ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠰᠢᠨᠬᠤᠸᠠ ᠬᠣᠷᠢᠶᠠᠨ᠎ᠤ 《ᠰᠢᠨᠬᠤᠸᠠ ᠡᠳᠦᠷ ᠪᠦᠷᠢ ᠵᠢᠨ ᠴᠠᠬᠢᠯᠭ᠋ᠠᠨ ᠮᠡᠳᠡᠭᠡ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠬᠢᠯᠡᠭᠴᠢ ᠰᠦᠨ ᠱᠤᠤ ᠴᠧᠩ᠎ᠤᠨ《ᠬᠣᠶᠠᠷ ᠶᠡᠬᠡ ᠶᠠᠪᠤᠳᠠᠯ ᠵᠶ᠋ᠠᠷ ᠭᠣᠣᠯ ᠭᠠᠷᠳᠠᠴᠠ ᠪᠣᠯᠭ᠋ᠠᠵᠤ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠶ᠎ᠠ》 ᠭᠡᠬᠦ ᠨᠡᠷ᠎ᠡ ᠬᠠᠲᠠᠭᠰᠠᠨ ᠵᠣᠬᠢᠶᠠᠯ᠎ᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2023-03-27

      3 ᠳ᠋ᠤᠭ᠋ᠠᠷ ᠰᠠᠷ᠎ᠠ ᠵᠢᠨ 23᠎ᠤ ᠡᠳᠦᠷ᠂ ᠰᠢᠨᠬᠤᠸᠠ ᠬᠣᠷᠢᠶ᠎ᠠ ᠵᠢᠨ 《ᠰᠢᠨᠬᠤᠸᠠ ᠡᠳᠦᠷ ᠪᠦᠷᠢ ᠵᠢᠨ ᠴᠠᠬᠢᠯᠭ᠋ᠠᠨ ᠮᠡᠳᠡᠭᠡ》᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠬᠢᠯᠡᠭᠴᠢ ᠰᠦᠨ ᠱᠣᠸ᠋ ᠴᠧᠩ᠎ᠤᠨ 《ᠬᠣᠶᠠᠷ ᠶᠡᠬᠡ ᠶᠠᠪᠤᠳᠠᠯ ᠵᠶ᠋ᠠᠷ ᠭᠣᠣᠯ ᠭᠠᠷᠳᠠᠴᠠ ᠪᠣᠯᠭ᠋ᠠᠵᠤ ᠥᠪᠥᠷ ᠮᠣᠩᠭᠣᠯ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢ ᠠᠬᠢᠭᠤᠯᠤᠶ᠎ᠠ》 ᠭᠡᠬᠦ ᠨᠡᠷ᠎ᠡ ᠬᠠᠲᠠᠭᠰᠠᠨ ᠵᠣᠬᠢᠶᠠᠯ᠎ᠢ ᠨᠡᠢ᠌ᠲᠡᠯᠡᠪᠡ᠃

 

ᠪᠦᠬᠦ ᠠᠭᠤᠯᠭ᠎ᠠ᠎ᠨᠢ ᠳᠣᠣᠷᠠᠬᠢ ᠮᠡᠲᠦ᠄

      ᠬᠣᠶᠠᠷ ᠶᠡᠬᠡ ᠶᠠᠪᠤᠳᠠᠯ ᠵᠶ᠋ᠠᠷ ᠭᠠᠷᠳᠠᠴᠠ ᠪᠣᠯᠭ᠋ᠠᠨ᠎ᠠ

      ᠥᠪᠥᠷ ᠮᠣᠩᠭᠣᠯ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ

ᠰᠦᠨ ᠱᠤᠤ ᠴᠧᠩ

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠭᠢᠯᠡᠭᠴᠢ

 

      ᠥᠪᠥᠷ ᠮᠣᠩᠭᠣᠯ᠎ᠳᠤ ᠠᠪᠴᠤ ᠬᠡᠯᠡᠪᠡᠯ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ᠎ᠳᠤ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠦᠴᠦᠯᠡᠬᠦ ᠴᠡᠭ ᠵᠶ᠋ᠡᠨ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠳᠡᠭᠡᠷ᠎ᠡ ᠲᠠᠯᠪᠢᠬᠤ ᠬᠡᠷᠡᠭᠲᠡᠢ᠃

      ᠨᠢᠭᠡ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠦᠨ᠎ᠡ᠃ ᠥᠪᠥᠷ ᠮᠣᠩᠭᠣᠯ ᠵᠶ᠋ᠠᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠂ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠭ᠋ᠠᠨ ᠪᠦᠲᠦᠭᠡᠨ ᠪᠠᠢ᠌ᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠮᠠᠨ᠎ᠤ ᠤᠯᠤᠰ᠎ᠤᠨ ᠬᠥᠭᠵᠢᠯᠲᠡ ᠵᠢᠨ ᠪᠥᠬᠥ ᠲᠠᠯ᠎ᠠ᠎ᠠᠴᠠ ᠡᠭᠦᠰᠴᠦ ᠥᠪᠥᠷ ᠮᠣᠩᠭᠣᠯ᠎ᠳᠤ ᠣᠯᠭᠣᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠮᠥᠨ᠂ ᠥᠪᠥᠷ ᠮᠣᠩᠭᠣᠯ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠳᠤᠮᠳᠠᠬᠢ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠮᠥᠨ᠃ ᠡᠳᠡᠭᠡᠷ ᠡᠭᠦᠷᠭᠡ ᠵᠢ ᠰᠠᠢ᠍ᠲᠤᠷ ᠪᠡᠶᠡᠯᠡᠭᠦᠯᠦᠯ᠎ᠡ᠃ ᠥᠪᠥᠷ ᠮᠣᠩᠭᠣᠯ ᠤᠯᠤᠰ᠎ᠤᠨ ᠶᠡᠬᠡ ᠲᠠᠯ᠎ᠠ᠎ᠳᠤ ᠦᠢ᠍ᠯᠡᠴᠢᠯᠡᠬᠦ ᠪᠠ ᠲᠡᠭᠦᠨ᠎ᠢ ᠪᠠᠲᠤᠯᠠᠬᠤ ᠲᠠᠯ᠎ᠠ᠎ᠪᠠᠷ ᠨᠡᠩ ᠶᠡᠬᠡ ᠬᠠᠷᠢᠭᠤᠴᠠᠯᠭ᠎ᠠ ᠡᠭᠦᠷᠭᠡᠯᠡᠵᠦ᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠪᠠ ᠴᠢᠨᠠᠷ ᠰᠠᠢ᠌ᠲᠠᠢ ᠬᠥᠭᠵᠢᠭᠦᠯᠬᠦ᠂ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠵᠢ ᠲᠦᠷᠭᠡᠳᠬᠡᠬᠦ᠂ ᠬᠢᠯᠢ ᠬᠢᠵᠠᠭ᠋ᠠᠷ ᠣᠷᠣᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠳᠤ ᠨᠡᠩ ᠶᠡᠬᠡ ᠦᠢ᠍ᠯᠡᠳᠦᠯ ᠦᠵᠡᠭᠦᠯᠵᠦ ᠴᠢᠳᠠᠭᠰᠠᠨ ᠵᠶ᠋ᠠᠷ ᠪᠦᠬᠦ ᠣᠷᠣᠨ᠎ᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠴᠤ᠌ ᠪᠠᠲᠤ ᠪᠡᠬᠢ ᠲᠤᠯᠭ᠋ᠠᠭᠤᠷᠢᠯᠠᠯ᠎ᠲᠠᠢ ᠪᠣᠯᠤᠭᠰᠠᠨ ᠪᠠᠢ᠌ᠨ᠎ᠠ᠃

      ᠨᠢᠳᠤᠨᠤᠨ᠎ᠠᠴᠠ ᠨᠠᠰᠢ᠂ ᠪᠢᠳᠡ ᠲᠠᠪᠤᠨ ᠬᠡᠷᠡᠭᠵᠢᠭᠦᠯᠬᠦ ᠲᠥᠰᠥᠯ ᠪᠠ ᠣᠨ᠎ᠤ ᠡᠭᠦᠷᠭᠡ ᠵᠢᠨ ᠨᠠᠷᠢᠨ ᠲᠠᠩᠰᠠ ᠵᠢ ᠰᠤᠳᠤᠯᠤᠨ ᠲᠣᠭᠲᠠᠭ᠋ᠠᠵᠤ᠂ ᠠᠵᠢᠯ᠎ᠤᠨ ᠵᠣᠬᠢᠴᠠᠭᠤᠯᠭ᠎ᠠ ᠪᠠ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠤᠨ᠂ ᠬᠢᠨᠠᠨ ᠰᠢᠯᠭ᠋ᠠᠵᠤ ᠦᠨᠡᠯᠡᠬᠦ ᠠᠷᠭ᠎ᠠ ᠵᠢ ᠨᠡᠢ᠌ᠲᠡᠯᠡᠵᠦ᠂ 《ᠲᠠᠪᠤᠨ ᠶᠡᠬᠡ ᠡᠭᠦᠷᠭᠡ》 ᠵᠢ ᠠᠩᠬᠠᠷᠤᠯ ᠵᠶ᠋ᠠᠨ ᠲᠥᠪᠯᠡᠷᠡᠭᠦᠯᠦᠨ ᠠᠳᠬᠤᠬᠤ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠪᠠ᠃ ᠡᠨᠡ ᠵᠢᠯ᠎ᠤᠨ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠂ ᠠᠷᠠᠳᠴᠢᠯᠠᠯ ᠵᠶ᠋ᠠᠷ ᠤᠯᠤᠰ ᠵᠶ᠋ᠠᠨ ᠪᠠᠶ᠋ᠢᠭᠤᠯᠬᠤ ᠠᠷᠠᠳᠴᠢᠯᠠᠭᠰᠠᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠡᠲᠡᠭᠡᠳ᠎ᠤᠨ ᠭᠡᠰᠢᠭᠦᠳ᠎ᠢ ᠡᠷᠬᠢᠨ ᠦᠵᠡᠬᠦ ᠵᠢᠨ ᠬᠠᠮᠲᠤ ᠬᠠᠮᠲᠤᠷᠠᠭᠰᠠᠨ ᠳᠤᠭᠤᠢ᠌ᠯᠠᠩ᠎ᠤᠨ ᠬᠤᠷᠠᠯ᠎ᠳᠤ ᠣᠷᠤᠯᠴᠠᠬᠤ᠎ᠳᠠᠭᠠᠨ ᠴᠢᠬᠤᠯᠠ ᠶᠠᠷᠢᠶ᠎ᠠ ᠲᠠᠯᠪᠢᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢ᠍ᠯᠡᠳᠦᠯᠭᠡ ᠵᠢᠨ ᠠᠰᠠᠭᠤᠳᠠᠯ᠎ᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠪᠢᠳᠡᠨ᠎ᠤ 《ᠲᠠᠪᠤᠨ ᠶᠡᠬᠡ ᠡᠭᠦᠷᠭᠡ》 ᠵᠢ ᠭᠦᠨᠵᠡᠭᠡᠢ ᠨᠠᠢ᠌ᠳᠠᠪᠤᠷᠢᠵᠢᠭᠤᠯᠬᠤ᠎ᠳᠤ ᠴᠢᠬᠤᠯᠠ ᠵᠢᠷᠤᠮᠯᠠᠯ ᠬᠠᠩᠭ᠋ᠠᠵᠠᠢ᠃ ᠪᠢᠳᠡ ᠰᠢ ᠵᠢᠨ ᠫᠢᠩ ᠶᠡᠷᠦᠩᠬᠡᠢ ᠱᠦᠵᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ 《ᠲᠦᠷᠪᠡᠨ ᠡᠷᠬᠡᠪᠰᠢ》 ᠪᠣᠯᠣᠨ《ᠵᠠᠪᠠᠯ ᠶᠠᠪᠤᠬᠤ ᠵᠠᠮ》 《ᠪᠠᠢ᠌ᠯᠳᠤᠬᠤ ᠪᠣᠳᠣᠯᠭ᠎ᠠ ᠵᠢᠨ ᠰᠠᠭᠤᠷᠢ ᠴᠡᠭ》 《ᠵᠠᠢ᠌ᠯᠠᠰᠢ ᠦᠭᠡᠢ ᠱᠠᠭ᠋ᠠᠷᠳᠠᠯᠭ᠎ᠠ》 《ᠡᠴᠦᠰ᠎ᠤᠨ ᠵᠣᠷᠢᠯᠭ᠎ᠠ》 ᠵᠡᠷᠭᠡ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠣᠢ᠌ᠯᠠᠭ᠋ᠠᠨ᠎ᠠ᠃ ᠴᠢᠨᠠᠷ ᠰᠠᠢ᠌ᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠰᠢᠵᠦ᠂ ᠰᠤᠳᠤᠯᠭ᠋ᠠᠨ᠎ᠲᠠᠢ ᠤᠶᠠᠯᠳᠤᠭᠤᠯᠤᠨ ᠣᠷᠣᠨ ᠨᠤᠲᠤᠭ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ᠂ ᠥᠨᠳᠥᠷ ᠲᠦᠪᠰᠢᠨ᠎ᠲᠠᠢ ᠭᠠᠳᠠᠭ᠋ᠠᠳᠤ ᠨᠡᠭᠡᠭᠡᠯᠲᠡ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠴᠢᠨᠠᠷ ᠰᠠᠢ᠌ᠲᠠᠢ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠲᠦᠭᠵᠢᠷᠡᠯ᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠵᠤ ᠠᠬᠤᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠡᠬᠢ ᠪᠠᠶᠠᠯᠢᠭ᠎ᠤᠨ ᠠᠷᠪᠢᠯᠠᠯᠲᠠ ᠵᠢ ᠴᠢᠩᠭ᠋ᠠᠳᠬᠠᠵᠤ᠂ ᠬᠡᠷᠡᠭᠯᠡᠭᠡ᠂ ᠪᠠᠷᠠᠭ᠋ᠠᠨ᠎ᠤ ᠭᠦᠢ᠍ᠯᠭᠡᠭᠡ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠵᠡᠷᠭᠡ ᠲᠠᠯ᠎ᠠ ᠵᠢᠨ ᠳᠤᠲᠠᠭᠤᠳᠠᠯ᠎ᠢ ᠨᠥᠬᠥᠪᠦᠷᠢᠯᠡᠵᠦ᠂ ᠰᠢᠨ᠎ᠡ ᠡᠨᠧᠷᠭᠢ ᠵᠢᠨ ᠠᠵᠤ ᠦᠢ᠍ᠯᠡᠰ᠂ ᠬᠣᠪᠣᠷ ᠰᠢᠷᠣᠢ ᠪᠣᠯᠣᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠂ ᠮᠠᠯ ᠠᠵᠤ ᠠᠬᠤᠢ ᠲᠠᠷᠢᠶᠠᠯᠠᠩ ᠵᠡᠷᠭᠡ ᠵᠢᠨ ᠳᠤᠲᠠᠭᠤᠳᠠᠯ᠎ᠢ ᠤᠷᠲᠤᠳᠬᠠᠵᠤ᠂ ᠠᠮᠤᠷ ᠲᠦᠪᠰᠢᠨ ᠵᠶ᠋ᠡᠷ ᠬᠥᠭᠵᠢᠬᠦ ᠲᠦᠪᠰᠢᠨ᠎ᠢ ᠳᠡᠭᠡᠭᠰᠢᠯᠡᠭᠦᠯᠵᠦ᠂《ᠲᠠᠪᠤᠨ ᠶᠡᠬᠡ ᠡᠭᠦᠷᠭᠡ》ᠵᠢᠯ ᠪᠦᠷᠢ ᠰᠢᠨ᠎ᠡ ᠠᠬᠢᠴᠠ᠎ᠲᠠᠢ ᠰᠢᠨ᠎ᠡ ᠦᠷ᠎ᠡ ᠪᠦᠲᠦᠮᠵᠢ᠎ᠲᠠᠢ ᠪᠣᠯᠬᠤ ᠵᠢ ᠪᠠᠲᠤᠯᠠᠬᠤ ᠬᠡᠷᠡᠭᠲᠡᠢ᠃ ᠡᠭᠦᠨ᠎ᠤ ᠬᠠᠮᠲᠤ᠂ 《ᠲᠠᠪᠤᠨ ᠶᠡᠬᠡ ᠡᠭᠦᠷᠭᠡ》 ᠵᠢᠨ ᠬᠠᠤᠯᠢ ᠲᠣᠭᠲᠠᠭ᠋ᠠᠬᠤ ᠠᠬᠢᠴᠠ ᠵᠢ ᠲᠦᠷᠭᠡᠳᠬᠡᠨ ᠠᠬᠢᠭᠤᠯᠵᠤ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠬᠡᠯᠪᠡᠷᠢ᠎ᠪᠠᠷ ᠬᠣᠯᠪᠣᠭᠳᠠᠯ ᠪᠦᠬᠦᠢ ᠠᠵᠢᠯ᠎ᠢ ᠲᠣᠭᠲᠠᠪᠤᠷᠢᠵᠢᠭᠤᠯᠵᠤ᠂ ᠨᠢᠭᠡ ᠵᠢᠷᠤᠭ ᠲᠥᠰᠥᠪ᠎ᠢ ᠡᠴᠦᠰ᠎ᠲᠤᠨᠢ ᠲᠤᠯᠲᠠᠯ᠎ᠠ ᠵᠢᠷᠤᠭᠯᠠᠨ᠎ᠠ᠃ ᠮᠠᠨ᠎ᠤ ᠬᠠᠷᠠᠯᠲᠠ ᠪᠣᠯ᠂ 2025 ᠣᠨ ᠪᠣᠯᠬᠤ᠎ᠳᠤ᠂ ᠪᠥᠬᠥ ᠣᠷᠣᠨ᠎ᠤ ᠠᠮᠢ ᠠᠬᠤᠢ ᠵᠢᠨ ᠪᠠᠢ᠌ᠳᠠᠯ᠎ᠢ ᠤᠯᠠᠮ ᠨᠢᠭᠡ ᠠᠯᠬᠤᠮ ᠰᠠᠢ᠌ᠵᠢᠷᠠᠭᠤᠯᠵᠤ᠂ ᠡᠬᠡ ᠤᠯᠤᠰ᠎ᠤᠨ 《ᠤᠮᠠᠷᠠᠲᠤ ᠵᠢᠨ ᠶᠡᠬᠡ ᠡᠭᠦᠳᠡ》᠂ ᠨᠡᠢ᠌ᠰᠯᠡᠯ᠎ᠤᠨ 《ᠬᠣᠲᠠ ᠬᠠᠮᠠᠭ᠋ᠠᠯᠠᠬᠤ ᠭᠣᠣᠯ》᠎ᠢ ᠨᠠᠩ ᠪᠠᠲᠤ ᠪᠠᠬᠢ ᠪᠠᠢ᠌ᠭᠤᠯᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 1.35 ᠳ᠋ᠦᠩᠰᠢᠭᠤᠷ ᠺᠢᠯᠣᠸᠠᠲ᠎ᠢ ᠳᠠᠪᠠᠭᠤᠯᠤᠨ᠂ ᠳᠡᠭᠡᠳᠦ ᠳᠣᠣᠷᠠᠳᠤ ᠤᠷᠤᠰᠬᠠᠯ᠎ᠤᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠢ 1 ᠲᠦᠮᠡᠨ ᠳ᠋ᠦᠩᠰᠢᠭᠤᠷ ᠲᠥᠭᠥᠷᠢᠭ᠎ᠢ ᠳᠠᠪᠠᠭᠤᠯᠵᠤ᠂ ᠬᠣᠪᠣᠷ ᠰᠢᠷᠣᠢ ᠵᠢᠨ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ᠎ᠢ 1000 ᠳ᠋ᠦᠩᠰᠢᠭᠤᠷ ᠲᠥᠭᠥᠷᠢᠭ᠎ᠢ ᠳᠠᠪᠠᠭᠤᠯᠤᠨ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ 2000 ᠲᠦᠮᠡᠨ ᠲᠣᠨ᠎ᠳᠤ ᠬᠦᠷᠦᠭᠦᠯᠵᠦ᠂ ᠰᠦ᠍ ᠮᠢᠬ᠎ᠠ ᠠᠮᠤ ᠪᠤᠳᠠᠭ᠋ᠠᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠪᠠ ᠪᠣᠭᠣᠮᠲᠠ᠎ᠪᠠᠷ ᠥᠩᠭᠡᠷᠡᠬᠦ ᠪᠠᠷᠠᠭ᠋ᠠᠨ᠎ᠤ ᠬᠡᠮᠵᠢᠶ᠎ᠡ᠂ ᠭᠠᠳᠠᠭ᠋ᠠᠳᠤ ᠬᠣᠢ᠌ᠰᠢᠳᠠ ᠵᠢᠨ ᠬᠡᠳᠦᠨ ᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ᠎ᠪᠠᠷ ᠳᠠᠮᠵᠢᠭᠤᠯᠤᠨ᠂ ᠥᠪᠥᠷ ᠮᠣᠩᠭᠣᠯ᠎ᠤᠨ ᠶᠡᠬᠡ ᠲᠠᠯ᠎ᠠ ᠵᠢ ᠪᠠᠲᠤᠯᠠᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠪᠠ ᠲᠣᠰ ᠪᠡᠶ᠎ᠡ ᠵᠢᠨ ᠬᠥᠭᠵᠢᠯᠲᠡ ᠵᠢᠨ ᠬᠢᠷᠢ ᠬᠡᠮᠵᠢᠶ᠎ᠡ ᠵᠢ ᠶᠡᠬᠡ᠎ᠪᠠᠷ ᠳᠡᠭᠡᠭᠰᠢᠯᠡᠭᠦᠯᠦᠨ᠎ᠡ᠃

      ᠨᠦᠭᠦᠭᠡ᠎ᠨᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠶᠠᠪᠤᠳᠠᠯ ᠪᠣᠯᠣᠨ᠎ᠠ᠃ ᠡᠨᠡ ᠪᠣᠯ ᠪᠢᠳᠡᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠳᠤ ᠳᠤᠷᠠᠳᠤᠨ ᠭᠠᠷᠭ᠋ᠠᠭᠰᠠᠨ ᠨᠢᠭᠡᠨ ᠰᠢᠨ᠎ᠡ ᠬᠠᠷᠠᠯᠲᠠ ᠮᠥᠨ᠃ ᠶᠡᠷᠦᠩᠬᠡᠢ᠎ᠳᠤᠨᠢ ᠪᠣᠳᠣᠯᠬᠢᠯᠠᠪᠠᠯ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠳᠤᠷᠠᠳᠤᠭᠰᠠᠨ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》《ᠦᠨᠳᠦᠰᠦᠲᠡᠨ᠎ᠨᠦᠭᠦᠳ᠎ᠤᠨ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠶᠠᠪᠤᠬᠤ》 《ᠦᠨᠳᠦᠰᠦᠲᠡᠨ᠎ᠤ ᠪᠦᠯᠬᠦᠮᠳᠡᠯ᠎ᠤᠨ ᠴᠡᠴᠡᠭ᠎ᠢ ᠡᠭᠦᠷᠢᠳᠡ ᠴᠡᠴᠡᠭᠯᠡᠭᠦᠯᠦᠨ ᠬᠥᠭᠵᠢᠭᠦᠯᠵᠦ᠂ ᠬᠢᠯᠢ ᠬᠢᠵᠠᠭ᠋ᠠᠷ᠎ᠢ ᠲᠣᠭᠲᠠᠭᠤᠨ ᠪᠠᠢ᠌ᠯᠭ᠋ᠠᠵᠤ ᠡᠭᠦᠷᠢᠳᠡ ᠪᠠᠲᠤᠵᠢᠭᠤᠯᠬᠤ》 ᠵᠡᠷᠭᠡ ᠴᠢᠬᠤᠯᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠬᠠᠷᠢᠴᠠᠭᠤᠯᠤᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠠᠭᠤᠯᠤᠭᠳᠠᠬᠤᠨ ᠪᠠ ᠠᠭᠤᠯᠬᠤᠨ᠎ᠢ ᠲᠠᠰᠤᠷᠠᠯᠲᠠ ᠦᠭᠡᠢ ᠪᠠᠶᠠᠯᠢᠭᠵᠢᠭᠤᠯᠤᠨ ᠥᠷᠭᠡᠳᠬᠡᠵᠦ᠂ ᠭᠣᠣᠯᠳᠠᠯᠭ᠎ᠠ ᠵᠢ ᠲᠣᠪᠤᠢ᠌ᠯᠭ᠋ᠠᠨ᠂ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠭᠠᠷᠳᠠᠴᠠ ᠵᠢ ᠪᠣᠳᠠᠲᠠᠢ᠌ᠵᠢᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ ᠵᠢᠷᠦᠬᠡ᠎ᠪᠠᠨ ᠨᠠᠮ᠎ᠳᠠᠭᠠᠨ ᠬᠠᠨᠳᠤᠭᠤᠯᠵᠤ᠂ ᠰᠡᠳᠬᠢᠯ ᠵᠢᠷᠦᠬᠡ᠎ᠪᠠᠨ ᠨᠠᠮ᠎ᠤᠨ ᠲᠥᠪ ᠬᠣᠷᠢᠶ᠎ᠠ᠎ᠳᠠᠭᠠᠨ ᠬᠠᠨᠳᠤᠭᠤᠯᠵᠤ ᠪᠠᠢ᠌ᠭ᠎ᠠ ᠬᠤᠪᠢᠰᠬᠠᠯ᠎ᠤᠨ ᠤᠳᠤᠮᠰᠢᠯ᠎ᠢ ᠰᠠᠢ᠌ᠲᠤᠷ ᠵᠠᠯᠭ᠋ᠠᠮᠵᠢᠯᠠᠵᠤ᠂ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ ᠪᠣᠯᠣᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠬᠡ ᠶᠣᠰᠣ ᠵᠢ ᠲᠠᠨᠢᠬᠤ᠂ ᠶᠡᠬᠡ ᠲᠠᠯ᠎ᠠ ᠵᠢ ᠬᠠᠷᠠᠭ᠋ᠠᠯᠵᠠᠬᠤ᠂ ᠬᠡᠪ ᠰᠤᠷᠲᠠᠯ᠎ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠵᠢ ᠬᠦᠰᠡᠬᠦ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ᠎ᠢ ᠪᠠᠳᠠᠷᠠᠭᠤᠯᠤᠨ ᠳᠡᠯᠭᠡᠷᠡᠭᠦᠯᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠨᠠᠮ᠎ᠤᠨ ᠲᠣᠭᠣᠷᠢᠨ᠎ᠳᠤ ᠨᠢᠭᠲᠠᠷᠠᠭᠤᠯᠵᠤ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ 《ᠵᠢᠱ᠌ᠢᠶᠡᠴᠢ》 ᠵᠢ ᠡᠯ᠎ᠡ ᠬᠦᠷᠢᠶ᠎ᠡ ᠡᠯ᠎ᠡ ᠲᠠᠯ᠎ᠠ᠎ᠳᠤ ᠢᠯᠡᠷᠡᠭᠦᠯᠬᠦ᠎ᠪᠠᠷ ᠴᠢᠷᠮᠠᠢ᠌ᠬᠤ ᠬᠡᠷᠡᠭᠲᠡᠢ᠃

