ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠱ᠌ᠢ᠎ᠲᠠᠢ ᠹᠧᠩ ᠭᠦᠢ᠍ᠵᠧᠦ ᠵᠢᠨ ᠪᠠᠢ᠌ᠴᠠᠭ᠋ᠠᠨ ᠰᠤᠳᠤᠯᠤᠯᠲᠠ᠄ ᠨᠢᠭᠡᠳᠦᠮᠡᠯ ᠹᠷᠣᠨᠲ᠎ᠤᠨ ᠠᠵᠢᠯ᠎ᠤᠨ ᠪᠠᠢ᠌ᠷᠢᠰᠢᠯ᠎ᠢ ᠲᠡᠭᠦᠯᠳᠡᠷᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦᠨ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2023-04-21

      4 ᠰᠠᠷ᠎ᠠ ᠵᠢᠨ 17᠎ᠠᠴᠠ 19᠎ᠤ ᠡᠳᠦᠷ ᠪᠣᠯᠲᠠᠯ᠎ᠠ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠱ᠌ᠢ᠎ᠲᠠᠢ ᠹᠥ᠋ᠩ ᠭᠦᠢ᠍ᠵᠧᠦ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ᠂ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠲᠦᠷᠪᠡᠨ ᠤᠬᠠᠮᠰᠠᠷ》 ᠎ᠢ ᠴᠢᠩᠭ᠋ᠠᠳᠬᠠᠵᠤ᠂ 《ᠲᠦᠷᠪᠡᠨ ᠢᠲᠡᠭᠡᠯ》 ᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠨᠠᠭᠰᠢᠳᠠ ᠴᠢᠩᠭ᠋ᠠᠳᠬᠠᠵᠤ᠂ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢ᠌ᠷᠢᠰᠢᠯ᠎ᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ᠎ᠤᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦ ᠨᠡᠮᠡᠷᠢᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠨᠢᠭᠡᠳᠦᠮᠡᠯ ᠹᠷᠣᠨᠲ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃

      ᠪᠠᠢ᠌ᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠤ᠂ ᠱ᠌ᠢ᠎ᠲᠠᠢ ᠹᠧᠩ ᠪᠢᠵᠢᠢᠸ᠋ ᠬᠤᠳᠠ ᠵᠢᠨ ᠡᡁᠸ᠋ ᠵᠠᠩ ᠰᠢᠶᠠᠨ᠂ ᠳ᠋ᠠ ᠹᠠᠩ ᠰᠢᠶᠠᠨ᠂ ᠴᠢ ᠰᠢᠩ ᠭᠤᠸᠠᠨ ᠲᠣᠭᠣᠷᠢᠭ᠂ ᠨᠠ ᠶᠦᠩ ᠰᠢᠶᠠᠨ᠎ᠳᠤ ᠬᠦᠷᠴᠦ᠂ ᠲᠣᠰᠬᠣᠨ ᠪᠠᠯᠭ᠋ᠠᠰᠤ᠂ ᠨᠡᠢ᠌ᠭᠡᠮ ᠲᠣᠭᠣᠷᠢᠭ᠂ ᠲᠠᠷᠢᠶᠠᠯᠠᠩ᠎ᠤᠨ ᠰᠠᠭᠤᠷᠢᠨ ᠵᠶ᠋ᠠᠷ ᠬᠦᠷᠴᠦ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠪᠠᠢ᠌ᠳᠠᠯ᠎ᠢ ᠣᠢ᠌ᠯᠠᠭ᠋ᠠᠪᠠ; ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ᠂ ᠬᠦᠷᠢᠶᠡᠯᠡᠩ ᠲᠣᠭᠣᠷᠢᠭ ᠵᠡᠷᠭᠡ᠎ᠳᠤ ᠭᠦᠨᠵᠡᠭᠡᠢ᠌ᠷᠡᠨ᠂ ᠬᠠᠪᠰᠤᠷᠤᠨ ᠲᠡᠳᠬᠦᠬᠦ ᠵᠦᠢ᠍ᠯᠡᠰ᠎ᠢ ᠪᠠᠢ᠌ᠴᠠᠭ᠋ᠠᠨ ᠦᠵᠡᠬᠦ ᠵᠢᠨ ᠬᠠᠮᠲᠤ ᠮᠤᠵᠢ᠂ ᠬᠣᠲᠠ᠂ ᠰᠢᠶᠠᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠎ᠲᠠᠢ ᠶᠠᠷᠢᠯᠴᠠᠵᠤ᠂ ᠰᠠᠨᠠᠯ ᠰᠠᠨᠠᠭᠤᠯᠭ᠎ᠠ ᠵᠢ᠎ᠨᠢ ᠰᠣᠨᠣᠰᠪᠠ᠃

      ᠱ᠌ᠢ᠎ᠲᠠᠢ ᠹᠧᠩ᠂ ᠨᠢᠭᠡᠳᠦᠮᠡᠯ ᠹᠷᠣᠨᠲ ᠪᠣᠯ ᠬᠥᠮᠥᠰ᠎ᠤᠨ ᠰᠡᠳᠬᠢᠯ᠎ᠢ ᠨᠢᠭᠲᠠᠷᠠᠭᠤᠯᠵᠤ᠂ ᠬᠦᠴᠦᠨ ᠴᠢᠳᠠᠯ᠎ᠢ ᠨᠢᠭᠲᠠᠷᠠᠭᠤᠯᠬᠤ ᠬᠦᠴᠦᠷᠬᠡᠭ ᠶᠡᠬᠡ ᠡᠷᠳᠡᠨᠢ ᠮᠥᠨ᠂ ᠰᠢᠨ᠎ᠡ ᠴᠠᠭ ᠦᠶ᠎ᠡ ᠰᠢᠨ᠎ᠡ ᠠᠶᠠᠨ᠎ᠤ ᠬᠠᠷᠠᠯᠲᠠ ᠬᠡᠳᠦᠢ ᠠᠤᠭ᠎ᠠ ᠶᠡᠬᠡ ᠪᠣᠯᠬᠤ ᠲᠤᠳᠤᠮ᠂ ᠪᠠᠢ᠌ᠳᠠᠯ ᠬᠡᠳᠦᠢ ᠪᠤᠳᠤᠯᠢᠶᠠᠨᠲᠠᠢ᠂ ᠡᠭᠦᠷᠭᠡ ᠬᠡᠳᠦᠢ ᠬᠠᠲᠠᠭᠤ ᠪᠡᠷᠬᠡ ᠪᠣᠯᠬᠤ ᠲᠤᠳᠤᠮ᠂ ᠡᠯ᠎ᠡ ᠲᠠᠯ᠎ᠠ ᠵᠢᠨ᠎ᠬᠢᠨ᠎ᠤ ᠤᠶᠤᠨ ᠤᠬᠠᠭ᠋ᠠᠨ ᠪᠠ ᠬᠦᠴᠦᠨ ᠴᠢᠳᠠᠯ᠎ᠢ ᠤᠯᠠᠮ ᠨᠢᠭᠲᠠᠷᠠᠭᠤᠯᠵᠤ᠂ ᠬᠠᠮᠤᠭ᠎ᠤᠨ ᠥᠷᠭᠡᠨ ᠳᠡᠯᠭᠡᠷ ᠤᠯᠤᠰ ᠵᠶ᠋ᠠᠨ ᠬᠠᠢ᠌ᠷᠠᠯᠠᠬᠤ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭᠵᠢᠭᠦᠯᠬᠦ ᠴᠢᠬᠤᠯᠠᠲᠠᠢ ᠶᠤᠮ ᠭᠡᠵᠦ ᠵᠢᠭ᠋ᠠᠵᠤ ᠭᠠᠷᠭ᠋ᠠᠪᠠ᠃ ᠨᠢᠭᠡᠳᠦᠮᠡᠯ ᠹᠷᠣᠨᠲ᠎ᠤᠨ ᠠᠵᠢᠯ᠎ᠤᠨ ᠪᠠᠢ᠌ᠷᠢᠰᠢᠯ᠎ᠢ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ᠎ᠤᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠬᠤ ᠪᠣᠯ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠂ ᠨᠢᠭᠡᠳᠦᠮᠡᠯ ᠹᠷᠣᠨᠲ᠎ᠤᠨ ᠳᠠᠪᠠᠭᠤᠯᠢᠭ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠂ ᠨᠢᠭᠡᠳᠦᠮᠡᠯ ᠹᠷᠣᠨᠲ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠰᠢ ᠵᠢᠨ ᠫᠢᠩ ᠶᠡᠷᠦᠩᠬᠡᠢ ᠱᠦᠵᠢ ᠵᠢᠨ ᠰᠢᠨ᠎ᠡ ᠴᠠᠭ ᠦᠶ᠎ᠡ ᠵᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢ᠌ᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠢᠭᠡᠳᠦᠮᠡᠯ ᠹᠷᠣᠨᠲ᠎ᠤᠨ ᠠᠵᠢᠯ᠎ᠤᠨ ᠪᠠᠢ᠌ᠷᠢᠰᠢᠯ᠎ᠢ ᠲᠡᠭᠦᠯᠳᠡᠷᠵᠢᠭᠦᠯᠬᠦ ᠵᠢ ᠠᠬᠢᠭᠤᠯᠵᠤ᠂ ᠨᠢᠭᠡᠳᠦᠮᠡᠯ ᠹᠷᠣᠨᠲ᠎ᠤᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠢ᠌ᠯᠠᠩ)ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠣᠯᠪᠣᠭᠳᠠᠯ ᠪᠦᠬᠦᠢ ᠴᠢᠬᠤᠯᠠ ᠶᠡᠬᠡ ᠠᠰᠠᠭᠤᠳᠠᠯ᠎ᠤᠨ ᠲᠤᠬᠠᠢ ᠰᠤᠳᠤᠯᠭ᠋ᠠᠨ᠎ᠢ ᠴᠢᠩᠭ᠋ᠠᠳᠬᠠᠵᠤ᠂ ᠨᠢᠭᠡᠳᠦᠮᠡᠯ ᠹᠷᠣᠨᠲ᠎ᠤᠨ ᠠᠵᠢᠯ᠎ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠦᠨᠡᠨᠬᠦ ᠴᠢᠩᠭ᠋ᠠᠳᠬᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠦᠴᠦ᠎ᠪᠠᠨ ᠬᠠᠮᠲᠤᠳᠬᠠᠬᠤ ᠰᠠᠢ᠌ᠨ ᠰᠠᠢ᠌ᠬᠠᠨ ᠪᠠᠢ᠌ᠳᠠᠯ᠎ᠢ ᠪᠤᠢ ᠪᠣᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠪᠠᠷ ᠬᠠᠮᠲᠤᠪᠠᠷ ᠴᠢᠷᠮᠠᠢ᠌ᠨ᠎ᠠ᠃

      ᠱ᠌ᠢ᠎ᠲᠠᠢ ᠹᠧᠩ ᠴᠢᠬᠤᠯᠠᠴᠢᠯᠠᠬᠤ᠎ᠳᠠᠭᠠᠨ᠂ ᠰᠢ ᠵᠢᠨ ᠫᠢᠩ ᠶᠡᠷᠦᠩᠬᠡᠢ ᠱᠦᠵᠢ ᠵᠢᠨ ᠭᠦᠢ᠍ᠵᠧᠦ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠪᠢᠵᠢᠢᠸ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠢᠭᠡᠳᠦᠮᠡᠯ ᠹᠷᠣᠨᠲ᠎ᠤᠨ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭ᠋ᠠᠨ ᠲᠥᠪᠯᠡᠷᠡᠭᠰᠡᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠨᠢᠭᠡᠳᠦᠮᠡᠯ ᠹᠷᠣᠨᠲ᠎ᠤᠨ ᠳᠠᠷᠤᠭ᠎ᠠ ᠪᠣᠯᠣᠨ ᠪᠢᠵᠢᠢᠸ ᠲᠤᠷᠰᠢᠯᠲᠠ ᠵᠢᠨ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠱᠠᠭ᠋ᠠᠷᠳᠠᠭᠳᠠᠬᠤ ᠤᠶᠠᠯᠳᠤᠯ᠎ᠤᠨ ᠴᠡᠭ᠎ᠢ ᠣᠨᠣᠪᠴᠢᠲᠠᠢ ᠡᠷᠢᠨ ᠣᠯᠵᠤ᠂ ᠬᠥᠳᠡᠭᠡ ᠲᠣᠰᠬᠣᠨ᠎ᠤ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠥᠷᠭᠡᠳᠬᠡᠵᠦ᠂ ᠰᠤᠷᠭ᠋ᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠲᠠᠯ᠎ᠠ ᠵᠢᠨ ᠬᠠᠪᠰᠤᠷᠤᠨ ᠲᠡᠳᠬᠦᠬᠦ ᠡᠷᠴᠢᠮ᠎ᠢ ᠴᠢᠩᠭ᠋ᠠᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠶᠠᠪᠤᠳᠠᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠤᠨ᠎ᠠ᠃ 《ᠥᠩᠭᠡ ᠬᠡᠷᠡᠯᠳᠦ ᠠᠶᠠᠯᠠᠯ》᠂ 《ᠲᠦᠮᠡᠨ ᠠᠵᠤ ᠠᠬᠤᠢ᠌ᠯᠠᠯ ᠲᠦᠮᠡᠨ ᠲᠣᠰᠬᠣᠨ ᠵᠶ᠋ᠠᠨ ᠮᠠᠨᠳᠤᠭᠤᠯᠬᠤ》 ᠵᠡᠷᠭᠡ ᠲᠦᠷᠦᠯ ᠲᠡᠮᠳᠡᠭ᠎ᠢ ᠰᠠᠢ᠌ᠲᠤᠷ ᠠᠰᠢᠭᠯᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠨᠡᠢ᠌ᠭᠡᠮ᠎ᠤᠨ ᠬᠠᠷᠢᠭᠤᠴᠠᠯᠭ᠎ᠠ ᠵᠢ ᠢᠳᠡᠪᠬᠢᠲᠡᠢ ᠭᠦᠢ᠍ᠴᠡᠳᠬᠡᠵᠦ᠂ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠲᠤ ᠣᠷᠣᠯᠴᠠᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠢ᠍ᠯᠡᠰ ᠪᠣᠰᠬᠠᠬᠤ ᠪᠠ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠠᠮᠤ ᠪᠤᠳᠠᠭ᠎ᠠ ᠳᠠᠷᠢᠬᠤ ᠨᠥᠬᠥᠪᠦᠷᠢ ᠵᠢᠨ ᠪᠡᠯᠡ ᠮᠥᠩᠭᠥ ᠵᠢ 5.7 ᠳ᠋ᠦᠩᠰᠢᠭᠤᠷ ᠲᠥᠭᠥᠷᠢᠭ ᠪᠠᠭᠤᠯᠭ᠋ᠠᠪᠠ
