ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ᠎ᠤ ᠡᠨᠡ ᠬᠠᠪᠤᠷ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠭᠤᠷᠮᠠᠭ᠎ᠲᠤ ᠴᠣᠬᠢᠯᠲᠠ ᠥᠭᠬᠦ ᠠᠵᠢᠯ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠵᠠᠢ
ᠨᠡᠶ᠋ᠢᠲᠡᠯᠡᠭᠰᠡᠨ ᠴᠠᠭ᠄ 2023-04-13

      4 ᠳ᠋ᠦ᠍ᠭᠡᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ 2023 ᠣᠨ᠎ᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠭᠤᠷᠮᠠᠭ᠎ᠲᠤ ᠴᠣᠬᠢᠯᠲᠠ ᠥᠭᠭᠦᠭᠰᠡᠨ ᠠᠵᠢᠯ᠎ᠤᠨ ᠬᠠᠪᠤᠷ᠎ᠤᠨ ᠤᠯᠠᠷᠢᠯ ᠪᠣᠯᠤᠭᠰᠠᠨ ᠎ᠠᠴᠠ ᠨᠠᠰᠢ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠎ᠨᠤᠭᠤᠳ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠦᠢ᠍ᠯᠡᠳᠪᠦᠷᠢᠯᠡᠯ᠎ᠤᠨ ᠵᠠᠩᠭᠢᠯᠠᠭ᠎ᠠ ᠵᠢᠨ ᠴᠡᠭ ᠎ᠢ ᠴᠢᠩᠭ᠎ᠠ ᠠᠳᠬᠤᠵᠤ᠂ ᠬᠠᠭᠤᠷᠮᠠᠭ ᠮᠠᠭᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ ᠎ᠢ ᠦᠢ᠍ᠯᠡᠳᠴᠦ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠲᠣ ᠪᠣᠯᠲᠠᠯ᠎ᠠ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠦᠷᠢᠶᠡᠨ᠎ᠳᠠᠬᠢ 13 ᠡᠷᠡᠭᠦᠦ ᠵᠢᠨ ᠬᠡᠷᠡᠭ ᠎ᠢ ᠢᠯᠡᠷᠡᠭᠦᠯᠵᠦ᠂ 16 ᠶᠠᠯ᠎ᠠ ᠬᠢᠭᠰᠡᠨ ᠰᠡᠵᠢᠭᠲᠡᠨ ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ 6069 ᠲᠦᠮᠡᠨ ᠲᠥᠭᠥᠷᠢᠭ᠎ᠲᠤ ᠬᠦᠷᠴᠦ᠂ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠣᠭᠰᠠᠨ ᠪᠠᠢ᠌ᠨ᠎ᠠ᠃