      ᠪᠣᠳᠠᠲᠠᠢ᠎ᠪᠠᠷ ᠬᠡᠯᠡᠪᠡᠯ᠂ ᠪᠦᠬᠦ ᠣᠷᠣᠨ ᠵᠶ᠋ᠠᠷ ᠵᠶ᠋ᠠᠨ ᠨᠠᠮ᠎ᠤᠨ ᠠᠴᠢ ᠲᠤᠰᠠ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ ᠎ᠢ ᠲᠠᠭ᠋ᠠᠵᠦ ᠰᠢᠨ᠎ᠡ ᠠᠶᠠᠨ ᠎ᠳᠤ ᠭᠠᠪᠰᠢᠭ᠋ᠠᠢ᠌ᠯᠠᠨ ᠣᠷᠣᠬᠤ ᠵᠢ ᠬᠥᠮᠥᠵᠢᠭᠦᠯᠦᠨ ᠬᠥᠲᠥᠯᠥᠨ ᠳᠠᠭ᠋ᠠᠭᠤᠯᠤᠨ᠎ᠠ᠃ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠂ ᠡᠨᠧᠷᠭᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠬᠤ ᠲᠠᠯ᠎ᠠ᠎ᠪᠠᠷ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠠᠯ᠎ᠠ᠎ᠪᠠᠷ ᠡᠮᠦᠨ᠎ᠡ᠎ᠨᠢ ᠶᠠᠪᠤᠵᠤ᠂ ᠰᠦᠷᠯᠢᠭ ᠰᠠᠢ᠌ᠬᠠᠨ ᠪᠠ ᠰᠠᠢ᠌ᠨ ᠰᠠᠢ᠌ᠬᠠᠨ᠂ ᠢᠲᠡᠭᠡᠮᠵᠢᠲᠡᠢ ᠳᠣᠲᠣᠨᠣ ᠬᠠᠢ᠌ᠷᠠᠲᠠᠢ ᠥᠪᠥᠷ ᠮᠣᠩᠭᠣᠯ᠎ᠤᠨ ᠳᠦᠷᠢ ᠲᠥᠷᠬᠦ ᠵᠢ ᠱᠤᠭᠤᠬᠤ᠎ᠪᠠᠷ ᠬᠦᠴᠦᠯᠡᠨ ᠴᠢᠷᠮᠠᠢ᠌ᠵᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ᠂ ᠥᠨᠳᠥᠷ ᠦᠷ᠎ᠡ ᠪᠦᠲᠦᠮᠵᠢᠲᠡᠢ ᠵᠠᠰᠠᠯᠲᠠ ᠵᠢ ᠠᠬᠢᠭᠤᠯᠬᠤ ᠲᠠᠯ᠎ᠠ᠎ᠪᠠᠷ ᠰᠢᠨ᠎ᠡ ᠵᠠᠮ᠎ᠢ ᠨᠡᠭᠡᠭᠡᠵᠦ᠂ 《ᠵᠣᠪᠠᠭᠤᠷᠢ ᠵᠦᠳᠡᠭᠦᠷᠢ ᠵᠢ ᠳᠠᠭ᠋ᠠᠭ᠋ᠠᠬᠤ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ᠎ᠳᠠᠭᠠᠨ ᠬᠦᠷᠬᠦ ᠦᠭᠡᠢ ᠪᠣᠯ ᠶᠠᠭ᠋ᠠᠬᠢᠭᠰᠠᠨ ᠴᠤ᠌ ᠵᠣᠭᠰᠣᠬᠤ ᠦᠭᠡᠢ》 ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠲᠠᠯ᠎ᠠ᠎ᠪᠠᠷ ᠦᠯᠢᠭᠡᠷ ᠳᠠᠭᠤᠷᠢᠶᠠᠯ ᠦᠵᠡᠭᠦᠯᠵᠦ᠂ ᠨᠡᠢ᠌ᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠬᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠤᠶᠤᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠲᠠᠯ᠎ᠠ᠎ᠪᠠᠷ ᠪᠣᠳᠠᠲᠠᠢ ᠭᠠᠪᠢᠶ᠎ᠠ ᠵᠢᠳᠬᠦᠯ ᠦᠵᠡᠭᠦᠯᠬᠦ ᠬᠡᠷᠡᠭᠲᠡᠢ᠃ ᠪᠣᠳᠠᠰ᠎ᠤᠨ ᠪᠣᠯᠪᠠᠰᠤᠨ᠎ᠤ ᠪᠠᠢ᠌ᠭᠤᠯᠤᠯᠲᠠ ᠪᠣᠯᠣᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠬᠣᠶᠠᠷ ᠲᠠᠯ᠎ᠠ᠎ᠪᠠᠷ ᠬᠦᠴᠦᠯᠡᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠭᠡᠬᠦ ᠡᠨᠡᠬᠦ ᠠᠯᠳᠠᠨ ᠦᠰᠦᠭᠲᠦ ᠫᠠᠢ᠌ᠰᠠ ᠵᠢ ᠨᠡᠩ ᠭᠢᠯᠠᠶ᠋ᠢᠲᠠᠯ᠎ᠠ ᠠᠷᠴᠢᠵᠤ᠂ ᠴᠣ᠌ ᠰᠢᠨ᠎ᠡ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠪᠣᠯᠣᠨ ᠨᠡᠩ ᠥᠨᠳᠥᠷ ᠬᠥᠭᠵᠢᠯᠲᠡ ᠵᠢᠨ ᠴᠢᠨᠠᠷ ᠴᠢᠨᠰᠠᠭ᠎ᠠ ᠦᠷ᠎ᠡ ᠠᠰᠢᠭ ᠵᠶ᠋ᠠᠷ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠤᠮᠠᠷᠠᠲᠤ ᠬᠢᠯᠢ ᠵᠢᠨ ᠡᠬᠡ ᠭᠠᠵᠠᠷ᠎ᠲᠤ ᠠᠭᠤᠤ ᠶᠡᠬᠡ ᠡᠬᠡ ᠤᠯᠤᠰ ᠵᠶ᠋ᠠᠨ ᠬᠠᠮᠲᠤᠪᠠᠷ ᠪᠦᠲᠦᠭᠡᠨ ᠪᠠᠶ᠋ᠢᠭᠤᠯᠬᠤ᠂ ᠰᠠᠢ᠌ᠨ ᠰᠠᠢ᠌ᠬᠠᠨ ᠠᠮᠢᠳᠤᠷᠠᠯ ᠵᠶ᠋ᠠᠨ ᠬᠠᠮᠲᠤᠪᠠᠷ ᠴᠣᠭᠴᠠᠯᠠᠬᠤ ᠬᠦᠴᠦᠷᠬᠡᠭ ᠶᠡᠬᠡ ᠪᠠᠢ᠌ᠳᠠᠯ᠎ᠢ ᠪᠤᠢ ᠪᠣᠯᠭ᠋ᠠᠵᠤ᠂ ᠣᠷᠣᠨ ᠪᠦᠰᠡ ᠵᠢᠨ ᠭᠡᠷᠡᠯ ᠭᠢᠯᠪᠠᠭ᠎ᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠲᠤ ᠬᠡᠷᠡᠯ ᠭᠢᠯᠪᠠᠭ᠎ᠠ᠎ᠪᠠᠨ ᠨᠡᠮᠡᠷᠢᠯᠡᠨ᠎ᠡ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠠᠮᠤ ᠪᠤᠳᠠᠭ᠎ᠠ ᠳᠠᠷᠢᠬᠤ ᠲᠠᠯᠠᠪᠠᠶ ᠵᠢ ᠳ᠋ᠦᠩᠰᠢᠭᠤᠷ ᠮᠦ᠍᠎ᠠᠴᠠ ᠳᠡᠭᠡᠭᠰᠢ ᠪᠠᠢ᠌ᠯᠭ᠋ᠠᠬᠤ ᠵᠢ ᠦᠨᠡᠨᠬᠦ ᠪᠠᠲᠤᠯᠠᠵᠤ ᠪᠣᠶ
ᠬᠥᠬᠡᠬᠣᠲᠠ ᠵᠢᠨ 2023 ᠣᠨ᠎ᠤ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠢ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠪᠠ
ᠬᠠᠨ ᠵᠢᠶᠠᠨ ᠭᠠᠩ ᠰᠢᠯᠢ ᠵᠢᠨ ᠭᠣᠣᠯ ᠠᠢ᠌ᠮᠠᠭ᠎ᠲᠤ ᠪᠡᠯᠡ ᠮᠥᠩᠭᠥ ᠵᠢᠨ ᠬᠡᠷᠡᠭᠯᠡᠯᠲᠡ ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠪᠠ ᠪᠡᠯᠡ ᠬᠥᠷᠥᠩᠭᠡ ᠵᠢᠨ ᠵᠠᠯᠭ᠋ᠠᠮᠵᠢ ᠬᠠᠮᠢᠶᠠᠷᠤᠯᠲᠠ ᠵᠢᠨ ᠠᠵᠢᠯ᠎ᠢ ᠵᠣᠯᠭ᠋ᠠᠭᠤᠯᠬᠤ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ
《ᠤᠶᠠᠩᠭ᠋ᠠᠲᠤ ᠮᠣᠳᠣ》 ᠵᠢ ᠵᠠᠢ᠌ᠯᠠᠵᠤ 《ᠠᠯᠲᠠᠨ ᠭᠠᠷᠤᠳᠢ》 ᠵᠢ ᠠᠪᠴᠢᠷᠠᠪᠠ
 
            