3 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ 4 ᠳ᠋ᠦᠭᠡᠷ ᠰᠠᠷ᠎ᠠ ᠵᠢᠨ 3᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠠᠵᠢᠯ᠎ᠤᠨ ᠬᠣᠷᠢᠶ᠎ᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠤᠭᠤᠲᠤ ᠵᠢᠨ ᠱᠠᠩᠳᠤ ᠰᠢᠶᠠᠨ᠎ᠤ ᠴᠢ᠎ᠲᠠᠢ ᠪᠠᠯᠭ᠋ᠠᠰᠤᠨ᠎ᠤ ᠳ᠋ᠦᠩ ᠹᠠᠩ ᠽᠢ ᠪᠣᠯᠣᠨ ᠭᠤᠷᠪᠠᠨ ᠲᠣᠮᠣ ᠲᠠᠰᠤᠭ᠎ᠤᠨ ᠬᠣᠶᠠᠷ ᠲᠣᠰᠬᠣᠨ᠎ᠤ ᠺᠠᠳ᠋ᠷ᠎ᠤᠨ ᠪᠣᠯᠪᠠᠰᠤᠷᠠᠯ᠎ᠤᠨ ᠠᠩᠭᠢ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠠᠵᠢᠯ᠎ᠤᠨ ᠬᠣᠷᠢᠶ᠎ᠠ ᠵᠢᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠲᠤ ᠶᠠᠪᠤᠭᠳᠠᠪᠠ᠃
ᠲᠣᠰ ᠤᠳᠠᠭ᠋ᠠᠨ᠎ᠤ ᠪᠣᠯᠪᠠᠰᠤᠷᠠᠭᠤᠯᠤᠯ᠎ᠢ ᠰᠠᠢ᠌ᠲᠤᠷ ᠡᠷᠭᠢᠯᠡᠬᠦ ᠵᠢᠨ ᠲᠥᠯᠥᠭᠡ᠂ ᠠᠵᠢᠯ᠎ᠤᠨ ᠺᠣᠮᠢᠰ᠎ᠤᠨ ᠲᠤᠰᠬᠠᠢ ᠲᠣᠭᠲᠠᠮᠠᠯ ᠬᠤᠷᠠᠯ ᠳᠡᠭᠡᠷ᠎ᠡ ᠰᠤᠳᠤᠯᠤᠨ ᠪᠠᠢ᠌ᠷᠢᠯᠠᠭᠤᠯᠤᠯᠲᠠ ᠬᠢᠵᠦ᠂ ᠪᠠᠢ᠌ᠩᠭᠤ ᠵᠢᠨ ᠳᠡᠳ᠋ ᠱᠦᠵᠢ ᠪᠦᠦ ᠭᠦᠸᠧ ᠴᠢᠤᠸᠠᠨ ᠨᠥᠬᠥᠷ ᠬᠢᠴᠢᠶᠡᠯ᠎ᠤᠨ ᠪᠠᠢ᠌ᠷᠢᠯᠠᠭᠤᠯᠤᠯᠲᠠ᠂ ᠪᠠᠭᠰᠢ ᠵᠢᠨ ᠲᠣᠬᠢᠷᠠᠭᠤᠯᠤᠯᠲᠠ᠂ ᠵᠣᠬᠢᠶᠠᠨ ᠪᠠᠢ᠌ᠭᠤᠯᠤᠯᠲᠠ ᠵᠢᠨ ᠲᠣᠬᠢᠷᠠᠭᠤᠯᠤᠯᠲᠠ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ᠃ ᠪᠣᠯᠪᠠᠰᠤᠷᠠᠭᠤᠯᠤᠯ᠎ᠢ ᠭᠣᠣᠯᠳᠠᠭᠤ ᠣᠨᠣᠯ᠎ᠤᠨ ᠰᠤᠷᠤᠯᠴᠠᠯᠭ᠎ᠠ ᠪᠠ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠬᠦ ᠬᠡᠯᠪᠡᠷᠢ᠎ᠪᠠᠷ ᠶᠠᠪᠤᠭᠳᠠᠭᠤᠯᠵᠤ᠂ ᠤᠷᠢᠳ ᠬᠣᠵᠢᠳ ᠨᠠᠮ᠎ᠤᠨ ᠪᠠᠢ᠌ᠭᠤᠯᠤᠯᠲᠠ᠎ᠪᠠᠷ ᠬᠥᠳᠡᠭᠡ ᠲᠣᠰᠬᠣᠨ᠎ᠤ ᠵᠠᠰᠠᠯᠲᠠ ᠵᠢ ᠬᠥᠲᠥᠯᠥᠨ ᠳᠠᠭ᠋ᠠᠭᠤᠯᠬᠤ ᠪᠠ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠲᠠᠢ᠌ᠯᠪᠤᠷᠢᠯᠠᠬᠤ ᠵᠡᠷᠭᠡ ᠲᠤᠰᠬᠠᠢ ᠰᠡᠳᠦᠪᠲᠦ ᠲᠠᠢ᠌ᠯᠤᠮᠵᠢ ᠵᠢ ᠡᠷᠬᠢᠯᠡᠪᠡ᠃ ᠪᠦᠬᠦ ᠤᠯᠤᠰ᠎ᠤᠨ ᠬᠥᠳᠡᠭᠡ ᠲᠣᠰᠬᠣᠨ᠎ᠤ ᠵᠠᠰᠠᠯᠲᠠ ᠵᠢᠨ ᠵᠢᠱ᠌ᠢᠶ᠎ᠡ ᠦᠵᠡᠭᠦᠯᠬᠦ ᠲᠣᠰᠬᠣᠨ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠭᠠᠴᠠᠭ᠎ᠠ ᠲᠣᠰᠬᠣᠨ᠎ᠤ ᠬᠣᠷᠢᠨᠭᠡᠷ ᠰᠢᠶᠠᠨ᠎ᠤ ᠱᠧᠩ ᠯᠸ᠋ ᠬᠣᠢ᠌ᠲᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠲᠠᠢ᠍ᠢ᠍ᠬᠡ ᠲᠣᠰᠬᠣᠨ᠂ ᠱᠧᠩ ᠯᠸ᠋ ᠪᠠᠯᠭ᠋ᠠᠰᠤ ᠵᠢᠨ ᠲᠠᠢ᠌ᠵᠢ ᠶᠢᠩ ᠲᠣᠰᠬᠣᠨ᠎ᠢ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠵᠦ᠂ ᠲᠤᠷᠰᠢᠯᠭ᠎ᠠ ᠵᠢᠨ ᠲᠠᠨᠢᠯᠴᠠᠭᠤᠯᠭ᠎ᠠ ᠵᠢ ᠰᠣᠨᠣᠰᠴᠤ᠂ ᠶᠠᠷᠢᠯᠴᠠᠨ ᠰᠣᠯᠢᠯᠴᠠᠪᠠ᠃
ᠲᠣᠰᠬᠣᠨ᠎ᠤ ᠺᠠᠳ᠋ᠷ᠎ᠨᠢ ᠦᠨᠳᠦᠰᠦᠨ ᠱᠠᠲᠤᠨ᠎ᠤ ᠤᠯᠠᠨ ᠲᠦᠮᠡᠨ᠎ᠤ 《ᠲᠦᠰᠢᠭ ᠲᠤᠯᠭ᠋ᠠᠭᠤᠷᠢ》᠂ ᠨᠠᠮ᠎ᠤᠨ ᠭᠡᠰᠢᠭᠦᠨ ᠺᠠᠳ᠋ᠷ᠎ᠤᠨ 《ᠳᠠᠭ᠋ᠠᠭᠤᠯᠤᠭᠴᠢ》᠂ ᠬᠥᠳᠡᠭᠡ ᠲᠣᠰᠬᠣᠨ᠎ᠤ ᠬᠥᠭᠵᠢᠯᠲᠡ ᠵᠢᠨ 《ᠳᠠᠭ᠋ᠠᠭᠤᠯᠤᠭᠴᠢ》᠂ ᠲᠣᠰᠬᠣᠨ᠎ᠤ ᠳᠡᠰ᠎ᠤᠨ ᠪᠦᠲᠦᠭᠡᠨ ᠪᠠᠢ᠌ᠭᠤᠯᠤᠯᠲᠠ ᠵᠢᠨ 《ᠭᠡᠷ᠎ᠤᠨ ᠬᠥᠮᠥᠰ》 ᠪᠣᠯᠤᠭᠰᠠᠨ᠎ᠤ ᠬᠤᠪᠢ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠴᠢᠬᠤᠯᠠ ᠬᠦᠴᠦᠨ ᠪᠣᠯᠣᠨ᠎ᠠ᠃ ᠲᠣᠰ ᠤᠳᠠᠭ᠋ᠠᠨ᠎ᠤ ᠪᠣᠯᠪᠠᠰᠤᠷᠠᠭᠤᠯᠤᠯ᠎ᠤᠨ ᠵᠣᠷᠢᠯᠭ᠎ᠠ ᠪᠣᠯ ᠳᠠᠷᠤᠢ ᠲᠣᠰᠬᠣᠨ᠎ᠤ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠥᠭᠵᠢᠯᠲᠡ ᠵᠢᠨ ᠴᠢᠭᠯᠡᠯ᠎ᠢ᠎ᠨᠢ ᠤᠯᠠᠮ ᠨᠢᠭᠡ ᠠᠯᠬᠤᠮ ᠲᠣᠳᠣᠷᠬᠠᠢ ᠪᠣᠯᠭ᠋ᠠᠵᠤ᠂ ᠬᠥᠭᠵᠢᠯᠲᠡ ᠵᠢᠨ ᠢᠲᠡᠭᠡᠯ᠎ᠢ᠎ᠨᠢ ᠪᠠᠲᠤᠳᠬᠠᠨ᠂ ᠬᠥᠭᠵᠢᠯᠲᠡ ᠵᠢᠨ ᠬᠦᠴᠦᠨ᠎ᠢ᠎ᠨᠢ ᠨᠢᠭᠲᠠᠷᠠᠭᠤᠯᠵᠤ᠂ ᠨᠠᠮ᠎ᠤᠨ ᠪᠠᠢ᠌ᠭᠤᠯᠤᠯᠲᠠ ᠵᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ ᠪᠠ ᠪᠠᠴᠢᠮ ᠲᠤᠯᠭ᠋ᠠᠮ᠎ᠠ ᠰᠡᠳᠬᠢᠯᠭᠡ ᠵᠢ᠎ᠨᠢ ᠳᠡᠭᠡᠭᠰᠢᠯᠡᠭᠦᠯᠬᠦ ᠵᠢᠨ ᠲᠥᠯᠥᠭᠡ ᠶᠤᠮ᠃
ᠪᠣᠯᠪᠠᠰᠤᠷᠠᠯ᠎ᠳᠤ ᠣᠷᠣᠯᠴᠠᠭᠰᠠᠨ ᠭᠠᠴᠠᠭ᠋ᠠᠨ᠎ᠤ ᠺᠠᠳ᠋ᠷ ᠬᠡᠯᠡᠬᠦ᠎ᠳᠡᠭᠡᠨ᠂ ᠲᠦᠷᠦ ᠵᠢᠨ ᠪᠣᠳᠣᠯᠭ᠎ᠠ ᠵᠢ ᠤᠯᠠᠮ ᠴᠢᠨᠠᠭᠰᠢᠳᠠ ᠣᠢ᠌ᠯᠠᠭ᠋ᠠᠨ ᠨᠡᠪᠲᠡᠷᠬᠡᠢ ᠣᠢ᠌ᠯᠠᠭ᠋ᠠᠵᠤ᠂ ᠲᠤᠬᠠᠢ᠌ᠯᠠᠭᠰᠠᠨ ᠠᠵᠢᠯ᠎ᠢ ᠰᠠᠢ᠌ᠲᠤᠷ ᠡᠵᠡᠮᠰᠢᠵᠦ᠂ ᠴᠠᠭ᠋ᠠᠷᠠᠭᠰᠠᠨ ᠴᠢᠳᠠᠪᠤᠷᠢ ᠵᠢ ᠪᠣᠯᠪᠠᠰᠤᠷᠠᠭᠤᠯᠵᠤ᠂ ᠰᠤᠷᠤᠯᠴᠠᠬᠤ᠎ᠠᠴᠠ ᠰᠡᠳᠬᠢᠬᠦ᠂ ᠰᠡᠳᠬᠢᠬᠦ᠎ᠠᠴᠠ ᠤᠬᠠᠭ᠋ᠠᠷᠠᠬᠤ᠂ ᠡᠵᠡᠮᠰᠢᠬᠦ᠎ᠠᠴᠠ ᠬᠢᠬᠦ᠎ᠠᠴᠠ ᠬᠢᠬᠦ ᠵᠢ ᠦᠨᠡᠨᠬᠦ ᠪᠡᠶᠡᠯᠡᠭᠦᠯᠵᠦ᠂ ᠡᠯ᠎ᠡ ᠵᠦᠢ᠍ᠯ᠎ᠤᠨ ᠠᠵᠢᠯ ᠵᠶ᠋ᠠᠨ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠤᠯᠠᠨ ᠲᠦᠮᠡᠨ᠎ᠤ ᠤᠴᠢᠷ ᠶᠠᠪᠤᠳᠠᠯ᠎ᠢ ᠰᠡᠳᠬᠢᠯ ᠲᠠᠯᠪᠢᠨ ᠬᠦᠴᠦ ᠣᠷᠣᠭᠤᠯᠤᠨ ᠰᠠᠢ᠌ᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠱᠠᠩᠳᠤ ᠰᠢᠶᠠᠨ᠎ᠤ ᠴᠢ᠎ᠲᠠᠢ ᠪᠠᠯᠭ᠋ᠠᠰᠤᠨ᠎ᠤ ᠳ᠋ᠦᠩ ᠹᠠᠩ ᠽᠢ ᠲᠣᠰᠬᠣᠨ᠂ ᠰᠠᠨ ᠳ᠋ᠠ ᠭᠦ᠋ ᠲᠣᠰᠬᠣᠨ᠎ᠤ ᠬᠡᠰᠡᠭ 《ᠬᠣᠶᠠᠷ ᠵᠥᠪᠯᠡᠯ》 ᠤᠨ ᠪᠠᠭ᠎ᠤᠨ ᠪᠦᠷᠢᠯᠳᠦᠭᠦᠨ ᠪᠣᠯᠣᠨ ᠳᠣᠷᠣᠭᠰᠢ ᠲᠣᠮᠢᠯᠠᠨ ᠰᠠᠭᠤᠯᠭ᠋ᠠᠭᠰᠠᠨ ᠲᠣᠰᠬᠣᠨ᠎ᠤ ᠺᠠᠳ᠋ᠷ ᠪᠣᠯᠪᠠᠰᠤᠷᠠᠯ᠎ᠳᠤ ᠣᠷᠣᠯᠴᠠᠵᠠᠢ᠃