ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
《ᠨᠤᠲᠤᠭ᠎ᠤᠨ ᠣᠨᠴᠠ ᠭᠠᠷᠤᠯᠲᠠ》 ᠵᠢᠨ ᠲᠣᠭᠣᠷᠢᠨ᠎ᠳᠤ ᠬᠦᠴᠦᠯᠡᠶ᠎ᠡ! ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠳᠤ ᠡᠳᠡᠭᠡᠷ ᠵᠦᠢ᠍ᠯ᠎ᠢ ᠴᠢᠩᠭ᠋ᠠᠳᠬᠠᠵᠠᠢ
ᠨᠡᠶ᠋ᠢᠲᠡᠯᠡᠭᠰᠡᠨ ᠴᠠᠭ᠄ 2023-04-20

      4 ᠰᠠᠷ᠎ᠠ ᠵᠢᠨ 12᠎ᠤᠨ ᠦᠳᠡ ᠵᠢᠨ ᠬᠣᠢ᠌ᠨ᠎ᠠ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠰᠠᠢ᠌ᠳ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠸᠠᠩ ᠸᠥ᠋ᠨ ᠲᠤᠤ ᠶᠠᠮᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠰᠤᠷᠤᠯᠴᠠᠨ ᠲᠤᠤᠱᠯᠠᠭᠤᠯᠵᠤ᠂ 2023 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠨ᠂ ᠡᠮᠦᠨᠡᠬᠢ ᠨᠢᠭᠡ ᠱᠠᠲᠤᠨ᠎ᠤ ᠠᠵᠢᠯ᠎ᠤᠨ ᠪᠠᠢ᠌ᠳᠠᠯ ᠵᠶ᠋ᠠᠨ ᠳ᠋ᠦᠩᠨᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠭᠣᠣᠯᠳᠠᠯᠭ᠎ᠠ᠎ᠲᠠᠢ ᠠᠵᠢᠯ ᠪᠠ ᠴᠡᠭ ᠲᠣᠭᠲᠠᠭ᠋ᠠᠨ ᠬᠠᠪᠰᠤᠷᠤᠨ ᠲᠡᠳᠬᠦᠬᠦ ᠠᠵᠢᠯ᠎ᠤᠨ ᠲᠥᠯᠥᠪᠯᠡᠭᠡ ᠵᠢ ᠰᠤᠳᠤᠯᠵᠤ᠂ ᠲᠠᠷᠠᠭ᠋ᠠᠴᠢ ᠵᠢᠨ ᠠᠯᠬᠤᠮ᠎ᠤᠨ ᠠᠵᠢᠯ ᠵᠶ᠋ᠠᠨ ᠪᠠᠢ᠌ᠷᠢᠯᠠᠭᠤᠯᠤᠨ᠎ᠠ᠃

      ᠬᠤᠷᠠᠯ᠎ᠠᠴᠠ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠢ ᠵᠢᠨ ᠫᠢᠩ ᠎ᠤ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠨᠠᠮ ᠪᠣᠯᠣᠨ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠪᠦᠬᠦ ᠲᠠᠯ᠎ᠠ᠎ᠳᠤ ᠦᠢ᠍ᠯᠡᠴᠢᠯᠡᠬᠦ᠎ᠠᠴᠠ ᠡᠭᠦᠰᠴᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠳᠣᠲᠣᠭ᠋ᠠᠳᠤ ᠭᠠᠳᠠᠭ᠋ᠠᠳᠤ ᠵᠢ ᠬᠣᠯᠪᠣᠬᠤ᠂ ᠬᠤᠳᠠ ᠬᠥᠳᠡᠭᠡ ᠵᠢ ᠨᠡᠪᠲᠡᠷᠡᠭᠦᠯᠬᠦ᠂ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ ᠬᠤᠳᠠᠯᠳᠤᠭ᠋ᠠᠨ᠎ᠤ ᠶᠠᠪᠤᠳᠠᠯ᠎ᠤᠨ ᠳᠠᠪᠠᠭᠤᠯᠢᠭ᠎ᠢ ᠦᠷᠭᠦᠯᠵᠢᠯᠡᠨ ᠪᠠᠳᠠᠷᠠᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ ᠠᠵᠢᠯ᠎ᠤᠨ ᠪᠣᠳᠠᠲᠠᠢ᠎ᠳᠤ ᠨᠠᠢ᠌ᠳᠠᠪᠤᠷᠢᠵᠢᠭᠤᠯᠤᠭᠳᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

