《ᠠᠪᠤ ᠠ᠂ ᠪᠢ ᠭᠧᠦ ᠮᠧᠨ ᠪᠠᠯᠭ᠋ᠠᠰᠤᠨ᠎ᠤ ᠶᠡᠬᠡ ᠰᠤᠷᠭ᠋ᠠᠭᠤᠯᠢ ᠵᠢᠨ ᠣᠶᠤᠲᠠᠨ᠎ᠢ ᠲᠣᠰᠬᠣᠨ᠎ᠳᠠᠭᠠᠨ ᠣᠷᠣᠭᠤᠯᠤᠨ ᠠᠪᠴᠢᠷᠠᠵᠤ ᠲᠤᠰᠢᠶᠠᠯ ᠬᠠᠷᠢᠭᠤᠴᠠᠭᠤᠯᠬᠤ᠎ᠪᠠᠷ ᠵᠠᠷᠯᠠᠭᠰᠠᠨᠢ ᠣᠯᠵᠤ ᠬᠠᠷᠠᠪᠠ᠂ ᠤᠳᠤ ᠨᠤᠲᠤᠭ᠎ᠲᠠᠭᠠᠨ ᠬᠥᠭᠵᠢᠵᠦ ᠪᠠᠢ᠌ᠨ᠎ᠠ᠂ ᠲᠦᠷᠦ ᠵᠢᠨ ᠪᠣᠳᠣᠯᠭ᠎ᠠ ᠴᠤ᠌ ᠰᠠᠢ᠌ᠨ ᠪᠠᠢ᠌ᠨ᠎ᠠ᠂ ᠪᠢ ᠰᠢᠯᠭ᠋ᠠᠯᠲᠠ᠎ᠳᠤ ᠨᠡᠷ᠎ᠡ ᠮᠡᠳᠡᠭᠦᠯᠵᠦ ᠨᠤᠲᠤᠭ᠎ᠲᠠᠭᠠᠨ ᠵᠢᠭ᠋ᠠᠬᠠᠨ ᠬᠤᠪᠢ ᠨᠡᠮᠡᠷᠢ ᠦᠵᠡᠭᠦᠯᠦᠶ᠎ᠡ ᠭᠡᠵᠦ ᠪᠤᠳᠤᠵᠤ ᠪᠠᠢ᠌ᠨ᠎ᠠ》 ᠭᠡᠵᠦ ᠬᠡᠯᠡᠪᠡ᠃ ᠣᠢ᠌ᠷ᠎ᠠ᠎ᠳᠤ᠂ ᠪᠤᠭᠤᠲᠤ ᠬᠣᠲᠠ ᠵᠢᠨ ᠲᠦᠮᠡᠳ ᠪᠠᠷᠠᠭᠤᠨ ᠬᠣᠰᠢᠭᠤᠨ᠎ᠳᠤ ᠨᠤᠲᠤᠭ᠎ᠲᠠᠢ ᠣᠶᠤᠲᠠᠨ ᠶᠣᠣ ᠢ ᠲᠦᠩ ᠸᠢᠳᠢᠤ᠋ ᠤᠲᠠᠰᠤ᠎ᠪᠠᠷ ᠠᠪᠤ᠎ᠳᠠᠭᠠᠨ ᠢᠷᠡᠭᠡᠳᠦᠢ ᠵᠢᠨ ᠠᠵᠢᠯ᠎ᠤᠨ ᠲᠤᠬᠠᠢ ᠬᠦᠰᠡᠯ ᠡᠷᠡᠮᠡᠯᠵᠡᠯ ᠵᠶ᠋ᠡᠨ ᠪᠠᠶᠠᠷ ᠬᠥᠷ᠎ᠲᠠᠢ᠎ᠪᠠᠷ ᠶᠠᠷᠢᠵᠤ ᠪᠠᠢ᠌ᠯ᠎ᠠ᠃
《ᠣᠢ᠌ᠷ᠎ᠠ ᠵᠢᠨ ᠬᠡᠳᠦᠨ ᠵᠢᠯ᠎ᠳᠤ᠂ ᠲᠣᠰᠬᠣᠨ᠎ᠤ ᠬᠤᠪᠢᠷᠠᠯᠲᠠ ᠤᠯᠠᠮ᠎ᠠᠴᠠ ᠤᠯᠠᠮ ᠶᠡᠬᠡᠳᠴᠦ᠂ ᠲᠣᠰᠬᠣᠨ᠎ᠤ ᠠᠷᠠᠳ᠎ᠤᠨ ᠣᠷᠣᠯᠭ᠎ᠠ ᠨᠡᠮᠡᠭᠳᠡᠵᠦ᠂ ᠲᠣᠰᠬᠣᠨ᠎ᠤ ᠳᠦᠷᠰᠦ ᠪᠠᠢ᠌ᠳᠠᠯ ᠨᠡᠩ ᠭᠤᠶᠤ ᠰᠠᠢ᠌ᠬᠠᠨ ᠪᠣᠯᠪᠠ᠂ ᠤᠳᠤ ᠣᠶᠤᠲᠠᠳ᠎ᠢ ᠲᠣᠰᠬᠣᠨ᠎ᠳᠠᠭᠠᠨ ᠣᠷᠣᠭᠤᠯᠤᠨ ᠠᠪᠴᠢᠷᠠᠵᠤ ᠲᠤᠰᠢᠶᠠᠯ ᠬᠠᠷᠢᠭᠤᠴᠠᠭᠤᠯᠤᠭᠰᠠᠨ᠎ᠠᠴᠠ ᠪᠢᠳᠡᠨ᠎ᠳᠤ ᠴᠢᠳᠠᠪᠤᠷᠢᠲᠠᠨ ᠠᠪᠴᠢᠷᠠᠵᠤ᠂ ᠲᠣᠰᠬᠣᠨ᠎ᠤ 〈ᠬᠣᠶᠠᠷ ᠵᠥᠪᠯᠡᠯ〉 ᠤᠨ ᠪᠠᠭ᠎ᠢ ᠵᠠᠯᠠᠭᠤᠵᠢᠭᠤᠯᠪᠠ᠂ ᠣᠶᠤᠲᠠᠳ ᠰᠢᠨ᠎ᠡ ᠬᠡᠷᠡᠭ ᠪᠣᠳᠠᠰ᠎ᠢ ᠠᠮᠠᠷᠬᠠᠨ ᠭᠥᠯᠢᠶᠡᠨ ᠠᠪᠴᠤ᠂ ᠠᠵᠢᠯ ᠵᠶ᠋ᠠᠨ ᠨᠡᠩ ᠥᠨᠳᠥᠷ ᠪᠦᠲᠦᠮᠵᠢᠲᠡᠢ᠎ᠪᠠᠷ ᠥᠷᠨᠢᠭᠦᠯᠵᠦ᠂ ᠮᠠᠨ᠎ᠤ ᠬᠦᠴᠢᠷᠳᠡᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠵᠦ ᠴᠢᠳᠠᠪᠠ》 ᠭᠡᠵᠦ ᠭᠧᠦ ᠮᠥ᠋ᠨ ᠪᠠᠯᠭ᠋ᠠᠰᠤ ᠵᠢᠨ ᠰᠢ ᠸᠠᠨ ᠲᠣᠰᠬᠣᠨ᠎ᠤ ᠨᠠᠮ᠎ᠤᠨ ᠡᠭᠦᠷ᠎ᠤᠨ ᠱᠦᠵᠢ ᠴᠧᠨ ᠵᠢᠶᠦ᠋ᠨ ᠹᠸᠩ ᠬᠡᠯᠡᠪᠡ᠃
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ ᠪᠠᠷ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠬᠥᠳᠡᠭᠡ ᠲᠣᠰᠬᠣᠨ᠎ᠤ ᠰᠢᠯᠢᠳᠡᠭ ᠴᠢᠳᠠᠪᠤᠷᠢᠲᠠᠨ ᠲᠤᠲᠠᠭᠳᠠᠵᠤ ᠪᠠᠢ᠌ᠭ᠎ᠠ ᠵᠡᠷᠭᠡ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠵᠦ᠂ ᠲᠦᠮᠡᠳ ᠪᠠᠷᠠᠭᠤᠨ ᠬᠣᠰᠢᠭᠤᠨ᠎ᠤ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠰᠠᠷᠠᠴᠢ ᠪᠠᠯᠭ᠋ᠠᠰᠤ᠂ ᠭᠧᠦ ᠮᠥ᠋ᠨ ᠪᠠᠯᠭ᠋ᠠᠰᠤ ᠵᠡᠷᠭᠡ 8 ᠰᠢᠶᠠᠩ ᠪᠠᠯᠭ᠋ᠠᠰᠤᠨ᠎ᠳᠤ 《ᠶᠡᠬᠡ ᠰᠤᠷᠭ᠋ᠠᠭᠤᠯᠢ ᠵᠢᠨ ᠣᠶᠤᠲᠠᠨ᠎ᠢ ᠲᠣᠰᠬᠣᠨ᠎ᠳᠠᠭᠠᠨ ᠣᠷᠣᠭᠤᠯᠤᠨ ᠠᠪᠴᠢᠷᠠᠵᠤ ᠲᠤᠰᠢᠶᠠᠯ ᠡᠭᠦᠷᠭᠡᠯᠡᠭᠦᠯᠬᠦ ᠲᠥᠯᠥᠪᠯᠡᠭᠡ》 ᠵᠢ ᠬᠡᠷᠡᠭᠵᠢᠭᠦᠯᠵᠦ᠂ ᠲᠣᠰᠬᠣᠨ᠎ᠤ ᠺᠠᠳ᠋ᠷ᠎ᠤᠨ ᠡᠩᠨᠡᠭᠡ ᠵᠢᠨ ᠨᠠᠰᠤᠨ᠎ᠤ ᠪᠦᠲᠦᠴᠡ ᠪᠣᠯᠣᠨ ᠲᠤᠰᠬᠠᠢ ᠮᠡᠷᠭᠡᠵᠢᠯ᠎ᠤᠨ ᠪᠦᠲᠦᠴᠡ ᠵᠢ ᠰᠠᠢ᠌ᠵᠢᠷᠠᠭᠤᠯᠵᠤ᠂ ᠲᠣᠰᠬᠣᠨ᠎ᠤ ᠺᠠᠳ᠋ᠷ᠎ᠤᠨ ᠡᠩᠨᠡᠭᠡ ᠵᠢᠨ ᠪᠦᠬᠦᠯᠢ ᠴᠣᠭᠴᠠ ᠵᠢᠨ ᠬᠡᠪ ᠴᠢᠨᠠᠷ᠎ᠢ ᠳᠡᠭᠡᠭᠰᠢᠯᠡᠭᠦᠯᠵᠦ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠪᠠᠷ ᠵᠣᠷᠢᠯᠭ᠎ᠠ ᠪᠣᠯᠭ᠋ᠠᠵᠠᠢ᠃
《ᠥᠩᠭᠡᠷᠡᠭᠰᠡᠨ᠎ᠳᠤ᠂ ᠮᠠᠨ᠎ᠤ ᠡᠨᠳᠡ᠎ᠠᠴᠠ ᠭᠠᠷᠴᠤ ᠶᠠᠪᠤᠭᠰᠠᠨ ᠣᠶᠤᠲᠠᠨ᠎ᠤ ᠲᠣᠭ᠎ᠠ ᠴᠥᠭᠡᠨ ᠪᠤᠰᠤ ᠪᠠᠢ᠌ᠭᠰᠠᠨ ᠪᠣᠯᠪᠠᠴᠤ ᠨᠤᠲᠤᠭ᠎ᠲᠠᠭᠠᠨ ᠬᠠᠷᠢᠵᠤ ᠬᠥᠭᠵᠢᠭᠰᠡᠨ᠎ᠨᠢ ᠬᠠᠷᠢᠨ ᠴᠥᠭᠡᠨ ᠪᠠᠢ᠌ᠪᠠ᠂ ᠡᠴᠦᠰ᠎ᠤᠨ ᠡᠴᠦᠰ᠎ᠲᠡᠭᠡᠨ ᠪᠢᠳᠡ ᠣᠶᠤᠲᠠᠨ᠎ᠢ ᠲᠠᠲᠠᠵᠤ ᠠᠪᠴᠢᠷᠠᠬᠤ ᠨᠥᠬᠥᠴᠡᠯ ᠦᠭᠡᠢ᠎ᠠᠴᠠ ᠪᠣᠯᠤᠭᠰᠠᠨ ᠶᠤᠮ᠂ ᠣᠲᠣ ᠪᠢᠳᠡ 〈ᠤᠶᠠᠩᠭ᠋ᠠᠲᠤ ᠮᠣᠳᠣ〉 ᠵᠠᠢ᠌ᠯᠠᠵᠤ᠂ 〈ᠵᠢᠨ ᠹᠧᠩ ᠬᠤᠸᠠᠩ〉᠎ᠳᠤ ᠬᠥᠭᠵᠢᠯᠲᠡ ᠵᠢᠨ ᠲᠠᠪᠴᠠᠩ᠎ᠢ ᠪᠡᠯᠡᠳᠬᠡᠵᠦ ᠥᠭᠭᠦᠭᠰᠡᠨ ᠶᠤᠮ》 ᠭᠡᠵᠡᠢ᠃ ᠲᠦᠮᠡᠳ ᠪᠠᠷᠠᠭᠤᠨ ᠬᠣᠰᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠳᠡᠳ᠋ ᠳᠠᠷᠤᠭ᠎ᠠ ᠬᠤᠸ᠋ ᠭᠣᠸ᠋ ᠹᠧᠢ ᠬᠡᠯᠡᠬᠦ᠎ᠳᠡᠭᠡᠨ᠂ ᠲᠣᠰ ᠬᠣᠰᠢᠭᠤ᠎ᠨᠢ ᠲᠣᠰᠬᠣᠨ᠎ᠳᠠᠭᠠᠨ ᠬᠠᠷᠢᠵᠤ ᠲᠤᠰᠢᠶᠠᠯ ᠡᠭᠦᠷᠭᠡᠯᠡᠭᠰᠡᠨ ᠣᠶᠤᠲᠠᠳ᠎ᠤᠨ ᠥᠪᠡᠷ ᠵᠶ᠋ᠡᠨ ᠲᠥᠷᠥᠯ ᠵᠦᠢ᠍ᠯ᠂ ᠪᠡᠯᠡ ᠮᠥᠩᠭᠥ᠂ ᠮᠡᠷᠭᠡᠵᠢᠯ ᠵᠶ᠋ᠡᠨ ᠠᠪᠴᠤ ᠨᠤᠲᠤᠭ᠎ᠲᠠᠭᠠᠨ ᠬᠠᠷᠢᠵᠤ ᠦᠢ᠍ᠯᠡᠰ ᠴᠣᠭᠴᠠᠯᠠᠭᠰᠠᠳ᠎ᠲᠤ᠂ ᠬᠣᠰᠢᠭᠤᠨ᠎ᠤ ᠠᠵᠢᠯ ᠣᠯᠭᠣᠬᠤ ᠦᠢ᠍ᠯᠡᠴᠢᠯᠡᠭᠡᠨ᠎ᠤ ᠲᠥᠪ᠎ᠤᠨ ᠲᠥᠷᠥ ᠵᠢᠨ ᠪᠣᠳᠣᠯᠭ᠎ᠠ ᠵᠢᠨ ᠶᠣᠰᠣᠭ᠋ᠠᠷ᠂ ᠦᠢ᠍ᠯᠡᠰ ᠴᠣᠭᠴᠠᠯᠠᠬᠤ ᠵᠢᠭᠡᠯᠡᠯᠭᠡ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠤᠷᠢᠳ ᠵᠶ᠋ᠠᠷ ᠣᠯᠭᠣᠵᠤ᠂ ᠲᠣᠰᠬᠣᠨ᠎ᠤ ᠱᠠᠲᠤᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠬᠦ ᠲᠠᠯ᠎ᠠ᠎ᠪᠠᠷ ᠦᠷ᠎ᠡ ᠪᠦᠲᠦᠮᠵᠢ ᠣᠯᠣᠭᠰᠠᠨ ᠪᠠᠢ᠌ᠪᠠᠯ᠂ ᠬᠠᠷᠢᠴᠠᠯ ᠶᠣᠰᠣᠭ᠋ᠠᠷ ᠱᠠᠩᠨᠠᠯ ᠨᠥᠬᠥᠪᠦᠷᠢ ᠣᠯᠭᠣᠨ᠎ᠠ ᠭᠡᠵᠡᠢ᠃
ᠲᠣᠰ ᠤᠳᠠᠭ᠎ᠠ᠂ ᠲᠦᠮᠡᠳ ᠪᠠᠷᠠᠭᠤᠨ ᠬᠣᠰᠢᠭᠤᠨ᠎ᠤ᠎ᠬᠢᠨ ᠨᠡᠶ᠋ᠢᠲᠡ 48 ᠣᠶᠤᠲᠠᠨ ᠢ ᠲᠣᠰᠬᠣᠨ᠎ᠳᠠᠭᠠᠨ ᠣᠷᠣᠭᠤᠯᠤᠨ ᠲᠤᠰᠢᠶᠠᠯ ᠡᠭᠦᠷᠭᠡᠯᠡᠭᠦᠯᠬᠦ᠎ᠪᠠᠷ ᠲᠥᠯᠥᠪᠯᠡᠵᠦ᠂ ᠲᠣᠰᠬᠣᠨ ᠠᠴᠠ ᠬᠥᠮᠥᠨ ᠬᠡᠷᠡᠭᠯᠡᠬᠦ ᠱᠠᠭ᠋ᠠᠷᠳᠠᠯᠭ᠎ᠠ ᠳᠤᠷᠠᠳᠴᠤ᠂ ᠰᠢᠶᠠᠩ ᠪᠠᠯᠭ᠋ᠠᠰᠤ ᠠᠴᠠ ᠬᠢᠨᠠᠨ ᠬᠠᠷᠭᠤᠭᠤᠯᠵᠤ᠂ ᠬᠣᠰᠢᠭᠤᠨ ᠠᠴᠠ ᠨᠢᠭᠡᠳᠦᠯᠲᠡᠢ ᠲᠥᠯᠥᠪᠯᠡᠨ᠎ᠡ᠃ ᠲᠤᠰᠢᠶᠠᠯ ᠡᠭᠦᠷᠭᠡᠯᠡᠬᠦ ᠠᠵᠢᠯ᠎ᠤᠨ ᠪᠠᠢ᠌ᠷᠢ ᠵᠢ ᠶᠡᠷᠦ᠎ᠳᠡᠭᠡᠨ ᠭᠠᠴᠠᠭ᠋ᠠᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠲᠤᠰᠠᠯᠠᠭᠴᠢ᠂ ᠭᠠᠴᠠᠭ᠋ᠠᠨ᠎ᠤ ᠠᠷᠠᠳ᠎ᠤᠨ ᠵᠥᠪᠯᠡᠯ᠎ᠤᠨ ᠡᠷᠬᠢᠯᠡᠭᠴᠢ ᠵᠢᠨ ᠲᠤᠰᠠᠯᠠᠭᠴᠢ᠂ ᠭᠠᠴᠠᠭ᠋ᠠᠨ᠎ᠤ ᠡᠪᠯᠡᠯ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠡᠷᠭᠡ ᠠᠵᠢᠯ᠎ᠤᠨ ᠪᠠᠢ᠌ᠷᠢ᠎ᠳᠤ ᠲᠣᠬᠢᠷᠠᠭᠤᠯᠵᠤ᠂ ᠰᠠᠷ᠎ᠠ ᠪᠦᠷᠢ ᠴᠠᠯᠢᠩ ᠬᠥᠯᠥᠰᠦ ᠪᠠ ᠴᠢᠳᠠᠪᠤᠷᠢᠲᠠᠨ᠎ᠤ ᠨᠥᠬᠥᠪᠦᠷᠢ ᠥᠭᠭᠦᠨ᠎ᠡ᠃
ᠣᠢ᠌ᠯᠠᠭ᠋ᠠᠭᠰᠠᠨ ᠵᠶ᠋ᠠᠷ᠂ ᠲᠠᠷᠠᠭ᠋ᠠᠴᠢ ᠵᠢᠨ ᠠᠯᠬᠤᠮ᠎ᠳᠤ᠂ ᠲᠦᠮᠡᠳ ᠪᠠᠷᠠᠭᠤᠨ ᠬᠣᠰᠢᠭᠤᠨ᠎ᠤ᠎ᠬᠢᠨ ᠴᠢᠳᠠᠪᠤᠷᠢᠲᠠᠨ᠎ᠤ ᠠᠵᠢᠯ᠎ᠢ ᠦᠷᠭᠦᠯᠵᠢᠯᠡᠨ ᠬᠠᠢ᠌ᠨ ᠰᠦᠪᠡᠭᠴᠢᠯᠡᠵᠦ᠂ 《ᠣᠶᠤᠲᠠᠳ ᠲᠣᠰᠬᠣᠨ᠎ᠳᠠᠭᠠᠨ ᠪᠤᠴᠠᠵᠤ ᠲᠤᠰᠢᠶᠠᠯ ᠬᠠᠷᠢᠭᠤᠴᠠᠬᠤ》 《ᠲᠦᠷᠦᠭᠦᠴᠢ ᠭᠠᠯᠠᠭᠤ ᠵᠢᠨ ᠲᠥᠯᠥᠪᠯᠡᠭᠡ》 《ᠵᠠᠮᠴᠢᠯᠠᠬᠤ ᠲᠥᠯᠥᠪᠯᠡᠭᠡ》 ᠵᠡᠷᠭᠡ ᠴᠢᠳᠠᠪᠤᠷᠢᠲᠠᠨ ᠲᠠᠲᠠᠬᠤ ᠲᠤᠰᠬᠠᠢ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠴᠢᠳᠠᠪᠤᠷᠢᠲᠠᠨ᠎ᠢ ᠲᠦᠮᠡᠳ ᠪᠠᠷᠠᠭᠤᠨ ᠬᠣᠰᠢᠭᠤᠨ᠎ᠤ ᠴᠢᠨᠠᠷ ᠰᠠᠢ᠌ᠲᠠᠢ ᠬᠥᠭᠵᠢᠯᠲᠡ ᠵᠢᠨ ᠡᠬᠢ ᠪᠤᠯᠠᠭ ᠪᠣᠯᠭ᠋ᠠᠨ᠎ᠠ᠃