ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠴᠢᠳᠠᠪᠤᠷᠢᠲᠠᠨ᠎ᠤ ᠠᠵᠢᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠨ᠎ᠳᠠᠬᠢ 《ᠲᠦᠮᠡᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ᠎ᠳᠤ ᠦᠢ᠍ᠯᠡᠴᠢᠯᠡᠬᠦ》 ᠠᠵᠢᠯᠯᠠᠭ᠎ᠠ ᠵᠢ ᠭᠦᠨᠵᠡᠭᠡᠢ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ 4 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ 《ᠲᠦᠮᠡᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ᠎ᠳᠤ ᠦᠢ᠍ᠯᠡᠴᠢᠯᠡᠬᠦ》 ᠠᠵᠢᠯᠯᠠᠭ᠎ᠠ ᠵᠢ ᠡᠬᠢᠯᠡᠭᠦᠯᠬᠦ ᠵᠢᠴᠢ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠪᠣᠯᠪᠠᠰᠤᠷᠠᠭᠤᠯᠤᠯ᠎ᠤᠨ ᠬᠤᠷᠠᠯ ᠣᠷᠳᠣᠰ ᠬᠣᠲᠠ ᠵᠢᠨ ᠬᠠᠩᠭᠢᠨ ᠬᠣᠰᠢᠭᠤᠨ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠢᠩᠬᠢᠮ᠎ᠤᠨ ᠳᠠᠷᠤᠭ᠎ᠠ ᠢᠦᠢ ᠸᠧᠢ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠣᠷᠳᠣᠰ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠠᠩᠭᠢᠨ ᠬᠣᠰᠢᠭᠤᠨ᠎ᠤ ᠨᠠᠮ᠎ᠤᠨ ᠬᠣᠷᠢᠶ᠎ᠠ ᠵᠢᠨ ᠬᠠᠮᠢᠶ᠎ᠠ ᠪᠦᠬᠦᠢ ᠤᠳᠤᠷᠢᠳᠤᠯᠭ᠎ᠠ ᠠᠵᠢᠯᠯᠠᠭ᠎ᠠ᠎ᠳᠤ ᠣᠷᠣᠯᠴᠠᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠦᠨᠳᠦᠰᠦᠨ ᠱᠠᠲᠤᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠯ ᠠᠵᠤ ᠠᠬᠤᠢ ᠲᠡᠵᠢᠭᠡᠨ ᠦᠷᠡᠵᠢᠭᠦᠯᠬᠦ᠂ ᠤᠳᠤᠮᠯᠠᠯ᠎ᠤᠨ ᠡᠭᠦᠯᠳᠡᠷ ᠪᠣᠢ᠌ᠵᠢᠭᠤᠯᠬᠤ᠂ ᠡᠪᠡᠳᠴᠢᠨ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠨ ᠵᠠᠰᠠᠬᠤ ᠵᠡᠷᠭᠡ ᠬᠦᠷᠢᠶᠡᠨ᠎ᠳᠠᠬᠢ 6 ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ᠂ 4 ᠳ᠋ᠦᠭᠡᠷ ᠰᠠᠷ᠎ᠠ ᠵᠢᠨ 19᠎ᠤ ᠡᠳᠦᠷ᠎ᠠᠴᠠ 21᠎ᠤ ᠡᠳᠦᠷ ᠪᠣᠯᠲᠠᠯ᠎ᠠ ᠣᠷᠳᠣᠰ ᠬᠣᠲᠠ ᠵᠢᠨ ᠬᠠᠩᠭᠢᠨ ᠬᠣᠰᠢᠭᠤᠨ᠎ᠳᠤ ᠨᠡᠷᠡᠨ ᠬᠤᠸᠠᠷ᠎ᠤᠨ ᠪᠣᠬᠢᠷᠳᠤᠯ ᠦᠭᠡᠢ ᠰᠡᠷᠭᠡᠢ᠌ᠯᠡᠨ ᠡᠵᠡᠮᠳᠡᠬᠦ ᠮᠡᠷᠭᠡᠵᠢᠯ᠂ ᠬᠡᠪᠴᠢᠶᠡᠵᠢᠭᠦᠯᠦᠭᠰᠡᠨ ᠰᠠᠭ᠋ᠠᠯᠢ ᠵᠢᠨ ᠢᠮᠠᠭ᠋ᠠᠨ᠎ᠤ ᠲᠠᠯᠠᠪᠠᠶ ᠵᠢᠨ ᠥᠨᠳᠥᠷ ᠪᠦᠲᠦᠮᠵᠢᠲᠡᠶ ᠲᠡᠵᠢᠭᠡᠨ ᠦᠷᠡᠵᠢᠭᠦᠯᠬᠦ ᠵᠢᠴᠢ ᠲᠡᠵᠢᠭᠡᠨ ᠠᠷᠠᠴᠢᠯᠠᠬᠤ ᠬᠠᠮᠢᠶᠠᠷᠤᠯᠲᠠ ᠵᠢᠨ ᠮᠡᠷᠭᠡᠵᠢᠯ᠂ ᠠᠯᠠᠰᠢᠨ ᠦᠬᠡᠷ ᠪᠣᠯᠣᠨ ᠨᠣᠯᠤᠥᠷ᠎ᠤᠨ ᠢᠮᠠᠭ᠎ᠠ ᠲᠡᠵᠢᠭᠡᠨ ᠠᠷᠠᠴᠢᠯᠠᠬᠤ ᠬᠠᠮᠢᠶᠠᠷᠤᠯᠲᠠ ᠵᠢᠨ ᠮᠡᠷᠭᠡᠵᠢᠯ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ ᠵᠢ ᠥᠷᠨᠢᠭᠦᠯᠪᠡ᠃ ᠲᠤᠰᠬᠠᠢ ᠮᠡᠷᠭᠡᠵᠢᠯᠲᠡᠳ ᠲᠤᠰᠬᠠᠢ ᠰᠡᠳᠦᠪᠲᠦ ᠲᠠᠢ᠌ᠯᠤᠮᠵᠢ ᠬᠢᠬᠦ᠂ ᠲᠤᠬᠠᠢ ᠵᠢᠨ ᠭᠠᠵᠠᠷ᠎ᠲᠤᠨᠢ ᠵᠢᠭ᠋ᠠᠨ ᠰᠤᠷᠭ᠋ᠠᠬᠤ᠂ ᠮᠡᠷᠭᠡᠵᠢᠯ᠎ᠤᠨ ᠵᠢᠯᠣᠭᠣᠳᠤᠯᠭ᠎ᠠ ᠬᠢᠬᠦ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠦᠨᠳᠦᠰᠦᠨ ᠱᠠᠲᠤᠨ᠎ᠤ ᠥᠷᠭᠡᠨ ᠣᠯᠠᠨ ᠮᠠᠯᠴᠢᠨ ᠲᠠᠷᠢᠶᠠᠴᠢᠳ᠎ᠲᠤ ᠲᠤᠰᠬᠠᠢ ᠮᠡᠷᠭᠡᠵᠢᠯ᠎ᠤᠨ᠂ ᠴᠢᠨᠠᠷ ᠰᠠᠢ᠌ᠲᠠᠢ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃
ᠢᠦᠢ ᠸᠧᠢ ᠡᠬᠢᠯᠡᠯᠲᠡ ᠵᠢᠨ ᠶᠣᠰᠣᠯᠠᠯ ᠳᠡᠭᠡᠷ᠎ᠡ᠂ 《ᠲᠦᠮᠡᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ᠎ᠳᠤ ᠦᠢ᠍ᠯᠡᠴᠢᠯᠡᠬᠦ》 ᠠᠵᠢᠯᠯᠠᠭ᠎ᠠ ᠵᠢ ᠭᠦᠨᠵᠡᠭᠡᠢ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠪᠣᠯᠣᠨ᠎ᠠ᠂ ᠨᠢᠭᠡ ᠪᠦᠯᠦᠭ ᠦᠨᠳᠦᠰᠦᠨ ᠱᠠᠲᠤᠨ᠎ᠳᠤ ᠪᠠᠴᠢᠮ ᠱᠠᠭ᠋ᠠᠷᠳᠠᠭᠳᠠᠵᠤ ᠲᠤᠲᠠᠭᠳᠠᠵᠤ ᠪᠠᠢ᠌ᠭ᠎ᠠ ᠳᠡᠭᠡᠳᠦ ᠲᠡᠰ ᠳᠠᠪᠬᠤᠷᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ ᠥᠷᠨᠢᠭᠦᠯᠬᠦ ᠵᠢ ᠠᠬᠢᠭᠤᠯᠬᠤ᠎ᠪᠠᠷ ᠳᠠᠮᠵᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠬᠦᠴᠦᠨ ᠨᠡᠮᠡᠷᠢᠯᠡᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠲᠢᠩᠬᠢᠮ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠨ ᠬᠣᠯᠪᠤᠭ᠋ᠠᠯᠠᠨ ᠬᠥᠳᠡᠯᠦᠯᠴᠡᠬᠦ᠎ᠪᠠᠷ ᠳᠠᠮᠵᠢᠭᠤᠯᠤᠨ᠂ ᠰᠢᠶᠠᠨ᠎ᠤ ᠬᠡᠪᠴᠢᠶᠡᠨ᠎ᠤ ᠠᠵᠤ ᠦᠢ᠍ᠯᠡᠰ ᠪᠠ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠵᠢ ᠬᠠᠮᠲᠤ᠎ᠪᠠᠷ ᠰᠦᠪᠡᠭᠴᠢᠯᠡᠵᠦ ᠬᠠᠮᠲᠤ᠎ᠪᠠᠷ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠳᠦᠷᠢᠮ᠎ᠢ ᠭᠦᠨᠵᠡᠭᠡᠢ ᠬᠡᠷᠡᠭᠵᠢᠭᠦᠯᠬᠦ᠎ᠪᠠᠷ ᠭᠠᠷᠳᠠᠴᠠ ᠪᠣᠯᠭ᠋ᠠᠵᠤ᠂ ᠦᠨᠳᠦᠰᠦᠨ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠠᠵᠤ ᠠᠬᠤᠢ᠌ᠯᠠᠯ᠎ᠳᠤ ᠬᠦᠴᠦᠨ ᠨᠡᠮᠡᠷᠢᠯᠡᠬᠦ᠎ᠪᠠᠷ ᠭᠣᠣᠯᠳᠠᠯᠭ᠎ᠠ ᠪᠣᠯᠭ᠋ᠠᠵᠤ᠂ ᠬᠠᠩᠭ᠋ᠠᠯᠭ᠎ᠠ ᠬᠡᠷᠡᠭᠴᠡᠭᠡᠨ᠎ᠤ ᠵᠣᠯᠭ᠋ᠠᠯᠴᠠᠭ᠎ᠠ ᠵᠢ ᠴᠢᠩᠭ᠋ᠠᠳᠬᠠᠵᠤ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠢ ᠳᠡᠮᠵᠢᠵᠦ᠂ ᠠᠵᠤ ᠠᠬᠤᠢ᠌ᠯᠠᠯ᠂ ᠬᠣᠷᠰᠢᠶ᠎ᠠ ᠵᠡᠷᠭᠡ ᠭᠣᠣᠯ ᠴᠣᠭᠴᠠ ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ ᠪᠠᠢ᠌ᠭᠤᠯᠵᠤ᠂ ᠦᠨᠳᠦᠰᠦᠨ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠨᠢᠭᠡᠴᠡ ᠪᠣᠯᠣᠨ ᠮᠠᠯᠴᠢᠨ ᠲᠠᠷᠢᠶᠠᠴᠢᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠦᠢ᠍ᠯᠡᠴᠢᠯᠡᠭᠡ ᠬᠠᠩᠭ᠋ᠠᠵᠤ᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ + ᠲᠠᠷᠢᠶᠠᠯᠠᠩ ᠮᠠᠯ ᠠᠵᠤ ᠠᠬᠤᠢ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ + ᠮᠠᠯᠵᠢᠬᠤ ᠲᠠᠷᠢᠶᠠᠯᠠᠬᠤ ᠡᠷᠦᠬᠡ》 ᠵᠡᠷᠭᠡ ᠦᠢ᠍ᠯᠡᠴᠢᠯᠡᠭᠡᠨ᠎ᠤ ᠬᠡᠯᠪᠡᠷᠢ ᠵᠢ ᠶᠡᠬᠡ᠎ᠪᠠᠷ ᠳᠡᠯᠭᠡᠷᠡᠭᠦᠯᠵᠦ᠂ ᠬᠦᠴᠦ᠎ᠪᠠᠨ ᠲᠥᠪᠯᠡᠷᠡᠭᠦᠯᠦᠨ ᠰᠢᠶᠠᠨ᠂ ᠰᠢᠶᠠᠩ᠂ ᠲᠣᠰᠬᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠮᠡᠷᠭᠡᠵᠢᠯ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠯᠤᠭᠳᠠᠴᠠ ᠪᠠ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠪᠦᠲᠦᠮᠵᠢᠲᠡᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ᠎ᠤ ᠲᠤᠬᠠᠢ ᠵᠢᠨ ᠭᠠᠵᠠᠷ᠎ᠲᠠᠭᠠᠨ ᠣᠢ᠌ᠷ᠎ᠠ ᠬᠠᠪᠢ᠎ᠳᠠᠭᠠᠨ ᠠᠵᠢᠯ ᠣᠯᠬᠤ ᠵᠢ ᠠᠬᠢᠭᠤᠯᠵᠤ᠂ ᠣᠷᠣᠯᠭ᠎ᠠ᠎ᠪᠠᠨ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠵᠦ᠂ ᠦᠢ᠍ᠯᠡᠴᠢᠯᠡᠭᠡᠨ᠎ᠤ ᠭᠣᠭᠴᠣᠭ᠎ᠠ ᠵᠢ ᠦᠢ᠍ᠯᠡᠳᠪᠦᠷᠢᠯᠡᠬᠦ᠎ᠠᠴᠠ ᠡᠮᠦᠨᠡᠬᠢ᠂ ᠦᠢ᠍ᠯᠡᠳᠪᠦᠷᠢᠯᠡᠯ᠎ᠤᠨ ᠳᠤᠮᠳᠠ᠎ᠠᠴᠠ ᠦᠢ᠍ᠯᠡᠳᠪᠦᠷᠢᠯᠡᠯ᠎ᠤᠨ ᠳᠠᠷᠠᠭ᠋ᠠᠬᠢ ᠲᠡᠰᠢ ᠲᠠᠰᠤᠷᠠᠯᠲᠠ ᠦᠭᠡᠢ ᠤᠷᠲᠤᠳᠬᠠᠵᠤ᠂ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠭᠤᠯᠬᠤ᠂ ᠪᠦᠬᠦ ᠬᠡᠯᠬᠢᠶ᠎ᠡ᠎ᠪᠠᠷ ᠦᠢ᠍ᠯᠡᠴᠢᠯᠡᠬᠦ ᠵᠢ ᠪᠡᠶᠡᠯᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠳᠤ ᠦᠢ᠍ᠯᠡᠴᠢᠯᠡᠬᠦ ᠬᠠᠮᠤᠭ ᠰᠡᠭᠦᠯᠴᠢ ᠵᠢᠨ ᠨᠢᠭᠡ ᠺᠢᠯᠤᠮᠥᠲᠷᠢ ᠨᠠᠪᠲᠠᠷᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠳᠤ ᠬᠦᠴᠦᠨ ᠨᠡᠮᠡᠷᠢᠯᠡᠬᠦ᠎ᠳᠤ ᠬᠤᠪᠢ ᠨᠡᠮᠡᠷᠢ ᠦᠵᠡᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠭᠡᠷ᠂ ᠣᠷᠳᠣᠰ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠠᠩᠭᠢᠨ ᠬᠣᠰᠢᠭᠤᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠬᠠᠩᠭᠢᠨ ᠬᠣᠰᠢᠭᠤᠨ᠎ᠤ ᠪᠤᠭᠤᠲᠤ ᠵᠢᠨ ᠬᠠᠮᠲᠤᠷᠠᠭᠰᠠᠨ ᠠᠯᠪᠠᠨ ᠭᠡᠷ᠂ ᠬᠠᠩᠭᠢᠨ ᠬᠣᠰᠢᠭᠤᠨ᠎ᠤ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ ᠫᠷᠤᠹᠸᠰᠰᠤᠷ ᠵᠢᠴᠢ ᠬᠠᠩᠭᠢᠨ ᠬᠣᠰᠢᠭᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠂ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠎ᠤᠨ ᠮᠡᠷᠭᠡᠵᠢᠯᠲᠡᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