ᠣᠢ᠌ᠷ᠎ᠠ᠎ᠳᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠦᠨᠳᠦᠰᠦᠯᠡᠨ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠬᠠᠨᠳᠤᠰᠢ ᠪᠠ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠠᠢ᠌ᠳᠠᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠥᠪ᠎ᠤᠨ ᠡᠳ᠋᠎ᠤᠨ ᠵᠠᠰᠠᠭ᠎ᠠᠴᠠ 100 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠪᠠᠭᠤᠯᠭ᠋ᠠᠵᠤ᠂ ᠠᠮᠤ ᠪᠤᠳᠠᠭ᠎ᠠ ᠪᠣᠳᠠᠲᠠᠢ ᠳᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠯᠡ ᠤᠳᠠᠭ᠎ᠠ ᠵᠢᠨ ᠴᠢᠨᠠᠷᠲᠠᠢ ᠨᠥᠬᠥᠪᠦᠷᠢ ᠣᠯᠭᠣᠵᠤ᠂ ᠬᠠᠪᠤᠷ᠎ᠤᠨ ᠲᠠᠷᠢᠶᠠᠯᠠᠭ᠎ᠠ ᠵᠢᠨ ᠦᠢ᠍ᠯᠡᠳᠪᠦᠷᠢᠯᠡᠯ᠎ᠢ ᠨᠢᠭᠡᠳᠦᠯᠲᠡᠢ ᠲᠥᠯᠥᠪᠯᠡᠨ ᠳᠡᠮᠵᠢᠵᠦ᠂ ᠲᠠᠷᠢᠶᠠᠴᠢᠳ᠎ᠤᠨ ᠠᠮᠤ ᠪᠤᠳᠠᠭ᠎ᠠ ᠳᠠᠷᠢᠬᠤ ᠢᠳᠡᠪᠬᠢᠵᠢᠯ᠎ᠢ ᠤᠯᠠᠮ ᠨᠢᠭᠡ ᠠᠯᠬᠤᠮ ᠳᠠᠶ᠋ᠢᠴᠢᠯᠠᠪᠠ᠃
ᠲᠣᠰ ᠤᠳᠠᠭ᠋ᠠᠨ᠎ᠤ ᠨᠥᠬᠥᠪᠦᠷᠢ ᠥᠭᠬᠦ ᠡᠲᠡᠭᠡᠳ ᠪᠣᠯ ᠪᠣᠳᠠᠲᠠᠢ ᠠᠮᠤ ᠪᠤᠳᠠᠭ᠎ᠠ ᠲᠠᠷᠢᠭᠰᠠᠳ ᠪᠣᠯᠣᠨ᠎ᠠ᠂ ᠡᠭᠦᠨ᠎ᠳᠤ ᠥᠪᠡᠷ᠎ᠤᠨ ᠳᠠᠭ᠋ᠠᠭ᠋ᠠᠴᠢᠯᠠᠭᠰᠠᠨ ᠭᠠᠵᠠᠷ ᠵᠶ᠋ᠠᠨ ᠠᠰᠢᠭᠯᠠᠨ ᠠᠮᠤ ᠪᠤᠳᠠᠭ᠎ᠠ ᠳᠠᠷᠢᠭᠰᠠᠨ ᠲᠠᠷᠢᠶᠠᠴᠢᠨ᠂ ᠭᠠᠵᠠᠷ ᠰᠢᠷᠣᠢ᠎ᠪᠠᠨ ᠡᠷᠭᠢᠯᠲᠡ᠎ᠳᠤ ᠣᠷᠣᠭᠤᠯᠵᠤ ᠠᠮᠤ ᠪᠤᠳᠠᠭ᠎ᠠ ᠳᠠᠷᠢᠭᠰᠠᠨ ᠲᠣᠮᠣ ᠡᠷᠦᠬᠡ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠶ᠂ ᠲᠠᠷᠢᠶᠠᠴᠢᠳ᠎ᠤᠨ ᠬᠣᠷᠰᠢᠶ᠎ᠠ᠂ ᠲᠠᠷᠢᠶᠠᠯᠠᠩ᠎ᠤᠨ ᠠᠵᠤ ᠠᠬᠤᠢ᠌ᠯᠠᠯ ᠵᠡᠷᠭᠡ ᠰᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ ᠵᠢᠨ ᠪᠡᠶᠡᠴᠢ ᠴᠣᠭᠴᠠ ᠵᠢᠴᠢ ᠠᠮᠤ ᠪᠤᠳᠠᠭ᠎ᠠ ᠳᠠᠷᠢᠵᠤ ᠬᠤᠷᠢᠶᠠᠬᠤ ᠪᠥᠬᠥ ᠶᠠᠪᠤᠴᠠ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠥᠷᠨᠢᠭᠦᠯᠵᠦ ᠪᠠᠢ᠌ᠭ᠎ᠠ ᠬᠤᠪᠢ ᠬᠥᠮᠥᠨ ᠪᠠ ᠵᠣᠬᠢᠶᠠᠨ ᠪᠠᠢ᠌ᠭᠤᠯᠤᠯᠲᠠ ᠪᠠᠭᠲᠠᠨ᠎ᠠ᠂ ᠨᠥᠬᠥᠪᠦᠷᠢ ᠮᠥᠩᠭᠥ ᠵᠢ ᠪᠣᠳᠠᠲᠠᠢ ᠠᠮᠤ ᠪᠤᠳᠠᠭ᠎ᠠ ᠳᠠᠷᠢᠭᠰᠠᠨ ᠦᠢ᠍ᠯᠡᠳᠪᠦᠷᠢᠯᠡᠭᠴᠢ ᠵᠢᠨ ᠭᠠᠷ᠎ᠲᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃ ᠡᠯ᠎ᠡ ᠭᠠᠵᠠᠷ ᠣᠷᠣᠨ᠎ᠨᠤᠭᠤᠳ ᠬᠣᠯᠪᠣᠭᠳᠠᠯ ᠪᠦᠬᠦᠢ ᠪᠠᠢ᠌ᠳᠠᠯ᠎ᠲᠠᠢ᠎ᠪᠠᠨ ᠤᠶᠠᠯᠳᠤᠭᠤᠯᠤᠨ ᠨᠥᠬᠥᠪᠦᠷᠢ ᠵᠢᠨ ᠪᠠᠷᠢᠮᠵᠢᠶ᠎ᠠ ᠵᠢ ᠶᠡᠷᠦᠩᠬᠡᠢ᠌ᠯᠡᠨ ᠲᠣᠭᠲᠠᠭ᠋ᠠᠵᠤ᠂ ᠣᠳᠣᠬᠢᠴᠢᠯᠠᠭᠰᠠᠨ ᠮᠡᠳᠡᠭᠡ ᠵᠠᠩᠭᠢ ᠵᠢᠨ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠬᠡᠷᠡᠭᠯᠡᠨ᠂ 《ᠨᠢᠭᠡ ᠺᠠᠷᠲ ᠵᠶ᠋ᠠᠷ (ᠨᠤᠭᠤᠯᠤᠨ ᠪᠤᠳᠤᠬᠤ) ᠨᠡᠪᠲᠡᠷᠡᠭᠦᠯᠬᠦ》 ᠵᠡᠷᠭᠡ ᠠᠷᠭ᠎ᠠ ᠮᠠᠶᠢᠭ᠎ᠢ ᠦᠷᠭᠦᠯᠵᠢᠯᠡᠨ ᠠᠪᠴᠤ᠂ ᠨᠥᠬᠥᠪᠦᠷᠢ ᠵᠢᠨ ᠪᠡᠯᠡ ᠮᠥᠩᠭᠥ ᠵᠢ ᠴᠠᠭ ᠲᠤᠬᠠᠢᠳᠤᠨᠢ ᠭᠦᠢ᠍ᠴᠡᠳ ᠲᠣᠭ᠎ᠠ᠎ᠪᠠᠷ ᠣᠯᠭᠣᠬᠤ ᠵᠢ ᠪᠣᠳᠠᠲᠠᠢ᠌ᠵᠢᠭᠤᠯᠤᠨ᠎ᠠ᠃