3 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ 31᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠬᠠᠨ ᠵᠢᠶᠠᠨ ᠭᠠᠩ ᠨᠠᠷ ᠲᠠᠶ᠋ᠢᠹᠤᠰᠸ ᠬᠣᠰᠢᠭᠤ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠳᠤ ᠭᠦᠨᠵᠡᠭᠡᠢ᠌ᠷᠡᠨ ᠪᠡᠯᠡ ᠮᠥᠩᠭᠥ ᠵᠢᠨ ᠬᠡᠷᠡᠭᠯᠡᠯᠲᠡ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ ᠪᠠ ᠪᠡᠯᠡ ᠬᠥᠷᠥᠩᠭᠡ ᠵᠢᠨ ᠵᠠᠯᠭ᠋ᠠᠮᠵᠢ ᠬᠠᠮᠢᠶᠠᠷᠤᠯᠲᠠ ᠵᠢᠨ ᠠᠵᠢᠯ᠎ᠢ ᠵᠣᠯᠭ᠋ᠠᠭᠤᠯᠬᠤ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ᠃

ᠪᠠᠢ᠌ᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠤ᠂ ᠬᠠᠨ ᠵᠢᠶᠠᠨ ᠭᠠᠩ ᠲᠠᠢ ᠹᠦ᠋ ᠰᠧ ᠬᠣᠰᠢᠭᠤᠨ᠎ᠤ ᠺᠠᠢ ᠳ᠋ᠠ ᠲᠥᠮᠥᠰᠥ ᠵᠢ ᠨᠠᠷᠢᠯᠢᠭ ᠡᠳ᠋ᠰᠢᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠭᠠᠵᠠᠷ᠂ ᠳ᠋ᠠ ᠭᠧ ᠳ᠋ᠦᠩ ᠲᠣᠰᠬᠣᠨ᠎ᠤ ᠮᠢᠩ ᠾᠧ ᠲᠥᠮᠥᠰᠥ ᠵᠢᠨ ᠬᠢᠵᠠᠭ᠋ᠠᠷᠲᠤ ᠺᠣᠮᠫᠠᠨᠢ᠂ ᠭᠧ ᠷᠦᠢ ᠳ᠋ᠧ ᠲᠥᠮᠥᠰᠥ ᠵᠢᠨ ᠦᠷ᠎ᠡ ᠵᠢᠨ ᠦᠢ᠍ᠯᠡᠰ᠎ᠤᠨ ᠪᠦᠯᠦᠭᠯᠡᠯ᠂ ᠳ᠋ᠧ ᠴᠢᠩ ᠶᠤᠸᠠᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠳᠤ ᠭᠦᠨᠵᠡᠭᠡᠢ᠌ᠷᠡᠵᠦ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠾᠧᠢ ᠳ᠋ᠧᠦ ᠵᠢᠵᠢᠭ ᠪᠠᠯᠭ᠋ᠠᠰᠤᠨ᠎ᠤ ᠢᠳᠡᠭᠡᠨ᠎ᠤ ᠬᠢᠵᠠᠭ᠋ᠠᠷᠲᠤ ᠺᠣᠮᠫᠠᠨᠢ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠬᠦᠯᠡᠮᠵᠢ ᠵᠢᠨ ᠵᠢᠮᠢᠰ ᠢᠳᠡᠰᠢᠨ ᠨᠣᠭᠣᠭ᠋ᠠᠨ᠎ᠤ ᠠᠵᠤ ᠦᠢ᠍ᠯᠡᠰ᠎ᠤᠨ ᠬᠦᠷᠢᠶᠡᠯᠡᠩ᠂ ᠰᠢᠨ ᠾᠧ ᠲᠣᠰᠬᠣᠨ᠎ᠤ ᠲᠠᠷᠪᠤᠰ᠎ᠤᠨ ᠴᠢᠬᠢ ᠪᠣᠢ᠌ᠵᠢᠭᠤᠯᠬᠤ ᠰᠠᠭᠤᠷᠢᠨ ᠭᠠᠵᠠᠷ ᠪᠠ ᠬᠥᠮᠥᠨ ᠮᠠᠯ᠎ᠢ ᠰᠠᠯᠭ᠋ᠠᠭᠰᠠᠨ ᠵᠢᠵᠢᠭ ᠲᠣᠭᠣᠷᠢᠭ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠰᠢᠯᠢᠳᠡᠭ ᠡᠭᠦᠯᠳᠡᠷ᠎ᠤᠨ ᠠᠯᠠᠰᠢᠨ ᠦᠬᠡᠷ᠎ᠤᠨ ᠭᠣᠣᠯ ᠡᠭᠦᠯᠳᠡᠷ ᠪᠣᠢ᠌ᠵᠢᠭᠤᠯᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠠᠵᠤ ᠠᠬᠤᠢ᠌ᠯᠠᠯ ᠪᠠ ᠲᠥᠷᠥᠯ ᠵᠦᠢ᠍ᠯ᠎ᠤᠨ ᠪᠠᠢ᠌ᠴᠠᠭ᠋ᠠᠨ ᠰᠤᠳᠤᠯᠤᠯᠲᠠ ᠬᠢᠵᠦ᠂ ᠠᠵᠤ ᠠᠬᠤᠢ᠌ᠯᠠᠯ᠎ᠤᠨ ᠬᠥᠭᠵᠢᠯᠲᠡ ᠵᠢᠨ ᠪᠠᠢ᠌ᠳᠠᠯ ᠪᠣᠯᠣᠨ ᠶᠠᠳᠠᠭᠤ ᠵᠢ ᠲᠡᠳᠬᠦᠬᠦ (ᠵᠣᠯᠭ᠋ᠠᠭᠤᠯᠬᠤ) ᠪᠡᠯᠡ ᠮᠥᠩᠭᠥ ᠵᠢ ᠬᠡᠷᠡᠭᠯᠡᠵᠦ ᠪᠠᠢ᠌ᠭ᠎ᠠ ᠪᠠᠢ᠌ᠳᠠᠯ᠂ ᠪᠣᠳᠠᠲᠠᠢ ᠠᠰᠢᠭ ᠲᠤᠰᠠ ᠵᠢ ᠴᠥᠷᠬᠡᠯᠡᠬᠦ ᠲᠣᠭᠲᠠᠴᠠ ᠪᠣᠯᠣᠨ ᠡᠳ᠋ ᠬᠥᠷᠥᠩᠭᠡ ᠵᠢᠨ ᠵᠠᠯᠭ᠋ᠠᠮᠵᠢ ᠬᠠᠮᠢᠶᠠᠷᠤᠯᠲᠠ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠨ᠎ᠠ᠃