      ᠬᠤᠷᠠᠯ᠎ᠠᠴᠠ᠂ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠡᠨᠡᠬᠦ ᠴᠢᠬᠤᠯᠠ᠎ᠠᠴᠠ ᠴᠢᠬᠤᠯᠠ ᠵᠦᠢ᠍ᠯ᠎ᠢ ᠪᠠᠲᠤ ᠡᠵᠡᠮᠳᠡᠵᠦ᠂ 《ᠨᠤᠲᠤᠭ᠎ᠤᠨ ᠣᠨᠴᠠ ᠭᠠᠷᠤᠯᠲᠠ》 ᠵᠢᠨ ᠲᠣᠭᠣᠷᠢᠨ᠎ᠳᠤ ᠬᠦᠴᠦ ᠣᠷᠣᠭᠤᠯᠵᠤ᠂ ᠣᠨᠴᠠᠭ᠋ᠠᠢ᠌ᠯᠠᠨ ᠲᠠᠷᠢᠶᠠᠯᠠᠩ᠎ᠤᠨ ᠪᠦᠲᠦᠭᠡᠭᠳᠡᠬᠦᠨ᠎ᠤ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠵᠢ ᠰᠠᠢ᠌ᠲᠤᠷ ᠠᠳᠬᠤᠬᠤ᠂ ᠦᠵᠡᠰᠬᠦᠯᠡᠩ᠎ᠤᠨ ᠲᠠᠪᠴᠠᠩ᠎ᠢ ᠠᠰᠢᠭᠯᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠬᠦ᠂ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠬᠦ ᠵᠡᠷᠭᠡ ᠲᠠᠯ᠎ᠠ᠎ᠪᠠᠷ ᠨᠡᠩ ᠤᠯᠠᠨ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠬᠤᠳᠠᠯᠳᠤᠭ᠋ᠠᠨ᠎ᠤ ᠶᠠᠪᠤᠳᠠᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠣᠨᠴᠠᠯᠢᠭᠲᠤ ᠲᠦᠷᠦᠯ ᠲᠡᠮᠳᠡᠭ᠎ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠢ᠌ᠴᠠᠭ᠋ᠠᠨ ᠰᠤᠳᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠬᠠᠪᠰᠤᠷᠤᠨ ᠲᠡᠳᠬᠦᠬᠦ ᠰᠢᠶᠠᠨ᠎ᠢ ᠦᠷᠭᠦᠯᠵᠢᠯᠡᠨ ᠵᠢᠯᠤᠭᠣᠳᠴᠤ ᠪᠠᠢ᠌ᠭ᠋ᠠᠳ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠢ᠌ᠲᠤᠷ ᠥᠷᠨᠢᠭᠦᠯᠵᠦ᠂ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢ ᠰᠠᠢ᠌ᠲᠤᠷ ᠵᠣᠯᠭ᠋ᠠᠭᠤᠯᠵᠤ᠂ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠬᠦ ᠬᠡᠷᠡᠭᠲᠡᠢ᠃

