ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ 2023 ᠣᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ ᠵᠢᠴᠢ ᠰᠡᠷᠡᠮᠵᠢᠯᠡᠭᠦᠯᠬᠦ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-04-07

      4 ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠲᠣᠪᠴᠢᠶ᠎ᠠ 2023 ᠣᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ ᠵᠢᠴᠢ ᠰᠡᠷᠡᠮᠵᠢᠯᠡᠭᠦᠯᠬᠦ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠬᠣᠶᠠᠳᠤᠭ᠋ᠠᠷ ᠪᠥᠬᠥᠳᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠨᠠᠮ᠎ᠤᠨ ᠠᠵᠢᠯ ᠵᠢᠴᠢ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ 2022 ᠣᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠢ ᠳ᠋ᠦᠩᠨᠡᠬᠦ ᠵᠢᠨ ᠬᠠᠮᠲᠤ 2023 ᠣᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠪᠡ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠳᠠᠷᠤᠭ᠎ᠠ ᠬᠠᠨ ᠵᠢᠶᠠᠨ ᠭᠠᠩ ᠪᠣᠯᠣᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠯᠢ ᠵᠢᠶᠦ᠋ᠨ ᠬᠠᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠵᠠᠩ ᠬᠤᠸᠠ ᠵᠧᠨ ᠬᠤᠷᠠᠯ ᠎ᠢ ᠡᠷᠭᠢᠯᠡᠵᠦ᠂ ᠭᠡᠷ᠎ᠲᠡᠭᠡᠨ ᠪᠠᠢ᠌ᠭ᠎ᠠ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠭᠦᠨ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠪᠠᠢ᠌ᠭᠤᠯᠤᠯᠭ᠎ᠠ᠂ ᠠᠵᠢᠯ ᠦᠢ᠍ᠯᠡᠰ᠎ᠤᠨ ᠨᠢᠭᠡᠴᠡ ᠵᠢᠨ ᠪᠥᠬᠥ ᠠᠵᠢᠯᠲᠠᠨ ᠵᠢᠴᠢ ᠪᠡᠭᠡᠵᠢᠩ ᠬᠣᠲᠠ ᠵᠢᠨ ᠲᠦᠷ ᠴᠠᠭ ᠲᠤᠰᠢᠶᠠᠯ ᠡᠭᠦᠷᠭᠡᠯᠡᠭᠰᠡᠨ ᠺᠠᠳ᠋ᠷ᠂ ᠲᠣᠰᠬᠣᠨ᠎ᠳᠤ ᠰᠠᠭᠤᠭ᠎ᠠ ᠠᠯᠪᠠᠨ ᠭᠡᠷ᠎ᠤᠨ ᠺᠠᠳ᠋ᠷ ᠬᠤᠷᠠᠯ᠎ᠳᠤ ᠣᠷᠣᠯᠴᠠᠵᠠᠢ᠃

