ᠲᠥᠪᠤᠨ ᠬᠥᠳᠡᠭᠡ ᠲᠣᠰᠬᠣᠨᠤ ᠠᠵᠢᠯᠤᠨ ᠤᠳᠤᠷᠢᠳᠬᠤ ᠳᠤᠭᠤᠢ᠌ᠯᠠᠩᠤᠨ ᠠᠯᠪᠠᠨ ᠭᠡᠷᠤᠨ ᠵᠣᠬᠢᠶᠠᠨ ᠪᠠᠢ᠌ᠭᠤᠯᠵᠤ ᠨᠠᠢ᠌ᠷᠠᠭᠤᠯᠤᠭᠰᠠᠨ 《ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨᠤ ᠠᠵᠢᠯᠤᠨ ᠲᠤᠬᠠᠢ ᠰᠢ ᠵᠢᠨ ᠫᠢᠩ ᠮᠤᠵᠢ ᠵᠢᠨ ᠴᠢᠬᠤᠯᠠ ᠥᠭᠦᠯᠡᠯᠲᠡ ᠵᠢ ᠰᠤᠷᠤᠯᠴᠠᠬᠤ ᠤᠩᠰᠢᠬᠤ ᠪᠢᠴᠢᠭ》 (ᠳᠣᠷᠣᠭᠰᠢ 《ᠤᠩᠰᠢᠬᠤ ᠪᠢᠴᠢᠭ》 ᠭᠡᠵᠦ ᠲᠣᠪᠴᠢᠯᠠᠨ᠎ᠠ) ᠭᠡᠬᠦ ᠨᠣᠮ ᠢ ᠣᠷᠴᠢᠮᠬᠠᠨᠳᠤ ᠠᠷᠠᠳᠤᠨ ᠬᠡᠪᠯᠡᠯᠤᠨ ᠬᠣᠷᠢᠶ᠎ᠠ᠂ ᠳᠤᠮᠳᠠᠳᠤ ᠤᠯᠤᠰᠤᠨ ᠲᠠᠷᠢᠶᠠᠯᠠᠩᠤᠨ ᠬᠡᠪᠯᠡᠯᠤᠨ ᠬᠣᠷᠢᠶ᠎ᠠ ᠠᠴᠠ ᠬᠡᠪᠯᠡᠭᠦᠯᠵᠦ᠂ ᠪᠦᠬᠦ ᠤᠯᠤᠰᠲᠤ ᠲᠠᠷᠬᠠᠭ᠋ᠠᠪᠠ᠃
ᠨᠠᠮᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯᠠᠴᠠ ᠨᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮᠤᠨ ᠲᠥᠪ ᠬᠣᠷᠢᠶ᠎ᠠ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ ᠠᠰᠠᠭᠤᠳᠠᠯᠢ ᠰᠠᠢ᠌ᠲᠤᠷ ᠰᠢᠢ᠍ᠳᠪᠦᠷᠢᠯᠡᠬᠦ ᠵᠢ ᠪᠦᠬᠦ ᠨᠠᠮᠤᠨ ᠠᠵᠢᠯᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠲᠠᠷᠢᠶᠠᠯᠠᠩᠢ ᠴᠢᠬᠤᠯᠠᠴᠢᠯᠠᠨ ᠲᠠᠷᠢᠶᠠᠯᠠᠩᠢ ᠬᠦᠴᠦᠷᠬᠡᠭᠵᠢᠭᠦᠯᠬᠦ ᠠᠵᠢᠯᠢ ᠦᠷᠭᠦᠯᠵᠢᠯᠡᠨ ᠴᠤᠤᠷᠢᠶᠠᠲᠤᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠣᠨᠳᠤ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠠᠬᠢᠭᠤᠯᠪᠠ᠃ ᠶᠡᠷᠦᠩᠬᠡᠢ ᠱᠦᠵᠢ ᠰᠢ ᠵᠢᠨ ᠫᠢᠩ ᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤᠨ ᠣᠨᠴᠠᠯᠢᠭᠲᠠᠢ ᠨᠡᠢ᠌ᠭᠡᠮ ᠵᠢᠷᠤᠮ ᠤᠨ ᠦᠵᠡᠯ ᠰᠠᠨᠠᠭ᠋ᠠᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠰᠢᠨ᠎ᠡ ᠴᠠᠭ ᠦᠶ᠎ᠡ ᠵᠢᠨ ᠰᠢᠨ᠎ᠡ ᠠᠶᠠᠨ ᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ ᠠᠵᠢᠯ ᠢ ᠰᠠᠢ᠌ᠲᠤᠷ ᠬᠢᠬᠦ ᠠᠵᠢᠯᠯᠠᠭ᠋ᠠᠨ ᠤ ᠵᠦᠭᠯᠡᠭᠦᠷ ᠪᠠ ᠦᠨᠳᠦᠰᠦᠨ ᠵᠢᠷᠤᠮᠯᠠᠯ ᠮᠥᠨ᠃ 《ᠤᠩᠰᠢᠬᠤ ᠪᠢᠴᠢᠭ》ᠨᠢ ᠨᠡᠶ᠋ᠢᠲᠡ 16 ᠲᠤᠰᠬᠠᠢ ᠰᠡᠳᠦᠪ ᠬᠤᠪᠢᠶᠠᠵᠤ᠂ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨᠤ ᠠᠵᠢᠯᠤᠨ ᠲᠡᠦᠬᠡᠨ ᠣᠷᠣᠨ ᠪᠠᠢ᠌ᠷᠢ ᠪᠠ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠂ ᠬᠥᠭᠵᠢᠯᠲᠡ ᠵᠢᠨ ᠬᠠᠷᠠᠯᠲᠠ ᠪᠠ ᠭᠣᠣᠯᠳᠠᠯᠭᠠᠲᠠᠢ ᠡᠭᠦᠷᠭᠡ᠂ ᠳᠦᠷᠢᠮᠤᠨ ᠪᠣᠷᠣ ᠲᠥᠯᠥᠪ ᠪᠠ ᠲᠥᠷᠥ ᠵᠢᠨ ᠪᠣᠳᠣᠯᠭ᠎ᠠ ᠵᠢᠨ ᠰᠢᠰᠲ᠋ᠧᠮ ᠵᠡᠷᠭᠡ ᠲᠠᠯ᠎ᠠ᠎ᠠᠴᠠ ᠰᠢ ᠵᠢᠨ ᠫᠢᠩ ᠶᠡᠷᠦᠩᠬᠡᠢ ᠱᠦᠵᠢ ᠵᠢᠨ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨᠤ ᠠᠵᠢᠯᠤᠨ ᠲᠤᠬᠠᠢ ᠴᠢᠬᠤᠯᠠ ᠥᠭᠦᠯᠡᠯᠲᠡ ᠵᠢᠨ ᠭᠣᠣᠯ ᠠᠭᠤᠯᠭ᠎ᠠ᠂ ᠵᠣᠷᠢᠭ ᠰᠠᠨᠠᠭ᠋ᠠᠨᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢᠨ ᠲᠤᠬᠠᠢ ᠲᠣᠳᠣᠷᠬᠠᠢ᠌ᠯᠠᠨ ᠲᠠᠢ᠌ᠯᠪᠤᠷᠢᠯᠠᠭᠰᠠᠨ ᠪᠠᠢ᠌ᠨ᠎ᠠ᠃
《ᠤᠩᠰᠢᠬᠤ ᠪᠢᠴᠢᠭ》 ᠢ ᠬᠡᠪᠯᠡᠭᠰᠡᠨᠨᠢ ᠥᠷᠭᠡᠨ ᠤᠯᠠᠨ ᠺᠠᠳ᠋ᠷ ᠤᠯᠠᠨ ᠲᠦᠮᠡᠨᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ ᠠᠵᠢᠯᠤᠨ ᠲᠤᠬᠠᠢ ᠰᠢ ᠵᠢᠨ ᠫᠢᠩᠤᠨ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠵᠢ ᠪᠦᠬᠦ ᠲᠠᠯᠠᠪᠠᠷ᠂ ᠭᠦᠨᠵᠡᠭᠡᠢ᠂ ᠰᠢᠰᠲᠸᠮᠲᠠᠢ ᠰᠤᠷᠤᠯᠴᠠᠵᠤ᠂ ᠪᠦᠬᠦ ᠨᠠᠮ ᠪᠦᠬᠦ ᠨᠡᠢ᠌ᠭᠡᠮᠤᠨ ᠬᠦᠴᠦᠨᠢ ᠨᠢᠭᠲᠠᠷᠠᠭᠤᠯᠵᠤ᠂ ᠬᠥᠳᠡᠭᠡ ᠲᠣᠰᠬᠣᠨᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯᠠᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠣᠨᠤ ᠣᠳᠣᠬᠢᠴᠢᠯᠠᠯᠲᠠ ᠵᠢᠨ ᠠᠯᠬᠤᠴᠠ ᠵᠢ ᠲᠦᠷᠭᠡᠳᠬᠡᠵᠦ᠂ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰᠢ ᠲᠦᠷᠭᠡᠨ ᠪᠠᠶ᠋ᠢᠭᠤᠯᠬᠤ ᠵᠢᠨ ᠲᠥᠯᠥᠭᠡ ᠴᠢᠷᠮᠠᠢ᠌ᠨ ᠲᠡᠮᠡᠴᠡᠬᠦᠳᠤ ᠠᠰᠢᠭᠲᠠᠢ ᠶᠤᠮ᠃