      ᠡᠨᠡ ᠵᠢᠯ᠎ᠠᠴᠠ ᠨᠠᠰᠢ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠣᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠡᠯ᠎ᠡ ᠵᠦᠢ᠍ᠯ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠺᠦᠨᠯᠦ᠋ᠨ 2023》 ᠲᠤᠰᠬᠠᠢ ᠠᠵᠢᠯᠯᠠᠭ᠎ᠠ᠎ᠳᠤ ᠲᠦᠰᠢᠭᠯᠡᠨ᠂ ᠰᠤᠳᠤᠯᠤᠨ ᠮᠠᠭ᠋ᠠᠳᠯᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠰᠦᠪᠡᠭᠴᠢ ᠵᠢ ᠥᠷᠭᠡᠨ ᠵᠶ᠋ᠡᠷ ᠵᠢᠭᠰᠠᠭ᠋ᠠᠨ ᠪᠠᠢ᠌ᠴᠠᠭ᠋ᠠᠵᠤ᠂ ᠬᠠᠮᠵᠢᠯᠴᠠᠨ ᠬᠠᠮᠵᠢᠯᠴᠠᠬᠤ᠎ᠪᠠᠨ ᠴᠢᠩᠭ᠋ᠠᠳᠬᠠᠨ᠂ ᠲᠠᠷᠢᠶᠠᠯᠠᠩ ᠮᠠᠯ ᠠᠵᠤ ᠠᠬᠤᠢ᠂ ᠵᠠᠬ᠎ᠠ ᠳᠡᠯᠭᠡᠭᠦᠷ ᠵᠡᠷᠭᠡ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠭᠤᠷᠮᠠᠭ᠎ᠲᠤ ᠴᠣᠬᠢᠯᠲᠠ ᠥᠭᠬᠦ ᠠᠵᠢᠯ᠎ᠢ ᠭᠦᠨᠵᠡᠭᠡᠢ ᠥᠷᠨᠢᠭᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠡᠮᠦᠨ᠎ᠡ ᠦᠵᠦᠭᠦᠷ᠎ᠲᠤ ᠴᠣᠬᠢᠯᠲᠠ ᠥᠭᠴᠦ ᠰᠢᠢ᠍ᠳᠪᠦᠷᠢᠯᠡᠬᠦ ᠵᠢ ᠴᠢᠷᠮᠠᠢ᠌ᠨ ᠬᠡᠷᠡᠭᠵᠢᠭᠦᠯᠵᠦ᠂ ᠲᠠᠷᠢᠶᠠᠴᠢᠳ᠎ᠲᠤ ᠰᠠᠨᠠᠭ᠎ᠠ ᠠᠮᠤᠷ ᠳᠠᠷᠢᠬᠤ᠂ ᠰᠠᠨᠠᠭ᠎ᠠ ᠠᠮᠤᠷ ᠡᠮ᠂ ᠰᠠᠨᠠᠭ᠎ᠠ ᠠᠮᠤᠷ ᠪᠣᠷᠳᠣᠭᠤᠷ ᠬᠡᠷᠡᠭᠯᠡᠭᠦᠯᠵᠦ᠂ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠠ ᠦᠷ᠎ᠡ ᠵᠢᠨ ᠦᠢ᠍ᠯᠡᠰ᠎ᠤᠨ ᠬᠥᠭᠵᠢᠯᠲᠡ ᠵᠢ ᠪᠠᠲᠤᠯᠠᠬᠤ᠎ᠳᠤ ᠦᠨᠡᠨᠬᠦ ᠦᠢ᠍ᠯᠡᠴᠢᠯᠡᠨ᠎ᠡ᠃

      ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ ᠪᠠᠰᠠ ᠲᠦᠩᠯᠢᠶᠣᠣ ᠬᠣᠲᠠ ᠵᠢᠨ ᠨᠠᠢ᠍ᠮᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠢᠯᠡᠷᠡᠭᠦᠯᠦᠭᠰᠡᠨ ᠯᠢ ᠣᠪᠣᠭᠲᠤ ᠵᠢᠨ ᠬᠠᠭᠤᠷᠮᠠᠭ ᠮᠠᠭᠤ ᠬᠢᠮᠢ ᠵᠢᠨ ᠪᠣᠷᠳᠣᠭᠤᠷ ᠦᠢ᠍ᠯᠡᠳᠪᠦᠷᠢᠯᠡᠵᠦ ᠪᠣᠷᠣᠯᠠᠭᠤᠯᠤᠭᠰᠠᠨ ᠬᠡᠷᠡᠭ ᠵᠡᠷᠭᠡ 5 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠵᠠᠢ᠂ ᠡᠭᠦᠨ᠎ᠳᠤ ᠬᠠᠭᠤᠷᠮᠠᠭ ᠮᠠᠭᠤ ᠬᠢᠮᠢ ᠵᠢᠨ ᠪᠣᠷᠳᠣᠭᠤᠷ᠂ ᠬᠠᠭᠤᠷᠮᠠᠭ ᠮᠠᠭᠤ ᠲᠠᠷᠢᠶᠠᠨ ᠦᠷ᠎ᠡ᠂ ᠬᠠᠭᠤᠷᠮᠠᠭ ᠮᠠᠭᠤ ᠲᠠᠷᠢᠶᠠᠨ ᠡᠮ ᠦᠢ᠍ᠯᠡᠳᠪᠦᠷᠢᠯᠡᠵᠦ ᠪᠣᠷᠣᠯᠠᠭᠤᠯᠤᠭᠰᠠᠨ ᠵᠡᠷᠭᠡ ᠬᠣᠯᠪᠣᠭᠳᠠᠵᠠᠢ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠰᠢ ᠵᠢᠨ ᠫᠢᠩ᠎ᠤᠨ 〈ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ〉᠎ᠤ ᠠᠵᠢᠯ ᠎ᠤᠨ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠬᠤ ᠤᠩᠰᠢᠬᠤ ᠪᠢᠴᠢᠭ》 ᠎ᠢ ᠬᠡᠪᠯᠡᠨ ᠲᠠᠷᠬᠠᠭ᠋ᠠᠪᠠ
100 ᠳ᠋ᠦᠩᠰᠢᠭᠤᠷ ᠲᠥᠭᠥᠷᠢᠭ! ᠲᠥᠪ᠎ᠤᠨ ᠡᠳ᠋᠎ᠤᠨ ᠵᠠᠰᠠᠭ᠎ᠠᠴᠠ ᠪᠣᠳᠠᠲᠠᠢ ᠠᠮᠤ ᠪᠤᠳᠠᠭ᠎ᠠ ᠳᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠤᠳᠠᠭ᠎ᠠ ᠵᠢᠨ ᠴᠢᠨᠠᠷᠲᠠᠢ ᠨᠥᠬᠥᠪᠦᠷᠢ ᠣᠯᠭᠣᠵᠤ ᠬᠠᠪᠤᠷ᠎ᠤᠨ ᠲᠠᠷᠢᠶᠠᠯᠠᠭ᠎ᠠ ᠵᠢᠨ ᠦᠢ᠍ᠯᠡᠳᠪᠦᠷᠢᠯᠡᠯ᠎ᠢ ᠳᠡᠮᠵᠢᠨ᠎ᠡ
《ᠨᠤᠲᠤᠭ᠎ᠤᠨ ᠣᠨᠴᠠ ᠭᠠᠷᠤᠯᠲᠠ》 ᠵᠢᠨ ᠲᠣᠭᠣᠷᠢᠨ᠎ᠳᠤ ᠬᠦᠴᠦᠯᠡᠶ᠎ᠡ! ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠳᠤ ᠡᠳᠡᠭᠡᠷ ᠵᠦᠢ᠍ᠯ᠎ᠢ ᠴᠢᠩᠭ᠋ᠠᠳᠬᠠᠵᠠᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ《ᠲᠦᠮᠡᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ᠎ᠳᠤ ᠦᠢ᠍ᠯᠡᠴᠢᠯᠡᠬᠦ》 ᠠᠵᠢᠯᠯᠠᠭ᠎ᠠ ᠵᠢ ᠡᠬᠢᠯᠡᠭᠦᠯᠬᠦ ᠵᠢᠴᠢ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠪᠣᠯᠪᠠᠰᠤᠷᠠᠯ᠎ᠤᠨ ᠬᠤᠷᠠᠯ ᠣᠷᠳᠣᠰ ᠬᠤᠳᠠ ᠵᠢᠨ ᠬᠠᠩᠭᠢᠨ ᠬᠣᠰᠢᠭᠤᠨ᠎ᠳᠤ ᠶᠠᠪᠤᠭᠳᠠᠪᠠ
ᠱ᠌ᠢ᠎ᠲᠠᠢ ᠹᠧᠩ ᠭᠦᠢ᠍ᠵᠧᠦ ᠵᠢᠨ ᠪᠠᠢ᠌ᠴᠠᠭ᠋ᠠᠨ ᠰᠤᠳᠤᠯᠤᠯᠲᠠ᠄ ᠨᠢᠭᠡᠳᠦᠮᠡᠯ ᠹᠷᠣᠨᠲ᠎ᠤᠨ ᠠᠵᠢᠯ᠎ᠤᠨ ᠪᠠᠢ᠌ᠷᠢᠰᠢᠯ᠎ᠢ ᠲᠡᠭᠦᠯᠳᠡᠷᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦᠨ ᠨᠡᠮᠡᠷᠢᠯᠡᠨ᠎ᠡ
 
            