ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠠᠮᠤ ᠪᠤᠳᠠᠭ᠎ᠠ ᠳᠠᠷᠢᠬᠤ ᠲᠠᠯᠠᠪᠠᠶ ᠵᠢ ᠳ᠋ᠦᠩᠰᠢᠭᠤᠷ ᠮᠦ᠍᠎ᠠᠴᠠ ᠳᠡᠭᠡᠭᠰᠢ ᠪᠠᠢ᠌ᠯᠭ᠋ᠠᠬᠤ ᠵᠢ ᠦᠨᠡᠨᠬᠦ ᠪᠠᠲᠤᠯᠠᠵᠤ ᠪᠣᠶ
ᠨᠡᠶ᠋ᠢᠲᠡᠯᠡᠭᠰᠡᠨ ᠴᠠᠭ᠄ 2023-03-27

      ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠠᠵᠢᠯ᠎ᠢ ᠲᠦᠯᠬᠢᠨ ᠠᠬᠢᠭᠤᠯᠬᠤ ᠲᠤᠬᠠᠢ ᠵᠢᠨ ᠲᠠᠯᠠᠪᠤᠷ᠎ᠤᠨ ᠬᠤᠷᠠᠯ ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠤᠨ ᠯᠠᠩ ᠱᠠᠨ ᠪᠠᠯᠭ᠋ᠠᠰᠤᠨ᠎ᠤ ᠭᠤᠸᠠᠩ ᠮᠢᠩ ᠲᠣᠰᠬᠣᠨ᠎ᠳᠤ ᠶᠠᠪᠤᠭᠳᠠᠪᠠ᠂ ᠡᠨᠡ᠎ᠨᠢ ᠪᠥᠬᠥ ᠣᠷᠣᠨ᠎ᠤ ᠬᠠᠪᠤᠷ᠎ᠤᠨ ᠲᠠᠷᠢᠶᠠᠯᠠᠭ᠎ᠠ ᠵᠢᠨ ᠦᠢ᠍ᠯᠡᠳᠪᠦᠷᠢᠯᠡᠯ ᠪᠠᠷᠠᠭᠤᠨ ᠎ᠠᠴᠠ ᠵᠡᠭᠦᠨᠰᠢ ᠡᠬᠢᠯᠡᠭᠰᠡᠨ᠎ᠢ ᠬᠠᠷᠠᠭᠤᠯᠵᠤ ᠪᠠᠢ᠌ᠨ᠎ᠠ᠃

      ᠭᠤᠸᠠᠩ ᠮᠢᠩ ᠲᠣᠰᠬᠣᠨ᠎ᠤ ᠲᠦᠮᠡᠨ ᠮᠦ᠍ ᠵᠢᠨ ᠬᠠᠲᠠᠭᠤ ᠪᠤᠭᠤᠳᠠᠢ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠲᠤ᠂ ᠮᠠᠰᠢᠨ ᠎ᠤ ᠲᠠᠭᠤᠨ ᠨᠢᠵᠢᠭᠢᠨᠡᠵᠦ᠂ ᠨᠠᠰᠢ ᠴᠠᠰᠢ ᠰᠦᠯᠵᠢᠯᠳᠦᠵᠦ ᠪᠠᠢ᠌ᠭ᠎ᠠ ᠦᠷ᠎ᠡ ᠰᠠᠴᠤᠬᠤ ᠮᠠᠰᠢᠨ ᠵᠶ᠋ᠠᠷ ᠮᠥᠬᠥᠯᠢᠭ ᠳᠦᠭᠦᠷᠡᠩ ᠪᠤᠭᠤᠳᠠᠢ ᠵᠢᠨ ᠦᠷ᠎ᠡ ᠵᠢ ᠳᠠᠷᠢᠵᠠᠢ᠃ 《ᠮᠠᠨ᠎ᠤ ᠭᠡᠷ᠎ᠲᠤ 120 ᠮᠦ᠍ ᠲᠠᠷᠢᠶ᠎ᠠ᠎ᠲᠠᠢ᠂ ᠡᠨᠡ ᠵᠢᠯ ᠪᠦᠬᠦᠨ ᠵᠶ᠋ᠡᠷ ᠵᠶ᠋ᠡᠨ ᠪᠤᠭᠤᠳᠠᠢ ᠲᠠᠷᠢᠬᠤ᠎ᠪᠠᠷ ᠲᠥᠯᠥᠪᠯᠡᠵᠦ ᠪᠠᠢ᠌ᠨ᠎ᠠ》᠃ ᠭᠤᠸᠠᠩ ᠮᠢᠩ ᠲᠣᠰᠬᠣᠨ᠎ᠤ ᠲᠠᠷᠢᠮᠠᠯ᠎ᠤᠨ ᠲᠣᠮᠣ ᠡᠷᠦᠬᠡ ᠶᠠᠩ ᠸᠸᠨ ᠬᠤᠸᠠ᠄ 《ᠡᠨᠡ ᠵᠢᠯ ᠪᠢ ᠲᠤᠬᠠᠢ ᠵᠢᠨ ᠭᠠᠵᠠᠷ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠲᠠᠢ ᠵᠢᠩ ᠪᠦᠷᠢ᠎ᠳᠡᠭᠡᠨ 1.8 ᠲᠥᠭᠥᠷᠢᠭ᠎ᠤᠨ ᠬᠤᠳᠠᠯᠳᠤᠨ ᠠᠪᠬᠤ ᠦᠨ᠎ᠡ᠎ᠪᠠᠷ ᠪᠤᠭᠤᠳᠠᠢ ᠲᠠᠷᠢᠬᠤ ᠵᠠᠬᠢᠶᠠᠯᠠᠭ᠎ᠠ ᠵᠢᠨ ᠬᠠᠭᠤᠳᠠᠰᠤᠨ᠎ᠳᠤ ᠭᠠᠷ᠎ᠤᠨ ᠦᠰᠦᠭ ᠵᠢᠷᠤᠵᠤ᠂ ᠵᠠᠰᠠᠭ᠎ᠤᠨ ᠣᠷᠳᠣᠨ᠎ᠠᠴᠠ ᠦᠷ᠎ᠡ ᠵᠢᠨ ᠦᠷ᠎ᠡ ᠵᠢ ᠦᠨ᠎ᠡ ᠲᠥᠯᠥᠪᠦᠷᠢ ᠦᠭᠡᠢ᠎ᠪᠠᠷ ᠲᠠᠷᠬᠠᠭ᠋ᠠᠵᠤ᠂ ᠪᠤᠭᠤᠳᠠᠢ ᠵᠢᠨ ᠲᠠᠷᠠᠭ᠎ᠠ᠎ᠪᠠᠷ ᠨᠣᠬᠠᠢ ᠵᠢᠨ ᠬᠣᠰᠢᠭᠤ ᠵᠢᠨ ᠡᠪᠡᠰᠦ ᠵᠢ ᠲᠠᠬᠢᠨ ᠲᠠᠷᠢᠬᠤ᠎ᠳᠤ ᠮᠦ᠍ ᠪᠦᠷᠢ᠎ᠳᠤ 630 ᠲᠥᠭᠥᠷᠢᠭ᠎ᠤᠨ ᠨᠥᠬᠥᠪᠦᠷᠢ ᠥᠭᠴᠦ᠂ ᠮᠦ᠍ ᠪᠦᠷᠢ ᠵᠢᠨ ᠳᠤᠮᠳᠠᠴᠢ ᠦᠷ᠎ᠡ ᠠᠰᠢᠭ᠎ᠨᠢ ᠵᠢᠱ᠌ᠢᠯᠲᠡ᠎ᠪᠠᠷ 2000 ᠲᠥᠭᠥᠷᠢᠭ᠎ᠠᠴᠠ ᠳᠡᠭᠡᠭᠰᠢ ᠪᠣᠯᠣᠨ᠎ᠠ》 ᠭᠡᠵᠦ ᠢᠲᠡᠭᠡᠯ ᠳᠦᠭᠦᠷᠡᠩ ᠬᠡᠯᠡᠪᠡ᠃

      ᠭᠤᠸᠠᠩ ᠮᠢᠩ ᠼᠦᠨ ᠲᠣᠰᠬᠣᠨ᠎ᠤ ᠨᠠᠮ᠎ᠤᠨ ᠡᠭᠦᠷ᠎ᠤᠨ ᠱᠦᠵᠢ ᠭᠦᠸᠧ ᠴᠧᠩ ᠭᠠᠩ᠄ 《ᠡᠨᠡ ᠵᠢᠯ ᠪᠢᠳᠡ ᠳᠣᠬᠢᠭᠤᠷ ᠲᠤᠯᠤᠭ᠋ᠠᠨ ᠣᠲᠣ ᠨᠡᠷᠡᠮᠵᠢᠲᠦ ᠳᠠᠭ᠋ᠠᠭᠤᠯᠢ ᠣᠲᠣ᠎ᠪᠠᠷ ᠠᠶᠠᠯᠠᠯ ᠵᠠᠯᠠᠬᠤ ᠮᠡᠷᠭᠡᠵᠢᠯ ᠵᠶ᠋ᠡᠷ ᠨᠠᠷᠢᠯᠢᠭ ᠣᠨᠣᠴᠠᠲᠠᠢ᠎ᠪᠠᠷ ᠳᠠᠷᠢᠵᠤ ᠪᠠᠢ᠌ᠨ᠎ᠠ᠂ ᠮᠢᠩᠭ᠋ᠠᠨ ᠮᠧᠲᠷ ᠪᠦᠷᠢ᠎ᠳᠤ 2 ᠰᠠᠨᠲ᠋ᠢᠮᠧᠲᠷ᠎ᠠᠴᠠ ᠬᠡᠲᠦᠷᠡᠬᠦ ᠦᠭᠡᠢ᠂ ᠥᠩᠭᠡᠷᠡᠭᠰᠡᠨ᠎ᠤ ᠳᠠᠬᠢᠨ ᠳᠠᠷᠢᠬᠤ᠂ ᠳᠤᠲᠠᠭᠤ ᠳᠠᠷᠢᠬᠤ ᠦᠵᠡᠭᠳᠡᠯ ᠭᠠᠷᠬᠤ ᠦᠭᠡᠢ᠂ ᠦᠷ᠎ᠡ ᠠᠷᠪᠢᠯᠠᠬᠤ ᠮᠥᠷᠲᠡᠭᠡᠨ ᠪᠠᠰᠠ ᠴᠢᠨᠠᠷ ᠪᠠ ᠲᠣᠭ᠎ᠠ ᠬᠡᠮᠵᠢᠶ᠎ᠡ ᠵᠢ ᠪᠠᠲᠤᠯᠠᠨ ᠳᠠᠷᠢᠵᠤ ᠴᠢᠳᠠᠨ᠎ᠠ》 ᠭᠡᠵᠦ ᠬᠡᠯᠡᠵᠡᠢ᠃ ᠦᠷ᠎ᠡ ᠳᠠᠷᠢᠬᠤ ᠮᠠᠰᠢᠨ ᠨᠢᠭᠡᠪᠦᠷᠢ ᠵᠢᠱ᠌ᠢᠯᠲᠡ᠎ᠪᠠᠷ ᠡᠳᠦᠷ ᠪᠦᠷᠢ 100 ᠮᠦ᠍ ᠳᠠᠷᠢᠵᠤ᠂ ᠦᠷ᠎ᠡ ᠳᠠᠷᠢᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ》 ᠭᠡᠵᠡᠢ᠃

      ᠨᠡᠷᠡᠨ᠎ᠤ ᠲᠤᠰᠤᠯᠲᠠ ᠭᠦᠢ᠍ᠴᠡᠳ᠂ ᠬᠥᠷᠥᠰᠥ ᠰᠢᠷᠣᠢ ᠥᠩ ᠰᠢᠮᠡᠯᠢᠭ ᠵᠡᠷᠭᠡ ᠰᠢᠯᠲᠠᠭ᠋ᠠᠨ ᠎ᠠᠴᠠ ᠪᠣᠯᠵᠤ᠂ ᠪᠠᠶᠠᠨᠨᠠᠭᠤᠷ᠎ᠤᠨ ᠪᠤᠭᠤᠳᠠᠢ᠎ᠳᠤ ᠤᠭᠤᠷᠠᠭ᠎ᠤᠨ ᠠᠭᠤᠯᠤᠭᠳᠠᠴᠠ ᠥᠨᠳᠥᠷ᠂ ᠭᠤᠯᠢᠷ᠎ᠤᠨ ᠶᠠᠰᠤ ᠴᠢᠨᠠᠷ ᠰᠠᠢ᠌ᠨ ᠵᠡᠷᠭᠡ ᠳᠠᠪᠠᠭᠤᠯᠢᠭ ᠲᠠᠯ᠎ᠠ᠎ᠲᠠᠢ ᠪᠠᠢ᠌ᠳᠠᠭ᠃ ᠡᠨᠡ ᠵᠢᠯ ᠯᠢᠨ ᠾᠧ ᠲᠣᠭᠣᠷᠢᠭ᠎ᠤᠨ᠎ᠬᠢᠨ ᠥᠷᠭᠡᠨ ᠤᠯᠠᠨ ᠲᠠᠷᠢᠶᠠᠯᠠᠩ᠎ᠤᠨ ᠬᠤᠷᠰᠢᠶ᠎ᠠ ᠵᠢᠨ ᠲᠠᠷᠢᠶᠠᠴᠢᠨ ᠡᠷᠦᠬᠡ᠎ᠲᠠᠢ ᠬᠠᠮᠲᠤᠷᠠᠨ ᠪᠤᠭᠤᠳᠠᠢ ᠲᠠᠷᠢᠬᠤ ᠰᠠᠭᠤᠷᠢᠨ ᠭᠠᠵᠠᠷ ᠪᠠᠶ᠋ᠢᠭᠤᠯᠬᠤ ᠵᠢ ᠵᠣᠷᠢᠭᠵᠢᠭᠤᠯᠵᠤ᠂ ᠪᠤᠭᠤᠳᠠᠢ ᠲᠠᠷᠢᠬᠤ ᠲᠠᠯᠠᠪᠠᠢ ᠵᠢ 25 ᠲᠦᠮᠡᠨ ᠮᠦ᠍ ᠣᠷᠴᠢᠮ᠎ᠳᠤ ᠲᠣᠭᠲᠠᠪᠤᠷᠢᠵᠢᠭᠤᠯᠬᠤ ᠵᠢ ᠪᠠᠲᠤᠯᠠᠨ᠎ᠠ᠃ ᠯᠢᠨ ᠾᠧ ᠲᠣᠭᠣᠷᠢᠭ᠎ᠤᠨ ᠳᠡᠳ᠋ ᠳᠠᠷᠤᠭ᠎ᠠ ᠵᠤᠤ ᠭᠦᠸᠧ ᠳ᠋ᠦᠩ᠂ ᠲᠤᠬᠠᠢ ᠵᠢᠨ ᠭᠠᠵᠠᠷ᠎ᠤᠨ᠎ᠬᠢᠨ ᠲᠣᠰᠬᠣᠨ᠎ᠤ ᠬᠠᠮᠲᠤ ᠵᠢᠨ ᠬᠤᠪᠢ ᠣᠷᠣᠭᠤᠯᠤᠭᠰᠠᠨ ᠬᠤᠷᠰᠢᠶ᠎ᠠ᠂ ᠲᠠᠷᠢᠮᠠᠯ᠎ᠤᠨ ᠲᠣᠮᠣ ᠡᠷᠦᠬᠡ᠎ᠪᠠᠷ ᠭᠣᠣᠯ ᠴᠣᠭᠴᠠ ᠪᠣᠯᠭ᠋ᠠᠵᠤ᠂ ᠠᠮᠤ ᠪᠤᠳᠠᠭ᠋ᠠᠨ᠎ᠤ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭ᠎ᠲᠠᠢ ᠪᠠᠷᠢᠮᠵᠢᠶᠠᠵᠢᠭᠰᠠᠨ ᠦᠢ᠍ᠯᠡᠳᠪᠦᠷᠢᠯᠡᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠤᠯᠠᠨ ᠪᠠᠢ᠌ᠭᠤᠯᠵᠤ᠂ ᠨᠢᠭᠡᠳᠦᠯᠲᠡᠢ ᠲᠠᠷᠢᠶᠠᠯᠠᠬᠤ᠂ ᠬᠠᠮᠢᠶᠠᠷᠤᠨ ᠬᠠᠮᠠᠭ᠋ᠠᠯᠠᠬᠤ᠂ ᠪᠣᠷᠣᠯᠠᠭᠤᠯᠬᠤ ᠵᠢ ᠬᠡᠷᠡᠭᠵᠢᠭᠦᠯᠵᠦ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠦᠷ᠎ᠡ ᠠᠰᠢᠭ᠎ᠢ ᠤᠯᠠᠮ ᠴᠢᠨᠠᠭᠰᠢᠳᠠ ᠨᠡᠮᠡᠭᠳᠡᠭᠦᠯᠵᠦ ᠪᠠᠢ᠌ᠨ᠎ᠠ ᠭᠡᠵᠦ ᠬᠡᠯᠡᠪᠡ᠃

      ᠪᠠᠶᠠᠨᠨᠠᠭᠤᠷ ᠬᠤᠲᠠ ᠪᠣᠯ ᠤᠮᠠᠷᠠᠲᠤ ᠥᠷᠭᠡᠷᠢᠭ᠎ᠤᠨ 40 ᠭ᠋ᠷᠡᠳᠦ᠋ᠰ᠎ᠤᠨ ᠲᠠᠷᠢᠮᠠᠯ᠎ᠤᠨ ᠲᠠᠷᠢᠮᠠᠯ᠎ᠤᠨ ᠲᠠᠷᠢᠮᠠᠯ᠎ᠤᠨ ᠰᠢᠵᠢᠷ ᠠᠯᠳᠠᠨ ᠪᠦᠰᠡ᠎ᠳᠤ ᠪᠠᠢ᠌ᠷᠢᠯᠠᠵᠤ᠂ 1100 ᠭᠠᠷᠤᠢ ᠲᠦᠮᠡᠨ ᠮᠦ᠍ ᠲᠠᠷᠢᠶᠠᠨ ᠭᠠᠵᠠᠷ᠎ᠲᠠᠢ᠂ ᠮᠠᠨ᠎ᠤ ᠤᠯᠤᠰ᠎ᠤᠨ ᠴᠢᠨᠠᠷ ᠰᠠᠢ᠌ᠲᠠᠢ ᠳᠤᠮᠳᠠ ᠵᠡᠷᠭᠡ ᠵᠢᠨ ᠰᠢᠷᠪᠦᠰᠦᠯᠢᠭ ᠪᠤᠭᠤᠳᠠᠢ ᠵᠢᠨ ᠭᠣᠣᠯ ᠭᠠᠷᠤᠯᠲᠠ ᠵᠢᠨ ᠣᠷᠣᠨ ᠪᠣᠯᠣᠨ᠎ᠠ᠃ ᠣᠢ᠌ᠯᠠᠭ᠋ᠠᠭᠰᠠᠨ ᠵᠶ᠋ᠠᠷ᠂ ᠪᠠᠶᠠᠨᠨᠠᠭᠤᠷ ᠬᠣᠲᠠ ᠬᠣᠯᠪᠣᠭᠳᠠᠯ ᠪᠦᠬᠦᠢ ᠵᠣᠷᠢᠭᠵᠢᠭᠤᠯᠬᠤ ᠲᠥᠷᠥ ᠵᠢᠨ ᠪᠣᠳᠣᠯᠭ᠎ᠠ ᠨᠡᠢ᠌ᠲᠡᠯᠡᠵᠦ᠂ ᠪᠤᠭᠤᠳᠠᠢ ᠵᠢᠨ ᠨᠥᠬᠥᠪᠦᠷᠢ ᠵᠢ ᠤᠤᠯ᠎ᠤᠨ 150 ᠲᠥᠭᠥᠷᠢᠭ\ ᠮᠦ᠍ ᠪᠠᠢ᠌ᠭᠰᠠᠨ᠎ᠠᠴᠠ᠎ᠨᠢ 200 — 300 ᠲᠥᠭᠥᠷᠢᠭ\ ᠮᠦ᠍ ᠪᠣᠯᠭ᠋ᠠᠨ ᠨᠡᠮᠡᠭᠳᠡᠭᠦᠯᠵᠦ᠂ ᠪᠤᠭᠤᠳᠠᠢ ᠵᠢᠨ ᠳᠠᠷᠠᠭ᠎ᠠ ᠵᠢᠨ ᠳᠠᠬᠢᠨ ᠳᠠᠷᠢᠭᠰᠠᠨ ᠨᠣᠬᠠᠢ ᠵᠢᠨ ᠬᠣᠰᠢᠭᠤ ᠵᠢᠨ ᠡᠪᠡᠰᠦ ᠵᠢ 100 ᠲᠥᠭᠥᠷᠢᠭ ᠪᠠᠢ᠌ᠭᠰᠠᠨ᠎ᠠᠴᠠ᠎ᠨᠢ 300 ᠲᠥᠭᠥᠷᠢᠭ ᠪᠣᠯᠭ᠋ᠠᠨ ᠨᠡᠮᠡᠭᠳᠡᠭᠦᠯᠵᠡᠢ᠃ ᠡᠭᠦᠨ᠎ᠤ ᠬᠠᠮᠲᠤ᠂ ᠬᠥᠲᠥᠴᠢ ᠠᠵᠤ ᠠᠬᠤᠢ᠌ᠯᠠᠯ᠂ ᠬᠣᠷᠰᠢᠶ᠎ᠠ᠂ ᠲᠠᠷᠢᠮᠠᠯ᠎ᠤᠨ ᠲᠣᠮᠣ ᠡᠷᠦᠬᠡ ᠵᠢᠨ ᠬᠡᠪᠴᠢᠶᠡᠵᠢᠭᠰᠡᠨ ᠲᠠᠷᠢᠮᠠᠯ᠎ᠤᠨ ᠰᠠᠭᠤᠷᠢᠨ ᠭᠠᠵᠠᠷ ᠪᠠᠶ᠋ᠢᠭᠤᠯᠬᠤ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ᠂ ᠪᠤᠭᠤᠳᠠᠢ ᠵᠢᠨ ᠳᠠᠷᠠᠭ᠎ᠠ ᠵᠢᠨ ᠳᠠᠬᠢᠨ ᠳᠠᠷᠢᠬᠤ ᠵᠢ ᠳᠡᠯᠭᠡᠷᠡᠭᠦᠯᠦᠨ᠂ ᠮᠦ᠍ ᠪᠦᠷᠢ ᠵᠢᠨ ᠳᠤᠮᠳᠠᠴᠢ ᠶᠡᠷᠦᠩᠬᠡᠢ᠌ᠯᠡᠭᠰᠡᠨ ᠦᠷ᠎ᠡ ᠠᠰᠢᠭ᠎ᠢ ᠳᠡᠭᠡᠭᠰᠢᠯᠡᠭᠦᠯᠦᠨ᠎ᠡ; ᠲᠠᠷᠢᠶᠠᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠳᠤ ᠬᠡᠷᠡᠭᠯᠡᠭᠦᠯᠵᠦ᠂ ᠲᠠᠷᠢᠶᠠᠨ ᠭᠠᠵᠠᠷ᠎ᠢ 《  ᠠᠮᠤ ᠪᠤᠳᠠᠭ᠋ᠠᠨ᠎ᠤ ᠪᠤᠰᠤ ᠪᠣᠯᠭ᠋ᠠᠬᠤ 》 ᠵᠢ ᠡᠷᠡᠰ ᠰᠡᠷᠭᠡᠢ᠌ᠯᠡᠨ᠎ᠡ᠃ ᠡᠨᠡ ᠵᠢᠯ᠂ ᠪᠠᠶᠠᠨᠨᠠᠭᠤᠷ ᠬᠣᠲᠠ ᠵᠢᠨ ᠪᠤᠭᠤᠳᠠᠢ ᠳᠠᠷᠢᠬᠤ ᠲᠠᠯᠠᠪᠠᠶ ᠵᠢ ᠵᠢᠱ᠌ᠢᠯᠲᠡ᠎ᠪᠠᠷ 100 ᠲᠦᠮᠡᠨ ᠮᠦ᠍ ᠪᠣᠯᠲᠠᠯ᠎ᠠ ᠥᠷᠭᠡᠳᠬᠡᠵᠦ᠂ ᠨᠢᠳᠤᠨᠤᠨ᠎ᠤ᠎ᠬᠢ᠎ᠠᠴᠠ 40 ᠲᠦᠮᠡᠨ ᠮᠦ᠍ ᠨᠡᠮᠡᠭᠳᠡᠭᠦᠯᠦᠨ᠎ᠡ᠃

      ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠲᠠᠷᠢᠮᠠᠯ᠎ᠤᠨ ᠦᠢ᠍ᠯᠡᠰ᠎ᠤᠨ ᠭᠠᠵᠠᠷ᠎ᠤᠨ ᠳᠡᠳ᠋ ᠳᠠᠷᠤᠭ᠎ᠠ ᠳ᠋ᠦᠩ ᠴᠢ ᠪᠢᠶᠣᠣ ᠢᠯᠡᠷᠬᠡᠢ᠌ᠯᠡᠬᠦ᠎ᠳᠡᠭᠡᠨ᠂ ᠡᠨᠡ ᠵᠢᠯ᠂ ᠥᠪᠥᠷ ᠮᠣᠩᠭᠣᠯ ᠲᠣᠨ ᠠᠮᠤ ᠵᠢᠨ ᠲᠠᠷᠢᠶ᠎ᠠ᠂ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ᠂ ᠲᠣᠰᠣᠯᠢᠭ ᠲᠠᠷᠢᠮᠠᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠲᠠᠯᠠᠪᠠᠶ ᠵᠢ ᠲᠣᠭᠲᠠᠪᠤᠷᠢᠵᠢᠭᠤᠯᠵᠤ᠂ ᠲᠠᠯᠠᠪᠠᠶ ᠨᠢᠭᠡᠴᠢ ᠵᠢᠨ ᠤᠨᠠᠯᠲᠠ ᠵᠢ ᠭᠠᠷᠭ᠋ᠠᠬᠤ ᠵᠢ ᠪᠡᠶᠡᠯᠡᠭᠦᠯᠬᠦ ᠵᠢᠨ ᠬᠠᠮᠲᠤ ᠪᠥᠬᠥ ᠣᠷᠣᠨ᠎ᠤ ᠠᠮᠤ ᠪᠤᠳᠠᠭ᠋ᠠᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠵᠦ᠂ ᠪᠥᠬᠥ ᠣᠷᠣᠨ᠎ᠤ ᠠᠮᠤ ᠪᠤᠳᠠᠭ᠎ᠠ ᠳᠠᠷᠢᠬᠤ ᠲᠠᠯᠠᠪᠠᠶ ᠵᠢ ᠳ᠋ᠦᠩᠰᠢᠭᠤᠷ ᠮᠦ᠍᠎ᠠᠴᠠ ᠳᠡᠭᠡᠭᠰᠢ ᠲᠣᠭᠲᠠᠪᠤᠷᠢᠵᠢᠭᠤᠯᠵᠤ᠂ ᠤᠨᠠᠯᠲᠠ ᠵᠢ 780 ᠳ᠋ᠦᠩᠰᠢᠭᠤᠷ ᠵᠢᠩ ᠣᠷᠴᠢᠮ᠎ᠳᠤ ᠲᠣᠭᠲᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ᠎ᠪᠠᠷ ᠲᠥᠯᠥᠪᠯᠡᠵᠦ ᠪᠠᠢ᠌ᠨ᠎ᠠ ᠭᠡᠵᠡᠢ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ 2023 ᠣᠨ᠎ᠤ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠢ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠪᠠ
ᠬᠠᠨ ᠵᠢᠶᠠᠨ ᠭᠠᠩ ᠰᠢᠯᠢ ᠵᠢᠨ ᠭᠣᠣᠯ ᠠᠢ᠌ᠮᠠᠭ᠎ᠲᠤ ᠪᠡᠯᠡ ᠮᠥᠩᠭᠥ ᠵᠢᠨ ᠬᠡᠷᠡᠭᠯᠡᠯᠲᠡ ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠪᠠ ᠪᠡᠯᠡ ᠬᠥᠷᠥᠩᠭᠡ ᠵᠢᠨ ᠵᠠᠯᠭ᠋ᠠᠮᠵᠢ ᠬᠠᠮᠢᠶᠠᠷᠤᠯᠲᠠ ᠵᠢᠨ ᠠᠵᠢᠯ᠎ᠢ ᠵᠣᠯᠭ᠋ᠠᠭᠤᠯᠬᠤ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ
《ᠤᠶᠠᠩᠭ᠋ᠠᠲᠤ ᠮᠣᠳᠣ》 ᠵᠢ ᠵᠠᠢ᠌ᠯᠠᠵᠤ 《ᠠᠯᠲᠠᠨ ᠭᠠᠷᠤᠳᠢ》 ᠵᠢ ᠠᠪᠴᠢᠷᠠᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠠᠵᠢᠯ᠎ᠤᠨ ᠬᠣᠷᠢᠶ᠎ᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠠᠭ᠋ᠠᠭ᠋ᠠᠴᠢᠯᠠᠯᠲᠠ ᠵᠢᠨ ᠴᠡᠭ᠎ᠤᠨ ᠲᠣᠰᠬᠣᠨ᠎ᠤ ᠺᠠᠳ᠋ᠷ᠎ᠤᠨ ᠪᠣᠯᠪᠠᠰᠤᠷᠠᠯ᠎ᠤᠨ ᠠᠩᠭᠢ ᠨᠡᠭᠡᠭᠡᠪᠡ
 
            