ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ 《ᠪᠥᠬᠥ ᠣᠷᠣᠨ᠎ᠳᠤ ᠪᠠᠢ᠌ᠴᠠᠭ᠋ᠠᠨ ᠰᠤᠳᠤᠯᠤᠯᠲᠠ ᠬᠢᠬᠦ ᠵᠢ ᠶᠡᠬᠡᠪᠡᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ᠂ ᠪᠥᠬᠥ ᠠᠭᠤᠯᠭ᠎ᠠ᠎ᠨᠢ ᠳᠣᠥᠷᠠᠬᠢ ᠮᠡᠲᠦ᠄
ᠪᠦᠬᠦ ᠣᠷᠣᠨ᠎ᠳᠤ ᠪᠠᠢ᠌ᠴᠠᠭ᠋ᠠᠨ ᠰᠤᠳᠤᠯᠤᠯᠲᠠ ᠵᠢ ᠶᠡᠬᠡᠪᠡᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ
ᠪᠠᠢ᠌ᠴᠠᠭ᠋ᠠᠨ ᠰᠤᠳᠤᠯᠤᠯᠲᠠ ᠬᠢᠬᠦ ᠪᠣᠯ ᠮᠠᠨ᠎ᠤ ᠨᠠᠮ᠎ᠤᠨ ᠤᠯᠠᠮᠵᠢᠯᠠᠯᠲᠤ ᠡᠷᠳᠡᠨᠢ ᠮᠥᠨ᠂ ᠠᠵᠢᠯ ᠵᠶ᠋ᠠᠨ ᠰᠠᠢ᠌ᠲᠤᠷ ᠬᠢᠬᠦ ᠵᠢᠨ ᠦᠨᠳᠦᠰᠦᠨ ᠪᠣᠯᠪᠠᠰᠤᠷᠠᠯ ᠮᠥᠨ᠃ ᠲᠥᠪ᠎ᠤᠨ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠠᠵᠢᠯ᠎ᠤᠨ ᠬᠤᠷᠠᠯ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ᠂ ᠲᠥᠪ ᠬᠣᠷᠢᠶ᠎ᠠ ᠵᠢᠨ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠪᠥᠬᠥ ᠨᠠᠮ᠎ᠤᠨ ᠬᠡᠪᠴᠢᠶᠡᠨ᠎ᠳᠤ ᠪᠠᠢ᠌ᠴᠠᠭ᠋ᠠᠨ ᠰᠤᠳᠤᠯᠤᠯᠲᠠ ᠵᠢ ᠶᠡᠬᠡᠪᠡᠷ ᠥᠷᠨᠢᠭᠦᠯᠬᠦ ᠲᠤᠬᠠᠢ ᠠᠵᠢᠯ᠎ᠤᠨ ᠲᠥᠰᠥᠯ》᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠪᠠᠢ᠌ᠴᠠᠭ᠋ᠠᠨ ᠰᠤᠳᠤᠯᠤᠯᠲᠠ ᠵᠢ ᠶᠡᠬᠡᠪᠡᠷ ᠥᠷᠨᠢᠭᠦᠯᠬᠦ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠪᠠᠢ᠌ᠴᠠᠭ᠋ᠠᠨ ᠰᠤᠳᠤᠯᠤᠯᠲᠠ ᠵᠢ ᠴᠢᠬᠤᠯᠠᠴᠢᠯᠠᠬᠤ᠂ ᠪᠠᠢ᠌ᠴᠠᠭ᠋ᠠᠨ ᠰᠤᠳᠤᠯᠤᠯᠲᠠ ᠵᠢ ᠶᠡᠬᠡᠪᠡᠷ ᠠᠳᠬᠤᠬᠤ ᠰᠠᠢ᠌ᠨ ᠰᠠᠢ᠌ᠬᠠᠨ ᠬᠡᠪ ᠰᠤᠷᠲᠠᠯ᠎ᠢ ᠪᠣᠶ ᠪᠣᠯᠭ᠋ᠠᠵᠤ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠬᠦᠴᠢᠷ ᠲᠦᠪᠡᠭᠲᠡᠢ ᠪᠠ ᠲᠦᠭᠵᠢᠮᠡᠯ ᠴᠡᠭ᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠥᠷᠠᠬᠢ ᠮᠡᠲᠦ ᠬᠡᠷᠡᠭᠵᠢᠭᠦᠯᠬᠦ ᠲᠥᠰᠥᠯ᠎ᠢ ᠲᠣᠭᠲᠠᠭ᠋ᠠᠨ᠎ᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠪᠠᠢ᠌ᠴᠠᠭ᠋ᠠᠨ ᠰᠤᠳᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠨᠠᠢ᠌ᠳᠠᠪᠤᠷᠢᠵᠢᠭᠤᠯᠵᠤ᠂ ᠨᠠᠮ᠎ᠤᠨ ᠣᠨᠣᠯ ᠪᠣᠯᠣᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢᠨ ᠲᠣᠭᠣᠷᠢᠨ᠎ᠳᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠣᠯᠠᠨ ᠲᠦᠮᠡᠨᠴᠢ ᠱᠤᠭᠤᠮ᠎ᠢ ᠪᠠᠷᠢᠮᠲᠠᠯᠠᠵᠤ᠂ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠦᠴᠢᠷ ᠪᠡᠷᠬᠡᠰᠢᠶᠡᠯ᠎ᠢ ᠢᠯᠠᠨ ᠳᠠᠪᠠᠬᠤ ᠵᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠵᠢ ᠪᠠᠷᠢᠮᠲᠠᠯᠠᠵᠤ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ᠎ᠢ ᠶᠡᠬᠡᠪᠡᠷ ᠪᠠᠳᠠᠷᠠᠭᠤᠯᠵᠤ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》᠎ᠤ ᠠᠰᠠᠭᠤᠳᠠᠯ᠎ᠢ ᠴᠡᠭᠴᠡᠯᠡᠨ ᠵᠠᠰᠠᠬᠤ᠎ᠠᠴᠠ ᠭᠠᠷᠳᠠᠵᠤ᠂ ᠲᠤᠰᠬᠠᠢ ᠰᠡᠳᠦᠪᠲᠦ ᠶᠡᠬᠡ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠵᠦ᠂ ᠠᠰᠠᠭᠤᠳᠠᠯ᠎ᠢ ᠶᠡᠬᠡ᠎ᠪᠠᠷ ᠰᠢᠢ᠍ᠳᠪᠦᠷᠢᠯᠡᠵᠦ᠂ ᠪᠡᠷᠬᠡ ᠰᠡᠳᠦᠪ᠎ᠢ ᠶᠡᠬᠡ᠎ᠪᠠᠷ ᠰᠢᠢ᠍ᠳᠪᠦᠷᠢᠯᠡᠵᠦ᠂ ᠰᠢᠨ᠎ᠡ ᠪᠠᠢ᠌ᠳᠠᠯ᠎ᠢ ᠰᠤᠳᠤᠯᠵᠤ᠂ ᠰᠢᠨ᠎ᠡ ᠠᠰᠠᠭᠤᠳᠠᠯ᠎ᠢ ᠰᠢᠢ᠍ᠳᠪᠦᠷᠢᠯᠡᠵᠦ᠂ ᠰᠢᠨ᠎ᠡ ᠲᠤᠷᠰᠢᠯᠭ᠎ᠠ ᠵᠢ ᠳ᠋ᠦᠩᠨᠡᠵᠦ᠂ ᠡᠯ᠎ᠡ ᠱᠠᠲᠤᠨ᠎ᠤ᠎ᠬᠢᠨ ᠪᠠᠢ᠌ᠴᠠᠭ᠋ᠠᠨ ᠰᠤᠳᠤᠯᠤᠯᠲᠠ ᠬᠢᠬᠦ ᠵᠢ ᠨᠢᠭᠡ ᠵᠦᠢ᠍ᠯ᠎ᠤᠨ ᠤᠯᠤᠰ ᠲᠦᠷᠦ ᠵᠢᠨ ᠱᠠᠭ᠋ᠠᠷᠳᠠᠯᠭ᠎ᠠ ᠪᠣᠯᠭ᠋ᠠᠨ ᠬᠠᠨᠳᠤᠵᠤ᠂ ᠨᠢᠭᠡ ᠵᠦᠢ᠍ᠯ᠎ᠤᠨ ᠤᠯᠤᠰ ᠲᠦᠷᠦ ᠵᠢᠨ ᠬᠡᠪ ᠪᠣᠯᠪᠠᠰᠤᠷᠠᠯ ᠵᠶ᠋ᠠᠷ ᠭᠦᠨᠵᠡᠭᠡᠢ ᠬᠥᠮᠥᠵᠢᠭᠦᠯᠬᠦ ᠵᠢ ᠠᠬᠢᠭᠤᠯᠵᠤ᠂ ᠪᠦᠬᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠠᠵᠢᠯ᠎ᠤᠨ ᠰᠤᠷᠲᠠᠯ ᠵᠶ᠋ᠠᠨ ᠦᠨᠡᠨᠬᠦ ᠬᠤᠪᠢᠷᠠᠭᠤᠯᠵᠤ᠂ ᠤᠯᠠᠨ ᠲᠦᠮᠡᠨ᠎ᠲᠠᠢ ᠨᠢᠭᠲᠠ ᠬᠠᠷᠢᠯᠴᠠᠬᠤ ᠵᠢ ᠠᠬᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠩᠭ᠋ᠠᠳᠬᠠᠵᠤ᠂ ᠨᠠᠮ᠎ᠤᠨ ᠰᠢᠨ᠎ᠡ ᠵᠢ ᠡᠭᠦᠳᠬᠦ ᠤᠨᠤᠯ᠎ᠤᠨ ᠥᠪᠥᠷ ᠮᠣᠩᠭᠣᠯ᠎ᠳᠤ ᠦᠨᠳᠦᠰᠦ ᠬᠠᠳᠬᠤᠵᠤ᠂ ᠴᠡᠴᠡᠭᠯᠡᠨ ᠵᠢᠮᠢᠰᠯᠡᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠣᠶᠠᠷ᠂ ᠪᠠᠢ᠌ᠴᠠᠭ᠋ᠠᠨ ᠰᠤᠳᠤᠯᠬᠤ ᠰᠡᠳᠦᠪ᠎ᠢ ᠨᠠᠷᠢᠯᠢᠭᠵᠢᠭᠤᠯᠬᠤ ᠬᠡᠷᠡᠭᠲᠡᠢ
ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠬᠦ᠎ᠳᠤ᠂ ᠨᠠᠮ᠎ᠤᠨ ᠲᠥᠪ ᠬᠣᠷᠢᠶ᠎ᠠ ᠵᠢᠨ ᠲᠣᠳᠣᠷᠬᠠᠢ᠌ᠯᠠᠭᠰᠠᠨ 12 ᠲᠠᠯ᠎ᠠ ᠵᠢᠨ ᠠᠭᠤᠯᠭ᠎ᠠ᠎ᠲᠠᠢ ᠨᠢᠭᠲᠠ ᠤᠶᠠᠯᠳᠤᠭᠤᠯᠤᠨ᠂ 《ᠲᠠᠪᠤᠨ ᠶᠡᠬᠡ ᠡᠭᠦᠷᠭᠡ》 ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ᠂ ᠪᠠᠢ᠌ᠴᠠᠭ᠋ᠠᠨ ᠰᠤᠳᠤᠯᠤᠯᠲᠠ ᠵᠢᠨ ᠰᠡᠳᠦᠪ᠎ᠢ ᠰᠢᠨᠵᠢᠯᠡᠬᠦ ᠤᠬᠠᠭ᠋ᠠᠨᠴᠢ᠎ᠪᠠᠷ ᠰᠣᠩᠭᠣᠨ ᠲᠣᠭᠲᠠᠭ᠋ᠠᠬᠤ ᠬᠡᠷᠡᠭᠲᠡᠢ᠃ ᠪᠠᠢ᠌ᠯᠳᠤᠬᠤ ᠪᠣᠳᠣᠯᠭ᠎ᠠ ᠵᠢᠨ ᠴᠢᠨᠠᠷ᠂ ᠠᠷᠭ᠋ᠠᠴᠠᠬᠤ ᠪᠣᠳᠣᠯᠭ᠎ᠠ ᠵᠢᠨ ᠴᠢᠨᠠᠷ᠂ ᠪᠠᠷᠠᠭ᠋ᠠᠯᠬᠢᠯᠠᠯ᠎ᠤᠨ ᠴᠢᠨᠠᠷ᠂ ᠮᠥᠷᠳᠡᠬᠦ ᠴᠢᠨᠠᠷ᠂ ᠬᠠᠨᠳᠤᠯᠭ᠋ᠠᠲᠤ ᠴᠢᠨᠠᠷ᠎ᠤᠨ ᠪᠠᠢ᠌ᠴᠠᠭ᠋ᠠᠨ ᠰᠤᠳᠤᠯᠤᠯᠲᠠ ᠵᠢ ᠲᠤᠪᠤᠢ᠍ᠢ᠍ᠯᠭ᠋ᠠᠵᠤ᠂ ᠴᠡᠭ᠎ᠲᠤ ᠰᠠᠭᠤᠬᠤ ᠬᠡᠯᠪᠡᠷᠢ᠂ ᠲᠤᠶᠠᠴᠢᠬᠤ ᠬᠡᠯᠪᠡᠷᠢ᠂ ᠬᠠᠷᠢᠴᠠᠭᠤᠯᠬᠤ ᠬᠡᠯᠪᠡᠷᠢ᠂ ᠰᠢᠪᠠᠳᠠᠨ ᠪᠠᠢ᠌ᠴᠠᠭ᠋ᠠᠬᠤ ᠬᠡᠯᠪᠡᠷᠢ᠂ ᠠᠰᠠᠭᠤᠨ ᠯᠠᠪᠯᠠᠬᠤ ᠬᠡᠯᠪᠡᠷᠢ ᠵᠡᠷᠭᠡ ᠪᠠᠢ᠌ᠴᠠᠭ᠋ᠠᠨ ᠰᠤᠳᠤᠯᠬᠤ ᠠᠷᠭ᠎ᠠ ᠵᠢ ᠶᠡᠷᠦᠩᠬᠡᠢ᠌ᠯᠡᠨ ᠬᠡᠷᠡᠭᠯᠡᠵᠦ᠂ ᠭᠣᠣᠯᠳᠠᠯᠭ᠎ᠠ ᠵᠢ ᠲᠣᠪᠤᠢ᠌ᠯᠭ᠋ᠠᠨ᠂ ᠠᠮᠢᠨ ᠭᠠᠵᠠᠷ᠎ᠢ᠎ᠨᠢ ᠰᠢᠭᠤᠳ ᠳᠠᠭ᠋ᠠᠷᠢᠵᠤ᠂ ᠪᠠᠢ᠌ᠳᠠᠯ᠎ᠢ ᠦᠨᠡᠨ ᠬᠦ᠌ ᠲᠣᠳᠣᠷᠬᠠᠢ ᠣᠢ᠌ᠯᠠᠭ᠋ᠠᠵᠤ᠂ ᠠᠰᠠᠭᠤᠳᠠᠯ᠎ᠢ ᠣᠨᠣᠪᠴᠢᠲᠠᠶ ᠡᠷᠢᠵᠦ᠂ ᠠᠷᠭ᠋ᠠᠴᠠᠬᠤ ᠪᠣᠳᠣᠯᠭ᠎ᠠ ᠵᠢ ᠪᠣᠳᠠᠲᠠᠢ᠎ᠪᠠᠷ ᠳᠤᠷᠠᠳᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠪᠠᠢ᠌ᠴᠠᠭ᠋ᠠᠨ ᠰᠤᠳᠤᠯᠬᠤ ᠪᠣᠳᠠᠲᠠᠢ ᠲᠥᠰᠥᠯ᠎ᠢ ᠰᠤᠳᠤᠯᠤᠨ ᠲᠣᠭᠲᠠᠭ᠋ᠠᠵᠤ᠂ ᠲᠦᠷᠦᠯ ᠵᠦᠢ᠍ᠯ᠎ᠤᠨ ᠰᠡᠳᠦᠪ᠂ ᠠᠷᠭ᠎ᠠ ᠬᠡᠯᠪᠡᠷᠢ ᠪᠠ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠠᠢ᠌ᠴᠠᠭ᠋ᠠᠨ ᠰᠤᠳᠤᠯᠬᠤ ᠴᠠᠭ᠂ ᠭᠠᠵᠠᠷ ᠣᠷᠣᠨ᠂ ᠠᠵᠢᠯᠲᠠᠨ᠎ᠢ ᠵᠣᠬᠢᠰᠲᠠᠢ ᠲᠣᠭᠲᠠᠭ᠋ᠠᠵᠤ᠂ ᠪᠠᠢ᠌ᠴᠠᠭ᠋ᠠᠨ ᠰᠤᠳᠤᠯᠬᠤ ᠠᠵᠢᠯ᠎ᠤᠨ ᠬᠦᠴᠦᠲᠡᠢ ᠡᠮᠬᠢ ᠵᠢᠷᠤᠮ᠎ᠲᠠᠢ ᠪᠦᠲᠦᠮᠵᠢᠲᠡᠢ ᠥᠷᠨᠢᠬᠦ ᠵᠢ ᠪᠠᠲᠤᠯᠠᠬᠤ ᠬᠡᠷᠡᠭᠲᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠱᠦᠵᠢ ᠥᠪᠡᠷ᠎ᠤᠨ ᠪᠡᠶ᠎ᠡ᠎ᠪᠠᠷ ᠵᠶ᠋ᠡᠨ ᠡᠷᠬᠢᠯᠡᠨ ᠲᠥᠰᠥᠯ ᠲᠣᠭᠲᠠᠭ᠋ᠠᠵᠤ᠂ ᠪᠠᠭ᠎ᠤᠨ ᠪᠦᠷᠢᠯᠳᠦᠭᠦᠨ᠎ᠤ ᠪᠠᠢ᠌ᠴᠠᠭ᠋ᠠᠨ ᠰᠤᠳᠤᠯᠬᠤ ᠰᠡᠳᠦᠪ᠎ᠢ ᠬᠢᠨᠠᠨ ᠲᠣᠭᠲᠠᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠮᠤᠵᠢ ᠵᠢᠨ ᠱᠠᠲᠤᠨ᠎ᠤ ᠤᠳᠤᠷᠢᠳᠬᠤ ᠨᠥᠬᠥᠳ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠶ᠋ᠢᠴᠢᠯᠠᠨ᠂ ᠵᠢᠱ᠌ᠢᠶ᠎ᠡ ᠦᠵᠡᠭᠦᠯᠦᠨ ᠳᠠᠶ᠋ᠢᠴᠢᠯᠠᠵᠤ᠂ ᠰᠡᠳᠦᠪ᠎ᠤᠨ ᠰᠤᠳᠤᠯᠭ᠋ᠠᠨ᠎ᠢ ᠲᠦᠷᠦᠭᠦᠯᠡᠨ ᠥᠷᠨᠢᠭᠦᠯᠬᠦ ᠬᠡᠷᠡᠭᠲᠡᠢ᠃ ᠰᠢᠶᠠᠨ ᠭᠠᠵᠠᠷ᠎ᠤᠨ ᠱᠠᠲᠤᠨ ᠠᠴᠠ ᠳᠡᠭᠡᠭᠰᠢᠬᠢ ᠤᠳᠤᠷᠢᠳᠬᠤ ᠪᠠᠭ᠎ᠤᠨ ᠪᠦᠷᠢᠯᠳᠦᠭᠦᠨ ᠨᠢᠭᠡᠪᠦᠷᠢ ᠨᠢᠭᠡ ᠰᠡᠳᠦᠪ ᠢ ᠳᠠᠭ᠋ᠠᠭᠤᠯᠤᠨ ᠪᠠᠢ᠌ᠴᠠᠭ᠋ᠠᠨ ᠰᠤᠳᠤᠯᠤᠯᠲᠠ ᠬᠢᠬᠦ ᠵᠢᠨ ᠵᠡᠷᠭᠡ᠎ᠳᠤ ᠬᠣᠯᠪᠣᠭᠳᠠᠯ ᠪᠦᠬᠦᠢ ᠬᠦᠷᠢᠶᠡᠨ᠎ᠤ ᠠᠵᠢᠯ᠎ᠤᠨ ᠳᠤᠮᠳᠠᠬᠢ ᠬᠠᠮᠤᠭ᠎ᠤᠨ ᠲᠣᠪᠣᠢ᠌ᠮ᠎ᠠ ᠲᠦᠪᠡᠭᠲᠡᠢ ᠠᠰᠠᠭᠤᠳᠠᠯ᠎ᠳᠤ ᠴᠢᠭᠯᠡᠭᠦᠯᠦᠨ ᠲᠤᠰᠬᠠᠢ ᠪᠠᠢ᠌ᠴᠠᠭ᠋ᠠᠨ ᠰᠤᠳᠤᠯᠤᠯᠲᠠ ᠬᠢᠬᠦ ᠬᠡᠷᠡᠭᠲᠡᠢ᠃
ᠭᠤᠷᠪᠠ᠂ ᠪᠠᠢ᠌ᠴᠠᠭ᠋ᠠᠨ ᠰᠤᠳᠤᠯᠤᠯᠲᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ
(ᠨᠢᠭᠡ) ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢ᠌ᠷᠡᠭᠦᠯᠦᠨ᠎ᠡ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ)᠎ᠨᠢ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠯᠭ᠎ᠠ᠂ ᠨᠣᠮ ᠤᠩᠰᠢᠬᠤ ᠠᠩᠭᠢ ᠵᠡᠷᠭᠡ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠰᠢ ᠵᠢᠨ ᠫᠢᠩ ᠶᠡᠷᠦᠩᠬᠡᠢ ᠱᠦᠵᠢ ᠵᠢᠨ ᠪᠠᠢ᠌ᠴᠠᠭ᠋ᠠᠨ ᠰᠤᠳᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠵᠤ᠂ ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠪᠠ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠪᠠᠢ᠌ᠴᠠᠭ᠋ᠠᠨ ᠰᠤᠳᠤᠯᠤᠯᠲᠠ᠎ᠪᠠᠷ ᠵᠠᠮ ᠨᠡᠭᠡᠭᠡᠬᠦ ᠵᠢ ᠪᠠᠷᠢᠮᠲᠠᠯᠠᠨ᠂ ᠪᠠᠢ᠌ᠴᠠᠭ᠋ᠠᠨ ᠰᠤᠳᠤᠯᠤᠯᠲᠠ ᠵᠢ ᠰᠠᠢ᠌ᠲᠤᠷ ᠬᠢᠬᠦ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠥᠷᠥ ᠵᠢᠨ ᠤᠬᠠᠮᠰᠠᠷ᠂ ᠦᠢᠯᠡ ᠠᠵᠢᠯᠯᠠᠭ᠎ᠠ ᠵᠢᠨ ᠤᠬᠠᠮᠰᠠᠷ ᠵᠶ᠋ᠠᠨ ᠦᠨᠡᠨᠬᠦ ᠴᠢᠩᠭ᠋ᠠᠳᠬᠠᠬᠤ ᠬᠡᠷᠡᠭᠲᠡᠢ᠃
(ᠬᠣᠶᠠᠷ) ᠠᠰᠠᠭᠤᠳᠠᠯ᠎ᠢ ᠨᠠᠷᠢᠯᠢᠭ ᠣᠨᠣᠴᠠᠲᠠᠢ᠎ᠪᠠᠷ ᠢᠯᠡᠷᠡᠭᠦᠯᠬᠦ ᠬᠡᠷᠡᠭᠲᠡᠢ᠃ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ ᠠᠰᠠᠭᠤᠳᠠᠯ᠎ᠳᠤ ᠰᠢᠭᠤᠳ ᠴᠢᠭᠯᠡᠭᠦᠯᠦᠨ᠂ ᠮᠠᠯᠵᠢᠬᠤ ᠲᠠᠷᠢᠶᠠᠯᠠᠬᠤ ᠣᠷᠣᠨ᠂ ᠨᠡᠢ᠌ᠭᠡᠮ ᠲᠣᠭᠣᠷᠢᠭ᠂ ᠠᠵᠤ ᠠᠬᠤᠢ᠌ᠯᠠᠯ᠂ ᠡᠮᠨᠡᠯᠭᠡ ᠵᠢᠨ ᠬᠣᠷᠢᠶ᠎ᠠ᠂ ᠰᠤᠷᠭ᠋ᠠᠭᠤᠯᠢ᠂ ᠰᠢᠨ᠎ᠡ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠂ ᠰᠢᠨ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠦᠨᠳᠦᠰᠦᠨ ᠱᠠᠲᠤᠨ᠎ᠤ ᠨᠢᠭᠡᠴᠡ᠎ᠳᠤ ᠭᠦᠨᠵᠡᠭᠡᠢ᠌ᠷᠡᠵᠦ᠂ ᠬᠦᠴᠢᠷᠳᠡᠯ ᠣᠯᠠᠨ᠂ ᠣᠯᠠᠨ ᠲᠦᠮᠡᠨ᠎ᠤ ᠰᠠᠨᠠᠯ ᠲᠥᠪᠯᠡᠷᠡᠭᠰᠡᠨ᠂ ᠠᠵᠢᠯ᠎ᠤᠨ ᠪᠠᠢ᠌ᠳᠠᠯ᠎ᠢ ᠨᠡᠭᠡᠭᠡᠵᠦ ᠳᠡᠶ᠋ᠢᠯᠬᠦ ᠦᠭᠡᠢ ᠭᠠᠵᠠᠷ᠎ᠲᠤ ᠢᠯᠡᠭᠦᠬᠡᠨ ᠬᠦᠷᠴᠦ ᠪᠠᠢ᠌ᠴᠠᠭ᠋ᠠᠨ ᠰᠤᠳᠤᠯᠤᠯᠲᠠ ᠥᠷᠨᠢᠭᠦᠯᠵᠦ᠂ ᠣᠯᠠᠨ ᠲᠦᠮᠡᠨ᠎ᠤ ᠰᠠᠨᠠᠭ᠎ᠠ ᠵᠣᠪᠠᠵᠤ ᠪᠠᠢ᠌ᠭ᠎ᠠ ᠶᠠᠪᠤᠳᠠᠯ᠂ ᠰᠠᠨᠠᠭ᠎ᠠ ᠵᠣᠪᠠᠵᠤ ᠪᠠᠢ᠌ᠭ᠎ᠠ ᠶᠠᠪᠤᠳᠠᠯ᠎ᠢ ᠣᠢ᠌ᠯᠠᠭ᠋ᠠᠨ᠂ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠬᠤ ᠶᠠᠪᠤᠴᠠ᠎ᠳᠠᠬᠢ ᠰᠠᠭ᠋ᠠᠳ ᠲᠣᠳᠬᠠᠷ᠎ᠲᠠᠢ ᠭᠠᠵᠠᠷ ᠪᠠ ᠬᠦᠴᠢᠷ ᠠᠰᠠᠭᠤᠳᠠᠯ᠎ᠢ ᠣᠨᠣᠪᠴᠢᠲᠠᠶ ᠡᠷᠢᠵᠦ ᠣᠯᠬᠤ ᠬᠡᠷᠡᠭᠲᠡᠢ᠃ ᠪᠠᠢ᠌ᠴᠠᠭ᠋ᠠᠨ ᠰᠤᠳᠤᠯᠤᠯᠲᠠ ᠵᠢᠨ ᠳᠤᠮᠳᠠ ᠢᠯᠡᠷᠡᠭᠦᠯᠦᠭᠰᠡᠨ ᠲᠥᠯᠥᠭᠡᠯᠡᠬᠦ ᠴᠢᠨᠠᠷᠲᠠᠢ᠂ ᠨᠡᠢ᠌ᠲᠡᠯᠢᠭ ᠴᠢᠨᠠᠷᠲᠠᠢ ᠠᠰᠠᠭᠤᠳᠠᠯ᠎ᠢ ᠨᠢᠭᠡᠳ ᠨᠢᠭᠡ᠎ᠪᠠᠷ ᠡᠮᠬᠢᠯᠡᠵᠦ ᠪᠠᠢ᠌ᠭ᠋ᠠᠳ ᠠᠰᠠᠭᠤᠳᠠᠯ᠎ᠤᠨ ᠨᠠᠷᠢᠨ ᠲᠠᠩᠰᠠ ᠵᠢ ᠪᠦᠷᠢᠯᠳᠦᠭᠦᠯᠬᠦ ᠬᠡᠷᠡᠭᠲᠡᠢ᠃