ᠣᠢ᠌ᠷ᠎ᠠ ᠵᠢᠨ 3 ᠵᠢᠯ᠎ᠤᠨ ᠮᠡᠷᠭᠡᠵᠢᠯ᠎ᠤᠨ ᠦᠷ᠎ᠡ ᠪᠦᠲᠦᠭᠡᠯ᠎ᠤᠨ ᠲᠣᠭ᠎ᠠ ᠬᠡᠮᠵᠢᠶ᠎ᠡ ᠪᠠ ᠠᠷᠠᠯᠵᠢᠶᠠᠯᠠᠭᠰᠠᠨ ᠵᠣᠭᠣᠰ᠎ᠤᠨ ᠲᠣᠭ᠎ᠠ᠎ᠨᠢ ᠭᠠᠳᠠᠨ᠎ᠠ᠎ᠠᠴᠠ ᠣᠷᠣᠭᠤᠯᠵᠤ ᠢᠷᠡᠭᠰᠡᠨ ᠮᠡᠷᠭᠡᠵᠢᠯ᠎ᠤᠨ ᠠᠷᠠᠯᠵᠢᠶᠠᠨ᠎ᠤ ᠲᠡᠷᠢᠭᠦᠨ᠎ᠳᠤ ᠣᠷᠣᠪᠠ ᠪᠡᠭᠡᠵᠢᠩ ᠥᠪᠥᠷ ᠮᠣᠩᠭᠣᠯ᠎ᠤᠨ᠎ᠬᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ 294 ᠲᠥᠷᠥᠯ ᠵᠦᠢ᠍ᠯ᠎ᠳᠤ ᠬᠠᠮᠲᠤᠷᠠᠯᠴᠠᠵᠤ 298 ᠵᠦᠢ᠍ᠯ᠎ᠤᠨ ᠮᠡᠷᠭᠡᠵᠢᠯ᠎ᠢ ᠣᠷᠣᠭᠤᠯᠤᠨ ᠠᠪᠴᠢᠷᠠᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠣᠳᠠᠲᠤ ᠪᠠᠢ᠌ᠳᠠᠯ᠎ᠢ ᠣᠢ᠌ᠯᠠᠭ᠋ᠠᠨ ᠰᠠᠢ᠌ᠨ ᠠᠷᠭ᠎ᠠ ᠪᠣᠳᠣᠯᠭ᠎ᠠ ᠰᠦᠪᠡᠭᠴᠢᠯᠡᠵᠦ ᠰᠤᠷᠤᠯᠴᠠᠯᠭ᠎ᠠ᠎ᠪᠠᠷ ᠠᠵᠢᠯ᠎ᠢ ᠠᠬᠢᠭᠤᠯᠤᠨ ᠪᠣᠳᠠᠲᠤ ᠪᠦᠲᠦᠮᠵᠢ ᠭᠠᠷᠭ᠋ᠠᠵᠤ ᠪᠠᠢ᠌ᠨ᠎ᠠ
ᠥᠪᠥᠷ ᠮᠣᠩᠭᠣᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠠᠭ᠋ᠠᠷᠠᠮᠠᠭ᠎ᠤᠨ ᠬᠤᠭᠤᠴᠠᠭ᠋ᠠᠨ᠎ᠳᠤ 2399 ᠢᠵᠢ ᠲᠠᠸᠠᠷ᠎ᠤᠨ ᠭᠡᠷ ᠪᠠᠢ᠌ᠰᠢᠩ᠎ᠤᠨ ᠠᠷᠠᠯᠵᠢᠶ᠎ᠠ ᠳᠣᠬᠢᠷᠠᠵᠦ ᠶᠡᠷᠦᠩᠬᠡᠢ ᠵᠣᠭᠣᠰ᠎ᠤᠨ ᠲᠣᠭ᠎ᠠ᠎ᠨᠢ 22.6 ᠳ᠋ᠦᠩᠰᠢᠭᠤᠷ ᠲᠥᠭᠥᠷᠢᠭ᠎ᠲᠤ ᠬᠦᠷᠪᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠣᠯᠠᠨ ᠲᠦᠮᠡᠨ᠎ᠤ ᠬᠠᠯᠠᠮᠵᠢᠯᠠᠵᠤ ᠪᠠᠢ᠌ᠭ᠎ᠠ ᠠᠰᠠᠭᠤᠳᠠᠯ᠎ᠳᠤ ᠲᠥᠪᠯᠡᠷᠡᠭᠦᠯᠵᠦ 《ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ 》 ᠪᠠᠢ᠌ᠭ᠎ᠠ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠪᠤᠢ
 
            