      ᠯᠢ ᠵᠢᠶᠦ᠋ᠨ ᠬᠠᠢ ᠵᠢᠭ᠋ᠠᠵᠤ ᠭᠠᠷᠭ᠋ᠠᠭᠰᠠᠨ᠎ᠨᠢ᠂ 2022 ᠣᠨ᠎ᠳᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ 《ᠲᠠᠪᠤᠨ ᠢᠰᠷᠧᠯ》 ᠵᠶ᠋ᠡᠷ ᠲᠣᠮᠢᠯᠠᠨ ᠰᠠᠭᠤᠯᠭ᠋ᠠᠵᠤ ᠬᠢᠨᠠᠯᠲᠠ ᠲᠠᠯᠪᠢᠬᠤ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠵᠡᠭᠦᠯᠪᠡᠰᠦ ᠵᠣᠬᠢᠬᠤ ᠪᠠᠲᠤᠯᠠᠭ᠎ᠠ ᠵᠢᠨ ᠦᠢ᠍ᠯᠡᠳᠦᠯ ᠵᠶ᠋ᠡᠨ ᠪᠠᠳᠠᠷᠠᠭᠤᠯᠤᠭᠰᠠᠨ ᠪᠠᠢ᠌ᠨ᠎ᠠ᠃ 2023 ᠣᠨ᠎ᠳᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠤᠯᠤᠰ ᠲᠦᠷᠦ ᠵᠢᠨ ᠬᠢᠨᠠᠯᠲᠠ ᠵᠢ ᠨᠡᠩ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠣᠯᠭ᠋ᠠᠬᠤ ᠵᠢ ᠲᠦᠯᠬᠢᠨ ᠠᠬᠢᠭᠤᠯᠵᠤ᠂ ᠲᠤᠰᠬᠠᠢ ᠵᠦᠢ᠍ᠯ᠎ᠤᠨ ᠬᠢᠨᠠᠯᠲᠠ ᠪᠠ ᠡᠳᠦᠷ ᠲᠤᠳᠤᠮ᠎ᠤᠨ ᠬᠢᠨᠠᠯᠲᠠ ᠵᠢ ᠴᠢᠩᠭ᠋ᠠᠳᠬᠠᠵᠤ᠂ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠦᠨ ᠨᠠᠢ᠌ᠳᠠᠪᠤᠷᠢᠵᠢᠭᠤᠯᠬᠤ ᠪᠠ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠠᠨ ᠲᠦᠮᠡᠨ᠎ᠤ ᠳᠡᠷᠭᠡᠳᠡᠬᠢ ᠢᠯᠵᠠᠷᠠᠯ᠎ᠤᠨ ᠠᠰᠠᠭᠤᠳᠠᠯ᠎ᠢ ᠴᠢᠩᠭ᠎ᠠ ᠵᠠᠯᠬᠠᠭ᠋ᠠᠨ ᠰᠢᠳᠭᠡᠵᠦ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠲᠠᠢ᠍ᠢ᠍ᠨ᠎ᠤ ᠤᠳᠠᠭ᠋ᠠᠨ ᠳᠠᠭ᠋ᠠᠭ᠋ᠠᠮᠠᠭ᠋ᠠᠢ ᠲᠠᠢ᠍ᠢ᠍ᠨ᠎ᠤ ᠢᠯᠠᠯᠲᠠ ᠵᠢ ᠡᠷᠡᠰ ᠣᠯᠬᠤ ᠬᠡᠷᠡᠭᠲᠡᠢ᠃ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠢ ᠵᠥᠷᠢᠴᠡᠭᠰᠡᠨ 3 ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠬᠦ᠎ᠲᠠᠢ ᠤᠶᠠᠯᠳᠤᠭᠤᠯᠤᠨ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠨᠢᠭᠡ ᠲᠠᠯ᠎ᠠ᠎ᠪᠠᠷ ᠰᠢᠯᠲᠠᠭ᠋ᠠᠨ᠎ᠢ᠎ᠨᠢ ᠭᠦᠨᠵᠡᠭᠡᠢ ᠵᠠᠳᠠᠯᠤᠨ ᠰᠢᠨᠵᠢᠯᠡᠵᠦ᠂ ᠦᠵᠡᠯ ᠰᠠᠨᠠᠭ᠋ᠠᠨ᠎ᠤ ᠰᠡᠷᠡᠮᠵᠢ ᠵᠢᠨ ᠳᠣᠬᠢᠶ᠎ᠠ ᠵᠢ ᠳᠤᠤᠭ᠋ᠠᠷᠭ᠋ᠠᠵᠤ᠂ ᠴᠢᠩᠭ᠎ᠠ ᠰᠢᠳᠬᠡᠬᠦ ᠰᠦᠷᠳᠡᠭᠦᠯᠦᠯ᠎ᠢ ᠪᠤᠢ ᠪᠣᠯᠭ᠋ᠠᠪᠠ᠃ ᠨᠦᠭᠦᠭᠡ ᠲᠠᠯ᠎ᠠ᠎ᠪᠠᠷ ᠡᠷᠬᠡ ᠵᠢ ᠴᠢᠩᠭ᠎ᠠ ᠵᠠᠯᠬᠠᠭ᠋ᠠᠨ ᠰᠢᠳᠬᠡᠬᠦ᠂ ᠵᠢᠷᠤᠮᠵᠢᠭᠤᠯᠬᠤ᠂ ᠰᠤᠷᠭ᠋ᠠᠨ ᠬᠥᠮᠥᠵᠢᠭᠦᠯᠵᠦ ᠬᠥᠲᠥᠯᠥᠨ ᠵᠢᠯᠤᠭᠣᠳᠬᠤ ᠵᠢ ᠨᠢᠭᠲᠠ ᠤᠶᠠᠯᠳᠤᠭᠤᠯᠵᠤ᠂ ᠬᠡᠷᠡᠭ ᠵᠶ᠋ᠡᠷ ᠲᠣᠯᠢ ᠪᠣᠯᠭ᠋ᠠᠬᠤ᠂ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠬᠤ᠂ ᠬᠡᠷᠡᠭ ᠵᠶ᠋ᠡᠷ ᠵᠠᠰᠠᠬᠤ ᠵᠢ ᠠᠬᠢᠭᠤᠯᠬᠤ ᠵᠢ ᠭᠦᠨᠵᠡᠭᠡᠢ᠌ᠷᠡᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠢ᠌ᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃

      ᠬᠠᠨ ᠵᠢᠶᠠᠨ ᠭᠠᠩ ᠵᠢᠭ᠋ᠠᠵᠤ ᠭᠠᠷᠭ᠋ᠠᠭᠰᠠᠨ᠎ᠨᠢ᠂ 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ《ᠬᠣᠶᠠᠷ᠎ᠢ ᠬᠠᠮᠠᠭ᠋ᠠᠯᠠᠬᠤ》ᠵᠢ ᠦᠢ᠍ᠯᠡᠳᠦᠯᠭᠡᠵᠢᠭᠦᠯᠬᠦ ᠲᠠᠯ᠎ᠠ᠎ᠪᠠᠷ ᠰᠢᠨ᠎ᠡ ᠬᠠᠷᠢᠭᠤᠴᠠᠯᠭ᠎ᠠ ᠵᠢ ᠡᠭᠦᠷᠭᠡᠯᠡᠵᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠴᠢᠩᠳᠠᠯᠠᠬᠤ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ᠂ ᠰᠠᠬᠢᠯᠭ᠎ᠠ ᠪᠠᠲᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠰᠢᠨ᠎ᠡ ᠬᠡᠪ ᠪᠠᠢ᠌ᠳᠠᠯ᠎ᠢ ᠢᠯᠡᠷᠡᠭᠦᠯᠵᠦ᠂ ᠭᠣᠣᠯᠳᠠᠯᠭ᠎ᠠ᠎ᠲᠠᠢ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠲᠦᠯᠬᠢᠨ ᠠᠬᠢᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ ᠵᠢ ᠢᠯᠡᠷᠡᠭᠦᠯᠵᠦ᠂ 《ᠭᠤᠷᠪᠠᠨ ᠢᠯᠵᠠᠷᠠᠬᠤ ᠦᠭᠡᠢ》 ᠲᠣᠭᠲᠠᠴᠠ ᠵᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠬᠤ ᠲᠠᠯ᠎ᠠ᠎ᠪᠠᠷ ᠰᠢᠨ᠎ᠡ ᠪᠠᠢ᠌ᠳᠠᠯ᠎ᠢ ᠢᠯᠡᠷᠡᠭᠦᠯᠵᠦ᠂ ᠬᠣᠶᠠᠷ ᠲᠠᠯ᠎ᠠ ᠵᠢ ᠠᠳᠬᠤᠬᠤ᠂ ᠬᠣᠶᠠᠷ᠎ᠢ ᠠᠬᠢᠭᠤᠯᠬᠤ ᠵᠢ ᠪᠡᠶᠡᠯᠡᠭᠦᠯᠵᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠤᠨ ᠲᠠᠰᠤᠷᠠᠯᠳᠠ ᠦᠭᠡᠢ ᠭᠦᠨᠵᠡᠭᠡᠢ᠌ᠷᠡᠨ ᠬᠥᠭᠵᠢᠬᠦ ᠵᠢ ᠲᠦᠯᠬᠢᠨ ᠠᠬᠢᠭᠤᠯᠤᠨ᠎ᠠ᠃