      ᠬᠤᠷᠠᠯ᠎ᠠᠴᠠ᠂ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠵᠤ᠂ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠬᠤᠳᠠᠯᠳᠤᠭ᠋ᠠᠨ᠎ᠤ ᠶᠠᠪᠤᠳᠠᠯ᠎ᠤᠨ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠢ ᠱᠠᠲᠤᠴᠢ ᠴᠢᠨᠠᠷᠲᠠᠢ ᠡᠮᠬᠢᠯᠡᠬᠦ ᠵᠢ ᠰᠠᠢ᠌ᠲᠤᠷ ᠬᠢᠵᠦ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ᠎ᠢ ᠲᠣᠭᠲᠠᠪᠤᠷᠢᠵᠢᠭᠤᠯᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠯᠳᠦᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠰᠢᠨ᠎ᠡ ᠬᠤᠳᠠᠯᠳᠤᠭ᠋ᠠᠨ᠎ᠤ ᠶᠠᠪᠤᠳᠠᠯ᠎ᠤᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ《ᠲᠦᠮᠡᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ᠎ᠳᠤ ᠦᠢ᠍ᠯᠡᠴᠢᠯᠡᠬᠦ》 ᠠᠵᠢᠯᠯᠠᠭ᠎ᠠ ᠵᠢ ᠡᠬᠢᠯᠡᠭᠦᠯᠬᠦ ᠵᠢᠴᠢ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠪᠣᠯᠪᠠᠰᠤᠷᠠᠯ᠎ᠤᠨ ᠬᠤᠷᠠᠯ ᠣᠷᠳᠣᠰ ᠬᠤᠳᠠ ᠵᠢᠨ ᠬᠠᠩᠭᠢᠨ ᠬᠣᠰᠢᠭᠤᠨ᠎ᠳᠤ ᠶᠠᠪᠤᠭᠳᠠᠪᠠ
ᠱ᠌ᠢ᠎ᠲᠠᠢ ᠹᠧᠩ ᠭᠦᠢ᠍ᠵᠧᠦ ᠵᠢᠨ ᠪᠠᠢ᠌ᠴᠠᠭ᠋ᠠᠨ ᠰᠤᠳᠤᠯᠤᠯᠲᠠ᠄ ᠨᠢᠭᠡᠳᠦᠮᠡᠯ ᠹᠷᠣᠨᠲ᠎ᠤᠨ ᠠᠵᠢᠯ᠎ᠤᠨ ᠪᠠᠢ᠌ᠷᠢᠰᠢᠯ᠎ᠢ ᠲᠡᠭᠦᠯᠳᠡᠷᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦᠨ ᠨᠡᠮᠡᠷᠢᠯᠡᠨ᠎ᠡ
ᠥᠪᠥᠷ ᠮᠣᠩᠭᠣᠯ ᠠᠮᠤ ᠪᠤᠳᠠᠭ᠎ᠠ ᠳᠠᠷᠢᠬᠤ ᠨᠥᠬᠥᠪᠦᠷᠢ ᠵᠢᠨ ᠪᠡᠯᠡ ᠮᠥᠩᠭᠥ ᠵᠢ 5.7 ᠳ᠋ᠦᠩᠰᠢᠭᠤᠷ ᠲᠥᠭᠥᠷᠢᠭ ᠪᠠᠭᠤᠯᠭ᠋ᠠᠪᠠ
ᠣᠢ᠌ᠷ᠎ᠠ ᠵᠢᠨ 3 ᠵᠢᠯ᠎ᠤᠨ ᠮᠡᠷᠭᠡᠵᠢᠯ᠎ᠤᠨ ᠦᠷ᠎ᠡ ᠪᠦᠲᠦᠭᠡᠯ᠎ᠤᠨ ᠲᠣᠭ᠎ᠠ ᠬᠡᠮᠵᠢᠶ᠎ᠡ ᠪᠠ ᠠᠷᠠᠯᠵᠢᠶᠠᠯᠠᠭᠰᠠᠨ ᠵᠣᠭᠣᠰ᠎ᠤᠨ ᠲᠣᠭ᠎ᠠ᠎ᠨᠢ ᠭᠠᠳᠠᠨ᠎ᠠ᠎ᠠᠴᠠ ᠣᠷᠣᠭᠤᠯᠵᠤ ᠢᠷᠡᠭᠰᠡᠨ ᠮᠡᠷᠭᠡᠵᠢᠯ᠎ᠤᠨ ᠠᠷᠠᠯᠵᠢᠶᠠᠨ᠎ᠤ ᠲᠡᠷᠢᠭᠦᠨ᠎ᠳᠤ ᠣᠷᠣᠪᠠ ᠪᠡᠭᠡᠵᠢᠩ ᠥᠪᠥᠷ ᠮᠣᠩᠭᠣᠯ᠎ᠤᠨ᠎ᠬᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ 294 ᠲᠥᠷᠥᠯ ᠵᠦᠢ᠍ᠯ᠎ᠳᠤ ᠬᠠᠮᠲᠤᠷᠠᠯᠴᠠᠵᠤ 298 ᠵᠦᠢ᠍ᠯ᠎ᠤᠨ ᠮᠡᠷᠭᠡᠵᠢᠯ᠎ᠢ ᠣᠷᠣᠭᠤᠯᠤᠨ ᠠᠪᠴᠢᠷᠠᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠣᠳᠠᠲᠤ ᠪᠠᠢ᠌ᠳᠠᠯ᠎ᠢ ᠣᠢ᠌ᠯᠠᠭ᠋ᠠᠨ ᠰᠠᠢ᠌ᠨ ᠠᠷᠭ᠎ᠠ ᠪᠣᠳᠣᠯᠭ᠎ᠠ ᠰᠦᠪᠡᠭᠴᠢᠯᠡᠵᠦ ᠰᠤᠷᠤᠯᠴᠠᠯᠭ᠎ᠠ᠎ᠪᠠᠷ ᠠᠵᠢᠯ᠎ᠢ ᠠᠬᠢᠭᠤᠯᠤᠨ ᠪᠣᠳᠠᠲᠤ ᠪᠦᠲᠦᠮᠵᠢ ᠭᠠᠷᠭ᠋ᠠᠵᠤ ᠪᠠᠢ᠌ᠨ᠎ᠠ
 
            