ᠬᠥᠬᠡᠬᠣᠲᠠ ᠨᠢᠭᠡᠨᠲᠡ 1 ᠰᠠᠷ᠎ᠠ ᠵᠢᠨ ᠬᠤᠭᠤᠴᠠᠭ᠎ᠠ᠎ᠲᠠᠢ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠰᠠᠢ᠌ᠵᠢᠷᠠᠭᠤᠯᠬᠤ ᠲᠥᠪᠯᠡᠷᠡᠭᠦᠯᠦᠨ ᠪᠣᠭᠣᠮᠲᠠ ᠰᠢᠪᠲᠤᠯᠬᠤ ᠠᠵᠢᠯᠯᠠᠭ᠎ᠠ ᠵᠢ ᠡᠬᠢᠯᠡᠭᠦᠯᠵᠦ᠂ 《ᠭᠤᠷᠪᠠ ᠵᠢ ᠴᠡᠪᠡᠷᠯᠡᠬᠦ᠂ ᠭᠤᠷᠪᠠ ᠵᠢ ᠴᠡᠭᠴᠡᠯᠡᠨ ᠵᠠᠰᠠᠬᠤ᠂ ᠳᠥᠷᠪᠡ ᠵᠢ ᠳᠡᠭᠡᠭᠰᠢᠯᠡᠭᠦᠯᠬᠦ》 ᠠᠢ᠌ᠯ ᠲᠣᠰᠬᠣᠨ᠎ᠤ ᠠᠷᠢᠭᠤᠨ ᠴᠡᠪᠡᠷ᠎ᠤᠨ ᠲᠤᠰᠬᠠᠢ ᠠᠵᠢᠯᠯᠠᠭ᠎ᠠ ᠵᠢ ᠭᠣᠣᠯᠳᠠᠯᠭ᠎ᠠ᠎ᠲᠠᠢ ᠲᠦᠯᠬᠢᠨ ᠠᠬᠢᠭᠤᠯᠵᠤ ᠪᠣᠶ (《ᠭᠤᠷᠪᠠ ᠵᠢ ᠴᠡᠪᠡᠷᠯᠡᠬᠦ》 ᠭᠡᠳᠡᠭ᠎ᠨᠢ ᠳᠠᠷᠤᠢ ᠬᠠᠶᠠᠭᠳᠠᠮᠠᠯ ᠪᠣᠳᠠᠰ᠎ᠢ ᠴᠡᠪᠡᠷᠯᠡᠬᠦ᠂ ᠭᠣᠣᠯ ᠴᠥᠭᠥᠷᠥᠮ ᠭᠣᠸ᠋ ᠰᠤᠪᠠᠭ᠎ᠢ ᠴᠡᠪᠡᠷᠯᠡᠬᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠠᠶᠠᠭᠳᠠᠮᠠᠯ ᠪᠣᠳᠠᠰ᠎ᠢ ᠴᠡᠪᠡᠷᠯᠡᠬᠦ ᠵᠢ ᠬᠡᠯᠡᠵᠦ ᠪᠣᠶ; 《ᠭᠤᠷᠪᠠ ᠵᠢ ᠴᠡᠭᠴᠡᠯᠡᠨ ᠵᠠᠰᠠᠬᠤ》 ᠭᠡᠳᠡᠭ᠎ᠨᠢ ᠳᠠᠷᠤᠢ ᠳᠤᠷ᠎ᠠ᠎ᠪᠠᠷ ᠵᠶ᠋ᠠᠨ ᠨᠠᠭ᠋ᠠᠵᠤ ᠵᠢᠷᠤᠬᠤ᠂ ᠳᠤᠷ᠎ᠠ᠎ᠪᠠᠷ ᠵᠶ᠋ᠠᠨ ᠪᠠᠷᠢᠵᠤ ᠪᠠᠶ᠋ᠢᠭᠤᠯᠬᠤ᠂ ᠳᠤᠷ᠎ᠠ᠎ᠪᠠᠷ ᠵᠶ᠋ᠠᠨ ᠲᠤᠰᠴᠤ ᠳᠤᠷ᠎ᠠ᠎ᠪᠠᠷ ᠵᠶ᠋ᠠᠨ ᠲᠠᠲᠠᠵᠤ ᠲᠠᠲᠠᠬᠤ ᠵᠢ ᠴᠡᠭᠴᠡᠯᠡᠨ ᠵᠠᠰᠠᠬᠤ ᠵᠢ ᠬᠡᠯᠡᠨ᠎ᠡ; 《ᠳᠥᠷᠪᠡ ᠵᠢ ᠳᠡᠭᠡᠭᠰᠢᠯᠡᠭᠦᠯᠬᠦ》 ᠭᠡᠳᠡᠭ᠎ᠨᠢ ᠳᠠᠷᠤᠢ ᠬᠣᠭ ᠨᠣᠪᠰᠢ ᠵᠢ ᠲᠥᠷᠥᠯ ᠬᠤᠪᠢᠶᠠᠬᠤ ᠦᠷ᠎ᠡ ᠪᠦᠲᠦᠮᠵᠢ᠂ ᠠᠢ᠌ᠯ ᠲᠣᠰᠬᠣᠨ ᠪᠠ ᠬᠦᠷᠢᠶ᠎ᠡ ᠬᠠᠰᠢᠶ᠎ᠠ ᠵᠢ ᠴᠡᠪᠡᠷᠰᠢᠭᠦᠯᠦᠨ ᠨᠣᠭᠣᠭ᠋ᠠᠷᠠᠭᠤᠯᠵᠤ ᠭᠡᠷᠡᠯᠲᠦᠭᠦᠯᠦᠨ ᠭᠣᠶᠣᠵᠢᠭᠤᠯᠬᠤ ᠬᠢᠷᠢ ᠲᠦᠪᠰᠢᠨ᠂ ᠬᠥᠳᠡᠭᠡ ᠲᠣᠰᠬᠣᠨ᠎ᠤ ᠪᠦᠬᠦᠯᠢ ᠴᠣᠭᠴᠠ ᠵᠢᠨ ᠳᠦᠷᠰᠦ ᠪᠠᠢ᠌ᠳᠠᠯ᠂ ᠣᠷᠴᠢᠨ ᠲᠣᠭᠣᠷᠢᠨ ᠬᠢᠭᠡᠳ ᠡᠷᠡᠭᠦᠯ ᠮᠡᠨᠳᠦ ᠵᠢᠨ ᠦᠵᠡᠯ ᠤᠬᠠᠮᠰᠠᠷ) ᠪᠠ ᠬᠥᠳᠡᠭᠡ ᠲᠣᠰᠬᠣᠨ᠎ᠤ ᠠᠷᠢᠭᠤᠨ ᠴᠡᠪᠡᠷ ᠡᠷᠦᠬᠡ ᠵᠢᠨ ᠵᠣᠷᠯᠣᠩ᠎ᠢ ᠥᠭᠡᠷᠡᠴᠢᠯᠡᠨ ᠪᠠᠶ᠋ᠢᠭᠤᠯᠬᠤ ᠠᠵᠢᠯ᠎ᠢ ᠳᠡᠭᠡᠭᠰᠢᠯᠡᠭᠦᠯᠦᠨ᠎ᠡ᠂ ᠡᠯ᠎ᠡ ᠭᠠᠵᠠᠷ ᠣᠷᠣᠨ᠎ᠨᠤᠭᠤᠳ ᠨᠢᠭᠡᠨᠲᠡ ᠬᠠᠮᠢᠶ᠎ᠠ ᠪᠦᠬᠦᠢ ᠠᠵᠢᠯ᠎ᠤᠨ ᠪᠠᠢ᠌ᠷᠢᠯᠠᠭᠤᠯᠤᠯᠲᠠ ᠬᠢᠵᠦ᠂ ᠠᠵᠢᠯᠲᠠᠨ᠂ ᠲᠥᠬᠦᠭᠡᠷᠦᠮᠵᠢ᠂ ᠭᠤᠷᠪᠠᠳᠠᠬᠢ ᠡᠲᠡᠭᠡᠳ᠎ᠤᠨ ᠪᠠᠢ᠌ᠭᠤᠯᠤᠮᠵᠢ ᠵᠢ ᠵᠣᠬᠢᠶᠠᠨ ᠪᠠᠢ᠌ᠭᠤᠯᠤᠨ ᠲᠥᠪᠯᠡᠷᠡᠭᠦᠯᠦᠨ ᠢᠯᠭ᠋ᠠᠷᠠᠭᠤᠯᠵᠤ ᠴᠡᠭᠴᠡᠯᠡᠨ ᠵᠠᠰᠠᠬᠤ ᠵᠢ ᠥᠷᠨᠢᠭᠦᠯᠦᠨ᠎ᠡ᠃
ᠬᠥᠬᠡᠬᠣᠲᠠ ᠵᠢᠨ ᠨᠠᠮ᠎ᠤᠨ ᠬᠣᠷᠢᠶᠠᠨ᠎ᠤ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠤᠰᠬᠠᠢ ᠲᠦᠷᠦᠯ᠎ᠤᠨ ᠠᠬᠢᠭᠤᠯᠬᠤ ᠳᠤᠭᠤᠢ᠌ᠯᠠᠩ ᠣᠢ᠌ᠷ᠎ᠠ᠎ᠳᠤ 《ᠬᠥᠬᠡᠬᠣᠲᠠ ᠵᠢᠨ 2023 ᠣᠨ᠎ᠤ 〈ᠭᠤᠷᠪᠠ ᠵᠢ ᠴᠡᠪᠡᠷᠯᠡᠬᠦ᠂ ᠭᠤᠷᠪᠠ ᠵᠢ ᠴᠡᠭᠴᠡᠯᠡᠨ ᠵᠠᠰᠠᠬᠤ᠂ ᠳᠥᠷᠪᠡ ᠵᠢ ᠳᠡᠭᠡᠭᠰᠢᠯᠡᠭᠦᠯᠬᠦ〉 ᠲᠤᠰᠬᠠᠢ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠥᠯ》 ᠪᠣᠯᠣᠨ 《ᠬᠥᠳᠡᠭᠡ ᠲᠣᠰᠬᠣᠨ᠎ᠤ ᠡᠷᠦᠬᠡ ᠵᠢᠨ ᠵᠣᠷᠯᠣᠩ᠎ᠢ ᠥᠭᠡᠷᠡᠴᠢᠯᠡᠨ ᠪᠠᠶ᠋ᠢᠭᠤᠯᠬᠤ ᠪᠠ ᠬᠠᠮᠢᠶᠠᠷᠴᠤ ᠬᠠᠮᠠᠭ᠋ᠠᠯᠠᠬᠤ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭ᠋ᠠᠵᠠᠢ᠃ ᠡᠨᠡ ᠵᠢᠯ᠎ᠤᠨ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠪᠠ ᠡᠷᠦᠬᠡ ᠵᠢᠨ ᠵᠣᠷᠯᠣᠩ᠎ᠢ ᠥᠭᠡᠷᠡᠴᠢᠯᠡᠨ ᠪᠠᠶ᠋ᠢᠭᠤᠯᠬᠤ ᠬᠣᠯᠪᠣᠭᠳᠠᠯ ᠪᠦᠬᠦᠢ ᠠᠵᠢᠯ᠎ᠤᠨ ᠡᠭᠦᠷᠭᠡ᠂ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠣᠳᠣᠷᠬᠠᠢ᠌ᠯᠠᠭᠰᠠᠨ᠎ᠤ ᠬᠠᠮᠲᠤ ᠪᠣᠳᠠᠲᠠᠢ ᠠᠵᠢᠯ᠎ᠤᠨ ᠱᠠᠭ᠋ᠠᠷᠳᠠᠯᠭ᠎ᠠ ᠪᠠ ᠴᠠᠭ᠎ᠤᠨ ᠳᠠᠷᠠᠭ᠋ᠠᠯᠠᠯ᠎ᠤᠨ ᠲᠣᠬᠢᠷᠠᠭᠤᠯᠤᠯᠲᠠ ᠵᠢ ᠨᠠᠷᠢᠯᠢᠭᠵᠢᠭᠤᠯᠤᠨ ᠲᠣᠳᠣᠷᠬᠠᠢ᠌ᠯᠠᠪᠠ᠃
ᠬᠥᠬᠡᠬᠣᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠬᠣᠲᠠ ᠵᠢᠨ ᠬᠣᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠦᠢ᠍ᠯᠡᠴᠢᠯᠡᠭᠡᠨ᠎ᠤ ᠲᠥᠪ᠎ᠲᠤ ᠨᠢᠭᠤᠴᠠ᠎ᠪᠠᠷ ᠰᠤᠷᠪᠤᠯᠵᠢᠯᠠᠨ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠢ 2 ᠪᠠᠢ᠌ᠭᠤᠯᠵᠤ᠂ ᠡᠯ᠎ᠡ ᠭᠠᠵᠠᠷ ᠣᠷᠣᠨ᠎ᠳᠤ ᠭᠦᠨᠵᠡᠭᠡᠢ᠌ᠷᠡᠨ ᠪᠠᠢ᠌ᠩᠭᠤ ᠵᠢᠨ ᠴᠢᠨᠠᠷᠲᠠᠢ ᠨᠢᠭᠤᠴᠠ᠎ᠪᠠᠷ ᠰᠤᠷᠪᠤᠯᠵᠢᠯᠠᠨ ᠰᠢᠮᠳᠠᠭᠤᠯᠤᠨ ᠪᠠᠢ᠌ᠴᠠᠭ᠋ᠠᠬᠤ ᠠᠵᠢᠯ᠎ᠢ ᠥᠷᠨᠢᠭᠦᠯᠪᠡ᠃ ᠣᠲᠣ ᠪᠣᠯᠲᠠᠯ᠎ᠠ᠂ ᠲᠦᠮᠡᠳ ᠵᠡᠭᠦᠨ ᠬᠣᠰᠢᠭᠤ᠂ ᠦᠴᠦᠸᠠᠨ ᠰᠢᠶᠠᠨ᠂ ᠰᠠᠢ᠌ᠬᠠᠨ ᠲᠣᠭᠣᠷᠢᠭ᠎ᠤᠨ 39 ᠲᠣᠰᠬᠣᠨ ᠢ ᠰᠢᠪᠠᠳᠠᠨ ᠪᠠᠢ᠌ᠴᠠᠭ᠋ᠠᠵᠤ᠂ 8 ᠬᠤᠭᠤᠴᠠᠭ᠋ᠠᠨ᠎ᠤ 《ᠨᠢᠭᠤᠴᠠ ᠰᠣᠷᠪᠤᠯᠵᠢᠯᠠᠭ᠎ᠠ》 ᠵᠢᠨ ᠰᠢᠪᠠᠳᠠᠨ ᠪᠠᠢ᠌ᠴᠠᠭ᠋ᠠᠯᠲᠠ ᠵᠢᠨ ᠵᠠᠷᠯᠠᠯ ᠢ ᠳᠠᠷᠤᠮᠠᠯᠯᠠᠨ ᠲᠠᠷᠬᠠᠭ᠋ᠠᠵᠤ᠂ ᠠᠰᠠᠭᠤᠳᠠᠯ ᠢ ᠨᠢᠭᠡᠨᠲᠡ ᠬᠠᠷᠢᠭᠤ ᠲᠤᠰᠬᠠᠭᠰᠠᠨ ᠪᠥᠭᠡᠳ ᠬᠠᠷᠢᠶ᠎ᠠ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠢ ᠰᠢᠪᠠᠳᠠᠨ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠵᠠᠢ᠃
ᠬᠥᠳᠡᠭᠡ ᠲᠣᠰᠬᠣᠨ᠎ᠤ ᠠᠷᠢᠭᠤᠨ ᠴᠡᠪᠡᠷ ᠡᠷᠦᠬᠡ ᠵᠢᠨ ᠵᠣᠷᠯᠣᠩ᠎ᠢ ᠥᠭᠡᠷᠡᠴᠢᠯᠡᠬᠦ ᠲᠠᠯ᠎ᠠ᠎ᠪᠠᠷ᠂ ᠡᠯ᠎ᠡ ᠭᠠᠵᠠᠷ ᠣᠷᠣᠨ᠎ᠨᠤᠭᠤᠳ ᠡᠷᠦᠬᠡ ᠵᠢᠨ ᠵᠣᠷᠯᠣᠩ᠎ᠢ ᠦᠷᠭᠦᠯᠵᠢᠯᠡᠨ ᠪᠠᠶ᠋ᠢᠭᠤᠯᠬᠤ ᠪᠠ ᠰᠢᠨ᠎ᠡ᠎ᠪᠠᠷ ᠪᠠᠶ᠋ᠢᠭᠤᠯᠬᠤ ᠠᠵᠢᠯ᠎ᠢ ᠱᠠᠯᠠᠪᠳᠠᠨ ᠠᠬᠢᠭᠤᠯᠵᠤ ᠪᠠᠢ᠌ᠬᠤ ᠪᠥᠭᠡᠳ ᠳᠡᠭᠡᠷ᠎ᠡ ᠵᠢᠯ᠎ᠤᠨ ᠨᠢᠭᠡᠨᠲᠡ ᠪᠠᠷᠢᠵᠤ ᠳᠠᠭᠤᠰᠬᠠᠭᠰᠠᠨ 1.9 ᠲᠦᠮᠡᠨ ᠡᠷᠦᠬᠡ ᠵᠢᠨ ᠵᠣᠷᠯᠣᠩ᠎ᠢ ᠬᠣᠯᠪᠣᠭᠳᠠᠯ ᠪᠦᠬᠦᠢ ᠲᠥᠰᠥᠯ ᠪᠠ ᠪᠠᠷᠢᠮᠵᠢᠶ᠎ᠠ ᠶᠣᠰᠣᠭ᠋ᠠᠷ ᠰᠢᠯᠭ᠋ᠠᠨ ᠬᠤᠷᠢᠶᠠᠵᠤ᠂ ᠵᠢᠱ᠌ᠢᠯᠲᠡ᠎ᠪᠠᠷ ᠲᠣᠰ ᠰᠠᠷ᠎ᠠ ᠵᠢᠨ ᠰᠡᠭᠦᠯᠴᠢ᠎ᠪᠠᠷ ᠬᠣᠰᠢᠭᠤ ᠰᠢᠶᠠᠨ᠎ᠳᠤ ᠰᠢᠯᠭ᠋ᠠᠨ ᠬᠤᠷᠢᠶᠠᠵᠤ ᠳᠠᠭᠤᠰᠬᠠᠨ᠂ ᠬᠣᠲᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠠᠴᠠ ᠰᠤᠭᠤᠴᠢᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠦᠨ᠎ᠡ᠃