      ᠬᠠᠨ ᠵᠢᠶᠠᠨ ᠭᠠᠩ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠡᠬᠢᠯᠡᠯᠲᠡ ᠵᠢᠨ ᠵᠢᠯ᠎ᠳᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠢ ᠦᠷᠭᠦᠯᠵᠢᠯᠡᠨ ᠭᠦᠨᠵᠡᠭᠡᠢ ᠰᠠᠢ᠌ᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠨ᠂ 《ᠳᠥᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠲᠤᠤᠱᠯᠠᠭᠤᠯᠤᠨ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠦᠨᠡᠨᠬᠦ ᠪᠡᠶᠡᠯᠡᠭᠦᠯᠬᠦ ᠬᠡᠷᠡᠭᠲᠡᠢ᠃ ᠨᠠᠢ᠌ᠳᠠᠪᠤᠷᠢᠵᠢᠭᠤᠯᠤᠯᠲᠠ ᠵᠢ ᠠᠳᠬᠤᠬᠤ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠪᠠᠢ᠌ᠷᠢᠯᠠᠭᠤᠯᠤᠯᠲᠠ᠎ᠲᠠᠢ᠂ ᠠᠵᠢᠯᠯᠠᠭ᠎ᠠ᠎ᠲᠠᠢ᠂ ᠦᠷ᠎ᠡ ᠳ᠋ᠦᠩ᠎ᠲᠠᠢ᠂ ᠪᠠᠢ᠌ᠴᠠᠭ᠋ᠠᠯᠲᠠ᠎ᠲᠠᠢ᠂ ᠬᠠᠷᠢᠭᠤ ᠲᠤᠰᠬᠠᠯ᠎ᠲᠠᠢ ᠪᠠᠢ᠌ᠬᠤ ᠵᠢ ᠪᠡᠶᠡᠯᠡᠭᠦᠯᠵᠦ᠂ ᠤᠯᠤᠰ ᠲᠦᠷᠦ ᠵᠢᠨ ᠬᠢᠨᠠᠯᠲᠠ ᠵᠢ ᠨᠡᠩ ᠬᠦᠴᠦᠲᠡᠢ ᠪᠥᠭᠡᠳ ᠪᠦᠲᠦᠮᠵᠢᠲᠡᠢ ᠪᠣᠯᠭ᠋ᠠᠬᠤ ᠵᠢ ᠠᠬᠢᠭᠤᠯᠬᠤ ᠬᠡᠷᠡᠭᠲᠡᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠦᠷᠢᠶᠡᠨ᠎ᠳᠠᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠴᠢᠩᠭ᠎ᠠ ᠰᠡᠷᠭᠡᠢ᠌ᠯᠡᠵᠦ᠂ ᠪᠡᠯᠡ ᠮᠥᠩᠭᠥ ᠵᠢ ᠵᠣᠯᠭ᠋ᠠᠭᠤᠯᠬᠤ ᠲᠦᠷᠦᠯ ᠵᠦᠢ᠍ᠯ᠎ᠤᠨ ᠬᠠᠮᠢᠶᠠᠷᠤᠯᠲᠠ ᠬᠢᠨᠠᠯᠲᠠ ᠵᠢ ᠦᠷᠭᠦᠯᠵᠢᠯᠡᠨ ᠴᠢᠩᠭ᠋ᠠᠳᠬᠠᠵᠤ᠂ 《ᠲᠦᠷᠪᠡᠨ ᠰᠤᠷᠲᠠᠯ》 ᠎ᠢ ᠵᠠᠯᠠᠷᠠᠭᠤᠯᠵᠤ ᠰᠢᠨ᠎ᠡ ᠰᠤᠷᠲᠠᠯ᠎ᠢ ᠪᠤᠢ ᠪᠣᠯᠭ᠋ᠠᠬᠤ ᠵᠢ ᠵᠡᠷᠭᠡᠪᠡᠷ ᠠᠳᠬᠤᠬᠤ ᠵᠢ ᠪᠠᠷᠢᠮᠲᠠᠯᠠᠬᠤ ᠬᠡᠷᠡᠭᠲᠡᠢ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠨᠢᠭᠡ ᠴᠣᠭᠴᠠᠵᠢᠭᠤᠯᠤᠨ ᠠᠳᠬᠤᠬᠤ ᠵᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠲᠤ ᠨᠠᠮ᠎ᠤᠨ ᠰᠠᠬᠢᠯᠭ᠎ᠠ ᠤᠯᠤᠰ᠎ᠤᠨ ᠬᠠᠤᠯᠢ ᠪᠣᠯ ᠬᠠᠯᠳᠠᠵᠤ ᠪᠣᠯᠣᠰᠢ ᠦᠭᠡᠢ 《ᠥᠨᠳᠥᠷ ᠬᠦᠴᠦᠳᠡᠯᠲᠦ ᠴᠠᠬᠢᠯᠭ᠋ᠠᠨ ᠤᠲᠠᠰᠤ》 ᠪᠠ ᠳᠠᠪᠠᠵᠤ ᠪᠣᠯᠣᠰᠢ ᠦᠭᠡᠢ 《ᠤᠯᠠᠭ᠋ᠠᠨ ᠱᠤᠭᠤᠮ》 ᠮᠥᠨ ᠭᠡᠳᠡᠭ᠎ᠢ ᠴᠠᠭ ᠢᠮᠠᠭᠲᠠ ᠪᠠᠲᠤ ᠴᠡᠭᠡᠵᠢᠯᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠶᠡᠷᠦᠩᠬᠡᠢ ᠱᠦᠵᠢ ᠰᠢ ᠵᠢᠨ ᠫᠢᠩ ᠎ᠤ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠢ ᠪᠦᠬᠦ ᠲᠠᠯ᠎ᠠ᠎ᠪᠠᠷ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠦᠢ᠍ᠯᠡᠴᠢᠯᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ᠃