ᠪᠠᠢ᠌ᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ᠂ ᠬᠠᠨ ᠵᠢᠶᠠᠨ ᠭᠠᠩ ᠬᠣᠰᠢᠭᠤ ᠰᠢᠶᠠᠨ᠎ᠤ ᠬᠠᠮᠢᠶ᠎ᠠ ᠪᠦᠬᠦᠢ ᠨᠥᠬᠥᠳ ᠪᠠ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠲᠠᠢ ᠰᠠᠨᠠᠯ ᠵᠶ᠋ᠠᠨ ᠰᠣᠯᠢᠯᠴᠠᠵᠤ᠂ ᠠᠵᠢᠯ᠎ᠢ ᠠᠬᠢᠭᠤᠯᠬᠤ ᠶᠠᠪᠤᠴᠠ᠎ᠳᠤ ᠣᠷᠣᠰᠢᠵᠤ ᠪᠠᠢ᠌ᠭ᠎ᠠ ᠬᠦᠴᠢᠷᠳᠡᠯ ᠪᠠ ᠵᠣᠬᠢᠴᠠᠭᠤᠯᠤᠨ ᠰᠢᠢ᠍ᠳᠪᠦᠷᠢᠯᠡᠬᠦ ᠴᠢᠬᠤᠯᠠᠲᠠᠢ ᠵᠦᠢ᠍ᠯᠡᠰ᠎ᠢ ᠣᠢ᠌ᠯᠠᠭ᠋ᠠᠪᠠ᠃
ᠬᠠᠨ ᠵᠢᠶᠠᠨ ᠭᠠᠩ ᠰᠢᠯᠢ ᠵᠢᠨ ᠭᠣᠣᠯ ᠠᠢ᠌ᠮᠠᠭ᠎ᠢ ᠵᠣᠯᠭ᠋ᠠᠭᠤᠯᠬᠤ ᠪᠡᠯᠡ ᠮᠥᠩᠭᠥ ᠵᠢ ᠬᠡᠷᠡᠭᠯᠡᠭᠰᠡᠨ ᠪᠠ ᠲᠥᠷᠥᠯ ᠵᠦᠢ᠍ᠯ᠎ᠢ ᠬᠡᠷᠡᠭᠵᠢᠭᠦᠯᠦᠭᠰᠡᠨ ᠪᠠᠢ᠌ᠳᠠᠯ᠎ᠢ ᠭᠦᠢ᠍ᠴᠡᠳ ᠨᠤᠲᠠᠯᠠᠵᠤ᠂ ᠡᠭᠦᠨ᠎ᠤ ᠬᠠᠮᠲᠤ ᠴᠢᠬᠤᠯᠠᠴᠢᠯᠠᠭᠰᠠᠨ᠎ᠨᠢ᠂ ᠨᠢᠭᠡ᠎ᠳᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠲᠠᠢ ᠨᠢᠭᠲᠠ ᠤᠶᠠᠯᠳᠤᠭᠤᠯᠤᠨ᠂ ᠪᠡᠯᠡ ᠮᠥᠩᠭᠥ ᠵᠢ ᠲᠥᠪᠯᠡᠷᠡᠭᠦᠯᠦᠨ ᠬᠡᠷᠡᠭᠯᠡᠬᠦ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠨᠡᠭᠡᠭᠡᠨ ᠬᠥᠭᠵᠢᠭᠦᠯᠦᠯᠲᠡ ᠵᠢ ᠭᠣᠣᠯᠳᠠᠯᠭ᠎ᠠ᠎ᠲᠠᠢ ᠳᠡᠮᠵᠢᠵᠦ᠂ ᠬᠡᠯᠬᠢᠶ᠎ᠡ ᠵᠢ ᠨᠥᠬᠥᠪᠦᠷᠢᠯᠡᠬᠦ᠂ ᠨᠠᠷᠠᠲᠤ ᠲᠡᠮᠳᠡᠭᠲᠦ ᠵᠢ ᠪᠣᠶ ᠪᠣᠯᠭ᠋ᠠᠬᠤ᠂ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠬᠥᠭᠵᠢᠭᠦᠯᠬᠦ᠂ ᠬᠣᠯᠪᠣᠯᠳᠤᠯ᠎ᠢ ᠴᠢᠩᠭ᠋ᠠᠳᠬᠠᠬᠤ ᠲᠠᠯ᠎ᠠ᠎ᠪᠠᠷ ᠬᠦᠴᠦᠯᠡᠨ ᠴᠢᠷᠮᠠᠢ᠌ᠬᠤ ᠬᠡᠷᠡᠭᠲᠡᠢ; ᠥᠪᠡᠷᠲᠡᠭᠡᠨ ᠵᠠᠰᠠᠬᠤ ᠣᠷᠣᠨ ᠠᠴᠠ ᠲᠣᠭᠲᠠᠭ᠋ᠠᠭᠰᠠᠨ ᠭᠣᠣᠯᠯᠠᠬᠤ ᠠᠵᠤ ᠦᠢ᠍ᠯᠡᠰ᠎ᠤᠨ ᠬᠡᠯᠬᠢᠶᠡᠵᠢᠯ᠎ᠢ ᠤᠷᠲᠤᠳᠬᠠᠨ ᠬᠡᠯᠬᠢᠶᠡᠵᠢᠯ᠎ᠢ ᠨᠥᠬᠥᠪᠦᠷᠢᠯᠡᠵᠦ ᠬᠡᠯᠬᠢᠶᠡᠵᠢᠯ᠎ᠢ ᠴᠢᠩᠭ᠋ᠠᠳᠬᠠᠬᠤ ᠵᠢᠨ ᠲᠣᠭᠣᠷᠢᠨ᠎ᠳᠤ᠂ ᠶᠠᠳᠠᠭᠤ ᠠᠴᠠ ᠠᠩᠭᠢᠵᠢᠷᠠᠭᠰᠠᠨ ᠬᠣᠰᠢᠭᠤ ᠰᠢᠶᠠᠨ᠎ᠳᠤ ᠠᠵᠤ ᠦᠢ᠍ᠯᠡᠰ᠎ᠤᠨ ᠰᠦᠷᠦᠭᠵᠢᠯ᠎ᠢ ᠪᠠᠢ᠌ᠷᠢᠯᠠᠭᠤᠯᠬᠤ ᠪᠠ ᠬᠥᠮᠥᠷᠭᠡᠯᠡᠨ ᠬᠠᠳᠠᠭ᠋ᠠᠯᠠᠵᠤ ᠰᠢᠨ᠎ᠡ ᠰᠣᠷᠭᠣᠭ ᠪᠠᠢ᠌ᠯᠭ᠋ᠠᠬᠤ ᠬᠦᠢ᠍ᠲᠡᠨ ᠬᠡᠯᠬᠢᠶᠡᠵᠢᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠪᠡᠯᠡᠳᠬᠡᠮᠵᠢ ᠵᠡᠷᠭᠡ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠳᠡᠮᠵᠢᠵᠦ᠂ ᠬᠡᠳᠦᠨ ᠵᠢᠯ᠎ᠤᠨ ᠲᠥᠪᠯᠡᠷᠡᠩᠭᠦᠢ ᠳᠡᠮᠵᠢᠯᠭᠡ᠎ᠪᠠᠷ ᠳᠠᠮᠵᠢᠭᠤᠯᠤᠨ ᠬᠣᠰᠢᠭᠤ ᠰᠢᠶᠠᠨ ᠨᠢᠭᠡᠪᠦᠷᠢ᠎ᠳᠤ 2 — 3 ᠭᠣᠣᠯᠯᠠᠬᠤ ᠠᠵᠤ ᠦᠢ᠍ᠯᠡᠰ᠎ᠢ ᠪᠣᠶ ᠪᠣᠯᠭ᠋ᠠᠬᠤ᠎ᠪᠠᠷ ᠴᠢᠷᠮᠠᠢ᠌ᠬᠤ ᠬᠡᠷᠡᠭᠲᠡᠢ᠃ ᠬᠣᠶᠠᠷ᠎ᠲᠤ᠂ ᠣᠨᠴᠠᠯᠢᠭᠲᠤ ᠡᠬᠢ ᠪᠠᠶᠠᠯᠢᠭ᠎ᠲᠤ ᠲᠦᠰᠢᠭᠯᠡᠨ᠂ ᠬᠦᠷᠢᠶᠡᠨ᠎ᠤ ᠠᠵᠤ ᠠᠬᠤᠢ ᠵᠢ ᠴᠢᠨᠠᠷ ᠰᠠᠢ᠌ᠲᠠᠢ ᠬᠥᠭᠵᠢᠭᠦᠯᠵᠦ᠂ ᠨᠤᠲᠤᠭ᠎ᠤᠨ ᠣᠨᠴᠠ ᠨᠡᠷᠡᠳᠦ ᠰᠢᠯᠢᠳᠡᠭ ᠲᠦᠷᠦᠯ ᠲᠡᠮᠳᠡᠭ᠎ᠢ ᠡᠭᠦᠳᠬᠦ ᠠᠵᠢᠯᠯᠠᠭ᠎ᠠ ᠵᠢ ᠥᠷᠨᠢᠭᠦᠯᠵᠦ᠂ 《ᠨᠤᠲᠤᠭ᠎ᠤᠨ ᠣᠨᠴᠠ ᠭᠠᠷᠤᠯᠲᠠ》 ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ; ᠬᠥᠳᠡᠭᠡ ᠠᠵᠤ ᠠᠬᠤᠢ᠎ᠲᠠᠢ ᠬᠣᠯᠪᠤᠭ᠋ᠠᠯᠠᠨ ᠬᠥᠳᠡᠭᠡ ᠠᠵᠤ ᠠᠬᠤᠢ ᠵᠢ ᠳᠠᠢ᠌ᠴᠢᠯᠠᠬᠤ ᠲᠣᠭᠲᠠᠴᠠ ᠵᠢ ᠪᠦᠷᠢᠨᠰᠢᠭᠦᠯᠵᠦ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠵᠦ ᠪᠠᠢ᠌ᠭ᠋ᠠᠳ ᠭᠡᠷ ᠪᠦᠯᠢ ᠵᠢᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠵᠢ ᠪᠠᠲᠤᠯᠠᠵᠤ᠂ ᠰᠢᠨ᠎ᠡ ᠬᠡᠯᠪᠡᠷᠢ ᠵᠢᠨ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠲᠦᠷᠦᠯ ᠵᠦᠢ᠍ᠯ᠎ᠢ ᠬᠥᠭᠵᠢᠭᠦᠯᠬᠦ ᠶᠠᠪᠤᠳᠠᠯ᠎ᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢ᠍ᠯ᠎ᠤᠨ ᠬᠥᠮᠥᠷᠭᠡ᠎ᠳᠤ ᠣᠷᠣᠭᠤᠯᠵᠤ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠭᠠᠴᠠᠭ᠎ᠠ ᠲᠣᠰᠬᠣᠨ ᠢᠯᠠᠩᠭᠤᠶ᠎ᠠ ᠪᠠᠭᠤᠷᠠᠢ ᠲᠣᠰᠬᠣᠨ᠎ᠤ ᠬᠠᠮᠲᠤ ᠵᠢᠨ ᠠᠵᠤ ᠠᠬᠤᠢ ᠵᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ᠎ᠳᠤ ᠲᠥᠷᠥᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠲᠥᠷᠥᠯ ᠵᠦᠢ᠍ᠯ᠎ᠤᠨ ᠬᠥᠮᠥᠷᠭᠡ ᠵᠢᠨ ᠰᠢᠰᠲ᠋ᠧᠮ᠎ᠤᠨ ᠲᠣᠭ᠎ᠠ ᠪᠠᠷᠢᠮᠲᠠ ᠮᠡᠳᠡᠭᠡ ᠵᠠᠩᠭᠢ ᠵᠢ ᠲᠡᠭᠦᠯᠳᠡᠷᠵᠢᠭᠦᠯᠵᠦ᠂ ᠲᠥᠷᠥᠯ ᠵᠦᠢ᠍ᠯ᠎ᠤᠨ ᠪᠥᠬᠥ ᠶᠠᠪᠤᠴᠠ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ᠂ ᠲᠣᠭᠲᠠᠭ᠋ᠠᠯ᠎ᠢ ᠴᠢᠩᠭ᠎ᠠ ᠨᠠᠢ᠌ᠳᠠᠪᠤᠷᠢᠵᠢᠭᠤᠯᠤᠨ᠂ ᠰᠢᠶᠠᠨ᠎ᠤ ᠱᠠᠲᠤᠨ᠎ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ 《ᠪᠡᠯᠡ ᠮᠥᠩᠭᠥ ᠵᠢ ᠲᠥᠷᠥᠯ ᠵᠦᠢ᠍ᠯ᠎ᠢ ᠳᠠᠭ᠋ᠠᠵᠤ᠂ ᠲᠥᠷᠥᠯ ᠵᠦᠢ᠍ᠯ᠎ᠢ ᠬᠡᠷᠡᠭᠴᠡᠭᠡ ᠱᠠᠭ᠋ᠠᠷᠳᠠᠯᠭ᠎ᠠ ᠵᠢ ᠳᠠᠭ᠋ᠠᠵᠤ ᠪᠠᠶ᠋ᠢᠭᠤᠯᠬᠤ》 ᠵᠠᠷᠴᠢᠮ᠎ᠢ ᠪᠠᠷᠢᠮᠲᠠᠯᠠᠨ᠂ ᠵᠠᠷᠯᠠᠨ ᠨᠡᠢ᠌ᠲᠡᠯᠡᠬᠦ ᠵᠢᠷᠤᠮ᠎ᠢ ᠴᠢᠩᠭ᠎ᠠ ᠬᠡᠷᠡᠭᠵᠢᠭᠦᠯᠵᠦ᠂ ᠲᠥᠷᠥᠯ ᠵᠦᠢ᠍ᠯ᠎ᠢ ᠢᠯᠡ ᠪᠣᠯᠭ᠋ᠠᠬᠤ ᠵᠢ ᠬᠡᠷᠡᠭᠵᠢᠭᠦᠯᠦᠨ᠎ᠡ᠃ ᠳᠥᠷᠪᠡ᠎ᠳᠤ᠂ ᠲᠦᠷᠦᠯ ᠵᠦᠢ᠍ᠯ᠎ᠤᠨ ᠡᠳ᠋ ᠬᠥᠷᠥᠩᠭᠡ ᠵᠢᠨ ᠵᠠᠯᠭ᠋ᠠᠮᠵᠢ ᠬᠠᠮᠢᠶᠠᠷᠤᠯᠲᠠ ᠵᠢ ᠦᠷᠭᠦᠯᠵᠢᠯᠡᠨ ᠰᠠᠢ᠌ᠲᠤᠷ ᠬᠢᠵᠦ᠂ ᠡᠷᠬᠡ ᠵᠢ᠎ᠨᠢ ᠲᠣᠰᠬᠣᠨ᠎ᠳᠤ ᠨᠤᠲᠠᠯᠠᠨ ᠲᠣᠭᠲᠠᠭ᠋ᠠᠭᠰᠠᠨ ᠡᠵᠡᠩᠨᠡᠯᠲᠡ ᠵᠢᠨ ᠴᠢᠨᠠᠷᠲᠠᠢ ᠶᠠᠳᠠᠭᠤ ᠵᠢ ᠲᠡᠳᠬᠦᠬᠦ ᠲᠦᠷᠦᠯ ᠵᠦᠢ᠍ᠯ᠎ᠤᠨ ᠡᠳ᠋ ᠬᠥᠷᠥᠩᠭᠡ ᠵᠢᠨ ᠡᠵᠡᠩᠨᠡᠯᠲᠡ ᠵᠢ ᠲᠠᠰᠤᠷᠠᠯᠳᠡ ᠦᠭᠡᠢ ᠴᠢᠩᠭ᠋ᠠᠳᠬᠠᠵᠤ᠂ ᠲᠣᠰᠬᠣᠨ᠎ᠤ ᠳᠡᠰ᠎ᠤᠨ ᠭᠡᠷᠡᠯ ᠵᠶ᠋ᠡᠷ ᠴᠡᠨᠡᠭᠯᠡᠵᠦ ᠶᠠᠳᠠᠭᠤ ᠵᠢ ᠲᠡᠳᠬᠦᠬᠦ ᠴᠠᠬᠢᠯᠭ᠋ᠠᠨ ᠦᠷᠳᠡᠭᠡ ᠵᠢᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠦᠷᠭᠦᠯᠵᠢᠯᠡᠨ ᠦᠢ᠍ᠯᠡᠳᠦᠯ ᠵᠶ᠋ᠡᠨ ᠪᠠᠳᠠᠷᠠᠭᠤᠯᠬᠤ ᠵᠢ ᠪᠠᠲᠤᠯᠠᠬᠤ ᠬᠡᠷᠡᠭᠲᠡᠢ; ᠬᠤᠳᠠᠯᠳᠤᠨ ᠠᠪᠬᠤ᠂ ᠰᠣᠯᠢᠬᠤ ᠪᠤᠶᠤ ᠲᠣᠰᠬᠣᠨ᠎ᠤ ᠬᠠᠮᠲᠤ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠎ᠪᠠᠷ ᠳᠠᠮᠵᠢᠭᠤᠯᠤᠨ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠂ ᠬᠥᠮᠥᠷᠭᠡᠯᠡᠨ ᠬᠠᠳᠠᠭ᠋ᠠᠯᠠᠬᠤ ᠪᠡᠯᠡᠳᠬᠡᠮᠵᠢ᠂ ᠬᠤᠳᠠᠯᠳᠤᠭ᠋ᠠᠨ᠎ᠤ ᠫᠦᠰᠡ ᠪᠠ ᠦᠢ᠍ᠯᠡᠳᠪᠦᠷᠢ ᠵᠢᠨ ᠭᠡᠷ ᠪᠠᠢ᠌ᠰᠢᠩ ᠵᠡᠷᠭᠡ᠎ᠠᠴᠠ ᠪᠣᠶ ᠪᠣᠯᠤᠭᠰᠠᠨ ᠦᠢ᠍ᠯᠡᠳᠪᠦᠷᠢᠯᠡᠯ ᠡᠵᠡᠩᠨᠡᠯᠲᠡ ᠵᠢᠨ ᠪᠡᠯᠡᠳᠬᠡᠮᠵᠢ᠎ᠳᠤ ᠳᠠᠭ᠋ᠠᠭ᠋ᠠᠴᠢᠯᠠᠭᠤᠯᠬᠤ᠂ ᠲᠦᠷᠢᠶᠡᠰᠦᠯᠡᠬᠦ᠂ ᠬᠤᠷᠰᠢᠬᠤ ᠵᠡᠷᠭᠡ ᠠᠷᠭ᠎ᠠ ᠮᠠᠶᠢᠭ᠎ᠢ ᠠᠪᠴᠤ ᠪᠠᠢ᠌ᠭ᠋ᠠᠳ ᠲᠣᠭᠲᠠᠪᠤᠷᠢᠲᠠᠢ ᠣᠷᠣᠯᠭ᠎ᠠ ᠣᠯᠬᠤ ᠬᠡᠷᠡᠭᠲᠡᠢ᠃ ᠲᠠᠪᠤ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠦᠷᠢᠶᠡᠨ᠎ᠳᠠᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠢᠨᠠᠨ ᠪᠤᠳᠤᠬᠤ᠂ ᠪᠡᠯᠡ ᠮᠥᠩᠭᠥᠨ᠎ᠤ ᠦᠷ᠎ᠡ ᠪᠦᠲᠦᠮᠵᠢ ᠵᠢ ᠦᠨᠡᠯᠡᠬᠦ᠂ ᠡᠯ᠎ᠡ ᠲᠥᠷᠥᠯ᠎ᠤᠨ ᠬᠢᠨᠠᠨ ᠪᠠᠢ᠌ᠴᠠᠭ᠋ᠠᠵᠤ ᠬᠢᠨᠠᠨ ᠰᠢᠯᠭ᠋ᠠᠬᠤ ᠵᠢᠴᠢ 12317 ᠢᠯᠡᠴᠢᠯᠡᠨ ᠮᠡᠳᠡᠭᠦᠯᠬᠦ ᠲᠠᠪᠴᠠᠩ᠎ᠤᠨ ᠬᠠᠷᠢᠭᠤ ᠲᠤᠰᠬᠠᠭᠰᠠᠨ ᠠᠰᠠᠭᠤᠳᠠᠯ᠎ᠤᠨ ᠲᠤᠬᠠᠢ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠰᠠᠢ᠌ᠲᠤᠷ ᠠᠳᠬᠤᠵᠤ᠂ ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠦᠨᠡᠨᠬᠦ ᠬᠡᠷᠡᠭᠵᠢᠭᠦᠯᠵᠦ ᠪᠣᠯᠬᠤᠢ᠌ᠴᠠ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠵᠦᠢ᠍ᠯ ᠳᠠᠷᠠᠭ᠋ᠠᠯᠠᠨ ᠲᠠᠩᠰᠠ ᠵᠢ ᠬᠠᠷᠭᠤᠭᠤᠯᠤᠨ ᠲᠠᠩᠰᠠ ᠵᠢ ᠬᠠᠰᠤᠵᠤ᠂ ᠴᠡᠭᠴᠡᠯᠡᠨ ᠰᠠᠢ᠌ᠵᠢᠷᠠᠭᠤᠯᠬᠤ ᠠᠵᠢᠯ᠎ᠢ ᠴᠠᠭ ᠲᠤᠬᠠᠢᠳᠤᠨᠢ ᠪᠡᠶᠡᠯᠡᠭᠦᠯᠵᠦ᠂ ᠡᠯ᠎ᠡ ᠵᠦᠢ᠍ᠯ᠎ᠤᠨ ᠠᠰᠠᠭᠤᠳᠠᠯ᠎ᠢ ᠪᠦᠬᠦ ᠲᠠᠯ᠎ᠠ᠎ᠪᠠᠷ ᠲᠤᠢ᠌ᠯᠪᠤᠷᠢᠲᠠᠢ ᠴᠡᠭᠴᠡᠯᠡᠨ ᠰᠠᠢ᠌ᠵᠢᠷᠠᠭᠤᠯᠬᠤ ᠵᠢ ᠪᠠᠲᠤᠯᠠᠬᠤ ᠵᠢᠨ ᠬᠠᠮᠲᠤ ᠡᠨᠡ ᠵᠢᠯ᠎ᠤᠨ ᠨᠢᠭᠡᠨᠲᠡ ᠬᠡᠷᠡᠭᠵᠢᠭᠦᠯᠦᠭᠰᠡᠨ ᠲᠦᠷᠦᠯ ᠵᠦᠢ᠍ᠯ᠎ᠤᠨ ᠬᠢᠨᠠᠨ ᠬᠡᠮᠵᠢᠯᠲᠡ ᠪᠠ ᠪᠠᠢ᠌ᠴᠠᠭ᠋ᠠᠯᠲᠠ ᠵᠢ ᠴᠢᠩᠭ᠋ᠠᠳᠬᠠᠵᠤ᠂ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃
ᠰᠢᠯᠢ ᠵᠢᠨ ᠭᠣᠣᠯ ᠠᠢ᠌ᠮᠠᠭ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠢᠯᠤᠭᠤᠨ ᠬᠥᠪᠡᠭᠡᠲᠦ ᠴᠠᠭ᠋ᠠᠨ ᠬᠣᠰᠢᠭᠤ᠂ ᠲᠠᠢ᠌ᠫᠤᠰᠧ ᠬᠣᠰᠢᠭᠤᠨ᠎ᠤ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