᠷᠴᠤ᠂ ᠦᠶᠡᠷ᠎ᠢ ᠰᠡᠷᠭᠡᠢ᠌ᠯᠡᠨ ᠠᠶᠤᠯ᠎ᠠᠴᠠ ᠠᠪᠤᠷᠠᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠡᠭᠦᠰᠦᠮᠡᠯ ᠭᠠᠮᠰᠢᠭ ᠭᠠᠷᠬᠤ ᠵᠢ ᠴᠢᠩᠭ᠎ᠠ ᠰᠡᠷᠭᠡᠢ᠌ᠯᠡᠬᠦ ᠬᠡᠷᠡᠭᠲᠡᠢ᠃ ᠬᠠᠷᠢᠯᠴᠠᠭ᠎ᠠ ᠲᠠᠰᠤᠷᠠᠭᠰᠠᠨ ᠬᠥᠮᠥᠰ᠎ᠢ ᠦᠷᠭᠦᠯᠵᠢᠯᠡᠨ ᠪᠥᠬᠥ ᠬᠦᠴᠦᠨ ᠵᠶ᠋ᠡᠷ ᠵᠶ᠋ᠡᠨ ᠡᠷᠢᠨ ᠠᠪᠤᠷᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ᠃ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠭᠠᠮᠰᠢᠭᠳᠠᠭᠰᠠᠨ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠰᠠᠢ᠌ᠲᠤᠷ ᠪᠠᠲᠤᠯᠠᠵᠤ᠂ ᠲᠡᠳᠡᠨ᠎ᠳᠤ ᠢᠳᠡᠬᠦ ᠬᠣᠭᠣᠯᠠ᠎ᠲᠠᠢ᠂ ᠡᠮᠦᠰᠬᠦ ᠬᠤᠪᠴᠠᠰᠤ᠎ᠲᠠᠢ᠂ ᠲᠦᠷ ᠴᠠᠭ᠎ᠤᠨ ᠣᠷᠣᠨ ᠰᠠᠭᠤᠴᠠ᠎ᠲᠠᠢ᠂ ᠤᠤᠭᠤᠬᠤ ᠴᠡᠪᠡᠷ ᠤᠰᠤ᠎ᠲᠠᠢ᠂ ᠡᠪᠡᠳᠴᠢᠯᠡᠪᠡᠯ ᠴᠠᠭ ᠲᠤᠬᠠᠢᠳᠤᠨᠢ ᠡᠮᠴᠢᠯᠡᠭᠦᠯᠵᠦ ᠳᠡᠢ᠌ᠯᠬᠦ ᠵᠢ ᠪᠠᠲᠤᠯᠠᠬᠤ ᠬᠡᠷᠡᠭᠲᠡᠢ᠃ ᠣᠷᠴᠢᠨ ᠲᠣᠭᠣᠷᠢᠨ᠎ᠢ ᠠᠷᠢᠭᠤᠳᠬᠠᠬᠤ ᠪᠠ ᠡᠷᠡᠭᠦᠯ᠎ᠢ ᠬᠠᠮᠠᠭ᠋ᠠᠯᠠᠵᠤ ᠬᠢᠵᠢᠭ᠎ᠢ ᠰᠡᠷᠭᠡᠢ᠌ᠯᠡᠬᠦ ᠠᠵᠢᠯ᠎ᠢ ᠪᠦᠬᠦ ᠲᠠᠯ᠎ᠠ᠎ᠪᠠᠷ ᠰᠠᠢ᠌ᠲᠤᠷ ᠬᠢᠵᠦ᠂ ᠶᠡᠬᠡ ᠭᠠᠮᠰᠢᠭ᠎ᠤᠨ ᠳᠠᠷᠠᠭ᠎ᠠ ᠶᠡᠬᠡ ᠬᠢᠵᠢᠭ ᠦᠯᠦ ᠳᠡᠯᠭᠡᠷᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠵᠠᠮ᠂ ᠴᠠᠬᠢᠯᠭ᠋ᠠᠨ ᠬᠠᠩᠭ᠋ᠠᠬᠤ᠂ ᠤᠰᠤ ᠬᠠᠩᠭ᠋ᠠᠬᠤ ᠪᠠ ᠴᠢᠮᠡᠭᠡ ᠬᠣᠯᠪᠣᠭ᠎ᠠ ᠵᠡᠷᠭᠡ ᠪᠡᠯᠡᠳᠬᠡᠮᠵᠢ ᠵᠢ ᠲᠦᠷᠭᠡᠪᠴᠢᠯᠡᠨ ᠵᠠᠰᠠᠨ ᠰᠡᠷᠭᠦᠭᠡᠵᠦ᠂ ᠤᠯᠠᠨ ᠲᠦᠮᠡᠨ᠎ᠢ ᠥᠷᠭᠡᠨ ᠵᠶ᠋ᠡᠷ ᠲᠠᠢ᠍ᠢ᠍ᠴᠢᠯᠠᠨ ᠢᠳᠡᠪᠬᠢᠲᠡᠢ᠎ᠪᠠᠷ ᠵᠣᠬᠢᠶᠠᠨ ᠪᠠᠢ᠌ᠭᠤᠯᠵᠤ ᠪᠠᠢ᠌ᠭ᠋ᠠᠳ ᠦᠢ᠍ᠯᠡᠳᠪᠦᠷᠢᠯᠡᠯ ᠵᠶ᠋ᠡᠷ ᠥᠪᠡᠷ᠎ᠢ᠎ᠪᠠᠨ ᠲᠡᠩᠬᠡᠷᠡᠭᠦᠯᠬᠦ ᠠᠵᠢᠯ᠎ᠢ ᠥᠷᠨᠢᠭᠦᠯᠵᠦ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠢ᠌ᠲᠤᠷ ᠬᠢᠵᠦ᠂ ᠭᠠᠮᠰᠢᠭᠳᠠᠭᠰᠠᠨ ᠣᠷᠣᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠠᠯᠢ ᠲᠦᠷᠭᠡᠨ ᠵᠶ᠋ᠡᠷ ᠰᠡᠷᠭᠦᠭᠡᠬᠦ ᠬᠡᠷᠡᠭᠲᠡᠢ᠃ ᠭᠠᠮᠰᠢᠭ᠎ᠲᠤ ᠡᠪᠳᠡᠭᠳᠡᠭᠰᠡᠨ ᠲᠠᠷᠢᠶᠠᠨ ᠭᠠᠵᠠᠷ ᠪᠠ ᠲᠠᠷᠢᠶᠠᠯᠠᠩ᠎ᠤᠨ ᠪᠡᠯᠡᠳᠬᠡᠮᠵᠢ ᠵᠢ ᠰᠢᠮᠳᠠᠭᠤᠯᠤᠨ ᠵᠠᠰᠠᠨ ᠰᠡᠷᠭᠦᠭᠡᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠩᠭ᠋ᠠᠯᠭ᠎ᠠ ᠵᠢ ᠪᠠᠲᠤᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠲᠠᠷᠢᠶᠠᠴᠢᠳ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠢᠳᠡᠪᠬᠢᠲᠡᠢ᠎ᠪᠠᠷ ᠨᠥᠬᠥᠵᠦ ᠳᠠᠷᠢᠭᠤᠯᠬᠤ ᠬᠡᠷᠡᠭᠲᠡᠢ᠃ ᠭᠠᠮᠰᠢᠭ᠎ᠲᠤ ᠡᠪᠳᠡᠭᠳᠡᠭᠰᠡᠨ ᠭᠡᠷ ᠪᠠᠢ᠌ᠰᠢᠩ᠎ᠢ ᠰᠡᠷᠭᠦᠭᠡᠵᠦ ᠲᠠᠬᠢᠨ ᠪᠠᠷᠢᠬᠤ ᠠᠵᠢᠯ᠎ᠢ ᠲᠦᠷᠭᠡᠨ ᠡᠬᠢᠯᠡᠭᠦᠯᠵᠦ᠂ ᠭᠠᠮᠰᠢᠭᠳᠠᠭᠰᠠᠨ ᠤᠯᠠᠨ ᠲᠦᠮᠡᠨ᠎ᠤ ᠡᠪᠦᠯ ᠣᠷᠣᠬᠤ᠎ᠠᠴᠠ ᠡᠮᠦᠨ᠎ᠡ ᠭᠡᠷ᠎ᠲᠤ᠎ᠪᠠᠨ ᠬᠠᠷᠢᠵᠤ ᠳᠡᠢ᠌ᠯᠬᠦ ᠪᠤᠶᠤ ᠰᠢᠨ᠎ᠡ ᠣᠷᠣᠨ ᠰᠠᠭᠤᠴᠠ᠎ᠳᠤ ᠨᠡᠭᠦᠬᠦ᠂ ᠠᠮᠤᠷ ᠲᠦᠪᠰᠢᠨ ᠳᠤᠯᠠᠭ᠋ᠠᠨ ᠪᠦᠯᠢᠶᠡᠨ ᠡᠪᠦᠯᠵᠢᠬᠦ ᠵᠢ ᠦᠨᠡᠨ ᠬᠦ᠌ ᠪᠠᠲᠤᠯᠠᠵᠤ᠂ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ᠂ ᠨᠠᠰᠤᠵᠢᠯ᠎ᠤᠨ ᠬᠦᠷᠢᠶᠡᠯᠡᠩ ᠵᠡᠷᠭᠡ ᠨᠡᠶ᠋ᠢᠲᠡ ᠵᠢᠨ ᠪᠡᠯᠡᠳᠬᠡᠮᠵᠢ ᠵᠢ ᠰᠡᠷᠭᠦᠭᠡᠵᠦ ᠲᠠᠬᠢᠨ ᠪᠠᠶ᠋ᠢᠭᠤᠯᠬᠤ ᠠᠵᠢᠯ᠎ᠢ ᠲᠦᠷᠭᠡᠪᠴᠢᠯᠡᠨ ᠠᠬᠢᠭᠤᠯᠵᠤ᠂ ᠭᠠᠮᠰᠢᠭᠳᠠᠭᠰᠠᠨ ᠰᠤᠷᠤᠭᠴᠢ ᠨᠢᠭᠡ ᠪᠦᠷᠢ ᠴᠥᠮ ᠴᠠᠭ᠎ᠲᠤ᠎ᠪᠠᠨ ᠰᠤᠷᠭ᠋ᠠᠭᠤᠯᠢ ᠡᠬᠢᠯᠡᠨ ᠰᠤᠷᠭ᠋ᠠᠭᠤᠯᠢ᠎ᠳᠤ᠎ᠪᠠᠨ ᠪᠤᠴᠠᠬᠤ ᠵᠢ ᠪᠠᠲᠤᠯᠠᠬᠤ ᠬᠡᠷᠡᠭᠲᠡᠢ᠃ ᠬᠣᠯᠠ ᠵᠢ ᠪᠣᠳᠣᠵᠤ᠂ ᠤᠮᠠᠷᠠᠲᠤ ᠣᠷᠣᠨ᠎ᠤ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠲᠥᠯᠦᠪᠵᠢᠭᠦᠯᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠰᠤ ᠭᠠᠩ᠎ᠤᠨ ᠭᠠᠮᠰᠢᠭ᠎ᠢ ᠰᠡᠷᠭᠡᠢ᠌ᠯᠡᠨ ᠠᠷᠭ᠋ᠠᠴᠠᠭ᠋ᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠳᠡᠮᠵᠢᠬᠦ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠭᠠᠮᠰᠢᠭ᠎ᠠᠴᠠ ᠠᠪᠤᠷᠠᠬᠤ ᠡᠯ᠎ᠡ ᠲᠥᠷᠥᠯ᠎ᠤᠨ ᠪᠡᠯᠡ ᠮᠥᠩᠭᠥ ᠵᠢ ᠲᠦᠷᠭᠡᠨ ᠰᠠᠯᠭ᠋ᠠᠨ ᠥᠭᠴᠦ᠂ ᠤᠷᠢᠳᠴᠢᠯᠠᠨ ᠰᠠᠯᠭ᠋ᠠᠨ ᠥᠭᠴᠦ ᠪᠣᠯᠬᠤ ᠵᠢ᠎ᠨᠢ ᠤᠷᠢᠳᠴᠢᠯᠠᠨ ᠰᠠᠯᠭ᠋ᠠᠨ ᠥᠭᠴᠦ᠂ ᠤᠷᠢᠳᠴᠢᠯᠠᠨ ᠨᠥᠬᠥᠪᠦᠷᠢ ᠥᠭᠴᠦ ᠠᠪᠤᠷᠠᠨ ᠲᠤᠰᠠᠯᠠᠬᠤ ᠬᠡᠷᠡᠭᠲᠡᠢ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠤᠭᠤᠳ ᠭᠠᠮᠰᠢᠭᠳᠠᠭᠰᠠᠨ ᠭᠠᠵᠠᠷ ᠣᠷᠣᠨ᠎ᠤ ᠡᠵᠡᠩᠨᠡᠯᠲᠡ ᠵᠢᠨ ᠭᠣᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠢ᠌ᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠎ᠠ ᠵᠢᠨ ᠡᠷᠥᠭᠡ ᠵᠢᠴᠢ ᠲᠠᠷᠢᠶᠠᠯᠠᠩ᠂ ᠲᠡᠵᠢᠭᠡᠨ ᠦᠷᠡᠵᠢᠭᠦᠯᠬᠦ ᠠᠵᠤ ᠠᠬᠤᠢ᠌ᠯᠠᠯ ᠪᠣᠯᠣᠨ ᠲᠠᠷᠢᠶᠠᠴᠢᠨ ᠡᠷᠥᠭᠡ᠎ᠳᠤ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠦᠵᠡᠭᠦᠯᠬᠦ᠎ᠪᠠᠨ ᠴᠢᠩᠭ᠋ᠠᠳᠬᠠᠵᠤ᠂ ᠳᠠᠭ᠋ᠠᠳᠬᠠᠯ᠎ᠤᠨ ᠲᠥᠯᠥᠪᠦᠷᠢ ᠵᠢᠨ ᠰᠠᠭ᠋ᠠᠳ ᠦᠭᠡᠢ ᠨᠡᠪᠲᠡᠷᠡᠬᠦ ᠵᠠᠮ᠎ᠢ ᠨᠡᠪᠲᠡᠷᠡᠭᠦᠯᠦᠨ᠂ ᠲᠥᠯᠥᠵᠦ ᠳᠡᠶ᠋ᠢᠯᠪᠡᠯ ᠲᠦᠷᠭᠡᠨ ᠲᠥᠯᠥᠵᠦ᠂ ᠲᠥᠯᠥᠬᠦ ᠶᠣᠰᠣᠲᠠᠢ ᠵᠢ᠎ᠨᠢ ᠪᠥᠬᠥᠨ᠎ᠢ ᠲᠥᠯᠥᠵᠦ᠂ ᠦᠶᠡᠷ ᠤᠰᠤᠲᠤᠯ᠎ᠤᠨ ᠭᠠᠮᠰᠢᠭ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠪᠣᠯᠣᠨ ᠠᠷᠠᠳ᠎ᠤᠨ ᠠᠮᠢᠳᠤᠷᠠᠯ᠎ᠳᠤ ᠥᠭᠭᠦᠭᠰᠡᠨ ᠨᠥᠯᠥᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ ᠭᠡᠵᠦ ᠱᠠᠭ᠋ᠠᠷᠳᠠᠪᠠ᠃