      ᠬᠤᠷᠠᠯ᠎ᠠᠴᠠ ᠪᠠᠰᠠ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠠᠢ᠌ᠭᠤᠯᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠂ ᠨᠠᠮ᠎ᠤᠨ ᠠᠵᠢᠯ᠎ᠢ ᠢᠯᠡ ᠪᠣᠯᠭ᠋ᠠᠬᠤ ᠠᠵᠢᠯ᠎ᠳᠤ ᠠᠷᠠᠳᠴᠢᠯᠠᠯ ᠵᠶ᠋ᠠᠷ ᠦᠨᠡᠯᠡᠯᠲᠡ ᠬᠢᠬᠦ ᠵᠢ ᠥᠷᠨᠢᠭᠦᠯᠵᠡᠢ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ 《ᠶᠡᠬᠡ᠎ᠪᠠᠷ ᠵᠢᠭᠰᠠᠭ᠋ᠠᠨ ᠪᠠᠢ᠌ᠴᠠᠭ᠋ᠠᠬᠤ᠂ ᠶᠡᠬᠡ᠎ᠪᠠᠷ ᠴᠡᠪᠡᠷᠯᠡᠬᠦ᠂ ᠶᠡᠬᠡ᠎ᠪᠠᠷ ᠴᠡᠭᠴᠡᠯᠡᠨ ᠵᠠᠰᠠᠬᠤ》 ᠲᠤᠰᠬᠠᠢ ᠠᠵᠢᠯᠯᠠᠭ᠎ᠠ ᠵᠢ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ 《ᠪᠥᠬᠥ ᠣᠷᠣᠨ᠎ᠳᠤ ᠪᠠᠢ᠌ᠴᠠᠭ᠋ᠠᠨ ᠰᠤᠳᠤᠯᠤᠯᠲᠠ ᠬᠢᠬᠦ ᠵᠢ ᠶᠡᠬᠡᠪᠡᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ
ᠮᠠᠨ᠎ᠤ ᠣᠷᠣᠨ᠎ᠤ ᠡᠨᠡ ᠬᠠᠪᠤᠷ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠬᠠᠭᠤᠷᠮᠠᠭ᠎ᠲᠤ ᠴᠣᠬᠢᠯᠲᠠ ᠥᠭᠬᠦ ᠠᠵᠢᠯ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠵᠠᠢ
《ᠰᠢ ᠵᠢᠨ ᠫᠢᠩ᠎ᠤᠨ 〈ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ〉᠎ᠤ ᠠᠵᠢᠯ ᠎ᠤᠨ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠬᠤ ᠤᠩᠰᠢᠬᠤ ᠪᠢᠴᠢᠭ》 ᠎ᠢ ᠬᠡᠪᠯᠡᠨ ᠲᠠᠷᠬᠠᠭ᠋ᠠᠪᠠ
100 ᠳ᠋ᠦᠩᠰᠢᠭᠤᠷ ᠲᠥᠭᠥᠷᠢᠭ! ᠲᠥᠪ᠎ᠤᠨ ᠡᠳ᠋᠎ᠤᠨ ᠵᠠᠰᠠᠭ᠎ᠠᠴᠠ ᠪᠣᠳᠠᠲᠠᠢ ᠠᠮᠤ ᠪᠤᠳᠠᠭ᠎ᠠ ᠳᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠤᠳᠠᠭ᠎ᠠ ᠵᠢᠨ ᠴᠢᠨᠠᠷᠲᠠᠢ ᠨᠥᠬᠥᠪᠦᠷᠢ ᠣᠯᠭᠣᠵᠤ ᠬᠠᠪᠤᠷ᠎ᠤᠨ ᠲᠠᠷᠢᠶᠠᠯᠠᠭ᠎ᠠ ᠵᠢᠨ ᠦᠢ᠍ᠯᠡᠳᠪᠦᠷᠢᠯᠡᠯ᠎ᠢ ᠳᠡᠮᠵᠢᠨ᠎ᠡ
 
            