(ᠭᠤᠷᠪᠠ) ᠠᠰᠠᠭᠤᠳᠠᠯ᠎ᠢ ᠰᠢᠰᠲ᠋ᠧᠮ᠎ᠲᠠᠢ ᠰᠤᠳᠤᠯᠬᠤ᠃ ᠪᠠᠢ᠌ᠴᠠᠭ᠋ᠠᠨ ᠰᠤᠳᠤᠯᠤᠯᠲᠠ ᠵᠢᠨ ᠪᠠᠢ᠌ᠳᠠᠯ᠎ᠢ ᠪᠦᠬᠦ ᠲᠠᠯ᠎ᠠ᠎ᠪᠠᠷ ᠡᠮᠬᠢᠯᠡᠨ ᠬᠤᠷᠢᠶᠠᠩᠭᠤᠢ᠌ᠯᠠᠭᠰᠠᠨ ᠰᠠᠭᠤᠷᠢᠨ ᠳᠡᠭᠡᠷ᠎ᠡ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠢ ᠬᠡᠷᠡᠭᠯᠡᠨ᠂ ᠭᠦᠨᠵᠡᠭᠡᠢ ᠵᠠᠳᠠᠯᠬᠤ᠂ ᠭᠦᠢ᠍ᠴᠡᠳ ᠨᠤᠲᠠᠯᠠᠬᠤ ᠪᠠ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠬᠡᠷᠡᠭᠲᠡᠢ᠂ ᠢᠯᠠᠩᠭᠤᠶ᠎ᠠ ᠲᠡᠳᠡᠭᠡᠷ ᠲᠦᠭᠡᠮᠡᠯ ᠴᠢᠨᠠᠷᠲᠠᠢ ᠪᠠ ᠳᠦᠷᠢᠮ᠎ᠤᠨ ᠴᠢᠨᠠᠷᠲᠠᠢ ᠠᠰᠠᠭᠤᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠢ᠌ᠳᠠᠯ᠎ᠳᠤ ᠬᠣᠯᠪᠣᠭᠳᠠᠭᠰᠠᠨ ᠭᠦᠨ ᠳᠠᠪᠬᠤᠷᠭ᠎ᠠ ᠵᠢᠨ ᠵᠠᠩᠭᠢᠯᠠᠭ᠎ᠠ ᠵᠢᠨ ᠴᠢᠨᠠᠷᠲᠠᠢ ᠠᠰᠠᠭᠤᠳᠠᠯ ᠵᠢᠴᠢ ᠬᠦᠴᠢᠷ ᠠᠰᠠᠭᠤᠳᠠᠯ ᠳᠠᠷᠤᠭᠳᠠᠮᠠᠯ ᠬᠡᠷᠡᠭ ᠪᠠ ᠠᠷᠬᠠᠭ ᠭᠡᠮ ᠵᠡᠷᠭᠡ ᠵᠢ ᠲᠤᠭᠤᠷᠠᠲᠠᠯ᠎ᠠ ᠰᠤᠳᠤᠯᠵᠤ᠂ ᠦᠨᠳᠦᠰᠦ ᠰᠤᠷᠪᠤᠯᠵᠢ ᠪᠠ ᠭᠡᠮ ᠰᠣᠭᠣᠭ᠎ᠢ᠎ᠨᠢ ᠣᠨᠣᠪᠴᠢᠲᠠᠶ ᠡᠷᠢᠵᠦ ᠣᠯᠬᠤ ᠬᠡᠷᠡᠭᠲᠡᠢ᠃ ᠤᠯᠠᠨ ᠲᠦᠮᠡᠨ᠂ ᠦᠢ᠍ᠯᠡᠳᠦᠯᠭᠡ᠎ᠠᠴᠠ ᠠᠷᠭ᠎ᠠ ᠪᠣᠳᠣᠯᠭ᠎ᠠ ᠠᠰᠠᠭᠤᠬᠤ ᠵᠢ ᠪᠠᠷᠢᠮᠲᠠᠯᠠᠵᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠵᠢ ᠰᠣᠨᠣᠰᠴᠤ᠂ ᠰᠢᠢ᠍ᠳᠪᠦᠷᠢᠯᠡᠬᠦ ᠲᠥᠰᠥᠯ᠎ᠢ ᠪᠦᠲᠦᠭᠡᠯᠴᠢ᠎ᠪᠠᠷ ᠳᠤᠷᠠᠳᠤᠨ ᠭᠠᠷᠭ᠋ᠠᠵᠤ᠂ ᠠᠰᠠᠭᠤᠳᠠᠯ ᠨᠢᠭᠡᠪᠦᠷᠢ᠎ᠳᠤ ᠴᠥᠮ 《ᠰᠤᠳᠠᠯ ᠪᠠᠷᠢᠬᠤ》 ᠮᠥᠷᠲᠡᠭᠡᠨ 《ᠵᠣᠷ ᠭᠠᠷᠭ᠋ᠠᠬᠤ》 ᠵᠢ ᠦᠨᠡᠨ ᠬᠦ᠌ ᠪᠠᠲᠤᠯᠠᠬᠤ ᠬᠡᠷᠡᠭᠲᠡᠢ᠃
(ᠳᠥᠷᠪᠡ) ᠠᠰᠠᠭᠤᠳᠠᠯ᠎ᠢ ᠬᠠᠨᠳᠤᠯᠭ᠎ᠠ᠎ᠲᠠᠢ᠎ᠪᠠᠷ ᠰᠢᠢ᠍ᠳᠪᠦᠷᠢᠯᠡᠨ᠎ᠡ᠃ 《ᠲᠠᠢ᠌ᠯᠪᠤᠷᠢᠯᠠᠯᠲᠠ᠎ᠲᠠᠢ ᠰᠡᠳᠬᠢᠬᠦᠢ》 ᠵᠢ ᠪᠠᠷᠢᠮᠲᠠᠯᠠᠵᠤ᠂ ᠪᠠᠢ᠌ᠴᠠᠭ᠋ᠠᠨ ᠰᠤᠳᠤᠯᠬᠤ ᠶᠠᠪᠤᠴᠠ᠎ᠳᠤ ᠪᠦᠷᠢᠯᠳᠦᠭᠰᠡᠨ ᠠᠰᠠᠭᠤᠳᠠᠯ᠎ᠤᠨ ᠨᠠᠷᠢᠨ ᠲᠠᠩᠰᠠ᠎ᠳᠤ ᠴᠢᠭᠯᠡᠭᠦᠯᠦᠨ᠂ ᠨᠠᠷᠢᠨ ᠨᠢᠮᠪᠠᠢ ᠡᠮᠬᠢᠯᠡᠨ ᠵᠠᠳᠠᠯᠵᠤ᠂ ᠰᠢᠢ᠍ᠳᠪᠦᠷᠢᠯᠡᠬᠦ ᠠᠷᠭ᠎ᠠ ᠬᠡᠮᠵᠢᠶ᠎ᠡ᠂ ᠬᠠᠷᠢᠭᠤᠴᠠᠯᠭ᠎ᠠ᠎ᠲᠠᠢ ᠨᠢᠭᠡᠴᠡ᠂ ᠬᠠᠷᠢᠭᠤᠴᠠᠯᠭ᠎ᠠ᠎ᠲᠠᠢ ᠬᠥᠮᠥᠨ ᠪᠣᠯᠣᠨ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠨᠢᠭᠡᠳ ᠨᠢᠭᠡ᠎ᠪᠠᠷ ᠲᠣᠳᠣᠷᠬᠠᠢ᠌ᠯᠠᠬᠤ ᠬᠡᠷᠡᠭᠲᠡᠢ᠃ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠦᠨᠭᠭᠡᠨ ᠲᠠᠯ᠎ᠠ᠎ᠠᠴᠠ ᠳᠣᠲᠣᠷ᠎ᠠ ᠲᠠᠯ᠎ᠠ᠎ᠳᠤ ᠬᠦᠷᠴᠦ᠂ ᠴᠡᠭ᠎ᠠᠴᠠ ᠪᠦᠬᠦ ᠲᠠᠯ᠎ᠠ᠎ᠳᠤ ᠬᠦᠷᠴᠦ᠂ ᠦᠵᠡᠭᠳᠡᠯ ᠵᠶ᠋ᠡᠷ ᠳᠠᠮᠵᠢᠨ ᠮᠥᠨ ᠴᠢᠨᠠᠷ᠎ᠢ᠎ᠨᠢ ᠦᠵᠡᠵᠦ᠂ ᠠᠰᠠᠭᠤᠳᠠᠯ᠎ᠢ ᠵᠠᠳᠠᠯᠵᠤ᠂ ᠰᠢᠯᠲᠠᠭ᠋ᠠᠨ᠎ᠢ ᠵᠠᠳᠠᠯᠵᠤ᠂ ᠰᠠᠨᠠᠭᠤᠯᠭ᠎ᠠ ᠳᠤᠷᠠᠳᠴᠤ᠂ ᠴᠢᠨᠠᠷ ᠰᠠᠢ᠌ᠲᠠᠢ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠵᠢ ᠪᠦᠷᠢᠯᠳᠦᠭᠦᠯᠬᠦ ᠬᠡᠷᠡᠭᠲᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠣᠬᠢᠰᠲᠠᠢ ᠠᠷᠭ᠎ᠠ ᠬᠡᠯᠪᠡᠷᠢ᠎ᠪᠠᠷ ᠪᠠᠢ᠌ᠴᠠᠭ᠋ᠠᠨ ᠰᠤᠳᠤᠯᠤᠯᠲᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ ᠵᠶ᠋ᠡᠨ ᠰᠣᠯᠢᠯᠴᠠᠬᠤ ᠬᠡᠷᠡᠭᠲᠡᠢ᠃ ᠪᠦᠷᠢᠯᠳᠦᠭᠰᠡᠨ ᠴᠢᠨᠠᠷ ᠰᠠᠢ᠌ᠲᠠᠢ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠥᠷᠥ ᠵᠢᠨ ᠪᠣᠳᠣᠯᠭ᠎ᠠ ᠰᠤᠳᠤᠯᠬᠤ ᠲᠠᠰᠤᠭ᠂ ᠵᠠᠰᠠᠭ᠎ᠤᠨ ᠣᠷᠳᠣᠨ᠎ᠤ ᠰᠤᠳᠤᠯᠬᠤ ᠲᠠᠰᠤᠭ ᠵᠡᠷᠭᠡ ᠬᠣᠯᠪᠣᠭᠳᠠᠯ ᠪᠦᠬᠦᠢ ᠠᠵᠢᠯ᠎ᠤᠨ ᠠᠴᠢᠶᠠᠯᠠᠪᠤᠷᠢ᠎ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ᠎ᠲᠤ ᠮᠡᠳᠡᠭᠦᠯᠦᠨ ᠯᠠᠪᠯᠠᠯᠲᠠ ᠪᠣᠯᠭ᠋ᠠᠵᠤ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠪᠠᠢ᠌ᠴᠠᠭ᠋ᠠᠨ ᠰᠤᠳᠤᠯᠤᠯᠲᠠ ᠵᠢᠨ ᠳᠤᠮᠳᠠ ᠢᠯᠡᠷᠡᠭᠦᠯᠦᠭᠰᠡᠨ ᠠᠰᠠᠭᠤᠳᠠᠯ᠎ᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠠᠴᠠ ᠰᠤᠳᠤᠯᠤᠨ ᠰᠢᠢ᠍ᠳᠪᠦᠷᠢᠯᠡᠬᠦ ᠴᠢᠬᠤᠯᠠᠲᠠᠢ ᠪᠣᠯ᠂ ᠨᠠᠷᠢᠨ ᠬᠢᠨᠠᠮᠠᠭ᠋ᠠᠢ ᠡᠮᠬᠢᠯᠡᠨ ᠳᠢᠭᠯᠡᠬᠦ ᠵᠢᠨ ᠬᠠᠮᠲᠤ ᠲᠠᠰ ᠳᠠᠷᠠᠭ᠋ᠠᠯᠠᠯ ᠶᠣᠰᠣᠭ᠋ᠠᠷ ᠵᠢᠭ᠋ᠠᠪᠤᠷᠢ ᠠᠪᠴᠤ ᠮᠡᠳᠡᠭᠦᠯᠬᠦ ᠬᠡᠷᠡᠭᠲᠡᠢ᠃
(ᠲᠠᠪᠤ) ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠬᠤᠯᠠᠴᠢᠯᠠᠨ᠎ᠠ᠃ ᠪᠠᠢ᠌ᠴᠠᠭ᠋ᠠᠨ ᠰᠤᠳᠤᠯᠤᠯᠲᠠ ᠵᠢᠨ《ᠰᠡᠭᠦᠯᠴᠢ ᠵᠢᠨ ᠬᠠᠭ᠋ᠠᠰ ᠵᠣᠬᠢᠶᠠᠯ》 ᠢ ᠰᠠᠢ᠌ᠲᠤᠷ ᠬᠢᠵᠦ᠂ ᠣᠳᠣᠬᠠᠨ᠎ᠤ ᠪᠠ ᠠᠯᠤᠰ ᠬᠡᠳᠦ ᠵᠢ ᠨᠢᠭᠡᠳᠦᠯᠲᠡᠢ ᠲᠥᠯᠥᠪᠵᠢᠭᠦᠯᠵᠦ᠂ ᠪᠠᠢ᠌ᠴᠠᠭ᠋ᠠᠨ ᠰᠤᠳᠤᠯᠤᠯᠲᠠ ᠵᠢᠨ ᠳᠤᠮᠳᠠᠬᠢ ᠪᠦᠲᠦᠮᠵᠢᠲᠡᠢ ᠠᠷᠭ᠎ᠠ ᠬᠢᠳᠡᠯ ᠪᠣᠯᠣᠨ ᠠᠮᠵᠢᠯᠲᠠ᠎ᠲᠠᠢ ᠲᠤᠷᠰᠢᠯᠭ᠎ᠠ ᠵᠢ ᠳ᠋ᠦᠩᠨᠡᠵᠦ᠂ ᠵᠢᠯᠤᠭᠣᠳᠬᠤ ᠴᠢᠨᠠᠷᠲᠠᠢ᠂ ᠬᠡᠷᠡᠭᠵᠢᠭᠦᠯᠬᠦ ᠴᠢᠨᠠᠷ ᠵᠶ᠋ᠠᠷ ᠴᠢᠩᠭ᠎ᠠ ᠰᠠᠨᠠᠯ ᠰᠠᠨᠠᠭᠤᠯᠭ᠎ᠠ ᠵᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠠᠵᠢᠯ᠎ᠤᠨ ᠰᠡᠳᠬᠢᠴᠡ᠂ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠣᠯᠣᠨ ᠦᠢ᠍ᠯᠡᠳᠦᠯᠭᠡ ᠵᠢᠨ ᠦᠷ᠎ᠡ ᠪᠦᠲᠦᠭᠡᠯ ᠪᠣᠯᠭ᠋ᠠᠨ ᠬᠤᠪᠢᠷᠠᠭᠤᠯᠬᠤ ᠬᠡᠷᠡᠭᠲᠡᠢ᠃ 《ᠪᠢ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ ᠪᠢ ᠬᠠᠷᠢᠭᠤᠴᠠᠵᠤ᠂ ᠮᠢᠨᠤ ᠦᠷ᠎ᠡ ᠪᠦᠲᠦᠭᠡᠯ᠎ᠢ ᠪᠢ ᠠᠩᠬᠠᠷᠴᠤ ᠰᠢᠢ᠍ᠳᠪᠦᠷᠢᠯᠡᠬᠦ》 ᠵᠢ ᠪᠠᠷᠢᠮᠲᠠᠯᠠᠵᠤ᠂ ᠪᠠᠢ᠌ᠴᠠᠭ᠋ᠠᠨ ᠰᠤᠳᠤᠯᠤᠯᠲᠠ ᠵᠢᠨ ᠰᠡᠳᠦᠪ᠎ᠢ ᠪᠡᠶᠡᠯᠡᠭᠦᠯᠦᠭᠰᠡᠨ ᠪᠠᠢ᠌ᠳᠠᠯ᠂ ᠠᠰᠠᠭᠤᠳᠠᠯ᠎ᠢ ᠰᠢᠢ᠍ᠳᠪᠦᠷᠢᠯᠡᠭᠰᠡᠨ ᠪᠠᠢ᠌ᠳᠠᠯ᠎ᠢ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠰᠤᠷᠪᠤᠯᠵᠢᠯᠠᠬᠤ ᠪᠠ ᠦᠷ᠎ᠡ ᠪᠦᠲᠦᠮᠵᠢ ᠵᠢ ᠮᠥᠷᠳᠡᠨ ᠠᠰᠠᠭᠤᠬᠤ᠎ᠪᠠᠨ ᠴᠢᠩᠭ᠋ᠠᠳᠬᠠᠵᠤ᠂ ᠰᠢᠨ᠎ᠡ ᠠᠰᠠᠭᠤᠳᠠᠯ᠎ᠢ ᠢᠯᠡᠷᠡᠭᠦᠯᠬᠦ ᠪᠠ ᠰᠢᠢ᠍ᠳᠪᠦᠷᠢᠯᠡᠬᠦ ᠵᠢ ᠠᠩᠬᠠᠷᠴᠤ᠂ ᠪᠠᠢ᠌ᠴᠠᠭ᠋ᠠᠨ ᠰᠤᠳᠤᠯᠤᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠡᠬᠢᠨ᠎ᠠᠴᠠ᠎ᠨᠢ ᠠᠳᠠᠭ᠎ᠲᠤ᠎ᠨᠢ ᠲᠤᠯᠲᠠᠯ᠎ᠠ ᠲᠤᠢ᠌ᠯᠪᠤᠷᠢᠲᠠᠢ ᠰᠢᠢ᠍ᠳᠪᠦᠷᠢᠯᠡᠬᠦ ᠬᠡᠷᠡᠭᠲᠡᠢ᠃
ᠳᠥᠷᠪᠡ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠬᠡᠷᠡᠭᠲᠡᠢ
(ᠨᠢᠭᠡ) ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠢ᠌ᠯᠠᠩ) ᠪᠠᠢ᠌ᠴᠠᠭ᠋ᠠᠨ ᠰᠤᠳᠤᠯᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠠᠢ᠌ᠴᠠᠭ᠋ᠠᠨ ᠰᠤᠳᠤᠯᠤᠯᠲᠠ ᠵᠢᠨ ᠠᠵᠢᠯ᠎ᠢ ᠴᠢᠩᠭ᠋ᠠᠳᠬᠠᠬᠤ ᠵᠢᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠲᠤᠰᠬᠠᠢ ᠪᠠᠢ᠌ᠷᠢᠯᠠᠭᠤᠯᠤᠯᠲᠠ ᠬᠢᠵᠦ᠂ ᠲᠥᠰᠥᠯ᠎ᠢ ᠵᠢᠷᠤᠵᠤ ᠲᠥᠯᠥᠪᠯᠡᠬᠦ᠂ ᠶᠠᠪᠤᠴᠠ ᠵᠢ ᠬᠡᠷᠡᠭᠵᠢᠭᠦᠯᠬᠦ᠂ ᠬᠢᠨᠠᠯᠲᠠ ᠲᠠᠯᠪᠢᠵᠤ ᠦᠷ᠎ᠡ ᠪᠦᠲᠦᠮᠵᠢ ᠵᠢ ᠠᠰᠠᠭᠤᠬᠤ ᠵᠡᠷᠭᠡ ᠡᠯ᠎ᠡ ᠭᠣᠭᠴᠣᠭ᠎ᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠤᠨᠢᠨ ᠳᠡᠭᠡᠷ᠎ᠡ᠎ᠨᠢ ᠰᠠᠢ᠌ᠲᠤᠷ ᠬᠢᠬᠦ ᠬᠡᠷᠡᠭᠲᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ)ᠵᠢᠨ ᠱᠦᠵᠢ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ᠂ ᠪᠠᠢ᠌ᠴᠠᠭ᠋ᠠᠨ ᠰᠤᠳᠤᠯᠤᠯᠲᠠ ᠵᠢ ᠠᠬᠢᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠪᠠᠭ᠎ᠤᠨ ᠪᠤᠰᠤᠳ ᠪᠦᠷᠢᠯᠳᠦᠭᠦᠨ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠬᠡᠪᠴᠢᠶ᠎ᠡ ᠪᠠ ᠬᠤᠪᠢᠳᠠᠨ ᠬᠠᠮᠢᠶᠠᠷᠴᠤ ᠪᠠᠢ᠌ᠭ᠎ᠠ ᠨᠢᠭᠡᠴᠡ ᠵᠢᠨ ᠪᠠᠢ᠌ᠴᠠᠭ᠋ᠠᠨ ᠰᠤᠳᠤᠯᠤᠯᠲᠠ ᠵᠢᠨ ᠠᠵᠢᠯ᠎ᠢ ᠰᠠᠢ᠌ᠲᠤᠷ ᠠᠳᠬᠤᠨ᠎ᠠ᠃
(ᠬᠣᠶᠠᠷ) ᠠᠵᠢᠯ᠎ᠤᠨ ᠰᠠᠬᠢᠯᠭ᠎ᠠ ᠪᠠᠲᠤ ᠵᠢ ᠴᠢᠩᠳᠠᠯᠠᠨ᠎ᠠ᠃ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ ᠵᠢ ᠴᠢᠩᠭ᠎ᠠ ᠬᠡᠷᠡᠭᠵᠢᠭᠦᠯᠵᠦ᠂ ᠬᠡᠯᠪᠡᠷᠢ ᠵᠢ ᠳᠥᠭᠥᠮᠴᠢᠯᠡᠨ᠂ ᠣᠪᠣᠷ ᠪᠠᠢ᠌ᠳᠠᠯ᠎ᠢ ᠪᠠᠭᠤᠷᠠᠭᠤᠯᠵᠤ᠂ ᠲᠡᠷᠭᠡ ᠬᠥᠰᠬᠡ ᠵᠢ ᠴᠥᠭᠡᠳᠬᠡᠨ᠂ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠪᠠᠢ᠌ᠴᠠᠭ᠋ᠠᠨ ᠰᠤᠳᠤᠯᠤᠯᠲᠠ ᠵᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠵᠤ᠂ ᠤᠳᠤᠷᠢᠳᠬᠤ ᠺᠠᠳ᠋ᠷᠴᠤᠳ᠎ᠤᠨ ᠦᠨᠳᠦᠰᠦᠨ ᠱᠠᠲᠤᠨ᠎ᠳᠤ ᠪᠠᠭᠤᠵᠤ ᠪᠠᠢ᠌ᠴᠠᠭ᠋ᠠᠨ ᠰᠤᠳᠤᠯᠤᠯᠲᠠ ᠬᠢᠵᠦ ᠮᠡᠳᠡᠭᠦᠯᠦᠨ ᠳᠠᠩᠰᠠᠯᠠᠭᠤᠯᠬᠤ ᠳᠦᠷᠢᠮ᠎ᠢ ᠪᠠᠢ᠌ᠭᠤᠯᠵᠤ᠂ ᠪᠠᠢ᠌ᠴᠠᠭ᠋ᠠᠨ ᠰᠤᠳᠤᠯᠤᠯᠲᠠ ᠬᠢᠬᠦ ᠴᠠᠭ ᠪᠠ ᠭᠠᠵᠠᠷ᠎ᠢ ᠵᠦᠢ ᠵᠣᠬᠢᠰᠲᠠᠢ ᠲᠣᠬᠢᠷᠠᠭᠤᠯᠤᠨ᠂ ᠦᠨᠳᠦᠰᠦᠨ ᠱᠠᠲᠤᠨ᠎ᠳᠤ ᠪᠠᠭᠤᠵᠤ᠂ ᠠᠳᠠᠯᠢ ᠨᠢᠭᠡᠨ ᠴᠠᠭ᠎ᠲᠤ ᠠᠳᠠᠯᠢ ᠨᠢᠭᠡᠨ ᠭᠠᠵᠠᠷ᠎ᠲᠤ ᠣᠴᠢᠵᠤ ᠴᠤᠭᠯᠠᠷᠠᠨ ᠪᠠᠢ᠌ᠴᠠᠭ᠋ᠠᠨ ᠰᠤᠳᠤᠯᠤᠯᠲᠠ ᠬᠢᠬᠦ᠎ᠠᠴᠠ ᠵᠠᠢ᠌ᠯᠠᠰᠬᠢᠬᠦ ᠬᠡᠷᠡᠭᠲᠡᠢ᠃ ᠬᠡᠯᠪᠡᠷᠢ ᠵᠢᠨ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠰᠣᠷᠲᠣᠭᠣᠯᠠᠬᠤ ᠮᠠᠶᠢᠭ᠎ᠤᠨ᠂ ᠫᠧᠩᠰᠡᠲᠦ ᠦᠵᠡᠮᠵᠢ ᠵᠢᠨ ᠮᠠᠶᠢᠭ᠎ᠤᠨ᠂ ᠰᠠᠯᠤᠩᠭᠢ ᠮᠠᠶᠢᠭ᠎ᠤᠨ᠂ ᠬᠡᠪ ᠵᠤᠷᠰᠢᠯ᠎ᠤᠨ ᠮᠠᠶᠢᠭ᠎ᠤᠨ ᠪᠠᠢ᠌ᠴᠠᠭ᠋ᠠᠨ ᠰᠤᠳᠤᠯᠤᠯᠲᠠ ᠬᠢᠵᠦ ᠪᠣᠯᠬᠤ ᠦᠭᠡᠢ᠂ ᠬᠠᠰᠢ ᠶᠠᠰᠢ᠎ᠪᠠᠷ ᠥᠩᠭᠡᠷᠡᠭᠦᠯᠬᠦ ᠪᠠ ᠭᠦᠨᠵᠡᠭᠡᠢ᠌ᠷᠡᠬᠦ ᠦᠭᠡᠢ ᠪᠠᠢ᠌ᠬᠤ ᠵᠢ ᠰᠡᠷᠭᠡᠢ᠌ᠯᠡᠬᠦ ᠬᠡᠷᠡᠭᠲᠡᠢ᠃ ᠰᠤᠷᠲᠠᠯ᠎ᠤᠨ ᠪᠠᠢ᠌ᠭᠤᠯᠤᠯᠲᠠ ᠪᠠ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠭᠰᠡᠳ᠎ᠠᠴᠠ ᠳᠦᠷᠢᠮ ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
(ᠭᠤᠷᠪᠠ) ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠤᠨ᠎ᠠ᠃ ᠨᠠᠮ᠎ᠤᠨ ᠰᠣᠨᠢᠨ᠂ ᠨᠠᠮ᠎ᠤᠨ ᠰᠡᠳᠬᠦᠯ᠂ ᠰᠦᠯᠵᠢᠶ᠎ᠡ᠂ ᠲᠣᠭ᠋ᠠᠴᠢᠯᠠᠭᠰᠠᠨ ᠵᠠᠭᠤᠴᠢᠯᠠᠭᠤᠷ᠂ ᠭᠠᠷ ᠤᠲᠠᠰᠤᠨ᠎ᠤ ᠵᠠᠭᠤᠴᠢᠯᠠᠭᠤᠷ ᠵᠡᠷᠭᠡ ᠵᠢ ᠭᠦᠢ᠍ᠴᠡᠳ ᠠᠰᠢᠭᠯᠠᠵᠤ᠂ ᠤᠬᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠵᠦ᠂ ᠤᠬᠠᠭᠤᠯᠭ᠎ᠠ ᠵᠢᠨ ᠬᠡᠯᠪᠡᠷᠢ ᠪᠣᠯᠣᠨ ᠠᠭᠤᠯᠭ᠎ᠠ ᠵᠢ ᠪᠠᠶᠠᠯᠢᠭᠵᠢᠭᠤᠯᠵᠤ᠂ ᠪᠠᠢ᠌ᠴᠠᠭ᠋ᠠᠨ ᠰᠤᠳᠤᠯᠤᠯᠲᠠ ᠵᠢ ᠶᠡᠬᠡᠪᠡᠷ ᠥᠷᠨᠢᠭᠦᠯᠬᠦ ᠵᠢᠨ ᠴᠢᠬᠤᠯᠠ ᠠᠴᠢ ᠬᠣᠯᠪᠣᠭᠳᠠᠯ ᠪᠣᠯᠣᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠵᠢᠨ ᠪᠠᠢ᠌ᠴᠠᠭ᠋ᠠᠨ ᠰᠤᠳᠤᠯᠤᠯᠲᠠ ᠵᠢ ᠶᠡᠬᠡᠪᠡᠷ ᠥᠷᠨᠢᠭᠦᠯᠬᠦ ᠵᠢᠨ ᠪᠣᠳᠠᠲᠠᠢ ᠠᠷᠭ᠎ᠠ ᠬᠡᠮᠵᠢᠶ᠎ᠡ᠂ ᠪᠣᠳᠠᠲᠠᠢ ᠦᠷ᠎ᠡ ᠪᠦᠲᠦᠮᠵᠢ ᠵᠢ ᠭᠣᠣᠯᠳᠠᠯᠭ᠎ᠠ᠎ᠲᠠᠢ ᠤᠬᠠᠭᠤᠯᠵᠤ᠂ ᠪᠠᠢ᠌ᠴᠠᠭ᠋ᠠᠨ ᠰᠤᠳᠤᠯᠤᠯᠲᠠ ᠵᠢ ᠶᠡᠬᠡᠪᠡᠷ ᠥᠷᠨᠢᠭᠦᠯᠬᠦ ᠵᠢᠨ ᠬᠠᠮᠲᠤ ᠵᠢᠨ ᠲᠠᠨᠢᠯᠲᠠ ᠪᠣᠯᠣᠨ ᠬᠦᠴᠦᠨ᠎ᠢ ᠨᠢᠭᠲᠠᠷᠠᠭᠤᠯᠵᠤ᠂ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠪᠠᠢ᠌ᠴᠠᠭ᠋ᠠᠨ ᠰᠤᠳᠤᠯᠤᠯᠲᠠ ᠥᠷᠨᠢᠭᠦᠯᠬᠦ ᠵᠢ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠎ᠲᠠᠢ ᠤᠶᠠᠯᠳᠤᠭᠤᠯᠵᠤ᠂ ᠣᠯᠠᠨ ᠲᠦᠮᠡᠨ᠎ᠳᠤ 《ᠲᠠᠪᠤᠨ ᠪᠣᠳᠠᠲᠤ ᠬᠡᠷᠡᠭ ᠶᠣᠰᠣ》 ᠵᠢ ᠲᠣᠳᠣᠷᠬᠠᠢ ᠶᠠᠷᠢᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠨᠠᠮ᠎ᠤᠨ ᠠᠴᠢ ᠵᠢ ᠦᠨᠡᠨ ᠰᠡᠳᠬᠢᠯ᠎ᠠᠴᠠ᠎ᠪᠠᠨ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠣᠳᠣᠬᠢᠴᠢᠯᠠᠭᠰᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠠᠶᠠᠨ ᠵᠠᠮ᠎ᠳᠤ ᠰᠡᠳᠬᠢᠯ ᠰᠠᠨᠠᠭ᠎ᠠ᠎ᠪᠠᠨ ᠨᠢᠭᠡᠳᠬᠡᠨ ᠬᠦᠴᠦᠨ ᠴᠢᠳᠠᠯ ᠵᠶ᠋ᠠᠨ ᠬᠠᠮᠲᠤᠳᠬᠠᠵᠤ᠂ ᠪᠦᠯᠬᠦᠮᠳᠡᠨ ᠲᠡᠮᠡᠴᠡᠬᠦ ᠬᠡᠷᠡᠭᠲᠡᠢ ᠭᠡᠵᠡᠢ᠃